ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠮᠠᠨᠵᠤᠤᠷ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠶᠤᠰᠤ ᠮᠤᠷᠠᠯ᠎ᠤᠨ ᠵᠢᠰᠢᠶᠡᠴᠢ ᠵᠢᠨ ᠳᠤᠬᠠᠢ ᠤᠬᠠᠭᠤᠯᠤᠨ ᠳᠠᠢ᠌ᠯᠪᠤᠷᠢᠯᠠᠬᠤ ᠬᠤᠷᠠᠯ ᠬᠢᠵᠠᠢ
ᠨᠡᠶᠢᠲᠡᠯᠡᠭᠰᠡᠨ ᠴᠠᠭ᠄ 2018-11-16

         
      ᠣᠢ᠌ᠷ᠎ᠡ᠎ᠳᠤ ᠮᠠᠨᠵᠤᠤᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠶᠤᠰᠤ ᠮᠤᠷᠠᠯ᠎ᠤᠨ ᠵᠢᠰᠢᠶᠡᠴᠢ ᠵᠢᠨ ᠳᠤᠬᠠᠢ ᠤᠬᠠᠭᠤᠯᠤᠠ ᠳᠠᠢ᠌ᠯᠪᠤᠷᠢᠯᠠᠬᠤ ᠬᠤᠷᠠᠯ ᠬᠢᠵᠤ᠂ ᠬᠤᠳᠠ ᠵᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠤᠨ ᠭᠡᠰᠢᠬᠦᠨ ᠺᠠᠳ᠋ᠷ᠂ ᠪᠦᠬᠦ ᠬᠤᠳᠠ ᠵᠢᠨ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠨᠠᠮ᠎ᠤᠨ ᠪᠠᠢ᠌ᠭᠤᠯᠤᠯᠳᠠ ᠵᠢᠨ ᠱᠦᠵᠢ᠂ ᠨᠠᠮ᠎ᠤᠨ ᠭᠡᠰᠢᠬᠦᠨ ᠵᠢᠴᠢ ᠨᠠᠮ᠎ᠳᠤ ᠤᠷᠤᠬᠤ᠎ᠪᠠᠷ ᠭᠤᠶᠤᠴᠢᠯᠠᠵᠤ ᠪᠠᠢ᠌ᠭ᠎ᠠ ᠢᠳᠡᠪᠬᠢᠳᠡᠨ ᠨᠡᠢ᠌ᠳᠡ 100 ᠭᠠᠷᠤᠢ ᠬᠦᠮᠦᠨ ᠬᠤᠷᠠᠯ᠎ᠳᠤ ᠤᠷᠤᠯᠴᠠᠵᠠᠢ᠃
      ᠤᠬᠠᠭᠤᠯᠤᠨ ᠳᠠᠢ᠌ᠯᠪᠤᠷᠢᠯᠠᠬᠤ ᠬᠤᠷᠠᠯ ᠳᠡᠭᠡᠷ᠎ᠠ᠂ ᠬᠤᠳᠠ ᠵᠢᠨ ᠳᠡᠰ᠎ᠤᠨ ᠤᠬᠠᠭᠤᠯᠤᠨ ᠳᠠᠢ᠌ᠯᠪᠤᠷᠢᠯᠠᠬᠤ ᠪᠦᠯᠬᠦᠮ᠎ᠤᠨ ᠭᠡᠰᠢᠬᠦᠨ ᠹᠸᠩ ᠯᠢ ᠶᠡᠨ᠂ ᠪᠠᠢ ᠰᠢᠶᠤᠤ ᠬᠤᠩ᠎ᠢ ᠵᠠᠯᠠᠵᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠳᠤᠬᠠᠢ ᠤᠢ᠌ᠯᠠᠭ᠋ᠠᠯᠳᠠ ᠳᠦᠷᠦᠭᠳᠡᠯ᠎ᠢ᠎ᠨᠢ ᠶᠠᠷᠢᠭᠤᠯᠵᠠᠢ᠃ ᠨᠦᠸᠠᠨ ᠴᠸᠩ ᡁᠢ ᠵᠢᠶᠠ ᠠᠯᠪᠠᠨ ᠵᠢᠷᠤᠮ᠎ᠤᠨ ᠠᠵᠢᠯᠳᠠᠨ᠎ᠤ ᠬᠤᠯᠪᠤᠭ᠋ᠠᠳᠤ ᠬᠤᠷᠠᠯ᠎ᠤᠨ ᠨᠠᠮ᠎ᠤᠨ ᠭᠡᠰᠢᠬᠦᠨ᠎ᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠬᠢ ᠵᠢᠨ ᠳᠠᠷᠤᠭ᠎ᠠ ᠹᠸᠩ ᠶᠠᠨ ᠯᠢ ᠦᠪᠡᠷ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡ ᠬᠢᠭᠰᠡᠨ ᠦᠩᠭᠡᠷᠡᠯᠳᠡ᠂ ᠬᠤᠯᠪᠤᠭ᠋ᠠᠳᠤ ᠬᠤᠷᠠᠯ᠎ᠤᠨ ᠨᠠᠮ᠎ᠤᠨ ᠪᠠᠢ᠌ᠭᠤᠯᠤᠯᠲᠠ ᠵᠢᠯᠤᠭᠤᠳᠤᠨ ᠳᠠᠭ᠋ᠠᠭᠤᠯᠬᠤ ᠦᠢ᠍ᠯᠡᠳᠤᠯ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠭᠡᠯᠪᠡᠷᠢ ᠵᠢᠨ ᠰᠢᠨᠡᠴᠢᠯᠡᠯᠲᠡ ᠵᠡᠷᠭᠡ ᠳᠡᠯ᠎ᠡ᠎ᠪᠠᠷ ᠳᠠᠢ᠌ᠯᠤᠮᠵᠢ ᠬᠢᠪᠡ᠃ ᠪᠠᠭᠪᠠᠭ᠋ᠠᠢ ᠴᠡᠴᠡᠭ ᠰᠠᠢ᠌ᠨ ᠳᠤᠷᠠᠴᠤᠳ᠎ᠤᠨ ᠬᠤᠯᠪᠤᠭ᠋ᠠᠳᠤ ᠬᠤᠷᠠᠯ᠎ᠤᠨ ᠳᠠᠷᠤᠭ᠎ᠠ ᠪᠠᠢ ᠰᠢᠶᠤᠤ ᠬᠤᠩ ᠦᠪᠡᠷ᠎ᠤᠨ ᠨᠢᠭᠡᠨ ᠠ᠋ᠩ᠎ᠤᠨ ᠠᠷᠠᠳ ᠪᠠᠢ᠌ᠭᠰᠠᠨ᠎ᠠᠴᠠ᠎ᠪᠠᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠳᠠᠨ ᠪᠤᠯᠵᠤ ᠬᠤᠪᠢᠷᠠᠭᠰᠠᠨ ᠦᠨᠡᠨ ᠪᠣᠳᠠᠲᠠᠢ ᠰᠡᠳᠬᠢᠯ ᠬᠦᠳᠡᠯᠭᠡᠮ᠎ᠡ ᠦᠩᠭᠡᠷᠡᠯᠲᠡ᠎ᠪᠠᠨ ᠶᠠᠷᠢᠵᠤ᠂ ᠬᠤᠷᠠᠯ᠎ᠳᠤ ᠤᠷᠤᠯᠴᠭᠰᠠᠳ᠎ᠢ ᠨᠡᠢ᠌ᠳᠡ ᠵᠢᠨ ᠠᠰᠠᠷᠠᠮᠵᠢ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠳᠤ ᠢᠳᠡᠪᠬᠢᠳᠡᠢ ᠤᠷᠤᠯᠴᠠᠵᠤ᠂ ᠮᠠᠨᠵᠤᠤᠷ ᠬᠤᠳᠠ ᠵᠢᠨ ᠨᠠᠢ᠌ᠳᠠ ᠵᠢᠨ ᠠᠰᠠᠷᠠᠮᠵᠢ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠦᠢ᠍ᠯᠡᠰ᠎ᠲᠤ ᠬᠤᠪᠢ ᠨᠡᠮᠡᠷᠢ ᠦᠵᠡᠬᠦᠯᠬᠦ ᠵᠢ ᠬᠦᠰᠡᠵᠡᠢ᠃ ᠠ᠋ᠨᠡ ᠤᠳᠠᠭ᠋ᠠᠨ᠎ᠤ ᠤᠬᠠᠭᠤᠯᠤᠨ ᠳᠠᠢ᠌ᠯᠪᠤᠷᠢᠯᠠᠬᠤ ᠬᠤᠷᠠᠯ᠎ᠨᠢ ᠠᠷᠠᠳ᠎ᠤᠨ ᠶᠠᠪᠤᠳᠠᠯ᠎ᠤᠨ ᠰᠢᠰᠲᠸᠮ ᠪᠤᠯᠤᠨ ᠨᠡᠢ᠌ᠭᠡᠮ᠎ᠤᠨ ᠵᠤᠬᠢᠶᠠᠨ ᠪᠠᠢ᠌ᠭᠤᠯᠤᠯᠳᠠ ᠵᠢᠨ ᠨᠠᠮ᠎ᠤᠨ ᠭᠡᠰᠢᠬᠦᠨ᠎ᠳᠤ ᠬᠦᠮᠦᠵᠢᠯ ᠵᠤᠷᠢᠬ᠍ᠵᠢᠭᠤᠯᠤᠯ ᠪᠤᠯᠤᠭᠰᠠᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
2018 ᠤᠨ᠎ᠤ ᠲᠦᠷᠤᠭᠦᠤ 3 ᠤᠯᠠᠷᠢᠯ ᠦᠪᠦᠷ ᠮᠤᠩᠭᠤᠯ᠎ᠤᠨ ᠨᠡᠢ᠌ᠭᠡᠮ᠎ᠤᠨ ᠠᠰᠠᠷᠠᠮᠵᠢ ᠵᠢᠨ ᠪᠠᠢ᠌ᠭᠤᠯᠤᠮᠵᠢ ᠠ᠋ᠷᠡᠬᠦᠯ ᠵᠶ᠋ᠡᠷ ᠬᠦᠭᠵᠢᠵᠡᠢ
ᠠᠯᠠᠱ᠌ᠠ ᠵᠡᠬᠦᠨ ᠬᠤᠰᠢᠭᠤ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠵᠢ ᠠ᠋ᠮᠬᠢ ᠵᠢᠷᠤᠮ᠎ᠲᠠᠢ ᠠᠬᠢᠭᠤᠯᠵᠤ ᠪᠤᠢ
ᠨᠠᠢ᠍ᠮᠠᠨ ᠬᠤᠰᠢᠭᠤᠨ᠎ᠤ ᠤᠷᠤᠰᠢᠭᠤᠯᠭ᠎ᠠ ᠵᠢᠨ ᠶᠡᠷᠦᠩᠭᠡᠢ᠌ᠯᠡᠭᠰᠡᠨ ᠦᠭᠡᠷᠡᠴᠢᠯᠡᠯᠳᠡ ᠵᠢᠨ ᠳᠤᠷᠰᠢᠯᠳᠠ ᠵᠢᠨ ᠠᠵᠢᠯ ᠢᠯᠡᠳᠳᠡ ᠠᠮᠵᠢᠯᠳᠠ ᠤᠯᠵᠠᠢ
ᠬᠦᠯᠦᠨ ᠪᠤᠢ᠌ᠷ ᠬᠤᠳᠠ ᠬᠤᠳᠤᠭᠤᠳᠤ ᠭᠡᠳᠡᠰᠤᠨ᠎ᠤ ᠠ᠋ᠷᠳᠡ ᠬᠤᠭᠤᠴᠠᠭ᠋ᠠᠨ᠎ᠤ ᠦᠮᠡᠨ᠎ᠢ ᠰᠢᠭᠰᠢᠨ ᠪᠠᠢ᠌ᠴᠠᠭ᠋ᠠᠬᠤ ᠨᠡᠢ᠌ᠳᠡ ᠵᠢᠨ ᠠᠰᠠᠷᠠᠮᠵᠢ ᠵᠢᠨ ᠠᠵᠢᠯᠯᠠᠭ᠎ᠠ ᠦᠷᠨᠢᠬᠦᠯᠪᠡ
ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯᠬᠦᠢ ᠦᠢ᠍ᠯᠡᠳᠪᠤᠷᠢᠯᠡᠯ᠎ᠤᠨ ᠠᠵᠢᠯ᠎ᠢ ᠪᠠᠢ᠌ᠴᠠᠭ᠋ᠠᠪᠠ
 
            