ᠣᠢ᠌ᠷ᠎ᠡ᠎ᠳᠤ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠌ᠩᠭᠤ ᠵᠢᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠠᠷᠦᠩᠭᠡᠢ ᠰᠠᠢ᠌ᠳ ᠯᠢ ᠺᠸ ᠴᠢᠶᠠᠩ ᠵᠢᠶᠠᠩᠰᠤ ᠮᠤᠵᠢ ᠵᠢᠨ ᠨᠠᠨᠵᠢᠩ ᠬᠤᠳᠠ᠎ᠳᠤ ᠨᠢᠭᠡ ᠪᠦᠯᠦᠭ ᠮᠤᠵᠢ ᠤᠷᠤᠨ᠎ᠤ ᠵᠠᠰᠠᠭ᠎ᠤᠨ ᠤᠷᠳᠤᠨ᠎ᠤ ᠭᠤᠤᠯ ᠤᠳᠤᠷᠢᠳᠤᠯᠭ᠎ᠠ ᠵᠢ ᠤᠷᠤᠯᠴᠠᠭᠤᠯᠤᠭᠰᠠᠨ ᠠᠵᠤ ᠠᠬᠤᠢ ᠵᠢᠨ ᠪᠠᠢ᠌ᠳᠠᠯ᠎ᠤᠨ ᠶᠠᠷᠢᠯᠴᠠᠬᠤ ᠬᠤᠷᠠᠯ᠎ᠢ ᠠ᠋ᠷᠬᠢᠯᠡᠨ ᠬᠤᠷᠠᠯᠳᠤᠭᠤᠯᠵᠤ᠂ ᠤᠳᠤᠬᠠᠨ᠎ᠤ ᠠᠵᠤ ᠠᠬᠤᠢ ᠵᠢᠨ ᠪᠠᠢ᠌ᠳᠠᠯ ᠪᠤᠯᠤᠨ ᠳᠠᠷᠠᠭ᠎ᠠ ᠵᠢᠯ᠎ᠤᠨ ᠬᠦᠭᠵᠢᠯᠳᠡ ᠵᠢᠨ ᠳᠤᠬᠠᠢ ᠰᠠᠨᠠᠯ ᠵᠦᠪᠯᠡᠯᠭᠡ ᠵᠢ ᠰᠤᠨᠤᠰᠴᠠᠢ᠃
ᠶᠠᠷᠢᠯᠴᠠᠬᠤ ᠬᠤᠷᠠᠯ ᠳᠡᠭᠡᠷ᠎ᠠ᠂ ᠵᠢᠶᠠᠩᠰᠤ ᠮᠤᠵᠢ ᠵᠢᠨ ᠨᠠᠮ᠎ᠤᠨ ᠬᠤᠷᠢᠶᠠᠨ᠎ᠤ ᠱᠦᠵᠢ ᠯᠸᠤ ᠴᠢᠨ ᠵᠢᠶᠠᠨ᠂ ᠮᠤᠵᠢ ᠵᠢᠨ ᠳᠠᠷᠤᠭ᠎ᠠ ᠡᠤ ᠵᠸᠩ ᠯᠦᠩ ᠪᠤᠯᠤᠨ ᠬᠠᠷᠠᠮᠦᠢ᠍ᠷᠡᠨ ᠮᠤᠵᠢ ᠵᠢᠨ ᠳᠠᠷᠤᠭ᠎ᠠ ᠸᠠᠩ ᠸᠸᠨ ᠲᠤᠤ᠂ ᠠ᠋ᠾᠸᠨᠠᠨ ᠮᠤᠵᠢ ᠵᠢᠨ ᠳᠠᠷᠤᠭ᠎ᠠ ᠴᠸᠨ ᠷᠦᠨ ᠡᠯ᠂ ᠬᠤᠪᠸᠢ ᠮᠤᠵᠢ ᠵᠢᠨ ᠳᠠᠷᠤᠭ᠎ᠠ ᠸᠠᠩ ᠰᠢᠶᠤᠤ ᠳ᠋ᠦᠩ᠂ ᠭᠤᠸᠠᠩᠳᠦᠢ᠍ᠩ ᠮᠤᠵᠢ ᠵᠢᠨ ᠳᠠᠷᠤᠭ᠎ᠠ ᠮᠠ ᠰᠢᠩ ᠷᠦᠢ᠂ ᠭᠤᠸᠠᠩᠰᠢ ᠵᠢᠨ ᠵᠤᠸᠠᠩ ᠦᠨᠳᠦᠰᠦᠳᠡᠨ᠎ᠤ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠳᠡᠷᠢᠬᠦᠯᠡᠭᠴᠢ ᠴᠸᠨ ᠡᠤ᠂ ᠰᠸᠴᠤᠸᠠᠨ ᠮᠤᠵᠢ ᠵᠢᠨ ᠳᠠᠷᠤᠭ᠎ᠠ ᠶᠢᠨ ᠯᠢ ᠨᠡᠷ ᠪᠤᠳᠠᠳᠤ ᠪᠠᠢ᠌ᠳᠠᠯ᠎ᠲᠠᠢ ᠤᠶᠠᠯᠳᠤᠭᠤᠯᠤᠨ᠂ ᠳᠤᠰ ᠭᠠᠵᠠᠷ ᠤᠷᠤᠨ᠎ᠤ ᠠᠵᠤ ᠠᠬᠤᠢ ᠵᠢᠨ ᠬᠦᠭᠵᠢᠯᠳᠡ ᠵᠢᠨ ᠪᠠᠢ᠌ᠳᠠᠯ᠂ ᠳᠠᠷᠠᠭ᠎ᠠ ᠠᠯᠬᠤᠮ᠎ᠤᠨ ᠠᠵᠢᠯ᠎ᠤᠨ ᠳᠦᠯᠦᠪᠯᠡᠭᠡ ᠪᠤᠯᠤᠨ ᠤᠯᠤᠰ᠎ᠤᠨ ᠳᠦᠷᠦ ᠵᠢᠨ ᠪᠤᠳᠤᠯᠭ᠎ᠠ ᠵᠢᠨ ᠳᠤᠬᠠᠢ ᠰᠠᠨᠠᠯ ᠵᠦᠪᠯᠡᠯᠭᠡ᠎ᠪᠠᠨ ᠳᠤᠰᠬᠠᠵᠠᠢ᠃ ᠯᠢ ᠺᠸ ᠴᠢᠶᠠᠩ ᠤᠯᠠᠨ᠎ᠲᠠᠢ ᠶᠠᠷᠢᠯᠴᠠᠨ ᠰᠠᠨᠠᠯ ᠵᠶ᠋ᠡᠨ ᠰᠤᠯᠢᠯᠴᠠᠵᠤ᠂ ᠤᠷᠤᠨ ᠨᠤᠳᠤᠭ᠎ᠤᠨ ᠳᠤᠷᠠᠳᠤᠭᠰᠠᠨ ᠰᠠᠨᠠᠯ ᠵᠦᠪᠯᠡᠯᠭᠡ᠎ᠳᠤ ᠬᠠᠷᠢᠭᠤ ᠦᠭᠪᠡ᠃
ᠯᠢ ᠺᠸ ᠴᠢᠶᠠᠩ᠂ ᠠ᠋ᠨᠡ ᠵᠢᠯ᠎ᠠᠴᠠ ᠪᠦᠬᠦ ᠤᠯᠤᠰ᠎ᠤᠨ ᠡᠯ᠎ᠡ ᠭᠠᠵᠠᠷ᠎ᠤᠨ᠎ᠬᠢᠨ ᠰᠢ ᠵᠢᠨ ᠫᠢᠩ ᠨᠦᠬᠦᠷ ᠵᠶ᠋ᠡᠷ ᠭᠤᠤᠯ ᠪᠤᠯᠭ᠋ᠠᠭᠰᠠᠨ ᠨᠠᠮ᠎ᠤᠨ ᠳᠦᠪ ᠬᠤᠷᠢᠶᠠᠨ᠎ᠤ ᠠ᠋ᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠷᠢᠯᠠᠭᠤᠯᠤᠯᠳᠠ ᠵᠢ ᠵᠢᠷᠤᠮᠯᠠᠨ᠂ ᠳᠤᠭᠳᠠᠭᠤᠨ᠎ᠤ ᠳᠤᠮᠳᠠ ᠤᠷᠤᠭᠰᠢᠯᠠᠬᠤ ᠠᠵᠢᠯ᠎ᠤᠨ ᠶᠡᠷᠦᠩᠭᠡᠢ ᠬᠦᠭ ᠠᠶᠠᠰ᠎ᠢ ᠪᠠᠷᠢᠮᠳᠠᠯᠠᠵᠤ᠂ ᠳᠤᠭᠳᠠᠭᠤᠨ ᠵᠶ᠋ᠡᠷ ᠨᠡᠮᠡᠭᠳᠡᠬᠦᠯᠬᠦ᠂ ᠦᠭᠡᠷᠡᠴᠢᠯᠡᠯᠳᠡ ᠵᠢ ᠠᠬᠢᠭᠤᠯᠬᠤ᠂ ᠪᠦᠳᠦᠴᠡ ᠵᠢ ᠳᠤᠬᠢᠷᠠᠭᠤᠯᠬᠤ᠂ ᠠᠷᠠᠳ᠎ᠲᠤ ᠠᠰᠢᠭ ᠬᠦᠷᠳᠡᠭᠡᠬᠦ᠂ ᠠᠶᠤᠯ ᠳᠦᠭᠰᠢᠬᠦᠷᠢ ᠵᠢ ᠰᠡᠷᠭᠡᠢ᠌ᠯᠡᠬᠦ ᠵᠢ ᠨᠢᠭᠡᠳᠤᠯᠳᠠᠢ ᠳᠦᠯᠦᠪᠵᠢᠬᠦᠯᠦᠨ᠂ ᠳᠡᠯᠡᠭᠡᠢ ᠵᠢᠨ ᠪᠠ ᠤᠯᠤᠰ᠎ᠤᠨ ᠳᠤᠳᠤᠭ᠋ᠠᠳᠤ ᠵᠢᠨ ᠡᠯ᠎ᠡ ᠵᠦᠢ᠍ᠯ᠎ᠤᠨ ᠦᠷᠢᠰᠦᠯᠳᠦᠭᠡᠨ ᠵᠡᠷᠭᠡ ᠢᠯᠡᠷᠭᠡᠢ ᠨᠡᠮᠡᠭᠳᠡᠵᠤ ᠪᠠᠢ᠌ᠭ᠎ᠠ ᠪᠠᠢ᠌ᠳᠠᠯ᠎ᠳᠤ ᠴᠢᠭᠯᠡᠬᠦᠯᠦᠨ ᠴᠠᠭ ᠳᠠᠷᠤᠢ᠎ᠳᠤ᠎ᠨᠢ ᠴᠢᠭᠯᠡᠯ᠎ᠤᠨ ᠴᠢᠨᠠᠷᠲᠠᠢ ᠠᠷᠭ᠎ᠠ ᠭᠡᠮᠵᠢᠶ᠎ᠡ ᠳᠤᠭᠳᠠᠭ᠋ᠠᠨ ᠭᠡᠷᠡᠭᠵᠢᠬᠦᠯᠦᠭᠰᠡᠨ ᠵᠶ᠋ᠡᠷ ᠠᠵᠤ ᠠᠬᠤᠢ ᠵᠢ ᠠᠶᠤᠯ ᠳᠦᠭᠰᠢᠬᠦᠷᠢ ᠪᠠ ᠦᠷᠢᠰᠦᠯᠳᠦᠭᠡᠨ᠎ᠤ ᠳᠤᠮᠳᠠ ᠳᠤᠭᠳᠠᠭᠤᠨ ᠵᠶ᠋ᠡᠷ ᠬᠦᠭᠵᠢᠬᠦᠯᠵᠤ᠂ ᠳᠤᠭᠳᠠᠭᠤᠨ᠎ᠤ ᠳᠤᠮᠳᠠ ᠤᠷᠤᠭᠰᠢᠯᠠᠯᠳᠠ᠎ᠲᠠᠢ ᠪᠤᠯᠭ᠋ᠠᠨ᠂ ᠪᠦᠬᠦ ᠵᠢᠯ᠎ᠤᠨ ᠭᠤᠤᠯ ᠠ᠋ᠬᠦᠷᠭᠡ ᠬᠠᠷᠠᠯᠳᠠ᠎ᠪᠠᠨ ᠨᠡᠯᠢᠶᠡᠳ ᠰᠠᠢ᠌ᠨ ᠵᠶ᠋ᠡᠷ ᠪᠡᠶᠡᠯᠡᠬᠦᠯᠵᠤ ᠴᠢᠳᠠᠵᠠᠢ᠃ ᠭᠡᠬᠦ᠎ᠳᠤ᠂ ᠤᠳᠤᠬᠠᠨ᠎ᠤ ᠤᠯᠤᠰ᠎ᠤᠨ ᠳᠤᠳᠤᠭ᠋ᠠᠳᠤ ᠭᠠᠳᠠᠭ᠋ᠠᠳᠤ ᠵᠢᠨ ᠪᠠᠢ᠌ᠳᠠᠯ ᠨᠠᠷᠢᠨ ᠪᠤᠳᠤᠯᠢᠶᠠᠨᠳᠠᠢ ᠪᠠᠢ᠌ᠬᠤ᠂ ᠠᠵᠤ ᠠᠬᠤᠢ ᠵᠢᠨ ᠬᠦᠭᠵᠢᠯᠳᠡ ᠵᠢᠨ ᠳᠠᠷᠤᠯᠳᠠ ᠶᠡᠭᠡ ᠪᠠᠢ᠌ᠬᠤ᠂ ᠭᠠᠵᠠᠷ ᠤᠷᠤᠨ᠎ᠤ ᠬᠦᠭᠵᠢᠯᠳᠡ ᠬᠠᠷᠢᠯᠴᠠᠨ ᠵᠦᠷᠢᠶ᠎ᠡ᠎ᠲᠠᠢ ᠪᠡᠢ᠌ᠬᠤ ᠵᠢ ᠤᠯᠵᠤ ᠳᠠᠨᠢᠨ᠂ ᠬᠦᠴᠢᠷᠳᠡᠯ ᠪᠤᠯᠤᠨ ᠵᠦᠷᠢᠴᠡᠯ᠎ᠢ ᠬᠦᠢ᠍ᠴᠡᠳ ᠮᠠᠭ᠋ᠠᠳᠯᠠᠬᠤ ᠭᠡᠷᠡᠭᠳᠡᠢ᠃ ᠪᠠᠢ᠌ᠳᠠᠯ ᠪᠤᠯᠤᠨ ᠠᠰᠠᠭᠤᠳᠠᠯ᠎ᠢ ᠬᠦᠢ᠍ᠴᠡᠳ ᠵᠠᠳᠠᠯᠤᠨ᠂ ᠦᠭᠡᠷᠡᠴᠢᠯᠡᠯᠳᠡ ᠵᠢ ᠬᠦᠨᠵᠡᠭᠡᠢ᠌ᠷᠡᠬᠦᠯᠵᠤ ᠨᠡᠭᠡᠭᠡᠯᠳᠡ ᠵᠢ ᠦᠷᠭᠡᠳᠭᠡᠬᠦ ᠵᠢ ᠭᠣᠢ᠌ᠪᠢᠰᠢ ᠦᠭᠡᠢ᠎ᠪᠠᠷ ᠪᠠᠷᠢᠮᠳᠠᠯᠠᠵᠤ᠂ ᠰᠡᠳᠬᠢᠯ ᠰᠠᠨᠠᠭ᠎ᠠ᠎ᠪᠠᠨ ᠳᠦᠪᠯᠡᠷᠡᠬᠦᠯᠦᠨ ᠦᠪᠡᠷ᠎ᠤᠨ ᠠᠵᠢᠯ ᠵᠶ᠋ᠡᠨ ᠰᠠᠢ᠌ᠨ ᠬᠢᠵᠤ᠂ ᠬᠦᠭᠵᠢᠯᠳᠡ ᠵᠢᠨ ᠬᠦᠳᠡᠯᠭᠡᠬᠦ ᠬᠦᠴᠦᠨ ᠪᠤᠯᠤᠨ ᠨᠦᠭᠡᠴᠡ ᠬᠦᠴᠦᠨ᠎ᠢ ᠳᠠᠢ᠌ᠴᠢᠯᠠᠨ᠂ ᠠᠵᠤ ᠠᠬᠤᠢ ᠵᠢᠨ ᠳᠤᠭᠳᠠᠭᠤᠨ ᠪᠦᠭᠡᠳ ᠴᠢᠨᠠᠷᠯᠢᠭ ᠬᠦᠭᠵᠢᠯᠳᠡ ᠵᠢ ᠠᠬᠢᠭᠤᠯᠬᠤ ᠭᠡᠷᠡᠭᠳᠡᠢ ᠭᠡᠵᠤ ᠭᠡᠯᠡᠪᠡ᠃
ᠯᠢ ᠺᠸ ᠴᠢᠶᠠᠩ᠂ ᠬᠤᠷᠸ᠎ᠠ ᠳᠦᠷᠦ ᠵᠢᠨ ᠪᠤᠳᠤᠯᠭ᠎ᠠ ᠵᠢᠨ ᠦᠷᠬᠦᠯᠵᠢᠯᠡᠭᠰᠡᠨ ᠴᠢᠨᠠᠷ ᠪᠤᠯᠤᠨ ᠳᠤᠭᠳᠠᠭᠤᠨ ᠴᠢᠨᠠᠷ᠎ᠢ ᠪᠠᠷᠢᠮᠳᠠᠯᠠᠵᠤ᠂ ᠵᠠᠬ᠎ᠠ ᠳᠡᠯᠭᠡᠬᠦᠷ᠎ᠤᠨ ᠭᠤᠤᠯ ᠴᠤᠭᠴᠠ ᠵᠢᠨ ᠭᠡᠷᠡᠭᠴᠡᠭᠡ ᠵᠢ ᠦᠨᠳᠦᠰᠦᠯᠡᠨ ᠴᠠᠭ ᠳᠠᠷᠤᠢ᠎ᠳᠤ᠎ᠨᠢ ᠳᠦᠷᠦ ᠵᠢᠨ ᠪᠤᠳᠤᠯᠭ᠎ᠠ᠎ᠪᠠᠨ ᠳᠤᠬᠢᠷᠠᠭᠤᠯᠵᠤ ᠳᠡᠬᠦᠯᠳᠡᠷᠵᠢᠬᠦᠯᠦᠨ᠂ ᠵᠠᠬ᠎ᠠ ᠳᠡᠯᠭᠡᠬᠦᠷ᠎ᠢ ᠳᠤᠭᠳᠠᠭᠤᠨ ᠳᠡᠢ᠌ᠰᠢ ᠬᠦᠳᠦᠯᠦᠨ ᠳᠠᠭ᠋ᠠᠭᠤᠯᠬᠤ ᠭᠡᠷᠡᠭᠳᠡᠢ᠃ ᠬᠠᠩᠭ᠋ᠠᠯᠭ᠎ᠠ ᠵᠢᠨ ᠳᠠᠯ᠎ᠠ ᠵᠢᠨ ᠪᠦᠳᠦᠴᠡ ᠵᠢᠨ ᠴᠢᠨᠠᠷᠲᠠᠢ ᠦᠭᠡᠷᠡᠴᠢᠯᠡᠯᠳᠡ᠎ᠪᠠᠷ ᠭᠤᠤᠯ ᠰᠢᠵᠢᠮ ᠪᠤᠯᠭ᠋ᠠᠵᠤ᠂ ᠦᠢ᠍ᠯᠡᠳᠬᠦ ᠦᠢ᠍ᠯᠡᠰ᠂ ᠦᠢ᠍ᠯᠡᠴᠢᠯᠡᠬᠦ ᠦᠢ᠍ᠯᠡᠰ ᠢᠯᠠᠩᠭᠤᠶ᠎ᠠ ᠵᠢᠵᠢᠭ ᠪᠠᠭ᠎ᠠ ᠠᠵᠤ ᠠᠬᠤᠢ᠌ᠯᠠᠯ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠵᠡᠷᠭᠡ ᠪᠤᠳᠠᠳᠤ ᠴᠤᠭᠴᠠ ᠵᠢᠨ ᠠᠵᠤ ᠠᠬᠤᠢ ᠵᠢ ᠳᠡᠮᠵᠢᠨ᠂ ᠤᠯᠠᠨ ᠳᠠᠯ᠎ᠠ ᠵᠢᠨ ᠰᠠᠨᠠᠯ᠎ᠢ ᠰᠤᠨᠤᠰᠴᠤ᠂ ᠭᠠᠢ᠌ᠯᠢ ᠳᠠᠳᠠᠪᠤᠷᠢ ᠵᠢ ᠪᠠᠭ᠋ᠠᠰᠬᠠᠬᠤ ᠳᠦᠷᠦ ᠵᠢᠨ ᠪᠤᠳᠤᠯᠭ᠎ᠠ ᠵᠢ ᠴᠢᠩᠭ᠎ᠠ᠎ᠪᠠᠷ ᠭᠡᠷᠡᠭᠵᠢᠬᠦᠯᠬᠦ ᠭᠡᠷᠡᠭᠳᠡᠢ; ᠳᠤᠳᠤᠭ᠋ᠠᠳᠤ ᠭᠡᠷᠡᠭᠯᠡᠭᠡ ᠵᠢ ᠵᠤᠬᠢᠬᠤ ᠭᠡᠮᠵᠢᠶ᠎ᠡ᠎ᠪᠠᠷ ᠨᠡᠮᠡᠭᠳᠡᠬᠦᠯᠦᠨ᠂ ᠤᠯᠤᠰ᠎ᠤᠨ ᠳᠤᠳᠤᠭ᠋ᠠᠳᠤ ᠵᠢᠨ ᠵᠠᠬ᠎ᠠ ᠳᠡᠯᠭᠡᠬᠦᠷ᠎ᠤᠨ ᠱᠠᠭ᠋ᠠᠷᠳᠠᠯᠭ᠎ᠠ ᠵᠢ ᠵᠤᠬᠢᠬᠤ ᠭᠡᠮᠵᠢᠶ᠎ᠡ᠎ᠪᠠᠷ ᠦᠷᠭᠡᠳᠭᠡᠵᠤ᠂ ᠭᠡᠷᠡᠭᠯᠡᠭᠡ ᠬᠠᠩᠭ᠋ᠠᠯᠭ᠎ᠠ ᠵᠢᠨ ᠳᠡᠰ ᠳᠡᠪᠰᠢᠬᠦᠯᠬᠦ ᠵᠢ ᠠᠬᠢᠭᠤᠯᠤᠨ᠂ ᠭᠡᠷᠡᠭᠯᠡᠭᠡᠨ᠎ᠤ ᠳᠠᠯᠳᠠ ᠬᠦᠴᠦᠨ᠎ᠢ ᠠᠭᠤᠳᠠᠯᠬᠤ ᠭᠡᠷᠡᠭᠳᠡᠢ; ᠳᠤᠳᠠᠭᠤᠳᠠᠯ ᠵᠶ᠋ᠡᠨ ᠨᠦᠬᠦᠪᠤᠷᠢᠯᠡᠬᠦ᠂ ᠪᠦᠳᠦᠴᠡ ᠵᠢ ᠳᠤᠬᠢᠷᠠᠭᠤᠯᠬᠤ᠂ ᠨᠦᠬᠡᠴᠡ ᠬᠦᠴᠦᠨ᠎ᠢ ᠳᠠᠢ᠌ᠴᠢᠯᠠᠬᠤ᠂ ᠪᠦᠳᠦᠮᠵᠢᠳᠡᠢ ᠪᠡᠯᠡ ᠤᠷᠤᠭᠤᠯᠤᠯᠳᠠ ᠵᠢ ᠦᠷᠭᠡᠳᠭᠡᠬᠦ᠂ ᠵᠠᠰᠠᠭ᠎ᠤᠨ ᠤᠷᠳᠤᠨ᠎ᠤ ᠪᠡᠯᠡ ᠮᠦᠩᠬᠦᠨ᠎ᠤ ᠭᠡᠷᠡᠭᠯᠡᠯᠳᠡ ᠵᠢᠨ ᠦᠷ᠎ᠡ ᠪᠦᠳᠦᠮᠵᠢ ᠵᠢ ᠳᠡᠭᠡᠭᠰᠢᠯᠡᠬᠦᠯᠬᠦ᠂ ᠢᠷᠭᠡᠨ᠎ᠤ ᠪᠡᠯᠡ ᠤᠷᠤᠭᠤᠯᠤᠯᠳᠠ ᠵᠢᠨ ᠵᠠᠬ᠎ᠠ ᠳᠡᠯᠭᠡᠬᠦᠷ᠎ᠲᠤ ᠤᠷᠤᠬᠤ᠎ᠳᠤ ᠳᠦᠬᠦᠮ ᠪᠤᠯᠭ᠋ᠠᠬᠤ᠂ ᠨᠡᠢ᠌ᠭᠡᠮ᠎ᠤᠨ ᠪᠠᠯᠠ ᠤᠷᠤᠭᠤᠯᠤᠯᠳᠠ ᠵᠢ ᠳᠠᠢ᠌ᠴᠢᠯᠠᠬᠤ ᠵᠡᠷᠭᠡ ᠠᠷᠭ᠎ᠠ᠎ᠪᠠᠷ ᠠᠵᠤ ᠠᠬᠤᠢ ᠵᠢᠨ ᠬᠦᠭᠵᠢᠯᠳᠡ ᠪᠡ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠢ ᠠᠬᠢᠭᠤᠯᠬᠤ ᠭᠡᠷᠡᠭᠳᠡᠢ; ᠨᠦᠬᠦᠴᠡᠯ᠎ᠳᠤ ᠨᠡᠢ᠌ᠴᠡᠬᠦ ᠴᠢᠬᠤᠯᠠ ᠶᠡᠭᠡ ᠳᠦᠷᠦᠯ ᠵᠦᠢ᠍ᠯ᠎ᠢ ᠳᠠᠷᠤᠢ ᠳᠦᠷᠭᠡᠨ ᠪᠦᠳᠦᠭᠡᠨ ᠪᠠᠢ᠌ᠭᠤᠯᠵᠤ᠂ ᠦᠢ᠍ᠯᠡᠳᠤᠯ᠎ᠢ᠎ᠨᠢ ᠠ᠋ᠷᠳᠡᠭᠡᠨ ᠪᠠᠳᠠᠷᠠᠭᠤᠯᠬᠤ ᠭᠡᠷᠡᠭᠳᠡᠢ; ᠡᠯ᠎ᠡ ᠱᠠᠳᠤᠨ᠎ᠤ ᠵᠠᠰᠠᠭ᠎ᠤᠨ ᠤᠷᠳᠤᠨ ᠠᠵᠢᠯ ᠤᠯᠭᠤᠬᠤ ᠵᠢ ᠳᠡᠷᠢᠬᠦᠨ ᠪᠠᠢ᠌ᠷᠢᠨ᠎ᠳᠤ ᠳᠠᠯᠪᠢᠬᠤ ᠭᠡᠷᠡᠭᠳᠡᠢ᠂ ᠠᠵᠢᠯ ᠤᠯᠭᠤᠪᠠᠯ ᠤᠷᠤᠯᠭ᠎ᠠ ᠵᠢ ᠨᠡᠮᠡᠭᠳᠡᠬᠦᠯᠵᠤ᠂ ᠨᠡᠢ᠌ᠭᠡᠮ᠎ᠢ ᠳᠤᠭᠳᠠᠭᠤᠨ ᠵᠶ᠋ᠡᠷ ᠬᠦᠭᠵᠢᠬᠦᠯᠵᠤ ᠴᠢᠳᠠᠨ᠎ᠠ᠃ ᠵᠠᠬ᠎ᠠ ᠳᠡᠯᠭᠡᠬᠦᠷ᠎ᠤᠨ ᠭᠤᠤᠯ ᠴᠤᠭᠴᠠ ᠵᠢᠨ ᠳᠦᠯᠦᠭᠡ ᠪᠤᠳᠤᠯᠬᠢᠯᠠᠵᠤ᠂ 《ᠳᠠᠯᠪᠢᠬᠤ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠳᠡ ᠵᠢ ᠬᠦᠨᠵᠡᠭᠡᠢ᠌ᠷᠡᠬᠦᠯᠦᠨ᠂ ᠳᠦᠬᠦᠮ ᠪᠦᠭᠡᠳ ᠦᠨᠳᠦᠷ ᠪᠦᠳᠦᠮᠵᠢ᠎ᠲᠠᠢ᠂ ᠳᠤᠭᠳᠠᠭᠤᠨ ᠪᠦᠭᠡᠳ ᠢᠯᠡ ᠳᠤᠳᠤᠷᠬᠠᠢ᠂ ᠠ᠋ᠷᠭᠡ ᠳᠡᠭᠰᠢ᠎ᠪᠠᠷ ᠦᠷᠢᠰᠦᠯᠳᠦᠬᠦ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠪᠤᠢ ᠪᠤᠯᠭ᠋ᠠᠬᠤ ᠭᠡᠷᠡᠭᠳᠡᠢ᠃ ᠠ᠋ᠨᠡ᠎ᠨᠢ ᠠᠵᠤ ᠠᠬᠤᠢ ᠵᠢᠨ ᠬᠦᠴᠢᠷᠳᠡᠯ ᠪᠤᠯᠤᠨ ᠦᠷᠢᠰᠦᠯᠳᠦᠭᠡᠨ᠎ᠢ ᠠᠷᠭ᠋ᠠᠴᠠᠬᠤ ᠠᠷᠭ᠎ᠠ ᠭᠡᠮᠵᠢᠶ᠎ᠡ ᠪᠤᠯᠤᠨ᠎ᠠ᠃ ᠳᠤᠮᠳᠠᠳᠤ ᠤᠯᠤᠰ᠎ᠲᠤ ᠦᠯᠡᠮᠵᠢ ᠤᠯᠠᠨ ᠠᠵᠢᠯᠴᠢ ᠣᠶᠣᠨᠴᠢ ᠴᠢᠳᠠᠪᠤᠷᠢᠳᠠᠨ ᠪᠣᠢ᠂ ᠳᠡᠳᠡᠨ᠎ᠤ ᠪᠦᠳᠦᠭᠡᠯᠴᠢ ᠴᠢᠳᠠᠪᠤᠷᠢ ᠵᠢ ᠬᠦᠢ᠍ᠴᠡᠳ ᠳᠠᠢ᠌ᠴᠢᠯᠠᠵᠤ ᠴᠢᠳᠠᠪᠠᠯ ᠳᠤᠮᠳᠠᠳᠤ ᠤᠯᠤᠰ᠎ᠤᠨ ᠠᠵᠤ ᠠᠬᠤᠢ ᠦᠷᠬᠦᠯᠵᠢᠯᠡᠨ ᠠ᠋ᠷᠡᠬᠦᠯ ᠵᠶ᠋ᠡᠷ ᠬᠦᠭᠵᠢᠬᠦ᠎ᠨᠢ ᠯᠠᠪᠳᠠᠢ ᠶᠤᠮ ᠭᠡᠵᠤ ᠵᠢᠭ᠋ᠠᠵᠤ ᠭᠠᠷᠭ᠋ᠠᠪᠠ᠃
ᠯᠢ ᠺᠸ ᠴᠢᠶᠠᠩ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠤᠨ᠎ᠬᠢᠨ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠮᠵᠢ ᠪᠤᠯᠭ᠋ᠠᠨ᠂ ᠬᠠᠷᠢᠭᠤᠴᠠᠯᠭ᠎ᠠ ᠵᠢ ᠴᠢᠩᠭ᠋ᠠᠳᠬᠠᠵᠤ᠂ ᠦᠨᠡᠨᠬᠦ ᠠᠳᠬᠤᠵᠤ ᠪᠤᠳᠠᠳᠠᠢ ᠠᠵᠢᠯᠯᠠᠬᠤ᠂ ᠠᠷᠠᠳ᠎ᠤᠨ ᠠᠰᠢᠭ᠎ᠢ ᠪᠤᠳᠤᠯᠬᠢᠯᠠᠬᠤ᠂ ᠦᠭᠡᠷᠡᠴᠢᠯᠡᠯᠳᠡ ᠨᠡᠭᠡᠭᠡᠯᠳᠡ ᠬᠢᠵᠤ ᠰᠢᠨ᠎ᠠ ᠵᠢ ᠠ᠋ᠬᠦᠳᠬᠦ᠂ ᠬᠦᠭᠵᠢᠯᠳᠡ ᠵᠢ ᠳᠦᠷᠭᠡᠳᠭᠡᠨ ᠳᠡᠰ ᠳᠡᠪᠰᠢᠬᠦᠯᠬᠦ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠡᠷᠭᠡ ᠳᠡᠯ᠎ᠡ᠎ᠪᠠᠷ ᠢᠯᠡᠬᠦᠤ ᠬᠦᠴᠤ ᠳᠠᠯᠪᠢᠵᠤ ᠢᠯᠡᠬᠦᠤ ᠠᠷᠭ᠎ᠠ ᠪᠤᠳᠤᠬᠤ ᠭᠡᠷᠡᠭᠳᠡᠢ; ᠡᠯ᠎ᠡ ᠰᠠᠯᠠᠭ᠎ᠠ ᠮᠦᠴᠢᠷ᠎ᠤᠨ᠎ᠬᠢᠨ ᠭᠠᠵᠠᠷ ᠤᠷᠤᠨ᠎ᠤ ᠬᠦᠭᠵᠢᠯᠳᠡ᠎ᠳᠤ ᠨᠦᠬᠦᠴᠡᠯ ᠪᠦᠷᠢᠳᠦᠬᠦᠯᠦᠨ᠂ ᠳᠦᠷᠦ ᠵᠢᠨ ᠪᠤᠳᠤᠯᠭ᠎ᠠ ᠵᠢ ᠠᠮᠢᠳᠤᠯᠢᠭ ᠵᠶ᠋ᠡᠷ ᠳᠤᠭᠳᠠᠭ᠋ᠠᠨ ᠭᠡᠷᠡᠭᠵᠢᠬᠦᠯᠬᠦ ᠭᠡᠷᠡᠭᠳᠡᠢ; ᠡᠯ᠎ᠡ ᠭᠠᠵᠠᠷ᠎ᠤᠨ᠎ᠬᠢᠨ ᠳᠤᠬᠠᠢ ᠵᠢᠨ ᠭᠠᠵᠠᠷ᠎ᠤᠨ ᠪᠤᠳᠠᠳᠤ ᠪᠠᠢ᠌ᠳᠠᠯ᠎ᠳᠤ᠎ᠪᠠᠨ ᠳᠤᠬᠢᠷᠠᠭᠤᠯᠤᠨ ᠪᠦᠳᠦᠭᠡᠯᠴᠢ ᠴᠢᠨᠠᠷᠲᠠᠢ᠎ᠪᠠᠷ ᠬᠦᠭᠵᠢᠬᠦᠯᠦᠨ᠂ ᠰᠡᠳᠬᠢᠯ ᠨᠢᠭᠡᠳᠤᠨ ᠬᠦᠴᠤ ᠬᠠᠮᠳᠤᠷᠠᠵᠤ᠂ ᠬᠦᠴᠢᠷ ᠪᠡᠷᠭᠡ ᠵᠢ ᠢᠯᠠᠨ ᠳᠠᠪᠠᠵᠤ᠂ ᠳᠤᠮᠳᠠᠳᠤ ᠤᠯᠤᠰ᠎ᠤᠨ ᠠᠵᠤ ᠠᠬᠤᠢ ᠵᠢᠨ ᠰᠡᠷᠬᠦᠨ ᠬᠦᠭᠵᠢᠬᠦ ᠤᠷᠤᠨ ᠵᠠᠢ ᠶᠡᠭᠡ᠂ ᠤᠶᠠᠨ ᠬᠠᠳᠠᠨ ᠴᠢᠨᠠᠷ ᠴᠢᠩᠭ᠎ᠠ ᠪᠠᠢ᠌ᠬᠤ ᠳᠠᠪᠠᠭᠤᠯᠢᠭ ᠵᠶ᠋ᠠᠨ ᠪᠠᠳᠠᠷᠠᠭᠤᠯᠤᠨ᠂ ᠠᠵᠤ ᠠᠬᠤᠢ ᠵᠢᠨ ᠠᠵᠢᠯᠯᠠᠭ᠋ᠠᠨ᠎ᠢ ᠵᠤᠬᠢᠬᠤ ᠤᠷᠤᠨ ᠵᠠᠢ᠎ᠳᠤ ᠪᠡᠬᠢᠵᠢᠬᠦᠯᠬᠦ ᠪᠡ ᠤᠷᠳᠤ ᠬᠤᠭᠤᠴᠠᠭ᠎ᠠ᠎ᠪᠠᠷ ᠬᠦᠭᠵᠢᠬᠦᠯᠬᠦ ᠵᠢ ᠠᠬᠢᠭᠤᠯᠬᠤ ᠭᠡᠷᠡᠭᠳᠡᠢ ᠭᠡᠵᠤ ᠭᠡᠯᠡᠪᠡ᠃
ᠰᠢᠶᠤᠤ ᠵᠢᠶᠸ ᠶᠠᠷᠢᠯᠴᠠᠬᠤ ᠬᠤᠷᠠᠯ᠎ᠳᠤ ᠤᠷᠤᠯᠴᠠᠪᠠ᠃



