ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠦ᠋ ᠰᠢᠶᠤᠤ ᠯᠢᠨ᠄ ᠰᠡᠳᠬᠢᠯ ᠵᠢᠷᠦᠭᠡᠨ᠎ᠳᠤ ᠤᠶᠠᠩᠭ᠋ᠠᠷᠠᠭᠰᠠᠨ ᠳᠠᠯ᠎ᠠ ᠨᠤᠳᠤᠭ᠎ᠤᠨ ᠳᠠᠭᠤᠤ
ᠨᠡᠶᠢᠲᠡᠯᠡᠭᠰᠡᠨ ᠴᠠᠭ᠄ 2018-11-26


     2017 ᠤᠨ᠎ᠤ 11 ᠳ᠋ᠤᠭᠡᠷ ᠰᠠᠷ᠎ᠠ ᠵᠢᠨ 21᠎ᠤ ᠠ᠋ᠳᠤᠷ᠂ ᠶᠡᠷᠦᠩᠭᠡᠢ ᠱᠦᠵᠢ ᠰᠢ ᠵᠢᠨ ᠫᠢᠩ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠰᠦᠨᠢᠳ ᠪᠠᠷᠠᠭᠤᠨ ᠬᠤᠰᠢᠭᠤᠨ᠎ᠤ ᠤᠯᠠᠭ᠋ᠠᠨᠮᠦᠢ᠍ᠴᠢᠷ᠎ᠤᠨ ᠭᠡᠰᠢᠬᠦᠳ᠎ᠲᠤ ᠬᠠᠷᠢᠭᠤ ᠵᠡᠬᠢᠳᠡᠯ ᠢᠯᠡᠭᠡᠵᠤ᠂ 《ᠤᠯᠠᠭ᠋ᠠᠨᠮᠦᠢ᠍ᠴᠢᠷ ᠪᠤᠯ ᠪᠦᠬᠦ ᠤᠯᠤᠰ᠎ᠤᠨ ᠤᠳᠬ᠎ᠠ ᠤᠷᠠᠯᠢᠭ᠎ᠤᠨ ᠹᠷᠤᠨᠲ᠎ᠤᠨ ᠳᠤᠭ ᠮᠦᠨ》 ᠭᠡᠵᠤ ᠮᠠᠭᠳᠠᠨ ᠰᠠᠢ᠌ᠰᠢᠶᠠᠵᠤ᠂ ᠳᠡᠳᠡᠨ᠎ᠢ ᠭᠡᠵᠢᠶᠡᠳᠡ ᠳᠡᠯ᠎ᠡ ᠨᠤᠳᠤᠭ᠎ᠤᠨ 《ᠬᠤᠪᠢᠰᠬᠠᠯᠳᠤ ᠤᠳᠬ᠎ᠠ ᠤᠷᠠᠯᠢᠭ᠎ᠤᠨ ᠬᠦᠩᠭᠡᠨ ᠮᠤᠷᠢᠳᠤ ᠴᠡᠷᠢᠭ》 ᠪᠤᠯᠤᠭ᠋ᠠᠷᠠᠢ ᠭᠡᠵᠤ ᠵᠤᠷᠢᠭᠵᠢᠭᠤᠯᠪᠠ᠃ 60 ᠭᠠᠷᠤᠢ ᠵᠢᠯ᠎ᠤᠨ ᠳᠡᠮᠡᠴᠠᠯ ᠵᠶ᠋ᠠᠷ ᠪᠤᠢ ᠪᠤᠯᠭ᠋ᠠᠭᠰᠠᠨ ᠤᠯᠠᠭ᠋ᠠᠨᠮᠦᠢ᠍ᠴᠢᠷ᠎ᠤᠨ ᠵᠤᠷᠢᠭ ᠰᠠᠨᠠᠭ᠎ᠠ ᠪᠤᠯ ᠪᠢᠳᠠᠨ᠎ᠤ ᠰᠢᠨ᠎ᠠ ᠴᠠᠭ ᠦᠶ᠎ᠠ ᠵᠢ ᠤᠬᠳᠤᠵᠤ᠂ ᠰᠢᠨ᠎ᠠ ᠴᠠᠭ ᠦᠶ᠎ᠡ᠎ᠳᠤ ᠠ᠋ᠷᠡᠮᠡᠭᠡᠢ᠌ᠯᠡᠨ ᠤᠷᠤᠭᠰᠢᠯᠠᠬᠤ ᠵᠢᠨ ᠴᠢᠬᠤᠯᠠ ᠤᠶᠤᠨ ᠰᠠᠨᠠᠭ᠋ᠠᠨ᠎ᠤ ᠬᠦᠳᠡᠯᠭᠡᠬᠦ ᠬᠦᠴᠦᠨ ᠮᠦᠨ᠃ ᠤᠯᠠᠭ᠋ᠠᠨᠮᠦᠢ᠍ᠴᠢᠷ᠎ᠤᠨ ᠰᠢᠯᠢᠳᠡᠭ ᠤᠯᠠᠮᠵᠢᠯᠠᠯ᠎ᠢ ᠪᠠᠳᠠᠷᠠᠭᠤᠯᠵᠤ᠂ ᠤᠯᠠᠭ᠋ᠠᠨᠮᠦᠢ᠍ᠴᠢᠷ᠎ᠤᠨ ᠵᠤᠷᠢᠭ ᠰᠠᠨᠠᠭ᠎ᠠ ᠵᠢ ᠪᠠᠳᠠᠷᠠᠭᠤᠯᠬᠤ ᠪᠤᠯ ᠪᠢᠳᠠᠨ᠎ᠤ ᠤᠭ ᠰᠠᠨᠠᠭ᠎ᠠ᠎ᠪᠠᠨ ᠦᠯᠦ ᠮᠠᠷᠳᠠᠨ ᠠ᠋ᠬᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠵᠤ᠂ ᠦᠵᠡᠰᠬᠦᠯᠡᠩᠳᠤ ᠰᠠᠢ᠌ᠬᠠᠨ ᠦᠪᠦᠷ ᠮᠤᠩᠭᠤᠯ ᠵᠶ᠋ᠡᠨ ᠪᠦᠳᠦᠭᠡᠨ ᠪᠠᠢ᠌ᠭᠤᠯᠬᠤ᠂ ᠠᠭᠤᠤ ᠶᠡᠭᠡ ᠳᠤᠮᠳᠠᠳᠤ ᠵᠢᠨ ᠵᠡᠬᠦᠳᠤ᠎ᠪᠠᠨ ᠳᠡᠷᠭᠡᠯᠰᠢᠬᠦᠯᠬᠦ᠎ᠳᠤ ᠴᠢᠬᠤᠯᠠ ᠠᠴᠢ ᠬᠤᠯᠪᠤᠭᠳᠠᠯ᠎ᠲᠠᠢ ᠶᠤᠮ᠃
      ᠨᠢᠭᠡ
      ᠤᠯᠠᠭ᠋ᠠᠨᠮᠦᠢ᠍ᠴᠢᠷ᠎ᠤᠨ ᠮᠡᠨᠳᠦᠯᠡᠭᠰᠡᠨ᠎ᠨᠢ ᠨᠠᠮ᠎ᠤᠨ ᠤᠳᠬ᠎ᠠ ᠤᠷᠠᠯᠢᠭ᠎ᠤᠨ ᠱᠤᠭᠤᠮ᠎ᠢ ᠴᠦᠭᠡᠨ ᠳᠤᠭ᠋ᠠᠳᠤ ᠦᠨᠳᠦᠰᠦᠳᠡᠨ᠎ᠤ ᠭᠠᠵᠠᠷ ᠤᠷᠤᠨ᠎ᠳᠤ ᠠᠮᠵᠢᠯᠳᠠ᠎ᠲᠠᠢ ᠦᠢ᠍ᠯᠡᠳᠦᠯᠭᠡᠵᠢᠬᠦᠯᠦᠭᠰᠡᠨ ᠶᠠᠪᠤᠳᠠᠯ ᠪᠤᠯᠬᠤ ᠪᠦᠭᠡᠳ ᠪᠠᠰᠠ ᠴᠤ᠌ ᠬᠤᠪᠢᠰᠬᠠᠯᠳᠤ ᠤᠯᠠᠮᠵᠢᠯᠠᠯ᠎ᠢ ᠤᠯᠠᠮᠵᠢᠯᠠᠨ ᠵᠠᠯᠭ᠋ᠠᠮᠵᠢᠯᠠᠭᠰᠠᠨ ᠴᠢᠬᠤᠯᠠ ᠦᠷ᠎ᠡ ᠪᠦᠳᠦᠭᠡᠯ ᠪᠤᠯᠤᠨ᠎ᠠ᠃ ᠠᠯᠢ ᠠ᠋ᠷᠳᠡ 1919 ᠤᠨ᠎ᠤ 《5.4》᠎ᠤ ᠬᠦᠳᠡᠯᠭᠡᠭᠡᠨ ᠪᠤᠯᠤᠨ 1921 ᠣᠨ᠎ᠳᠤ ᠳᠤᠮᠳᠠᠳᠤ ᠤᠯᠤᠰ᠎ᠤᠨ ᠡᠪ ᠬᠠᠮᠳᠤ ᠨᠠᠮ ᠮᠡᠨᠳᠤᠯᠠᠬᠦ ᠦᠶ᠎ᠡ᠎ᠳᠤ᠂ ᠦᠪᠦᠷ ᠮᠤᠩᠭᠤᠯ᠎ᠤᠨ ᠮᠤᠩᠭᠤᠯ ᠦᠨᠳᠦᠰᠦᠳᠡᠨ᠎ᠤ ᠭᠡᠰᠡᠭ ᠳᠠᠪᠰᠢᠩᠭᠤᠢ ᠵᠠᠯᠠᠭᠤᠴᠤᠳ ᠮᠠᠷᠺᠰ ᠯᠸᠨᠢᠨ᠎ᠤ ᠦᠵᠡᠯ ᠪᠤᠯᠤᠨ ᠰᠢᠨ᠎ᠠ ᠰᠤᠶᠤᠯ᠎ᠤᠨ ᠬᠤᠪᠢᠰᠬᠠᠯᠳᠤ ᠦᠵᠡᠯ ᠰᠠᠨᠠᠭ᠎ᠠ ᠵᠢ ᠠ᠋ᠬᠢᠯᠡᠨ ᠬᠦᠯᠢᠶᠡᠨ ᠠᠪᠴᠤ᠂ ᠰᠦᠷ ᠳᠠᠯᠠᠢ᠌ᠴᠠᠳᠠᠢ ᠶᠡᠭᠡ ᠬᠤᠪᠢᠰᠬᠠᠯ᠎ᠳᠤ ᠤᠷᠤᠯᠴᠠᠨ᠂ ᠬᠤᠪᠢᠰᠬᠠᠯ᠎ᠤᠨ ᠦᠵᠡᠯ ᠰᠠᠨᠠᠭ᠎ᠠ ᠪᠤᠯᠤᠨ ᠰᠢᠨ᠎ᠠ ᠰᠤᠶᠤᠯ᠎ᠤᠨ ᠤᠯᠠᠮᠵᠢᠯᠠᠬ᠍ᠴᠢ ᠪᠤᠯᠪᠠ᠃ 1939 ᠤᠨ᠎ᠳᠤ᠂ ᠨᠠᠮ᠎ᠤᠨ ᠶᠠᠫᠤᠨ᠎ᠢ ᠠ᠋ᠰᠡᠷᠬᠦᠴᠡᠬᠦ ᠵᠤᠷᠢᠯᠳᠠ ᠪᠤᠯᠤᠨ ᠳᠦᠷᠦ ᠵᠢᠨ ᠪᠤᠳᠤᠯᠭ᠎ᠠ ᠵᠢ ᠤᠬᠠᠭᠤᠯᠬᠤ ᠵᠢᠨ ᠳᠦᠯᠦᠭᠡ᠂ ᠮᠤᠩᠭᠤᠯ ᠦᠨᠳᠦᠰᠦᠳᠡᠨ᠎ᠤ ᠵᠠᠯᠠᠭᠤᠴᠤᠳ ᠪᠠᠭ᠋ᠠᠴᠤᠳ᠎ᠤᠨ ᠤᠷᠠᠨ ᠰᠠᠢ᠌ᠬᠠᠨ᠎ᠤ ᠤᠬᠠᠭᠤᠯᠬᠤ ᠠᠩᠬᠢ ᠬᠤᠪᠢᠰᠬᠠᠯ᠎ᠤᠨ ᠰᠠᠭᠤᠷᠢᠨ ᠭᠠᠵᠠᠷ ᠶᠠᠨ ᠠᠨ᠎ᠳᠤ ᠪᠠᠢ᠌ᠭᠤᠯᠤᠭᠳᠠᠵᠤ᠂ ᠨᠠᠮ᠎ᠤᠨ ᠰᠤᠷᠳᠠᠯ ᠤᠬᠠᠭᠤᠯᠭ᠎ᠠ ᠵᠢᠨ ᠠ᠋ᠩᠨᠡᠭᠡ ᠵᠢᠨ ᠳᠤᠳᠤᠷᠠᠬᠢ ᠦᠨᠳᠦᠰᠦᠳᠡᠨ᠎ᠤ ᠤᠨᠴᠠᠯᠢᠭ᠎ᠲᠠᠢ ᠬᠦᠴᠦᠨ ᠪᠤᠯᠤᠭᠰᠠᠨ ᠪᠠᠢ᠌ᠨ᠎ᠠ᠃ ᠬᠤᠪᠢᠰᠬᠠᠯ᠎ᠤᠨ ᠪᠠᠢ᠌ᠳᠠᠯ᠎ᠤᠨ ᠬᠦᠭᠵᠢᠯᠳᠡ ᠵᠢ ᠳᠠᠭ᠋ᠠᠯᠳᠤᠨ᠂ 1945 ᠤᠨ᠎ᠳᠤ ᠳᠡᠳᠡ ᠬᠤᠪᠢᠰᠬᠠᠯᠳᠤ ᠤᠳᠬ᠎ᠠ ᠤᠷᠠᠯᠢᠭ᠎ᠤᠨ ᠤᠴᠢ ᠵᠢ ᠦᠪᠦᠷ ᠮᠤᠩᠭᠤᠯ᠎ᠤᠨ ᠳᠠᠯ᠎ᠠ ᠨᠤᠳᠤᠭ᠎ᠲᠤ ᠠᠪᠴᠢᠷᠠᠵᠤ᠂ 1946 ᠤᠨ᠎ᠤ 4 ᠳ᠋ᠤᠭᠡᠷ ᠰᠠᠷ᠎ᠠ᠎ᠳᠤ ᠴᠦᠭᠡᠨ ᠳᠤᠭ᠋ᠠᠳᠤ ᠦᠨᠳᠦᠰᠦᠳᠡᠨ᠎ᠤ ᠭᠠᠵᠠᠷ ᠤᠷᠤᠨ᠎ᠤ ᠨᠢᠭᠡᠨ ᠰᠠᠯᠠᠭ᠎ᠠ ᠵᠢᠩᠬᠢᠨᠢ ᠤᠷᠠᠨ ᠰᠠᠢ᠌ᠬᠠᠨ᠎ᠤ ᠪᠦᠯᠬᠦᠮ — — ᠦᠪᠦᠷ ᠮᠤᠩᠭᠤᠯ᠎ᠤᠨ ᠤᠷᠠᠨ ᠰᠠᠢ᠌ᠬᠠᠨ᠎ᠤ ᠪᠦᠯᠬᠦᠮ᠎ᠢ ᠪᠠᠢ᠌ᠭᠤᠯᠪᠠ᠃ ᠠ᠋ᠨᠡᠬᠦ ᠠ᠋ᠩᠨᠡᠭᠡ᠎ᠨᠢ ᠬᠦᠮᠦᠨ ᠴᠦᠭᠡᠨ ᠴᠤ᠌ ᠬᠦᠴᠦᠨ ᠳᠡᠬᠦᠯᠳᠡᠷ᠂ ᠳᠤᠭᠯᠠᠭᠴᠢᠳ᠎ᠨᠢ ᠪᠢᠴᠢᠭ ᠴᠡᠷᠢᠭ᠎ᠤᠨ ᠠ᠋ᠷᠳᠡᠮ᠎ᠢ ᠬᠤᠤᠰᠯᠠᠭᠤᠯᠤᠨ᠂ ᠨᠠᠮ᠎ᠤᠨ ᠤᠳᠬ᠎ᠠ ᠤᠷᠠᠯᠢᠭ᠎ᠤᠨ ᠴᠢᠭᠯᠡᠯᠳᠡ ᠵᠢ ᠠ᠋ᠷᠡᠰ ᠭᠡᠷᠡᠭᠵᠢᠬᠦᠯᠵᠤ᠂ ᠮᠠᠤ ᠽᠸ ᠳ᠋ᠦᠩ ᠨᠦᠬᠦᠷ᠎ᠤᠨ ᠶᠠᠨ ᠠᠨ᠎ᠤ ᠤᠳᠬ᠎ᠠ ᠤᠷᠠᠯᠢᠭ᠎ᠤᠨ ᠶᠠᠷᠢᠯᠴᠠᠬᠤ ᠬᠤᠷᠠᠯ ᠳᠡᠭᠡᠷ᠎ᠡ ᠭᠡᠯᠡᠭᠰᠡᠨ ᠦᠭᠡ ᠵᠢᠨ ᠵᠤᠷᠢᠭ ᠰᠠᠨᠠᠭ᠎ᠠ ᠵᠢ ᠠ᠋ᠷᠡᠰ ᠳᠤᠤᠱᠯᠠᠭᠤᠯᠵᠤ᠂ ᠬᠤᠪᠢᠰᠬᠠᠯᠳᠤ ᠳᠡᠮᠡᠴᠡᠯ᠎ᠢ ᠠ᠋ᠷᠡᠰ ᠶᠠᠪᠤᠭᠤᠯᠤᠨ᠂ ᠨᠢᠭᠡ ᠳᠠᠯ᠎ᠠ᠎ᠪᠠᠷ ᠳᠠᠢ᠌ᠰᠤᠨ᠎ᠲᠠᠢ ᠴᠢᠰᠤᠨ ᠪᠠᠢ᠌ᠯᠳᠤᠭ᠋ᠠᠨ ᠬᠢᠵᠤ᠂ ᠨᠦᠬᠦᠭᠡ ᠳᠠᠯ᠎ᠠ᠎ᠪᠠᠷ ᠪᠠᠢ᠌ᠯᠳᠤᠭᠴᠢᠳ ᠪᠤᠯᠤᠨ ᠮᠠᠯᠴᠢᠨ ᠳᠠᠷᠢᠶᠠᠴᠢᠨ᠎ᠳᠤ ᠳᠤᠭᠯᠠᠯᠳᠠ ᠭᠠᠷᠭ᠋ᠠᠨ᠂ ᠤᠳᠬ᠎ᠠ ᠤᠷᠠᠯᠢᠭ᠎ᠤᠨ ᠭᠡᠯᠪᠡᠷᠢ᠎ᠪᠠᠷ ᠬᠤᠪᠢᠰᠬᠠᠯ᠎ᠤᠨ ᠦᠵᠡᠯ ᠰᠠᠨᠠᠭ᠎ᠠ ᠵᠢ ᠤᠬᠠᠭᠤᠯᠵᠤ᠂ ᠤᠯᠠᠨ ᠳᠦᠮᠡᠨ᠎ᠢ ᠬᠦᠮᠦᠵᠢᠬᠦᠯᠦᠨ ᠳᠠᠢ᠌ᠴᠢᠯᠠᠵᠤ᠂ ᠦᠪᠦᠷ ᠮᠤᠩᠭᠤᠯ᠎ᠤᠨ ᠴᠢᠯᠦᠭᠡᠯᠡᠯᠳᠡ ᠵᠢᠨ ᠦᠢ᠍ᠯᠡᠰ᠎ᠢ ᠬᠦᠴᠦᠳᠡᠢ ᠳᠡᠮᠵᠢᠭᠰᠡᠨ ᠪᠦᠭᠡᠳ ᠨᠢᠭᠡ ᠪᠦᠯᠦᠭ ᠴᠦᠭᠡᠨ ᠳᠤᠭ᠋ᠠᠳᠤ ᠦᠨᠳᠦᠰᠦᠳᠡᠨ᠎ᠤ ᠰᠤᠶᠤᠯ᠎ᠤᠨ ᠭᠤᠤᠯ ᠬᠦᠴᠦᠨ᠎ᠢ ᠬᠦᠮᠦᠵᠢᠬᠦᠯᠵᠤ ᠪᠤᠯᠪᠠᠰᠤᠷᠠᠭᠤᠯᠤᠭᠰᠠᠨ ᠪᠠᠢ᠌ᠨ᠎ᠠ᠃ 1947 ᠤᠨ᠎ᠳᠤ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠪᠠᠢ᠌ᠭᠤᠯᠤᠭᠳᠠᠭᠰᠠᠨ᠎ᠤ ᠳᠠᠷᠠᠭ᠎ᠠ᠂ ᠬᠤᠪᠢᠰᠬᠠᠯ᠎ᠤᠨ ᠤᠳᠬ᠎ᠠ ᠤᠷᠠᠯᠢᠭ᠂ ᠨᠤᠮ ᠭᠡᠪᠯᠡᠯ᠂ ᠷᠠᠳᠢᠤ᠋ ᠺᠢᠨᠤ᠋ ᠵᠡᠷᠭᠡ ᠠᠵᠢᠯ ᠦᠢ᠍ᠯᠡᠰ ᠦᠭᠡᠢ᠎ᠠᠴᠠ᠎ᠪᠠᠨ ᠪᠠᠢ᠌ᠬᠤ ᠪᠤᠯᠵᠤ᠂ ᠪᠠᠭ᠎ᠠ᠎ᠠᠴᠠ᠎ᠪᠠᠨ ᠪᠤᠵᠠᠭ᠋ᠠᠢ᠌ᠷᠠᠵᠤ᠂ ᠮᠠᠰᠢ ᠤᠯᠠᠨ ᠤᠷᠠᠨ ᠵᠤᠬᠢᠶᠠᠯ᠂ ᠰᠢ ᠵᠦᠴᠦᠭᠡ᠂ ᠳᠠᠭᠤᠤ ᠬᠦᠭᠵᠢᠮ᠂ ᠪᠦᠵᠢᠭ᠂ ᠤᠷᠠᠨ ᠵᠢᠷᠤᠭ᠎ᠤᠨ ᠰᠢᠯᠢᠳᠡᠭ ᠪᠦᠳᠦᠭᠡᠯ᠎ᠢ ᠵᠤᠬᠢᠶᠠᠨ ᠪᠦᠳᠦᠭᠡᠪᠠ᠃ 1957 ᠤᠨ᠎ᠤ 5 ᠳ᠋ᠤᠭ᠋ᠠᠷ ᠰᠠᠷ᠎ᠠ᠎ᠳᠤ᠂ ᠨᠠᠮ᠎ᠤᠨ ᠴᠢᠭᠯᠡᠯᠳᠡ ᠳᠦᠷᠦ ᠵᠢᠨ ᠪᠤᠳᠤᠯᠭ᠎ᠠ ᠵᠢ ᠴᠠᠭ ᠳᠤᠬᠠᠢ᠎ᠳᠤ᠎ᠨᠢ ᠤᠬᠠᠭᠤᠯᠤᠨ ᠳᠤᠤᠱᠯᠠᠭᠤᠯᠵᠤ᠂ ᠦᠷᠭᠡᠨ ᠤᠯᠠᠨ ᠮᠠᠯᠴᠢᠨ ᠳᠠᠷᠢᠶᠠᠴᠢᠨ᠎ᠳᠤ ᠰᠤᠶᠤᠯ᠎ᠤᠨ ᠠᠮᠢᠳᠤᠷᠡᠯ ᠳᠤᠳᠠᠭᠳᠠᠵᠤ ᠪᠠᠢ᠌ᠭ᠎ᠠ ᠠᠰᠠᠭᠤᠳᠠᠯ᠎ᠢ ᠰᠢᠢ᠍ᠳᠪᠤᠷᠢᠯᠡᠬᠦ ᠵᠢᠨ ᠳᠦᠯᠦᠭᠡ᠂ ᠦᠪᠡᠷᠳᠡᠭᠡᠨ ᠵᠠᠰᠠᠬᠤ ᠤᠷᠤᠨ᠎ᠤ ᠰᠤᠶᠤᠯ᠎ᠤᠨ ᠳᠤᠪᠴᠢᠶ᠎ᠠ ᠨᠢᠭᠡ ᠬᠤᠭᠤᠴᠠᠭ᠎ᠠ ᠬᠦᠨᠵᠡᠭᠡᠢ ᠪᠠᠢ᠌ᠴᠠᠭ᠋ᠠᠨ ᠰᠤᠳᠤᠯᠤᠯᠳᠠ ᠬᠢᠬᠦ᠎ᠪᠠᠷ ᠳᠠᠮᠵᠢᠨ ᠮᠠᠯᠵᠢᠬᠤ ᠤᠷᠤᠨ ᠪᠠ ᠬᠠᠭ᠋ᠠᠰ ᠮᠠᠯᠵᠢᠵᠤ ᠬᠠᠭ᠋ᠠᠰ ᠳᠠᠷᠢᠶᠠᠯᠠᠬᠤ ᠤᠷᠤᠨ᠎ᠤ ᠨᠤᠳᠤᠭ ᠳᠡᠪᠢᠰᠭᠡᠷ ᠦᠷᠭᠡᠨ ᠠᠭᠤᠳᠠᠮ᠂ ᠰᠠᠭᠤᠷᠢᠰᠢᠯ ᠳᠠᠷᠠᠬᠠᠢ ᠪᠤᠳᠠᠷᠬᠠᠢ᠂ ᠵᠠᠮ ᠬᠠᠷᠢᠯᠴᠠᠭ᠎ᠠ ᠳᠦᠬᠦᠮ ᠦᠭᠡᠢ ᠪᠤᠯᠬᠤᠷ ᠳᠤᠮᠤ ᠳᠤᠮᠳᠠ ᠭᠡᠯᠪᠡᠷᠢ ᠵᠢᠨ ᠤᠳᠬ᠎ᠠ ᠤᠷᠠᠯᠢᠭ᠎ᠤᠨ ᠪᠦᠯᠬᠦᠮ᠎ᠤᠨ ᠳᠤᠭᠯᠠᠯᠳᠠ ᠭᠠᠷᠭ᠋ᠠᠬᠤ ᠠᠵᠢᠯᠯᠠᠭ᠎ᠠ ᠦᠷᠨᠢᠬᠦᠯᠬᠦ᠎ᠳᠤ ᠵᠤᠬᠢᠴᠠᠬᠤ ᠦᠭᠡᠢ ᠪᠦᠭᠡᠳ ᠬᠤᠰᠢᠭᠤ ᠰᠢᠶᠠᠨ᠎ᠤ ᠰᠤᠶᠤᠯ᠎ᠤᠨ ᠤᠷᠳᠤᠨ᠎ᠨᠢ ᠵᠢᠬᠰᠠᠭ᠋ᠠᠯ᠎ᠤᠨ ᠭᠠᠵᠠᠷ᠎ᠤᠨ ᠰᠤᠶᠤᠯ᠎ᠤᠨ ᠠᠵᠢᠯᠯᠠᠭ᠎ᠠ᠎ᠪᠠᠷ ᠭᠤᠤᠯᠳᠠᠭᠤᠯᠵᠤ ᠪᠠᠢ᠌ᠬᠰᠠᠨ ᠪᠤᠯᠬᠤᠷ ᠮᠠᠯᠴᠢᠨ ᠳᠠᠷᠢᠶᠠᠴᠢᠨ᠎ᠤ ᠭᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ ᠳᠡᠢ᠌ᠯᠬᠦ ᠦᠭᠡᠢ ᠭᠡᠵᠤ ᠦᠵᠡᠭᠡᠳ᠂ ᠮᠠᠯᠵᠢᠬᠤ ᠤᠷᠤᠨ ᠰᠦᠨᠢᠳ ᠪᠠᠷᠠᠭᠤᠨ ᠬᠤᠰᠢᠭᠤ ᠪᠤᠯᠤᠨ ᠬᠠᠭ᠋ᠠᠰ ᠮᠠᠯᠵᠢᠵᠤ ᠬᠠᠭ᠋ᠠᠰ ᠳᠠᠷᠢᠶᠠᠯᠠᠬᠤ ᠤᠷᠤᠨ ᠤᠩᠨᠢᠭᠤᠳ ᠬᠤᠰᠢᠭᠤᠨ᠎ᠳᠤ ᠳᠤᠷᠰᠢᠯᠳᠠ ᠵᠢᠨ ᠴᠢᠭ ᠪᠠᠢ᠌ᠭᠤᠯᠵᠤ᠂ ᠨᠢᠭᠡᠨ ᠰᠠᠯᠠᠭ᠎ᠠ ᠨᠡᠭᠦᠳᠡᠯᠯᠡᠵᠤ ᠪᠣᠯᠬᠤ ᠪᠠᠭ᠎ᠠ ᠭᠡᠯᠪᠡᠷᠢ ᠵᠢᠨ ᠰᠤᠶᠤᠯ᠎ᠤᠨ ᠠᠵᠢᠯᠯᠠᠬᠤ ᠠᠩᠬᠢ ᠵᠢ ᠪᠠᠢ᠌ᠭᠤᠯᠬᠤ᠎ᠪᠠᠷ ᠳᠤᠭᠳᠠᠭᠰᠠᠨ ᠪᠠᠢ᠌ᠨ᠎ᠠ᠃ ᠳᠡᠷᠡᠴᠢᠯᠠᠨ ᠠ᠋ᠨᠡ ᠰᠠᠯᠠᠭ᠎ᠠ ᠰᠤᠶᠤᠯ᠎ᠤᠨ ᠠᠵᠢᠯᠯᠠᠬᠤ ᠠᠩᠬᠢ᠎ᠳᠤ ᠭᠤᠤᠯ ᠵᠤᠷᠢᠯᠳᠠ᠎ᠨᠢ ᠢᠯᠨ ᠲᠣᠳᠣ᠂ ᠪᠠᠶᠠᠯᠢᠭ ᠰᠠᠢ᠌ᠬᠠᠨ ᠦᠨᠳᠦᠰᠦᠳᠡᠨ᠎ᠤ ᠤᠨᠴᠠᠯᠢᠭ᠎ᠲᠠᠢ᠂ ᠠᠮᠢᠵᠢᠷᠠᠯ᠎ᠤᠨ ᠬᠦᠴᠦᠨ ᠪᠠ ᠬᠦᠰᠡᠯ ᠠ᠋ᠷᠡᠮᠠᠯᠵᠠᠯ ᠪᠢᠯᠬᠠᠬᠰᠠᠨ ᠤᠯᠠᠭ᠋ᠠᠨᠮᠦᠢ᠍ᠴᠢᠷ ᠭᠡᠰᠡᠨ ᠨᠡᠷ᠎ᠡ ᠦᠭᠴᠠᠢ᠃ ᠳᠤᠷᠰᠢᠯᠳᠠ ᠵᠢᠨ ᠴᠢᠭ᠎ᠤᠨ ᠠᠵᠢᠯ ᠠᠮᠵᠢᠯᠳᠠ ᠤᠯᠤᠭᠰᠠᠨ᠎ᠤ ᠳᠠᠷᠠᠭ᠎ᠠ᠂ ᠦᠪᠡᠷᠳᠡᠭᠡᠨ ᠵᠠᠰᠠᠬᠤ ᠤᠷᠤᠨ 《ᠤᠯᠠᠭ᠋ᠠᠨᠮᠦᠢ᠍ᠴᠢᠷ᠎ᠤᠨ ᠠᠵᠢᠯ᠎ᠤᠨ ᠳᠤᠷᠰᠢᠨ ᠭᠡᠷᠡᠭᠵᠢᠬᠦᠯᠬᠦ ᠳᠦᠷᠢᠮ》᠎ᠢ ᠳᠤᠭᠳᠠᠭ᠋ᠠᠵᠤ᠂ ᠮᠠᠯᠵᠢᠬᠤ ᠤᠷᠤᠨ ᠪᠤᠯᠤᠨ ᠬᠠᠭ᠋ᠠᠰ ᠮᠠᠯᠵᠢᠵᠤ ᠬᠠᠭ᠋ᠠᠰ ᠳᠠᠷᠢᠶᠠᠯᠠᠬᠤ ᠤᠷᠤᠨ᠎ᠳᠤ ᠨᠡᠢ᠌ᠳᠡᠮ᠎ᠳᠤ᠎ᠨᠢ ᠤᠯᠠᠭ᠋ᠠᠨᠮᠦᠢ᠍ᠴᠢᠷ ᠪᠠᠢ᠌ᠭᠤᠯᠪᠠ᠃ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ᠎ᠠᠴᠠ ᠤᠯᠠᠭ᠋ᠠᠨᠮᠦᠢ᠍ᠴᠢᠷ᠎ᠤᠨ ᠳᠤᠭᠯᠠᠯᠳᠠ ᠭᠠᠷᠭ᠋ᠠᠬᠤ᠂ ᠤᠬᠠᠭᠤᠯᠭ᠎ᠠ ᠬᠢᠬᠦ᠂ ᠬᠠᠪᠰᠤᠷᠤᠨ ᠵᠢᠯᠤᠭᠤᠳᠬᠤ᠂ ᠦᠢ᠍ᠯᠡᠴᠢᠯᠡᠭᠡ ᠬᠢᠬᠦ ᠳᠦᠷᠪᠡᠨ ᠳᠠᠯ᠎ᠠ ᠵᠢᠨ ᠭᠤᠤᠯ ᠠ᠋ᠬᠦᠷᠭᠡ ᠬᠠᠷᠢᠭᠤᠴᠠᠯᠭ᠎ᠠ ᠵᠢ ᠳᠤᠳᠤᠷᠬᠠᠢ᠌ᠯᠠᠭᠰᠠᠨ ᠪᠠᠢ᠌ᠨ᠎ᠠ᠃
      ᠤᠯᠠᠭ᠋ᠠᠨᠮᠦᠢ᠍ᠴᠢᠷ ᠪᠠᠢ᠌ᠭᠤᠯᠤᠭᠳᠠᠭᠰᠠᠨ᠎ᠨᠢ ᠨᠠᠮ᠎ᠤᠨ ᠱᠠᠭ᠋ᠠᠷᠳᠠᠯᠭ᠎ᠠ ᠪᠤᠯᠤᠨ ᠠᠷᠠᠳ ᠳᠦᠮᠡᠨ᠎ᠤ ᠬᠦᠰᠡᠯ ᠵᠤᠷᠢᠯᠳᠠ ᠵᠢ ᠢᠯᠡᠷᠡᠬᠦᠯᠵᠤ᠂ ᠪᠠᠢ᠌ᠭᠤᠯᠤᠭᠳᠠᠭᠰᠠᠨ ᠳᠡᠷᠡ ᠠ᠋ᠳᠤᠷ᠎ᠠᠴᠠ᠎ᠪᠠᠨ ᠠ᠋ᠬᠢᠯᠡᠨ ᠮᠠᠯᠴᠢᠨ ᠳᠠᠷᠢᠶᠠᠴᠢᠨ᠎ᠤ ᠬᠦᠷᠢᠶᠡᠯᠡᠯ ᠪᠠᠬᠠᠷᠬᠠᠯ᠎ᠢ ᠤᠯᠵᠤ᠂ ᠦᠷᠭᠡᠨ ᠤᠯᠠᠨ ᠮᠠᠯᠴᠢᠨ ᠳᠠᠷᠢᠶᠠᠴᠢᠨ ᠠ᠋ᠨᠡ ᠦᠶ᠎ᠡ᠎ᠠᠴᠠ ᠠ᠋ᠬᠢᠯᠡᠭᠡᠳ ᠬᠤᠳᠠ ᠤᠰᠤ᠂ ᠮᠤᠩᠭᠤᠯ ᠭᠡᠷ᠎ᠠᠴᠠ᠎ᠪᠠᠨ ᠭᠠᠷᠬᠤ ᠦᠭᠡᠢ᠎ᠪᠠᠷ ᠠ᠋ᠬᠦᠳᠡᠨ᠎ᠳᠤ᠎ᠨᠢ ᠬᠦᠷᠭᠡᠵᠤ ᠢᠷᠡᠭᠰᠡᠨ ᠤᠳᠬ᠎ᠠ ᠤᠷᠠᠯᠢᠭ᠎ᠤᠨ ᠳᠤᠭᠯᠠᠯᠳᠠ ᠵᠢ ᠰᠤᠨᠢᠷᠬᠠᠬᠤ ᠪᠤᠯᠵᠤ᠂ ᠨᠠᠮ᠎ᠤᠨ ᠴᠢᠭᠯᠡᠯᠳᠡ ᠳᠦᠷᠦ ᠵᠢᠨ ᠪᠤᠳᠤᠯᠭ᠎ᠠ ᠪᠤᠯᠤᠨ ᠤᠯᠤᠰ᠎ᠤᠨ ᠳᠤᠳᠤᠭ᠋ᠠᠳᠤ ᠭᠠᠳᠠᠭ᠋ᠠᠳᠤ ᠵᠢᠨ ᠳᠤᠮᠤ ᠭᠡᠷᠡᠭ ᠤᠴᠢᠷ᠎ᠢ ᠮᠡᠳᠡᠵᠤ ᠳᠡᠢ᠌ᠯᠬᠦ ᠪᠤᠯᠵᠠᠢ᠃ ᠤᠯᠠᠭ᠋ᠠᠨᠮᠦᠢ᠍ᠴᠢᠷ᠎ᠨᠢ ᠶᠠᠨ ᠠᠨ᠎ᠤ ᠤᠳᠬ᠎ᠠ ᠤᠷᠠᠯᠢᠭ᠎ᠤᠨ ᠤᠬᠠᠭᠤᠯᠬᠤ ᠠᠩᠬᠢ ᠪᠤᠯᠤᠨ ᠬᠤᠪᠢᠰᠬᠠᠯᠳᠤ ᠳᠠᠢ᠌ᠨ᠎ᠤ ᠤᠨ ᠵᠢᠯ᠎ᠤᠳ᠎ᠲᠠᠬᠢ ᠦᠪᠦᠷ ᠮᠤᠩᠭᠤᠯ᠎ᠤᠨ ᠤᠷᠠᠨ ᠰᠠᠢ᠌ᠬᠠᠨ᠎ᠤ ᠪᠦᠯᠬᠦᠮ᠎ᠤᠨ ᠬᠦᠮᠦᠨ ᠴᠦᠭᠡᠨ ᠴᠤ᠌ ᠬᠦᠴᠦᠨ ᠳᠡᠬᠦᠯᠳᠡᠷ᠂ ᠳᠤᠭᠯᠠᠭᠴᠢᠳ᠎ᠨᠢ ᠨᠢᠭᠡ᠎ᠳᠤ ᠮᠡᠷᠭᠡᠰᠢᠵᠤ ᠤᠯᠠᠨ᠎ᠳᠤ ᠴᠠᠭ᠋ᠠᠷᠠᠭᠰᠠᠨ᠂ ᠳᠤᠨᠤᠭᠯᠠᠯ᠎ᠨᠢ ᠬᠦᠩᠭᠡᠨ ᠪᠦᠭᠡᠳ ᠤᠶᠠᠨ ᠬᠠᠳᠠᠨ᠂ ᠳᠤᠭᠯᠠᠯᠳᠠ᠎ᠨᠢ ᠵᠢᠵᠢᠭ ᠭᠡᠯᠪᠡᠷᠢ ᠵᠢᠨ ᠪᠦᠭᠡᠳ ᠤᠯᠠᠨ ᠶᠠᠩᠵᠤ ᠵᠢᠨ᠂ ᠠᠭᠤᠯᠭ᠎ᠠ᠎ᠨᠢ ᠮᠠᠯᠴᠢᠨ ᠳᠠᠷᠢᠶᠠᠴᠢᠨ᠎ᠤ ᠦᠢ᠍ᠯᠡᠳᠪᠤᠷᠢᠯᠡᠯ ᠠᠮᠢᠳᠤᠷᠠᠯ᠎ᠲᠠᠢ ᠤᠢ᠌ᠷᠠᠳᠤᠭᠰᠠᠨ ᠨᠡᠢ᠌ᠭᠡᠮ ᠵᠢᠷᠤᠮ᠎ᠤᠨ ᠰᠤᠶᠤᠯ᠎ᠤᠨ ᠤᠬᠠᠭᠤᠯᠬᠤ ᠠᠩᠬᠢ᠂ ᠦᠷ᠎ᠡ ᠰᠠᠴᠤᠬᠤ ᠠᠩᠬᠢ ᠪᠤᠯᠤᠭᠰᠠᠨ ᠪᠦᠭᠡᠳ ᠮᠠᠯᠴᠢᠨ ᠳᠠᠷᠢᠶᠠᠴᠢᠨ᠎ᠤ ᠦᠢ᠍ᠯᠡᠳᠪᠤᠷᠢᠯᠡᠯ ᠠᠮᠢᠳᠤᠷᠠᠯ᠎ᠤᠨ ᠦᠢ᠍ᠯᠡᠴᠢᠯᠡᠭᠡᠨ᠎ᠤ ᠠᠩᠬᠢ ᠪᠤᠯᠪᠠ᠃ ᠮᠠᠯᠴᠢᠨ ᠳᠠᠷᠢᠶᠠᠴᠢᠨ ᠤᠯᠠᠭ᠋ᠠᠨᠮᠦᠢ᠍ᠴᠢᠷ᠎ᠢ 《ᠮᠠᠤ ᠽᠸ ᠳ᠋ᠦᠩ ᠳᠡᠷᠢᠬᠦᠯᠡᠭᠴᠢ ᠵᠢᠨ ᠳᠤᠮᠢᠯᠠᠵᠤ ᠢᠷᠡᠬᠦᠯᠦᠭᠰᠡᠨ ᠳᠤᠬᠤᠨᠢᠭᠤᠯᠬᠤ ᠠᠩᠬᠢ》 ᠬᠡᠵᠤ ᠳᠤᠳᠤᠨᠤᠰᠤᠭ ᠵᠶ᠋ᠡᠷ ᠭᠡᠯᠡᠳᠡᠭ ᠪᠠᠢ᠌ᠪᠠ᠃ ᠮᠠᠤ ᠽᠸ ᠳ᠋ᠦᠩ᠂ ᠵᠸᠤ ᠠ᠋ᠸᠨ ᠯᠠᠢ᠂ ᠳ᠋ᠸᠩ ᠰᠢᠶᠤᠤ ᠫᠢᠩ ᠵᠡᠷᠭᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ ᠤᠯᠠᠭ᠋ᠠᠨᠮᠦᠢ᠍ᠴᠢᠷ᠎ᠤᠨ ᠳᠤᠭᠯᠠᠯᠳᠠ ᠵᠢ ᠤᠯᠠᠨᠳᠠ ᠰᠤᠨᠢᠷᠬᠠᠨ᠂ ᠤᠯᠠᠭ᠋ᠠᠨᠮᠦᠢ᠍ᠴᠢᠷ᠎ᠤᠨ ᠭᠡᠰᠢᠬᠦᠳ᠎ᠲᠠᠢ ᠠᠭᠤᠯᠵᠠᠵᠤ᠂ ᠤᠯᠠᠭ᠋ᠠᠨᠮᠦᠢ᠍ᠴᠢᠷ᠎ᠢ 《ᠨᠡᠢ᠌ᠭᠡᠮ ᠵᠢᠷᠤᠮ᠎ᠤᠨ ᠤᠳᠬ᠎ᠠ ᠤᠷᠠᠯᠢᠭ᠎ᠤᠨ ᠹᠷᠤᠨᠲ᠎ᠤᠨ ᠰᠤᠷᠤᠯᠴᠠᠭᠤᠰᠢᠳᠠᠢ ᠳᠤᠭ ᠮᠦᠨ》 ᠬᠡᠮᠡᠨ ᠮᠠᠭᠳᠠᠵᠤ᠂ ᠪᠦᠬᠦ ᠤᠯᠤᠰ᠎ᠤᠨ ᠤᠳᠬ᠎ᠠ ᠤᠷᠠᠯᠢᠭ᠎ᠤᠨ ᠠ᠋ᠳᠡᠭᠡᠳ᠎ᠤᠨ᠎ᠬᠢᠨ᠎ᠢ 《ᠦᠪᠦᠷ ᠮᠤᠩᠭᠤᠯ᠎ᠤᠨ ᠤᠯᠠᠭ᠋ᠠᠨᠮᠦᠢ᠍ᠴᠢᠷ᠎ᠠᠴᠠ᠎ᠲᠠᠭᠠᠨ ᠰᠤᠷᠤᠯᠴᠠᠳᠤᠭ᠋ᠠᠢ》 ᠭᠡᠵᠤ ᠰᠠᠨᠠᠭ᠋ᠠᠴᠢᠯᠠᠵᠤ ᠪᠠᠢ᠌ᠭᠰᠠᠨ ᠶᠤᠮ᠃ 1965 ᠤᠨ᠎ᠳᠤ᠂ ᠶᠡᠷᠦᠩᠭᠡᠢ ᠰᠠᠢ᠌ᠳ ᠵᠸᠤ ᠠ᠋ᠸᠨ ᠯᠠᠢ ᠵᠢᠨ ᠬᠤᠪᠢᠰᠬᠠᠯᠳᠤ ᠳᠠᠭᠤᠤ ᠪᠦᠵᠢᠭ᠎ᠢ ᠪᠦᠬᠦ ᠤᠯᠤᠰ᠎ᠲᠤ ᠳᠠᠭᠤᠷᠢᠰᠤᠭᠤᠯᠤᠨ᠂ ᠠᠷᠠᠳ ᠳᠦᠮᠡᠨ᠎ᠢ ᠵᠤᠷᠢᠬ᠍ᠵᠢᠭᠤᠯᠬᠤ ᠭᠡᠷᠡᠭᠳᠡᠢ ᠭᠡᠰᠡᠨ ᠱᠠᠭ᠋ᠠᠷᠳᠠᠯᠭ᠎ᠠ ᠵᠶ᠋ᠠᠷ ᠤᠯᠠᠭ᠋ᠠᠨᠮᠦᠢ᠍ᠴᠢᠷ᠎ᠨᠢ ᠪᠦᠬᠦ ᠤᠯᠤᠰ᠎ᠤᠨ ᠡᠯ᠎ᠡ ᠭᠠᠵᠠᠷ ᠵᠶ᠋ᠡᠷ ᠳᠤᠭᠤᠷᠢᠨ ᠦᠢ᠍ᠯᠡᠳᠪᠤᠷᠢ᠂ ᠬᠦᠳᠡᠭᠡ ᠳᠤᠰᠬᠤᠨ᠂ ᠮᠠᠯᠵᠢᠬᠤ ᠤᠷᠤᠨ᠂ ᠴᠡᠷᠢᠭ ᠠᠩᠬᠢ᠎ᠪᠠᠷ ᠬᠦᠨᠵᠡᠭᠡᠢ᠌ᠷᠡᠨ ᠳᠤᠭᠯᠠᠯᠳᠠ ᠭᠠᠷᠭ᠋ᠠᠭᠰᠠᠨ ᠪᠦᠭᠡᠳ ᠪᠠᠰᠠ ᠵᠢᠩᠭ᠋ᠠᠩᠱ᠌ᠠᠨ᠂ ᠶᠠᠨ ᠠᠨ ᠵᠡᠷᠭᠡ ᠬᠤᠪᠢᠰᠬᠠᠯ᠎ᠤᠨ ᠭᠤᠯᠤᠮᠳᠠ᠎ᠳᠤ ᠬᠦᠷᠦᠭᠰᠡᠨ ᠪᠠᠢ᠌ᠨ᠎ᠠ᠃ ᠵᠢᠩᠭ᠋ᠠᠩᠱ᠌ᠠᠨ᠎ᠤ ᠤᠯᠠᠨ ᠳᠦᠮᠡᠨ ᠳᠤᠬᠠᠢ ᠵᠢᠨ ᠵᠢᠯ᠎ᠳᠤ ᠤᠯᠠᠭ᠋ᠠᠨ ᠴᠡᠷᠢᠭ᠎ᠤᠨ ᠪᠠᠢ᠌ᠯᠳᠤᠵᠤ ᠦᠩᠭᠡᠷᠡᠭᠰᠡᠨ ᠭᠠᠵᠠᠷ᠎ᠠᠴᠠ ᠬᠤᠶᠠᠷ ᠬᠦᠭᠡ ᠬᠤᠯᠤᠰᠤ ᠤᠭᠳᠤᠯᠤᠨ ᠠᠪᠴᠢᠷᠠᠵᠤ ᠤᠯᠠᠭ᠋ᠠᠨᠮᠦᠢ᠍ᠴᠢᠷ᠎ᠲᠤ ᠳᠤᠭ᠎ᠤᠨ ᠠ᠋ᠰᠢ ᠪᠤᠯᠭ᠋ᠠᠬᠤ᠎ᠪᠠᠷ ᠪᠡᠯᠡᠭᠯᠡᠨ ᠦᠭᠴᠤ᠂ ᠤᠯᠠᠭ᠋ᠠᠨᠮᠦᠢ᠍ᠴᠢᠷ᠎ᠤᠨ᠎ᠬᠢᠨ᠎ᠢ ᠤᠯᠠᠭ᠋ᠠᠨ ᠳᠤᠭ ᠵᠶ᠋ᠡᠨ ᠦᠨᠳᠦᠷ ᠮᠠᠨᠳᠤᠭᠤᠯᠵᠤ᠂ ᠠ᠋ᠬᠦᠷᠢᠳᠡ ᠤᠷᠤᠭᠰᠢᠯᠠᠨ ᠳᠠᠪᠰᠢᠬᠤ ᠵᠢ ᠬᠦᠰᠡᠵᠡᠢ᠃ ᠪᠦᠬᠦ ᠤᠯᠤᠰ᠎ᠤᠨ ᠮᠠᠯᠵᠢᠬᠤ ᠤᠷᠤᠨ᠎ᠳᠤ ᠵᠠᠯᠭ᠋ᠠᠭ᠋ᠠᠪᠡᠷ ᠤᠯᠠᠭ᠋ᠠᠨᠮᠦᠢ᠍ᠴᠢᠷ ᠪᠤᠶᠤ ᠤᠷᠠᠨ ᠰᠠᠢ᠌ᠬᠠᠨ᠎ᠤ ᠤᠬᠠᠭᠤᠯᠬᠤ ᠠᠩᠬᠢ ᠪᠠᠢ᠌ᠭᠤᠯᠤᠭᠳᠠᠵᠤ᠂ ᠡᠯ᠎ᠡ ᠠᠵᠢᠯ ᠳᠦᠷᠦᠯ᠎ᠤᠨ᠎ᠬᠢᠨ ᠤᠯᠠᠭ᠋ᠠᠨᠮᠦᠢ᠍ᠴᠢᠷ᠎ᠤᠨ ᠵᠤᠷᠢᠭ ᠰᠠᠨᠠᠭ᠎ᠠ ᠵᠢ ᠰᠤᠷᠤᠯᠴᠠᠪᠠ᠃ ᠵᠢᠶᠠᠩ ᠽᠸ ᠮᠢᠨ᠂ ᠬᠤ᠌ ᠵᠢᠨ ᠳᠤᠤ ᠨᠦᠬᠦᠷ ᠤᠯᠠᠭ᠋ᠠᠨᠮᠦᠢ᠍ᠴᠢᠷ᠎ᠤᠨ ᠳᠤᠭᠯᠠᠯᠳᠠ ᠵᠢ ᠰᠤᠨᠢᠷᠬᠠᠨ ᠦᠵᠡᠭᠰᠡᠨ ᠪᠦᠭᠡᠳ ᠬᠦᠢ᠍ᠴᠡᠳ ᠨᠤᠳᠠᠯᠠᠵᠤ᠂ ᠬᠦᠰᠡᠯ ᠨᠠᠢ᠌ᠳᠠᠯᠠᠭ᠎ᠠ ᠳᠠᠯᠪᠢᠪᠠ᠃ ᠰᠢᠨ᠎ᠠ ᠴᠠᠭ ᠦᠶ᠎ᠠ᠎ᠳᠤ᠂ ᠶᠡᠷᠦᠩᠭᠡᠢ ᠱᠦᠵᠢ ᠰᠢ ᠵᠢᠨ ᠫᠢᠩ ᠰᠦᠨᠢᠳ ᠪᠠᠷᠠᠭᠤᠨ ᠬᠤᠰᠢᠭᠤᠨ᠎ᠤ ᠤᠯᠠᠭ᠋ᠠᠨᠮᠦᠢ᠍ᠴᠢᠷ᠎ᠤᠨ ᠭᠡᠰᠢᠬᠦᠳ᠎ᠲᠤ ᠬᠠᠷᠢᠭᠤ ᠵᠠᠬᠢᠳᠠᠯ ᠢᠯᠡᠭᠡᠵᠤ᠂ ᠤᠯᠠᠭ᠋ᠠᠨᠮᠦᠢ᠍ᠴᠢᠷ᠎ᠲᠤ ᠰᠢᠨ᠎ᠠ ᠳᠡᠤᠭᠡᠨ ᠠ᠋ᠬᠦᠷᠭᠡ ᠳᠤᠰᠢᠶᠠᠵᠤ᠂ ᠤᠯᠠᠭ᠋ᠠᠨᠮᠦᠢ᠍ᠴᠢᠷ᠎ᠤᠨ ᠦᠢ᠍ᠯᠡᠰ᠎ᠤᠨ ᠬᠦᠭᠵᠢᠯᠳᠡ ᠵᠢᠨ ᠴᠢᠭᠯᠡᠯ᠎ᠢ ᠵᠢᠭ᠋ᠠᠵᠤ ᠦᠭᠬᠦᠭᠰᠡᠨ ᠪᠠᠢ᠌ᠨ᠎ᠠ᠃
      ᠬᠤᠶᠠᠷ
     60 ᠭᠠᠷᠤᠢ ᠵᠢᠯ᠎ᠤᠨ ᠳᠤᠷᠰᠢ᠂ ᠨᠠᠮ᠎ᠤᠨ ᠤᠳᠤᠷᠢᠳᠤᠯᠭ᠎ᠠ ᠳᠤᠤᠷ᠎ᠠ᠂ ᠦᠶ᠎ᠠ ᠦᠶ᠎ᠠ ᠵᠢᠨ ᠤᠯᠠᠭ᠋ᠠᠨᠮᠦᠢ᠍ᠴᠢᠷ᠎ᠤᠨ ᠭᠡᠰᠢᠬᠦᠳ ᠤᠭ ᠰᠠᠨᠠᠭ᠎ᠠ᠎ᠪᠠᠨ ᠦᠯᠦ ᠮᠠᠷᠳᠠᠨ ᠠ᠋ᠬᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠵᠤ᠂ ᠴᠠᠰᠤ ᠪᠤᠷᠤᠭ᠋ᠠᠨ᠎ᠢ ᠬᠠᠢ᠌ᠬᠤᠷᠤᠯ ᠦᠭᠡᠢ᠂ ᠬᠠᠬᠢᠷ ᠡᠪᠤᠯ᠎ᠤᠨ ᠬᠦᠢ᠍ᠳᠡᠨ᠎ᠳᠤ ᠤᠷᠳᠤ ᠬᠤᠭᠤᠴᠠᠭ᠎ᠠ᠎ᠪᠠᠷ ᠳᠠᠯ᠎ᠠ ᠨᠤᠳᠤᠭ ᠵᠶ᠋ᠡᠷ ᠳᠤᠭᠤᠷᠢᠵᠤ᠂ ᠤᠯᠠᠭ᠋ᠠᠨᠮᠦᠢ᠍ᠴᠢᠷ᠎ᠤᠨ ᠰᠢᠯᠢᠳᠡᠭ ᠤᠯᠠᠮᠵᠢᠯᠠᠯ ᠪᠤᠯᠤᠨ ᠤᠯᠠᠭ᠋ᠠᠨᠮᠦᠢ᠍ᠴᠢᠷ᠎ᠤᠨ ᠵᠤᠷᠢᠭ ᠰᠠᠨᠠᠭ᠎ᠠ ᠵᠢ ᠪᠠᠳᠠᠷᠠᠭᠤᠯᠤᠨ᠂ ᠢᠮᠡᠭ᠍ᠳᠡ ᠦᠨᠳᠦᠰᠤᠨ ᠱᠠᠳᠤᠨ᠎ᠳᠤ ᠬᠦᠨᠵᠡᠭᠡᠢ᠌ᠷᠡᠵᠤ᠂ ᠠᠷᠠᠳ ᠳᠦᠮᠡᠨ᠎ᠳᠤ ᠦᠢ᠍ᠯᠡᠴᠢᠯᠡᠨ᠂ ᠮᠦᠨ ᠴᠢᠨᠠᠷ ᠵᠶ᠋ᠡᠨ ᠠ᠋ᠬᠦᠷᠢᠳᠡ ᠪᠠᠷᠢᠮᠳᠠᠯᠠᠨ ᠬᠠᠷᠠᠮ ᠦᠭᠡᠢ᠎ᠪᠠᠷ ᠵᠤᠷᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠳᠡᠰᠪᠤᠷᠢ ᠬᠠᠳᠠᠭᠤᠵᠢᠯᠳᠠᠢ ᠳᠡᠮᠡᠴᠡᠵᠤ᠂ ᠦᠷᠭᠡᠨ ᠤᠯᠠᠨ ᠮᠠᠯᠴᠢᠨ ᠳᠦᠮᠡᠨ᠎ᠳᠤ ᠪᠠᠶᠠᠷ ᠪᠠᠶᠠᠰᠬᠤᠯᠠᠩ ᠪᠠ ᠪᠤᠯᠪᠠᠰᠤᠨ᠎ᠢ ᠬᠦᠷᠭᠡᠨ᠂ ᠨᠠᠮ᠎ᠤᠨ ᠳᠠᠭᠤᠨ ᠪᠤᠯᠤᠨ ᠬᠠᠢ᠌ᠷ᠎ᠠ ᠬᠠᠯᠠᠮᠵᠢᠯᠠᠯ᠎ᠢ ᠳᠠᠮᠵᠢᠭᠤᠯᠤᠭᠰᠠᠨ ᠪᠠᠢ᠌ᠨ᠎ᠠ᠃
      ᠦᠨᠳᠦᠰᠦᠨ ᠱᠠᠳᠤᠨ᠎ᠳᠤ ᠦᠨᠳᠦᠰᠦᠯᠡᠵᠤ᠂ ᠠᠷᠠᠳ ᠳᠦᠮᠡᠨ᠎ᠳᠤ ᠦᠢ᠍ᠯᠡᠴᠢᠯᠡᠪᠡ᠃ ᠤᠯᠠᠭ᠋ᠠᠨᠮᠦᠢ᠍ᠴᠢᠷ ᠪᠤᠯ ᠮᠠᠯᠴᠢᠨ ᠳᠠᠷᠢᠶᠠᠴᠢᠨ᠎ᠳᠤ ᠦᠢ᠍ᠯᠡᠴᠢᠯᠡᠬᠦ ᠶᠠᠪᠤᠴᠠ᠎ᠳᠤ ᠦᠰᠦᠨ ᠪᠤᠢ᠌ᠵᠢᠭᠰᠠᠨ ᠶᠤᠮ᠃ ᠠᠷᠠᠳ ᠳᠦᠮᠡᠨ ᠵᠶ᠋ᠡᠨ ᠬᠠᠢ᠌ᠷᠠᠯᠠᠨ ᠤᠷᠠᠯᠢᠭ᠎ᠢ ᠬᠠᠢ᠌ᠷᠠᠯᠠᠵᠤ ᠤᠯᠠᠭ᠋ᠠᠨᠮᠦᠢ᠍ᠴᠢᠷ᠎ᠤᠨ ᠦᠢ᠍ᠯᠡᠰ ᠵᠶ᠋ᠡᠨ ᠬᠠᠢ᠌ᠷᠠᠯᠠᠬᠤ ᠪᠤᠯ ᠠ᠋ᠨᠡᠬᠦ 《ᠬᠤᠪᠢᠰᠬᠠᠯᠳᠤ ᠤᠳᠬ᠎ᠠ ᠤᠷᠠᠯᠢᠭ᠎ᠤᠨ ᠬᠦᠩᠭᠡᠨ ᠮᠤᠷᠢᠳᠤ ᠴᠡᠷᠢᠭ》᠎ᠤᠨ ᠬᠦᠴᠦᠷᠭᠡᠭ ᠶᠡᠭᠡ ᠠᠮᠢᠵᠢᠷᠠᠯ᠎ᠤᠨ ᠬᠦᠴᠦᠨ᠎ᠤ ᠦᠨᠳᠦᠰᠤ ᠪᠤᠯᠤᠨ᠎ᠠ᠃ 60 ᠭᠠᠷᠤᠢ ᠵᠢᠯ᠎ᠤᠨ ᠳᠤᠷᠰᠢ᠂ ᠭᠠᠳᠠᠭ᠋ᠠᠳᠤ ᠨᠦᠬᠦᠴᠡᠯ ᠭᠡᠷᠬᠢᠨ ᠬᠤᠪᠢᠷᠠᠭᠰᠠᠨ ᠴᠤ᠌ ᠤᠯᠠᠭ᠋ᠠᠨᠮᠦᠢ᠍ᠴᠢᠷ᠎ᠤᠨ ᠴᠢᠭᠯᠡᠯ ᠬᠤᠪᠢᠷᠠᠭᠰᠠᠨ ᠦᠭᠡᠢ᠂ ᠵᠤᠷᠢᠯᠳᠠ ᠬᠤᠪᠢᠷᠠᠭᠰᠠᠨ ᠦᠭᠡᠢ᠂ ᠵᠤᠷᠢᠭ ᠰᠠᠨᠠᠭ᠎ᠠ᠎ᠨᠢ ᠬᠤᠪᠢᠷᠠᠭᠰᠠᠨ ᠦᠭᠡᠢ᠎ᠪᠠᠷ ᠢᠮᠠᠬᠳᠠ ᠳᠠᠯ᠎ᠠ ᠨᠤᠳᠤᠭ᠎ᠲᠤ ᠦᠨᠳᠦᠰᠦᠯᠡᠵᠤ᠂ ᠦᠨᠳᠦᠰᠤᠨ ᠱᠠᠳᠤᠨ᠎ᠳᠤ ᠬᠠᠨᠳᠤᠨ᠂ ᠠᠷᠠᠳ ᠳᠦᠮᠡᠨ᠎ᠳᠤ ᠦᠢ᠍ᠯᠡᠴᠢᠯᠡᠬᠦ ᠵᠢ ᠦᠪᠡᠷ᠎ᠤᠨ ᠳᠤᠭ ᠳᠡᠮᠳᠡᠭ ᠳᠡᠭᠡᠷ᠎ᠡ ᠪᠢᠴᠢᠭᠯᠡᠭᠰᠡᠭᠡᠷ ᠢᠷᠡᠵᠡᠢ᠃ ᠠᠷᠠᠳ ᠳᠦᠮᠡᠨ ᠬᠠᠮᠢᠭ᠎ᠠ ᠪᠠᠢ᠌ᠪᠠᠯ ᠤᠷᠠᠯᠢᠭ᠎ᠤᠨ ᠳᠠᠪᠴᠠᠩ ᠳᠡᠨᠳᠡ ᠪᠠᠢ᠌ᠵᠤ᠂ 《ᠨᠢᠭᠡ ᠮᠤᠩᠭᠤᠯ ᠭᠡᠷ᠎ᠢ ᠴᠤ᠌ ᠦᠯᠦ ᠭᠡᠭᠡᠭᠳᠡᠬᠦᠯᠬᠦ᠂ ᠭᠠᠭᠴᠠ ᠮᠠᠯᠴᠢᠨ ᠳᠠᠷᠢᠶᠠᠴᠢᠨ᠎ᠢ ᠴᠤ᠌ ᠦᠯᠦ ᠬᠤᠴᠤᠷᠭ᠋ᠠᠬᠤ》 ᠪᠤᠳᠠᠳᠤ ᠠᠵᠢᠯᠯᠠᠭ᠎ᠠ᠎ᠪᠠᠷ ᠵᠶ᠋ᠡᠨ ᠨᠡᠢ᠌ᠭᠡᠮ ᠵᠢᠷᠤᠮ᠎ᠤᠨ ᠤᠳᠬ᠎ᠠ ᠤᠷᠠᠯᠢᠭ ᠪᠤᠯ ᠠᠷᠠᠳ ᠳᠦᠮᠡᠨ᠎ᠤ ᠤᠳᠬ᠎ᠠ ᠤᠷᠠᠯᠢᠭ ᠪᠤᠯᠬᠤ ᠠ᠋ᠨᠡᠬᠦ ᠤᠭ ᠴᠢᠨᠠᠷ᠎ᠢ ᠬᠦᠢ᠍ᠴᠡᠳ ᠳᠠᠢ᠌ᠯᠪᠤᠷᠢᠯᠠᠪᠠ᠃ ᠤᠯᠠᠭ᠋ᠠᠨᠮᠦᠢ᠍ᠴᠢᠷ᠎ᠤᠨ ᠭᠡᠰᠢᠬᠦᠳ᠎ᠤᠨ ᠣᠯᠠᠩᠬᠢ᠎ᠨᠢ ᠳᠠᠭᠤᠤ ᠪᠦᠵᠢᠭ᠎ᠲᠤ ᠠᠪᠢᠶᠠᠰ᠎ᠲᠠᠢ ᠮᠠᠯᠴᠢᠨ ᠳᠠᠷᠢᠶᠠᠴᠢᠨ᠂ ᠠᠵᠢᠯᠴᠢᠨ ᠪᠤᠯᠤᠨ ᠪᠠᠢ᠌ᠭᠤᠯᠭ᠎ᠠ ᠵᠢᠨ ᠺᠠᠳ᠋ᠷ᠎ᠤᠨ ᠳᠤᠮᠳᠠ᠎ᠠᠴᠠ ᠢᠷᠡᠭᠰᠡᠨ ᠶᠤᠮ᠃ ᠲᠡᠳᠡ ᠳᠤᠭᠯᠠᠯᠳᠠ ᠭᠠᠷᠭ᠋ᠠᠬᠤ᠎ᠠᠴᠠ ᠭᠠᠳᠠᠨ᠎ᠠ ᠮᠠᠯᠴᠢᠳ ᠶᠠᠭᠤᠨ᠎ᠳᠤ ᠶᠠᠭ᠋ᠠᠷᠠᠪᠠᠯ ᠳᠡᠷᠡ ᠠᠵᠢᠯ᠎ᠢ᠎ᠨᠢ ᠬᠠᠮᠵᠢᠨ ᠬᠢᠵᠤ᠂ ᠬᠤᠨᠢ ᠬᠠᠢ᠌ᠴᠢᠯᠠᠬᠤ᠂ ᠮᠠᠯ᠎ᠤᠨ ᠬᠠᠰᠢᠶ᠎ᠠ ᠰᠠᠷᠠᠪᠴᠢ ᠵᠢ ᠵᠠᠰᠠᠬᠤ᠂ ᠡᠪᠡᠰᠤ ᠬᠠᠳᠤᠬᠤ᠂ ᠳᠦᠯ ᠳᠤᠰᠬᠤ ᠪᠠ ᠮᠠᠯᠴᠢᠳ᠎ᠢ ᠬᠠᠪᠰᠤᠷᠤᠨ ᠴᠠᠭ᠂ ᠴᠠᠬᠢᠯᠭ᠋ᠠᠨ ᠭᠡᠷᠡᠭᠰᠡᠯ᠂ ᠮᠤᠲ᠋ᠤᠷ᠎ᠢ᠎ᠨᠢ ᠰᠡᠯᠪᠢᠵᠤ᠂ ᠦᠰᠦ ᠭᠡᠵᠢᠭᠡ ᠵᠢ᠎ᠨᠢ ᠵᠠᠰᠠᠨ᠂ ᠨᠠᠮ᠎ᠤᠨ ᠳᠠᠭᠤᠨ᠎ᠢ ᠳᠠᠮᠵᠢᠭᠤᠯᠤᠭᠰᠠᠨ ᠵᠶ᠋ᠡᠷ ᠪᠠᠷᠠᠬᠤ ᠦᠭᠡᠢ ᠮᠠᠯᠴᠢᠳ᠎ᠲᠤ ᠪᠠᠶᠠᠷ ᠪᠠᠶᠠᠰᠬᠤᠯᠠᠩ᠎ᠢ ᠠᠪᠴᠢᠷᠠᠵᠤ᠂ ᠦᠷᠭᠡᠨ ᠤᠯᠠᠨ ᠮᠠᠯᠴᠢᠨ ᠳᠠᠷᠢᠶᠠᠴᠢᠨ᠎ᠳᠤ ᠰᠢᠨᠵᠢᠯᠠᠬᠦ ᠤᠬᠠᠭ᠋ᠠᠨ᠂ ᠰᠤᠶᠤᠯ᠂ ᠡᠮ ᠠ᠋ᠮᠨᠡᠯᠭᠡ ᠵᠢᠨ ᠦᠢ᠍ᠯᠡᠴᠢᠯᠡᠭᠡ ᠪᠤᠯᠤᠨ ᠭᠡᠷᠡᠭᠯᠡᠭᠡᠨ᠎ᠤ ᠮᠡᠷᠭᠡᠵᠢᠯ᠎ᠢ ᠬᠦᠷᠭᠡᠵᠤ᠂ ᠮᠠᠯᠴᠢᠨ ᠳᠠᠷᠢᠶᠠᠴᠢᠨ᠎ᠲᠠᠢ ᠬᠦᠨ ᠵᠤᠵᠠᠭ᠋ᠠᠨ ᠬᠠᠢ᠌ᠷ᠎ᠠ ᠰᠡᠳᠬᠢᠯᠭᠡ᠎ᠲᠠᠢ ᠪᠣᠯᠪᠠ᠃ ᠲᠡᠳᠡᠨ᠎ᠤ ᠳᠤᠭᠯᠠᠯᠳᠠ ᠪᠤᠯᠤᠨ ᠵᠢᠭ᠋ᠠᠨ ᠵᠢᠯᠤᠭᠤᠳᠤᠯᠭ᠎ᠠ᠎ᠪᠠᠷ ᠳᠠᠮᠵᠢᠨ ᠮᠠᠯᠵᠢᠬᠤ ᠤᠷᠤᠨ᠎ᠳᠤ ᠤᠳᠬ᠎ᠠ ᠤᠷᠠᠯᠢᠭ᠎ᠤᠨ ᠮᠡᠳᠡᠯᠭᠡ ᠪᠡ ᠳᠡᠷᠢᠬᠦᠨ᠎ᠤ ᠰᠤᠶᠤᠯ ᠲᠤᠢ᠌ᠯ ᠵᠶ᠋ᠠᠷ ᠲᠦᠭᠡᠮᠡᠯᠵᠢᠨ ᠬᠦᠭᠵᠢᠪᠡ᠃ ᠤᠯᠠᠭ᠋ᠠᠨᠮᠦᠢ᠍ᠴᠢᠷ᠎ᠤᠨ ᠭᠡᠰᠢᠬᠦᠳ ᠠᠷᠠᠳ ᠳᠦᠮᠡᠨ᠎ᠳᠤ ᠦᠢ᠍ᠯᠡᠴᠢᠯᠡᠬᠦ ᠦᠢ᠍ᠯᠡᠳᠤᠯᠭᠡ ᠳᠤᠮᠳᠠ᠎ᠪᠠᠨ ᠪᠤᠰᠤᠳ᠎ᠢ ᠨᠦᠯᠦᠭᠡᠯᠡᠵᠤ᠂ ᠪᠠᠰᠠ ᠦᠪᠡᠷ᠎ᠢ᠎ᠪᠠᠨ ᠬᠦᠮᠦᠵᠢᠬᠦᠯᠵᠡᠢ᠃ ᠳᠡᠳᠡ ᠨᠢᠭᠡ ᠳᠠᠯ᠎ᠠ᠎ᠪᠠᠷ ᠳᠤᠭᠯᠠᠯᠳᠠ ᠭᠠᠷᠭ᠋ᠠᠨ ᠨᠦᠬᠦᠭᠡ ᠳᠠᠯ᠎ᠠ᠎ᠪᠠᠷ ᠠᠷᠠᠳ᠎ᠤᠨ ᠳᠤᠮᠳᠠᠬᠢ ᠤᠷᠠᠯᠢᠭ᠎ᠢ ᠴᠤᠭᠯᠠᠭᠤᠯᠤᠨ ᠠ᠋ᠮᠬᠢᠳᠭᠡᠵᠤ᠂ ᠠᠮᠢᠳᠤᠷᠠᠯ᠎ᠤᠨ ᠦᠢ᠍ᠯᠡᠳᠦᠯᠭᠡ ᠳᠤᠮᠳᠠ᠎ᠠᠴᠠ ᠤᠶᠤᠨ ᠤᠬᠠᠭ᠋ᠠᠨ ᠰᠢᠩᠭᠡᠭᠡᠨ ᠠᠪᠴᠤ᠂ ᠠ᠋ᠬᠦᠳᠤᠨ ᠪᠦᠳᠦᠭᠡᠬᠦ ᠠᠪᠢᠶᠠᠰ ᠪᠢᠯᠢᠭ ᠵᠶ᠋ᠡᠨ ᠬᠦᠭᠵᠢᠭᠡᠨ᠂ ᠮᠠᠰᠢ ᠤᠯᠠᠨ ᠰᠢᠯᠢᠳᠡᠭ ᠪᠦᠳᠦᠭᠡᠯ᠎ᠢ ᠠ᠋ᠬᠦᠳᠤᠨ ᠪᠦᠳᠦᠭᠡᠭᠰᠡᠨ ᠪᠠᠢ᠌ᠨ᠎ᠠ᠃ ᠵᠢᠱ᠌ᠢᠶᠡᠯᠡᠪᠡᠯ 《ᠠᠶᠠᠭ᠋ᠠᠨ ᠪᠦᠵᠢᠭ》᠂ 《ᠤᠷᠳᠤᠰ ᠬᠤᠷᠢᠮ》᠂ 《ᠰᠠᠪᠬᠠᠨ ᠪᠦᠵᠢᠭ》 ᠵᠡᠷᠭᠡ᠎ᠨᠢ ᠴᠦᠮ ᠬᠦᠮᠦᠰ᠎ᠤᠨ ᠰᠡᠳᠬᠢᠯ᠎ᠳᠤ ᠰᠠᠢ᠌ᠨ ᠰᠠᠢ᠌ᠬᠠᠨ ᠰᠠᠭᠤᠭᠳᠠᠯ ᠦᠯᠡᠳᠡᠭᠡᠭᠰᠡᠨ ᠪᠦᠭᠡᠳ ᠪᠠᠰᠠ ᠤᠯᠠᠭ᠋ᠠᠨᠮᠦᠢ᠍ᠴᠢᠷ᠎ᠠᠴᠠ ᠴᠤᠯᠭᠤᠷᠠᠨ ᠭᠠᠷᠤᠭᠰᠠᠨ ᠨᠢᠭᠡ ᠪᠦᠯᠦᠭ ᠤᠷᠠᠯᠢᠭᠴᠢᠳ᠎ᠢ ᠬᠦᠮᠦᠰ᠎ᠲᠤ ᠳᠠᠨᠢᠭᠤᠯᠪᠠ᠃
      ᠤᠭ ᠴᠢᠨᠠᠷ ᠵᠶ᠋ᠡᠨ ᠠ᠋ᠬᠦᠷᠢᠳᠡ ᠬᠠᠳᠠᠭ᠋ᠠᠯᠠᠵᠤ ᠬᠠᠷᠠᠮ ᠦᠭᠡᠢ ᠵᠤᠷᠢᠭᠤᠯᠪᠠ᠃ ᠤᠯᠠᠭ᠋ᠠᠨᠮᠦᠢ᠍ᠴᠢᠷ᠎ᠤᠨ ᠮᠡᠨᠳᠤᠯᠡᠭᠰᠡᠨ ᠶᠠᠪᠤᠳᠠᠯ ᠪᠤᠯ ᠨᠠᠮ᠎ᠤᠨ ᠤᠳᠬ᠎ᠠ ᠤᠷᠠᠯᠢᠭ᠎ᠤᠨ ᠱᠤᠭᠤᠮ᠎ᠤᠨ ᠴᠦᠭᠡᠨ ᠳᠤᠭ᠋ᠠᠳᠤ ᠦᠨᠳᠦᠰᠦᠳᠡᠨ᠎ᠤ ᠭᠠᠵᠠᠷ ᠤᠷᠤᠨ᠎ᠳᠠᠬᠢ ᠠᠮᠵᠢᠯᠳᠠ᠎ᠲᠠᠢ ᠦᠢ᠍ᠯᠡᠳᠦᠯᠭᠡ ᠮᠦᠨ᠂ ᠮᠡᠨᠳᠦᠯᠡᠭᠰᠡᠨ᠎ᠠᠴᠠ᠎ᠪᠠᠨ ᠠᠪᠤᠭ᠋ᠠᠳ ᠳᠡᠷᠡ᠎ᠨᠢ ᠢᠯᠭᠤᠮ ᠳᠤᠳᠤ ᠪᠦᠭᠡᠳ ᠬᠦᠨ ᠵᠤᠵᠠᠭ᠋ᠠᠨ ᠬᠤᠪᠢᠰᠬᠠᠯᠳᠤ ᠤᠳᠤᠮᠰᠢᠯ᠎ᠲᠠᠢ ᠪᠠᠢ᠌ᠵᠤ᠂ ᠨᠢᠭᠡ ᠰᠠᠯᠠᠭ᠎ᠠ ᠬᠤᠪᠢᠰᠬᠠᠯᠵᠢᠭᠰᠠᠨ᠂ ᠦᠨᠳᠦᠰᠦᠳᠡᠨᠴᠢᠯᠡᠭᠰᠡᠨ᠂ ᠤᠯᠠᠨ ᠳᠦᠮᠡᠨᠴᠢᠯᠡᠭᠰᠡᠨ ᠤᠳᠬ᠎ᠠ ᠤᠷᠠᠯᠢᠭ᠎ᠤᠨ ᠠᠵᠢᠯ᠎ᠤᠨ ᠠ᠋ᠩᠨᠡᠭᠡ ᠪᠤᠯᠪᠠ᠃ ᠤᠯᠠᠭ᠋ᠠᠨᠮᠦᠢ᠍ᠴᠢᠷ᠎ᠤᠨ ᠤᠳᠠᠭ᠎ᠠ ᠪᠤᠯᠭ᠋ᠠᠨ᠎ᠤ ᠳᠤᠭᠯᠠᠯᠳᠠ᠎ᠨᠢ ᠳᠤᠬᠠᠢ ᠵᠢᠨ ᠬᠤᠭᠤᠴᠠᠭ᠋ᠠᠨ᠎ᠤ ᠨᠠᠮ᠎ᠤᠨ ᠴᠢᠭᠯᠡᠯᠳᠡ ᠳᠦᠷᠦ ᠵᠢᠨ ᠪᠤᠳᠤᠯᠭ᠎ᠠ ᠵᠢ ᠦᠨᠳᠦᠰᠦᠨ ᠱᠠᠳᠤᠨ᠎ᠳᠤ ᠳᠠᠮᠵᠢᠭᠤᠯᠵᠤ ᠪᠠᠢ᠌ᠪᠠ᠃ ᠭᠡᠳᠦᠢ᠌ᠪᠡᠷ ᠮᠠᠯᠵᠢᠬᠤ ᠤᠷᠤᠨ ᠪᠤᠢ᠌ᠳᠠ ᠪᠦᠭᠯᠡᠭᠦᠤ᠂ ᠰᠠᠭᠤᠷᠢᠰᠢᠯ᠎ᠨᠢ ᠳᠠᠷᠠᠬᠠᠢ ᠪᠤᠳᠠᠷᠬᠠᠢ᠂ ᠮᠡᠳᠡᠭᠡ ᠬᠤᠯᠪᠤᠭ᠋ᠠᠨ᠎ᠤ ᠨᠦᠬᠦᠴᠡᠯ ᠠᠨᠠᠢ ᠪᠤᠯᠪᠠᠴᠤ ᠮᠠᠯᠵᠢᠬᠤ ᠤᠷᠤᠨ᠎ᠤ ᠮᠡᠳᠡᠭᠡ ᠵᠠᠩᠬᠢ ᠳᠦᠭᠵᠢᠮᠡᠯ ᠪᠢᠰᠢ ᠮᠦᠷᠳᠡᠭᠡᠨ ᠮᠠᠯᠴᠢᠨ ᠳᠦᠮᠡᠨ ᠨᠠᠮ᠎ᠳᠤ᠎ᠪᠠᠨ ᠬᠦᠨ ᠵᠤᠵᠠᠭ᠋ᠠᠨ ᠬᠠᠢ᠌ᠷ᠎ᠠ ᠰᠡᠳᠬᠢᠯᠭᠡ᠎ᠲᠠᠢ᠂ ᠤᠬᠠᠮᠰᠠᠷ᠎ᠲᠠᠢ᠂ ᠬᠠᠷᠢᠭᠤᠴᠠᠯᠭ᠎ᠠ᠎ᠲᠠᠢ ᠪᠠᠢ᠌ᠳᠠᠭ᠃ ᠳᠡᠭᠡᠷ᠎ᠡ ᠵᠠᠭᠤᠨ᠎ᠤ ᠳᠠᠪᠢ ᠵᠢᠷᠠᠭ᠋ᠠᠳ ᠤᠨ᠎ᠳᠤ ᠭᠠᠷᠤᠭᠰᠠᠨ ᠳᠠᠯ᠎ᠠ ᠨᠤᠳᠤᠭ᠎ᠤᠨ ᠡᠵᠢ᠎ᠤᠳ ᠱᠠᠩᠬᠠᠢ ᠵᠢᠨ ᠦᠨᠦᠴᠢᠨ ᠭᠡᠤᠭᠡᠳ᠎ᠢ ᠠ᠋ᠷᠬᠦᠨ ᠳᠡᠵᠢᠭᠡᠭᠰᠡᠨ᠂ ᠳᠠᠯ᠎ᠠ ᠨᠤᠳᠤᠭ᠎ᠤᠨ ᠪᠢᠴᠢᠬᠠᠨ ᠪᠠᠭ᠋ᠠᠳᠤᠷ ᠠ᠋ᠭᠡᠴᠢ ᠦᠬᠢᠨ ᠳᠡᠬᠦᠤ᠂ ᠡᠵᠡᠨ᠎ᠡ ᠬᠤᠰᠢᠭᠤᠨ᠎ᠤ ᠠᠷᠠᠳ ᠳᠦᠮᠡᠨ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠪᠠᠢ᠌ᠭᠤᠯᠤᠯᠳᠠ ᠵᠢ ᠳᠡᠮᠵᠢᠭᠰᠡᠨ ᠵᠡᠷᠭᠡ ᠠᠮᠢᠳᠤᠯᠢᠭ ᠦᠢ᠍ᠯᠡ ᠶᠠᠪᠤᠳᠠᠯ᠎ᠨᠢ ᠳᠠᠯ᠎ᠠ ᠨᠤᠳᠤᠭ᠎ᠤᠨ ᠬᠦᠪᠡᠬᠦᠳ ᠦᠬᠢᠳ᠎ᠤᠨ ᠨᠠᠮ ᠵᠶ᠋ᠡᠨ ᠪᠤᠳᠤᠬᠤ᠂ ᠨᠠᠮ᠎ᠤᠨ ᠦᠭᠡ ᠵᠢ ᠰᠤᠨᠤᠰᠬᠤ᠂ ᠨᠠᠮ ᠵᠶ᠋ᠡᠨ ᠳᠠᠭ᠋ᠠᠬᠤ ᠠ᠋ᠷᠡᠰ ᠪᠠᠳᠤ ᠢᠳᠡᠭᠡᠯ ᠵᠤᠷᠢᠭ᠎ᠢ ᠬᠦᠢ᠍ᠴᠡᠳ ᠢᠯᠡᠷᠡᠬᠦᠯᠵᠤ᠂ ᠦᠨᠳᠦᠰᠦᠳᠡᠨ᠎ᠨᠦᠭᠦᠳ᠎ᠤᠨ ᠠᠷᠠᠳ ᠳᠦᠮᠡᠨ᠎ᠤ ᠶᠡᠭᠡ ᠳᠠᠯ᠎ᠠ ᠵᠢᠨ ᠤᠬᠠᠮᠰᠠᠷ᠂ ᠠ᠋ᠭᠡ ᠤᠷᠤᠨᠴᠢ ᠰᠡᠳᠬᠢᠯᠭᠡ ᠵᠢ ᠢᠯᠡᠷᠡᠬᠦᠯᠪᠡ᠃ ᠠ᠋ᠳᠡᠭᠡᠷ᠎ᠨᠢ ᠪᠠᠰᠠ ᠤᠯᠠᠭ᠋ᠠᠨᠮᠦᠢ᠍ᠴᠢᠷ᠎ᠤᠨ ᠬᠠᠷᠠᠮ ᠦᠭᠡᠢ ᠵᠢᠳᠬᠦᠨ ᠵᠤᠷᠢᠭᠤᠯᠤᠭᠰᠠᠨ᠎ᠲᠠᠢ ᠰᠠᠯᠵᠤ ᠪᠤᠯᠤᠰᠢ ᠦᠭᠡᠢ ᠶᠤᠮ᠃ ᠤᠯᠠᠭ᠋ᠠᠨᠮᠦᠢ᠍ᠴᠢᠷ᠎ᠤᠨ᠎ᠬᠢᠨ ᠦᠪᠡᠷ᠎ᠤᠨ ᠪᠤᠳᠠᠳᠤ ᠠᠵᠢᠯᠯᠠᠭ᠎ᠠ᠎ᠪᠠᠷ ᠵᠶ᠋ᠡᠨ ᠦᠷᠭᠡᠨ ᠤᠯᠠᠨ ᠮᠠᠯᠴᠢᠨ ᠳᠦᠮᠡᠨ᠎ᠤ ᠢᠳᠡᠭᠡᠯ᠎ᠢ ᠤᠯᠵᠤ᠂ ᠮᠠᠯᠴᠢᠳ ᠤᠯᠠᠭ᠋ᠠᠨᠮᠦᠢ᠍ᠴᠢᠷ᠎ᠤᠨ ᠭᠡᠰᠢᠬᠦᠨ᠎ᠢ 《ᠮᠠᠨ᠎ᠤ ᠭᠡᠤᠭᠡᠳ》 ᠭᠡᠵᠤ ᠳᠠᠭᠤᠳᠠᠳᠠᠭ ᠪᠤᠯᠪᠠ᠃
      ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠰᠢᠷᠭ᠋ᠠᠭᠤ ᠳᠡᠮᠡᠴᠡᠪᠡ᠃ ᠤᠯᠠᠭ᠋ᠠᠨᠮᠦᠢ᠍ᠴᠢᠷ᠎ᠤᠨ ᠭᠡᠰᠢᠬᠦᠳ᠎ᠤᠨ ᠳᠤᠳᠤᠷ᠎ᠠ ᠮᠤᠩᠭᠤᠯ ᠦᠨᠳᠦᠰᠦᠳᠡᠨ᠂ ᠬᠢᠳᠠᠳ ᠦᠨᠳᠦᠰᠦᠳᠡᠨ ᠪᠠᠢ᠌ᠬᠤ᠎ᠪᠠᠷ ᠪᠠᠷᠠᠬᠤ ᠦᠭᠡᠢ ᠪᠠᠰᠠ ᠪᠤᠰᠤᠳ ᠴᠦᠭᠡᠨ ᠳᠤᠭ᠋ᠠᠳᠤ ᠦᠨᠳᠦᠰᠦᠳᠡᠨ ᠪᠠᠢ᠌ᠳᠠᠭ᠃ ᠠ᠋ᠢ᠌ᠨᠬᠦ ᠤᠯᠠᠭ᠋ᠠᠨᠮᠦᠢ᠍ᠴᠢᠷ᠎ᠨᠢ ᠳᠠᠷᠤᠢ ᠨᠢᠭᠡᠨ ᠤᠯᠠᠨ ᠦᠨᠳᠦᠰᠦᠳᠡᠨ᠎ᠲᠠᠢ ᠶᠡᠭᠡ ᠭᠡᠷ ᠪᠦᠯᠢ ᠪᠤᠯᠵᠤ᠂ ᠤᠯᠠᠨ ᠵᠶ᠋ᠡᠷ ᠵᠶ᠋ᠡᠨ ᠬᠠᠷᠢᠯᠴᠠᠨ ᠰᠤᠷᠤᠯᠴᠠᠵᠤ ᠬᠠᠷᠢᠯᠴᠠᠨ ᠪᠠᠬᠠᠷᠬᠠᠨ᠂ ᠠ᠋ᠬᠦᠨ᠎ᠤ ᠬᠠᠮᠳᠤ ᠦᠷᠭᠡᠨ ᠤᠯᠠᠨ ᠮᠠᠯᠴᠢᠨ ᠳᠠᠷᠢᠶᠠᠴᠢᠨ᠎ᠲᠠᠢ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠳᠤᠪᠠᠷ ᠳᠡᠮᠡᠴᠠᠨ᠂ ᠦᠨᠳᠦᠰᠦᠳᠡᠨ᠎ᠨᠦᠭᠦᠳ ᠨᠦᠬᠦᠷᠰᠡᠭ ᠶᠠᠪᠤᠯᠴᠠᠭ᠋ᠠᠳ ᠨᠢᠭᠡᠨ ᠭᠡᠷ ᠪᠦᠯᠢ ᠮᠡᠳᠤ ᠲᠣᠳᠣᠨᠤᠰᠤᠭ ᠪᠣᠯᠵᠤ᠂ ᠦᠨᠳᠦᠰᠦᠳᠡᠨ᠎ᠤ ᠪᠦᠯᠬᠦᠮᠳᠡᠯ᠎ᠤᠨ ᠭᠡᠪ ᠳᠠᠭᠤᠷᠢᠶᠠᠯ ᠪᠤᠯᠤᠭᠰᠠᠭ᠋ᠠᠷ ᠢᠷᠡᠪᠡ᠃ ᠬᠦᠭᠡ ᠳᠡᠭᠷᠢ᠎ᠪᠠᠷ ᠬᠦᠰᠢᠭᠡ ᠪᠤᠯᠭ᠋ᠠᠨ ᠬᠦᠳᠡᠭᠡ ᠳᠠᠯ᠎ᠠ᠎ᠪᠠᠷ ᠳᠠᠢ᠌ᠰᠠ ᠪᠤᠯᠭ᠋ᠠᠳᠠᠭ᠎ᠨᠢ ᠤᠯᠠᠭ᠋ᠠᠨᠮᠦᠢ᠍ᠴᠢᠷ᠎ᠤᠨ ᠬᠦᠴᠢᠷ ᠪᠡᠷᠭᠡᠰᠢᠶᠠᠯ᠎ᠢ ᠪᠠᠶᠠᠷ ᠵᠢᠷᠭ᠋ᠠᠯ ᠵᠶ᠋ᠡᠷ ᠦᠵᠡᠵᠤ᠂ ᠰᠢᠷᠭ᠋ᠠᠭᠤ ᠬᠠᠳᠠᠭᠤᠵᠢᠯᠳᠠᠢ ᠳᠡᠮᠡᠴᠡᠭᠰᠡᠨ ᠦᠨᠡᠨ ᠪᠤᠳᠠᠳᠠᠢ ᠵᠢᠷᠤᠭᠯᠠᠯ ᠪᠤᠯᠤᠨ᠎ᠠ᠃ ᠤᠯᠠᠭ᠋ᠠᠨᠮᠦᠢ᠍ᠴᠢᠷ ᠪᠠᠢ᠌ᠭᠤᠯᠤᠭᠳᠠᠭᠰᠠᠨ ᠠ᠋ᠬᠢᠨ᠎ᠤ ᠬᠤᠭᠤᠴᠠᠭ᠋ᠠᠨ᠎ᠳᠤ᠂ ᠤᠯᠠᠭ᠋ᠠᠨᠮᠦᠢ᠍ᠴᠢᠷ᠎ᠤᠨ ᠭᠡᠰᠢᠬᠦᠳ ᠦᠪᠡᠷ᠎ᠤᠨ ᠬᠦᠴᠦ᠎ᠪᠠᠷ ᠵᠶ᠋ᠡᠨ ᠳᠡᠭᠵᠢᠷᠡᠵᠤ᠂ ᠦᠪᠡᠷᠳᠡᠭᠡᠨ ᠭᠠᠷ ᠬᠦᠳᠡᠯᠦᠨ ᠪᠠᠢ᠌ᠷᠢ ᠵᠢᠨ ᠭᠡᠷ᠂ ᠪᠤᠯᠪᠠᠰᠤᠷᠠᠯ᠎ᠤᠨ ᠭᠡᠷ ᠵᠶ᠋ᠡᠨ ᠪᠠᠷᠢᠵᠤ᠂ ᠦᠪᠡᠷᠳᠡᠭᠡᠨ ᠭᠠᠷ ᠬᠦᠳᠡᠯᠦᠨ ᠬᠤᠪᠴᠠᠰᠤ ᠬᠤᠨᠠᠷ ᠪᠠᠭ᠋ᠠᠵᠢ ᠭᠡᠷᠡᠭᠰᠡᠯ ᠵᠶ᠋ᠡᠨ ᠤᠶᠤᠵᠤ ᠦᠢ᠍ᠯᠡᠳᠤᠨ᠂ ᠳᠡᠪᠬᠤᠷ ᠳᠠᠪᠬᠤᠷ ᠬᠦᠴᠢᠷ ᠪᠡᠷᠭᠡᠰᠢᠶᠡᠯ᠎ᠢ ᠢᠯᠡᠨ ᠳᠠᠪᠠᠵᠤ᠂ ᠦᠷᠭᠡᠨ ᠠᠭᠤᠳᠠᠮ ᠳᠠᠯ᠎ᠠ ᠨᠤᠳᠤᠭ ᠵᠶ᠋ᠡᠷ ᠳᠤᠭᠯᠠᠯᠳᠠ ᠭᠠᠷᠭ᠋ᠠᠵᠤ ᠶᠠᠪᠤᠪᠠ᠃ ᠦᠭᠡᠷᠡᠴᠢᠯᠡᠯᠳᠡ ᠨᠡᠭᠡᠭᠡᠯᠳᠡ ᠬᠢᠭᠰᠡᠨ᠎ᠤ ᠳᠠᠷᠠᠭ᠎ᠠ᠂ ᠤᠯᠠᠭ᠋ᠠᠨᠮᠦᠢ᠍ᠴᠢᠷ᠎ᠤᠨ᠎ᠬᠢᠨ ᠦᠷᠬᠦᠯᠵᠢᠯᠡᠨ ᠰᠢᠷᠭ᠋ᠠᠭᠤ ᠬᠠᠳᠠᠭᠤᠵᠢᠯᠳᠠᠢ ᠳᠡᠮᠡᠴᠡᠬᠦ ᠤᠮᠠᠯᠵᠢᠯᠠᠯ ᠵᠶ᠋ᠡᠨ ᠬᠠᠳᠠᠭ᠋ᠠᠯᠠᠵᠤ᠂ ᠠᠵᠤ ᠠᠬᠤᠢ ᠵᠢᠨ ᠶᠡᠭᠡ ᠤᠷᠤᠰᠬᠠᠯ ᠳᠤᠮᠳᠠᠬᠢ ᠡᠯ᠎ᠡ ᠵᠦᠢ᠍ᠯ᠎ᠤᠨ ᠠᠰᠢᠭ ᠳᠤᠰᠠ ᠵᠢᠨ ᠦᠳᠦᠭᠡᠯᠭᠡ ᠵᠢ ᠳᠠᠪᠴᠢᠨ᠂ ᠢᠳᠡᠭᠡᠯ ᠪᠢᠰᠢᠷᠡᠯ ᠵᠶ᠋ᠡᠨ ᠢᠮᠡᠭ᠍ᠳᠡ ᠪᠠᠷᠢᠮᠳᠠᠯᠠᠵᠤ᠂ ᠦᠨᠳᠦᠰᠤᠨ ᠱᠠᠳᠤᠨ᠎ᠳᠤ ᠬᠠᠨᠳᠤᠨ᠂ ᠮᠠᠯᠵᠢᠬᠤ ᠳᠠᠷᠢᠶᠠᠯᠠᠬᠤ ᠤᠷᠤᠨ᠎ᠳᠤ ᠬᠠᠨᠳᠤᠵᠤ᠂ ᠠᠬᠠᠮᠠᠳ ᠭᠡᠰᠢᠬᠦᠳ ᠦᠪᠡᠷ᠎ᠤᠨ ᠪᠡᠶ᠎ᠡ᠎ᠪᠠᠷ ᠵᠶ᠋ᠡᠨ ᠵᠢᠭ᠋ᠠᠵᠤ ᠵᠢᠯᠣᠭᠣᠳᠤᠨ᠂ ᠤᠯᠠᠭ᠋ᠠᠨᠮᠦᠢ᠍ᠴᠢᠷ᠎ᠤᠨ ᠰᠢᠯᠢᠳᠡᠭ ᠤᠯᠠᠮᠵᠢᠯᠠᠯ ᠰᠠᠢ᠌ᠬᠠᠨ ᠰᠤᠷᠳᠠᠯ᠎ᠢ ᠤᠯᠠᠮᠵᠢᠯᠠᠨ᠂ ᠤᠯᠠᠭ᠋ᠠᠨᠮᠦᠢ᠍ᠴᠢᠷ᠎ᠤᠨ ᠦᠢ᠍ᠯᠡᠰ᠎ᠢ ᠦᠶ᠎ᠡ ᠵᠢᠨ ᠦᠶ᠎ᠡ᠎ᠳᠤ ᠤᠯᠠᠮᠵᠢᠯᠠᠨ ᠵᠠᠯᠭ᠋ᠠᠮᠵᠢᠯᠠᠵᠤ᠂ 《ᠬᠤᠪᠢᠰᠬᠠᠯᠳᠤ ᠤᠳᠬ᠎ᠠ ᠤᠷᠠᠯᠢᠭ᠎ᠤᠨ ᠬᠦᠩᠭᠡᠨ ᠮᠤᠷᠢᠳᠤ ᠴᠡᠷᠢᠭ》᠎ᠤᠨ ᠠ᠋ᠨᠡᠬᠦ ᠳᠤᠭ᠎ᠢ ᠨᠡᠩ ᠭᠡᠷᠡᠯ ᠰᠠᠴᠤᠷᠠᠩᠭᠤᠢ ᠪᠤᠯᠭ᠋ᠠᠪᠠ᠃
      ᠭᠤᠷᠪᠠ
      ᠶᠡᠷᠦᠩᠭᠡᠢ ᠱᠦᠵᠢ ᠰᠢ ᠵᠢᠨ ᠫᠢᠩ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠢᠯᠡᠳᠭᠡᠯ᠎ᠳᠤ᠄ 《ᠤᠳᠤ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠳᠤᠴᠤᠳ ᠪᠤᠯᠤᠨ ᠳᠤᠮᠳᠠᠳᠤ ᠤᠯᠤᠰ᠎ᠤᠨ ᠠᠷᠠᠳ ᠳᠦᠮᠡᠨ ᠰᠢᠨ᠎ᠠ ᠰᠤᠶᠤᠯ᠎ᠤᠨ ᠠ᠋ᠬᠦᠷᠭᠡ ᠬᠠᠷᠢᠭᠤᠴᠠᠯᠭ᠎ᠠ ᠵᠢ ᠠ᠋ᠬᠦᠷᠭᠡᠯᠡᠬᠦ ᠶᠤᠰᠤᠳᠠᠢ ᠮᠦᠷᠳᠡᠭᠡᠨ ᠵᠡᠪᠡᠯ ᠠ᠋ᠬᠦᠷᠭᠡᠯᠡᠬᠦ ᠭᠡᠷᠡᠭᠳᠡᠢ ᠶᠤᠮ᠂ ᠠ᠋ᠬᠦᠳᠤᠨ ᠪᠦᠳᠦᠭᠡᠯᠳᠡ ᠵᠢ ᠪᠡᠶᠡᠯᠡᠭᠦᠯᠬᠦ ᠳᠤᠮᠳᠠ ᠰᠤᠶᠤᠯ᠎ᠤᠨ ᠠ᠋ᠬᠦᠳᠤᠨ ᠪᠦᠳᠦᠭᠡᠯᠳᠡ ᠬᠢᠵᠤ᠂ ᠳᠡᠤᠭᠡ ᠵᠢᠨ ᠤᠷᠤᠭᠰᠢᠯᠠᠯᠲᠠ ᠳᠤᠮᠳᠠ ᠰᠤᠶᠤᠯ᠎ᠤᠨ ᠳᠠᠪᠰᠢᠯᠳᠠ ᠵᠢ ᠪᠡᠶᠡᠯᠡᠬᠦᠯᠬᠦ ᠭᠡᠷᠡᠭᠳᠡᠢ!》 ᠭᠡᠵᠤ ᠵᠢᠭ᠋ᠠᠵᠤ ᠭᠠᠷᠭ᠋ᠠᠭᠰᠠᠨ ᠪᠠᠢ᠌ᠨ᠎ᠠ᠃ ᠰᠢᠨ᠎ᠠ ᠴᠠᠭ ᠦᠶ᠎ᠡ᠎ᠳᠤ ᠤᠯᠠᠭ᠋ᠠᠨᠮᠦᠢ᠍ᠴᠢᠷ᠎ᠤᠨ᠎ᠬᠢᠨ ᠰᠢᠨ᠎ᠠ ᠳᠡᠤᠭᠡᠳᠤ ᠠ᠋ᠬᠦᠷᠭᠡ ᠬᠠᠷᠢᠭᠤᠴᠠᠯᠭ᠎ᠠ᠎ᠪᠠᠨ ᠠ᠋ᠬᠦᠷᠭᠡᠯᠡᠬᠦ᠎ᠨᠢ ᠵᠠᠢ᠌ᠯᠠᠰᠢ ᠦᠭᠡᠢ ᠶᠤᠮ᠃
      ᠨᠢᠭᠡᠳᠦᠭᠡᠷ᠎ᠲᠤ᠂ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠤᠬᠠᠭᠤᠯᠬᠤ ᠰᠢᠨ᠎ᠠ ᠠ᠋ᠬᠦᠷᠭᠡ ᠬᠠᠷᠢᠭᠤᠴᠠᠯᠭ᠎ᠠ ᠵᠢ ᠠ᠋ᠬᠦᠷᠭᠡᠯᠡᠬᠦ ᠭᠡᠷᠡᠭᠳᠡᠢ᠃ ᠤᠯᠠᠭ᠋ᠠᠨᠮᠦᠢ᠍ᠴᠢᠷ ᠦᠪᠡᠷ᠎ᠤᠨ ᠦᠪᠡᠷᠮᠢᠴᠠ ᠳᠠᠪᠠᠭᠤᠯᠢᠭ ᠵᠶ᠋ᠡᠨ ᠬᠦᠢ᠍ᠴᠡᠳ ᠪᠠᠳᠠᠷᠠᠭᠤᠯᠵᠤ᠂ ᠤᠷᠠᠯᠢᠭ᠎ᠤᠨ ᠵᠤᠬᠢᠶᠠᠨ ᠪᠦᠳᠦᠭᠡᠬᠦ ᠳᠦᠪᠰᠢᠨ ᠵᠶ᠋ᠡᠨ ᠳᠠᠰᠤᠷᠠᠯᠳᠠ ᠦᠭᠡᠢ ᠳᠡᠭᠡᠭᠰᠢᠯᠡᠬᠦᠯᠦᠨ᠂ ᠪᠠᠶᠠᠯᠢᠭ ᠰᠠᠢ᠌ᠬᠠᠨ ᠤᠳᠬ᠎ᠠ ᠤᠷᠠᠯᠢᠭ᠎ᠤᠨ ᠭᠡᠯᠪᠡᠷᠢ᠎ᠪᠠᠷ 《ᠬᠤᠤᠰ ᠵᠠᠭᠤᠨ ᠵᠢᠯ》᠎ᠤᠨ ᠳᠡᠮᠡᠴᠬᠦ ᠬᠠᠷᠠᠯᠳᠠ ᠪᠤᠯᠤᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠨᠳᠦᠰᠤᠨ ᠠᠷᠭ᠎ᠠ ᠪᠤᠳᠤᠯᠭ᠎ᠠ ᠵᠢ ᠦᠷᠭᠡᠨ ᠵᠶ᠋ᠡᠷ ᠤᠬᠠᠭᠤᠯᠵᠤ᠂ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠤᠳᠬ᠎ᠠ ᠤᠷᠠᠯᠢᠭ᠎ᠤᠨ ᠭᠡᠯᠪᠡᠷᠢ᠎ᠪᠠᠷ ᠳᠠᠯ᠎ᠠ ᠨᠤᠳᠤᠭ᠎ᠲᠤ ᠳᠡᠯᠭᠡᠷᠡᠬᠦᠯᠦᠨ᠂ ᠠ᠋ᠬᠦᠨ ᠵᠶ᠋ᠠᠨ ᠦᠷᠭᠡᠨ ᠤᠯᠠᠨ ᠺᠠᠳ᠋ᠷ ᠤᠯᠠᠨ ᠳᠦᠮᠡᠨ᠎ᠤ ᠴᠢᠨᠡᠭᠡᠯᠢᠭ ᠨᠡᠢ᠌ᠭᠡᠮ᠎ᠢ ᠪᠦᠬᠦ ᠳᠠᠯ᠎ᠠ᠎ᠪᠠᠷ ᠪᠡᠶᠡᠯᠡᠬᠦᠯᠬᠦ ᠰᠢᠢ᠍ᠳᠪᠤᠷᠢᠳᠤ ᠢᠯᠡᠯᠳᠡ ᠵᠢ ᠤᠯᠵᠤ᠂ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠠᠭᠤᠤ ᠶᠡᠭᠡ ᠢᠯᠡᠯᠳᠡ ᠵᠢ ᠳᠡᠮᠡᠴᠡᠨ ᠤᠯᠬᠤ ᠪᠤᠳᠠᠳᠠᠢ ᠦᠢ᠍ᠯᠡᠳᠦᠯᠭᠡ ᠪᠤᠯᠭ᠋ᠠᠨ ᠬᠤᠪᠢᠷᠠᠭᠤᠯᠬᠤ ᠭᠡᠷᠡᠭᠳᠡᠢ᠃
      ᠬᠤᠶᠠᠳᠤᠭ᠋ᠠᠷ᠎ᠲᠤ ᠨᠡᠢ᠌ᠭᠡᠮ ᠵᠢᠷᠤᠮᠳᠤ ᠰᠤᠶᠤᠯ᠎ᠤᠨ ᠬᠦᠭᠵᠢᠯ ᠪᠠᠳᠠᠷᠠᠯ᠎ᠢ ᠠᠬᠢᠭᠤᠯᠬᠤ ᠰᠢᠨ᠎ᠡ ᠠ᠋ᠬᠦᠷᠭᠡ ᠬᠠᠷᠢᠭᠤᠴᠠᠯᠭ᠎ᠠ ᠵᠢ ᠠ᠋ᠬᠦᠷᠭᠡᠯᠡᠬᠦ ᠭᠡᠷᠡᠭᠳᠡᠢ᠃ ᠶᠡᠷᠦᠩᠭᠡᠢ ᠱᠦᠵᠢ ᠰᠢ ᠵᠢᠨ ᠫᠢᠩ᠄ 《ᠰᠤᠶᠤᠯ ᠪᠤᠯ ᠨᠢᠭᠡ ᠤᠯᠤᠰ᠂ ᠨᠢᠭᠡ ᠦᠨᠳᠦᠰᠤᠳᠠᠨ᠎ᠤ ᠰᠦᠭ ᠰᠦᠨᠡᠰᠤ ᠮᠦᠨ᠃ ᠰᠤᠶᠤᠯ ᠮᠠᠨᠳᠤᠪᠠᠯ ᠤᠯᠤᠰ ᠮᠠᠨᠳᠤᠵᠤ᠂ ᠰᠤᠶᠤᠯ ᠬᠦᠴᠦᠷᠭᠡᠭ ᠪᠤᠯ ᠦᠨᠳᠦᠰᠦᠳᠡᠨ ᠬᠦᠴᠦᠷᠭᠡᠭ ᠪᠤᠯᠤᠨ᠎ᠠ》᠂ 《ᠮᠠᠨ᠎ᠤ ᠤᠯᠤᠰ᠎ᠤᠨ ᠴᠦᠭᠡᠨ ᠳᠤᠭ᠋ᠠᠳᠤ ᠦᠨᠳᠦᠰᠦᠳᠡᠨ ᠳᠠᠭᠤᠯᠠᠵᠤ ᠪᠦᠵᠢᠭᠯᠡᠬᠦ᠎ᠳᠤ᠎ᠪᠠᠨ ᠠᠪᠢᠶᠠᠰ᠎ᠲᠠᠢ᠂ ᠤᠷᠳᠤ ᠤᠳᠠᠭ᠋ᠠᠨ ᠬᠤᠭᠤᠴᠠᠭ᠋ᠠᠨ᠎ᠤ ᠳᠤᠷᠰᠢ ᠠ᠋ᠯᠪᠡᠭ ᠪᠠᠶᠠᠯᠢᠭ ᠢᠷᠠᠭᠤ ᠰᠠᠢ᠌ᠬᠠᠨ ᠤᠳᠬ᠎ᠠ ᠤᠷᠠᠯᠢᠭ᠎ᠤᠨ ᠦᠷ᠎ᠡ ᠪᠦᠳᠦᠭᠡᠯ᠎ᠲᠠᠢ ᠪᠤᠯᠵᠠᠢ᠃ ᠠ᠋ᠨᠡ ᠪᠤᠯ ᠮᠠᠨ᠎ᠤ ᠤᠯᠤᠰ᠎ᠤᠨ ᠤᠳᠬ᠎ᠠ ᠤᠷᠠᠯᠢᠭ᠎ᠤᠨ ᠦᠨᠡᠳᠤ ᠠ᠋ᠷᠳᠡᠨᠢ ᠮᠦᠨ᠃ ᠰᠠᠢ᠌ᠳᠤᠷ ᠬᠠᠮᠠᠭ᠋ᠠᠯᠠᠨ ᠬᠦᠭᠵᠢᠬᠦᠯᠵᠤ᠂ ᠠ᠋ᠳᠡᠭᠡᠷ ᠵᠶ᠋ᠠᠨ ᠠ᠋ᠭᠡ ᠤᠯᠤᠰ᠎ᠤᠨ ᠤᠳᠬ᠎ᠠ ᠤᠷᠠᠯᠢᠭ᠎ᠤᠨ ᠦᠨᠢᠷ ᠴᠡᠴᠡᠭ᠎ᠤᠨ ᠬᠦᠷᠢᠶᠡᠯᠡᠩ ᠳᠤᠮᠳᠠ ᠨᠡᠩ ᠦᠩᠭᠡ ᠢᠯᠭ᠋ᠠᠷᠠᠮ᠎ᠠ ᠭᠡᠷᠡᠯ ᠬᠢᠯᠪᠠᠭ᠎ᠠ ᠰᠠᠴᠤᠷᠠᠭᠤᠯᠬᠤ ᠭᠡᠷᠡᠭᠳᠡᠢ》 ᠭᠡᠵᠤ ᠵᠢᠭ᠋ᠠᠵᠤ ᠭᠠᠷᠭ᠋ᠠᠵᠠᠢ᠃ ᠤᠯᠠᠭ᠋ᠠᠨᠮᠦᠢ᠍ᠴᠢᠷ᠎ᠤᠨ᠎ᠬᠢᠨ ᠪᠤᠯᠤᠨ ᠦᠷᠭᠡᠨ ᠤᠯᠠᠨ ᠤᠳᠬ᠎ᠠ ᠤᠷᠠᠯᠢᠭ᠎ᠤᠨ ᠠᠵᠢᠯᠳᠠᠨ ᠤᠭ ᠰᠠᠨᠠᠭ᠎ᠠ᠎ᠪᠠᠨ ᠦᠯᠦ ᠮᠠᠷᠳᠠᠨ ᠬᠠᠷᠢ ᠵᠢᠨ᠎ᠬᠢ ᠵᠢ ᠰᠢᠩᠭᠡᠭᠡᠨ ᠠᠪᠴᠤ᠂ ᠢᠷᠡᠭᠡᠳᠦᠢ᠎ᠳᠤ ᠬᠠᠨᠳᠤᠨ᠂ ᠪᠦᠳᠦᠭᠡᠯᠴᠢ᠎ᠪᠠᠷ ᠬᠤᠪᠢᠷᠠᠭᠤᠯᠵᠤ ᠪᠦᠳᠦᠭᠡᠯᠴᠢ᠎ᠪᠠᠷ ᠬᠦᠭᠵᠢᠬᠦᠯᠬᠦ ᠵᠢ ᠪᠠᠷᠢᠮᠳᠠᠯᠠᠵᠤ᠂ ᠳᠠᠯ᠎ᠠ ᠨᠤᠳᠤᠭ᠎ᠤᠨ ᠰᠤᠶᠤᠯ᠎ᠳᠤ ᠰᠢᠨ᠎ᠠ ᠦᠷᠳᠡᠭ᠎ᠤᠨ ᠠᠭᠤᠯᠤᠭᠳᠠᠬᠤᠨ ᠨᠡᠮᠡᠷᠢᠯᠡᠨ᠂ ᠳᠡᠳᠡᠭᠡᠷ ᠮᠦᠽᠸᠢ᠎ᠳᠤ ᠬᠠᠳᠠᠭ᠋ᠠᠯᠠᠭᠳᠠᠵᠤ ᠪᠠᠢ᠌ᠭ᠎ᠠ᠂ ᠠᠷᠠᠳ᠎ᠤᠨ ᠳᠤᠮᠳᠠ ᠪᠠ ᠮᠤᠩᠭᠤᠯ ᠭᠡᠷ᠎ᠲᠤ ᠳᠠᠷᠬᠠᠵᠤ ᠪᠠᠢ᠌ᠭ᠎ᠠ᠂ ᠳᠠᠯ᠎ᠠ ᠨᠤᠳᠤᠭ᠂ ᠤᠢ ᠰᠢᠭᠤᠢ᠂ ᠠ᠋ᠯᠡᠰᠤ ᠮᠠᠩᠬ᠎ᠠ᠂ ᠭᠤᠪᠢ ᠨᠤᠳᠤᠭ᠎ᠲᠤ ᠨᠤᠢ᠌ᠷᠰᠤᠵᠤ ᠪᠠᠢ᠌ᠭ᠎ᠠ ᠰᠢᠯᠢᠳᠡᠭ ᠤᠯᠠᠮᠵᠢᠯᠠᠯᠳᠤ ᠰᠤᠶᠤᠯ᠎ᠢ ᠳᠠᠢ᠌ᠰᠠᠨ᠎ᠳᠤ ᠭᠠᠷᠭ᠋ᠠᠵᠤ᠂ ᠰᠢᠨ᠎ᠠ ᠠᠮᠢᠵᠢᠷᠠᠯ᠎ᠤᠨ ᠬᠦᠴᠦᠨ᠎ᠢ᠎ᠨᠢ ᠪᠠᠳᠠᠷᠠᠭᠤᠯᠬᠤ ᠭᠡᠷᠡᠭᠳᠡᠢ᠃ ᠦᠪᠦᠷ ᠮᠤᠩᠭᠤᠯ ᠪᠣᠯ ᠦᠩᠭᠡ ᠭᠡᠷᠡᠯᠲᠤ ᠬᠤᠪᠢᠰᠬᠠᠯᠳᠤ ᠤᠯᠠᠮᠵᠢᠯᠠᠯ᠎ᠲᠠᠢ ᠣᠷᠣᠨ ᠶᠤᠮ᠃ ᠨᠠᠮ᠎ᠤᠨ ᠤᠳᠤᠷᠢᠳᠤᠯᠭ᠎ᠠ ᠳᠤᠤᠷ᠎ᠠ ᠦᠨᠳᠦᠰᠦᠳᠡᠨ᠎ᠨᠦᠭᠦᠳ᠎ᠤᠨ ᠠᠷᠠᠳ ᠳᠦᠮᠡᠨ ᠡᠵᠡᠷᠭᠡᠭ ᠳᠦᠷᠢᠮᠡᠭᠡᠢ᠌ᠳᠡᠨ᠎ᠢ ᠠ᠋ᠰᠡᠷᠬᠦᠴᠡᠬᠦ᠂ ᠹᠸᠤᠳᠠᠯ᠎ᠢ ᠠ᠋ᠰᠡᠷᠬᠦᠴᠡᠬᠦ ᠬᠤᠪᠢᠰᠬᠠᠯᠳᠤ ᠳᠡᠮᠡᠴᠡᠯ ᠪᠠ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠢ ᠪᠠᠢ᠌ᠭᠤᠯᠬᠤ ᠠᠭᠤᠤ ᠶᠡᠭᠡ ᠳᠡᠮᠡᠴᠡᠯ ᠳᠤᠮᠳᠠ ᠢᠷᠠᠭᠤ ᠭᠠᠢ᠌ᠬᠠᠮᠰᠢᠭᠳᠤ ᠳᠤᠤᠯᠢᠰ᠎ᠢ ᠪᠢᠴᠢᠭᠯᠡᠨ᠂ ᠦᠷᠭᠡᠨ ᠳᠡᠯᠭᠡᠷ ᠭᠦᠨ ᠬᠦᠨᠵᠡᠭᠡᠢ ᠨᠦᠯᠦᠭᠡ ᠦᠵᠡᠭᠦᠯᠵᠤ᠂ ᠮᠠᠬᠳᠠᠨ ᠳᠠᠭᠤᠯᠠᠭᠤᠰᠢᠳᠠᠢ ᠬᠤᠪᠢᠰᠬᠠᠯᠳᠤ ᠰᠤᠶᠤᠯ᠎ᠢ ᠪᠦᠷᠢᠳᠦᠬᠦᠯᠪᠡ᠃ ᠪᠢᠳᠡ ᠬᠦᠨᠵᠡᠭᠡᠢ ᠠᠭᠤᠳᠠᠯᠤᠨ᠂ ᠨᠠᠮ ᠵᠶ᠋ᠡᠨ ᠮᠠᠬᠳᠠᠨ ᠳᠠᠭᠤᠯᠠᠭᠰᠠᠨ᠂ ᠠ᠋ᠭᠡ ᠤᠯᠤᠰ ᠵᠶ᠋ᠡᠨ ᠮᠠᠬᠳᠠᠨ ᠳᠠᠭᠤᠯᠠᠭᠰᠠᠨ᠂ ᠠᠷᠠᠳ ᠳᠦᠮᠡᠨ ᠵᠶ᠋ᠡᠨ ᠮᠠᠬᠳᠠᠨ ᠳᠠᠭᠤᠯᠠᠭᠰᠠᠨ᠂ ᠪᠠᠭ᠋ᠠᠳᠤᠷᠴᠤᠳ ᠵᠶ᠋ᠠᠨ ᠮᠠᠬᠳᠠᠨ ᠳᠠᠭᠤᠯᠠᠭᠰᠠᠨ ᠨᠡᠩ ᠤᠯᠠᠨ ᠰᠢᠯᠢᠳᠡᠭ ᠪᠦᠳᠦᠭᠡᠯ᠎ᠢ ᠴᠢᠷᠮᠠᠢ᠌ᠨ ᠪᠦᠳᠦᠭᠡᠵᠤ᠂ ᠬᠤᠪᠢᠰᠬᠠᠯᠳᠤ ᠰᠤᠶᠤᠯ ᠵᠶ᠋ᠠᠨ ᠰᠠᠢ᠌ᠳᠤᠷ ᠤᠯᠠᠮᠵᠢᠯᠠᠨ᠂ ᠰᠠᠢ᠌ᠳᠤᠷ ᠪᠠᠳᠠᠷᠠᠭᠤᠯᠵᠤ᠂ ᠬᠤᠪᠢᠰᠬᠠᠯᠳᠤ ᠤᠳᠤᠮᠰᠢᠯ ᠵᠶ᠋ᠠᠨ ᠦᠶ᠎ᠡ ᠳᠠᠮᠵᠢᠨ ᠤᠯᠠᠮᠵᠢᠯᠠᠬᠤ ᠭᠡᠷᠡᠭᠳᠡᠢ᠃ ᠨᠡᠢ᠌ᠭᠡᠮ ᠵᠢᠷᠤᠮ᠎ᠤᠨ ᠭᠤᠤᠯᠯᠠᠭᠴᠢ ᠦᠷᠳᠡᠭ᠎ᠤᠨ ᠦᠵᠡᠯᠳᠡ᠎ᠪᠠᠷ ᠤᠯᠤᠰ ᠠᠷᠠᠳ᠎ᠤᠨ ᠰᠤᠷᠭ᠋ᠠᠨ ᠬᠦᠮᠦᠵᠢᠯ᠂ ᠤᠶᠤᠨ᠎ᠤ ᠪᠤᠯᠪᠠᠰᠤᠨ᠎ᠤ ᠴᠤᠭᠴᠠᠯᠠᠯᠳᠠ᠂ ᠤᠶᠤᠨ᠎ᠤ ᠰᠤᠶᠤᠯ᠎ᠤᠨ ᠦᠢ᠍ᠯᠡᠳᠭᠦᠨ᠎ᠤ ᠪᠦᠲᠤᠭᠡᠵᠤ ᠦᠢ᠍ᠯᠡᠳᠬᠦ ᠪᠠ ᠲᠡᠯᠭᠡᠷᠡᠭᠦᠯᠬᠦ ᠵᠢᠨ ᠳᠠᠭ᠋ᠠᠭᠤᠯᠬᠤ ᠦᠢ᠍ᠯᠡᠳᠤᠯ ᠵᠶ᠋ᠠᠨ ᠪᠠᠳᠠᠷᠠᠭᠤᠯᠤᠨ᠂ ᠨᠡᠢ᠌ᠭᠡᠮ ᠵᠢᠷᠤᠮ᠎ᠤᠨ ᠭᠤᠤᠯᠯᠠᠭᠴᠢ ᠦᠷᠳᠡᠭ᠎ᠤᠨ ᠦᠵᠡᠯᠳᠡ ᠵᠢ ᠨᠡᠢ᠌ᠭᠡᠮ᠎ᠤᠨ ᠠᠮᠢᠳᠤᠷᠠᠯ᠎ᠤᠨ ᠡᠯ᠎ᠡ ᠳᠠᠯ᠎ᠠ᠎ᠳᠤ ᠠᠭᠤᠰᠤᠭᠤᠯᠵᠤ᠂ ᠳᠡᠬᠦᠨ᠎ᠢ ᠬᠦᠮᠦᠰ᠎ᠤᠨ ᠬᠠᠢ᠌ᠷ᠎ᠡ ᠰᠡᠳᠬᠢᠯᠭᠡ ᠵᠢᠨ ᠠ᠋ᠭᠡᠨᠡᠭᠰᠢᠯ ᠪᠤᠯᠤᠨ ᠠᠵᠢᠯᠯᠠᠭ᠋ᠠᠨ᠎ᠤ ᠳᠠᠳᠬᠠᠯ ᠪᠤᠯᠭ᠋ᠠᠨ ᠬᠤᠪᠢᠷᠠᠭᠤᠯᠬᠤ ᠭᠡᠷᠡᠭᠳᠡᠢ᠃
      ᠭᠤᠷᠪᠠᠳᠤᠭ᠋ᠠᠷ᠎ᠲᠤ᠂ ᠠᠷᠠᠳ ᠤᠯᠠᠨ᠎ᠤ ᠠ᠋ᠳᠤᠷ ᠢᠷᠡᠬᠦᠶ᠎ᠡ ᠨᠡᠮᠡᠭᠳᠡᠵᠤ ᠪᠠᠢ᠌ᠭ᠎ᠠ ᠰᠠᠢ᠌ᠨ ᠰᠠᠢ᠌ᠬᠠᠨ ᠠᠮᠢᠳᠤᠷᠠᠯ᠎ᠤᠨ ᠭᠡᠷᠡᠭᠴᠡᠭᠡ ᠵᠢ ᠬᠠᠩᠭ᠋ᠠᠬᠤ ᠰᠢᠨ᠎ᠠ ᠠ᠋ᠬᠦᠷᠭᠡ ᠬᠠᠷᠢᠭᠤᠴᠠᠯᠭ᠎ᠠ ᠵᠢ ᠠ᠋ᠬᠦᠷᠭᠡᠯᠡᠬᠦ ᠭᠡᠷᠡᠭᠳᠡᠢ᠃ ᠶᠡᠷᠦᠩᠭᠡᠢ ᠱᠦᠵᠢ ᠰᠢ ᠵᠢᠨ ᠫᠢᠩ᠄ 《ᠠᠷᠠᠳ ᠳᠦᠮᠡᠨ ᠤᠷᠠᠯᠢᠭ᠎ᠢ ᠱᠠᠭ᠋ᠠᠷᠳᠠᠨ᠎ᠠ᠂ ᠤᠷᠠᠯᠢᠭ ᠪᠠᠰᠠ ᠠᠷᠠᠳ ᠳᠦᠮᠡᠨ᠎ᠢ ᠱᠠᠭ᠋ᠠᠷᠳᠠᠨ᠎ᠠ》᠂ 《ᠠᠷᠠᠳ ᠳᠦᠮᠡᠨ᠎ᠤ ᠰᠠᠢ᠌ᠨ ᠰᠠᠢ᠌ᠬᠠᠨ ᠠᠮᠢᠳᠤᠷᠠᠯ ᠠ᠋ᠳ᠋ᠯᠡᠬᠦ ᠰᠢᠨ᠎ᠠ ᠬᠦᠰᠡᠯ ᠠ᠋ᠷᠡᠮᠠᠯᠵᠠᠯ᠎ᠢ ᠬᠠᠩᠭ᠋ᠠᠬᠤ᠎ᠳᠤ ᠠ᠋ᠷᠭᠡᠪᠰᠢ ᠠ᠋ᠯᠪᠡᠭ ᠪᠠᠶᠠᠯᠢᠭ ᠤᠶᠤᠨ᠎ᠤ ᠬᠦᠨᠡᠰᠤ ᠬᠠᠩᠭ᠋ᠠᠬᠤ ᠭᠡᠷᠡᠭᠳᠡᠢ》 ᠭᠡᠵᠤ ᠵᠢᠭ᠋ᠠᠵᠤ ᠭᠠᠷᠭ᠋ᠠᠵᠠᠢ᠃ ᠤᠯᠠᠭ᠋ᠠᠨᠮᠦᠢ᠍ᠴᠢᠷ ᠪᠤᠯᠤᠨ ᠦᠷᠭᠡᠨ ᠤᠯᠠᠨ ᠤᠳᠬ᠎ᠠ ᠤᠷᠠᠯᠢᠭ᠎ᠤᠨ ᠠᠵᠢᠯᠳᠠᠨ ᠢᠮᠠᠬᠳᠠ ᠠᠷᠠᠳ ᠳᠦᠮᠡᠨ ᠵᠶ᠋ᠡᠷ ᠭᠤᠤᠯ ᠪᠤᠯᠭ᠋ᠠᠬᠤ ᠵᠣᠬᠢᠶᠠᠨ ᠪᠦᠲᠤᠭᠡᠬᠦ ᠤᠳᠤᠷᠢᠳᠤᠮᠵᠢ᠎ᠪᠠᠨ ᠪᠠᠷᠢᠮᠳᠠᠯᠠᠵᠤ᠂ ᠠᠷᠠᠳ ᠳᠦᠮᠡᠨ᠎ᠤ ᠤᠶᠤᠨ ᠰᠠᠨᠠᠭ᠎ᠠ ᠰᠤᠶᠤᠯ᠎ᠤᠨ ᠭᠡᠷᠡᠭᠴᠡᠭᠡ ᠵᠢ ᠬᠠᠩᠭ᠋ᠠᠬᠤ᠎ᠪᠠᠷ ᠵᠤᠷᠢᠯᠳᠠ ᠪᠠ ᠳᠤᠰᠤᠯᠳᠠ᠎ᠪᠠᠨ ᠪᠤᠯᠭ᠋ᠠᠨ᠂ ᠠᠷᠠᠳ ᠳᠦᠮᠡᠨ᠎ᠢ ᠤᠷᠠᠯᠢᠭ᠎ᠤᠨ ᠢᠯᠡᠷᠡᠬᠦᠯᠦᠯᠳᠡ ᠵᠢᠨ ᠭᠤᠤᠯ ᠴᠤᠭᠴᠠ᠎ᠪᠠᠨ ᠪᠤᠯᠭ᠋ᠠᠵᠤ᠂ ᠠᠷᠠᠳ ᠳᠦᠮᠡᠨ᠎ᠢ ᠤᠷᠠᠯᠢᠭ᠎ᠤᠨ ᠭᠤᠸ᠎ᠠ ᠰᠠᠢ᠌ᠬᠠᠨ᠎ᠤ ᠰᠢᠨᠵᠢᠭᠴᠢ ᠪᠠ ᠰᠢᠬᠦᠮᠵᠢᠯᠡᠭᠴᠢ᠎ᠪᠠᠨ ᠪᠤᠯᠭ᠋ᠠᠨ᠂ ᠦᠨᠳᠦᠰᠦᠳᠡᠨ᠎ᠨᠦᠭᠦᠳ᠎ᠤᠨ ᠠᠷᠠᠳ ᠳᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠳᠡᠮᠡᠴᠡᠬᠦ ᠠᠤᠭ᠎ᠠ ᠶᠡᠭᠡ ᠦᠢ᠍ᠯᠡᠳᠦᠯᠭᠡ ᠵᠢ ᠤᠷᠠᠯᠢᠭ᠎ᠤᠨ ᠵᠣᠬᠢᠶᠠᠨ ᠪᠦᠲᠤᠭᠡᠬᠦ ᠰᠢᠷᠬᠢᠰᠢ ᠠ᠋ᠬᠢ ᠪᠤᠯᠠᠭ ᠵᠶ᠋ᠡᠨ ᠪᠤᠯᠭ᠋ᠠᠵᠤ᠂ ᠰᠤᠳᠤᠨ ᠪᠦᠳᠦᠭᠡᠯ᠎ᠤᠨ ᠤᠬᠠᠮᠰᠠᠷ᠎ᠢ ᠪᠤᠢ ᠪᠤᠯᠭ᠋ᠠᠨ᠂ ᠠᠷᠠᠳ ᠳᠦᠮᠡᠨ᠎ᠤ ᠳᠤᠮᠳᠠ ᠦᠨᠳᠦᠰᠦᠯᠡᠵᠤ᠂ ᠠᠮᠢᠳᠤᠷᠠᠯ᠎ᠳᠤ ᠬᠦᠨᠵᠡᠭᠡᠢ᠌ᠷᠡᠵᠤ᠂ ᠨᠡᠩ ᠤᠯᠠᠨ ᠠᠷᠠᠳ᠎ᠤᠨ ᠠᠮᠢᠳᠤᠷᠠᠯ᠎ᠳᠤ ᠤᠢ᠌ᠷᠠᠳᠤᠭᠰᠠᠨ᠂ ᠳᠡᠯᠭᠡᠷᠡᠵᠤ ᠳᠡᠢ᠌ᠯᠬᠦ᠂ ᠦᠯᠡᠳᠡᠭᠡᠵᠤ ᠳᠡᠢ᠌ᠯᠬᠦ ᠰᠢᠯᠢᠳᠡᠭ ᠪᠦᠳᠦᠭᠡᠯ᠎ᠢ ᠵᠤᠬᠢᠶᠠᠨ ᠪᠦᠳᠦᠭᠡᠵᠤ᠂ ᠦᠪᠦᠷ ᠮᠤᠩᠭᠤᠯ᠎ᠤᠨ ᠤᠳᠬ᠎ᠠ ᠤᠷᠠᠯᠢᠭ᠎ᠤᠨ ᠵᠤᠬᠢᠶᠠᠨ ᠪᠦᠳᠦᠭᠡᠯᠭᠡ ᠵᠢᠨ 《ᠦᠨᠳᠦᠷᠯᠢᠭ》᠎ᠠᠴᠠ 《ᠤᠷᠬᠢᠯ》 ᠳᠡᠢ᠌ᠰᠢ ᠳᠠᠪᠰᠢᠬᠤ ᠵᠢ ᠪᠡᠶᠡᠯᠡᠬᠦᠯᠬᠦ ᠭᠡᠷᠡᠭᠳᠡᠢ᠃
      ᠳᠦᠷᠪᠡ
      ᠠᠷᠠᠳ ᠳᠦᠮᠡᠨ᠎ᠳᠤ ᠦᠢ᠍ᠯᠡᠴᠢᠯᠡᠵᠤ ᠨᠡᠢ᠌ᠭᠡᠮ ᠵᠢᠷᠤᠮ᠎ᠳᠤ ᠦᠢ᠍ᠯᠡᠴᠢᠯᠡᠬᠦ ᠦᠢ᠍ᠯᠡᠳᠦᠯᠭᠡ ᠳᠤᠮᠳᠠ ᠪᠦᠷᠢᠯᠳᠦᠭᠰᠡᠨ ᠤᠯᠠᠭ᠋ᠠᠨᠮᠦᠢ᠍ᠴᠢᠷ᠎ᠤᠨ ᠵᠤᠷᠢᠭ ᠰᠠᠨᠠᠭ᠎ᠠ᠎ᠨᠢ ᠨᠢᠭᠡᠨᠳᠡ ᠦᠪᠦᠷ ᠮᠤᠩᠭᠤᠯ᠎ᠤᠨ ᠦᠨᠳᠦᠰᠦᠳᠡᠨ᠎ᠨᠦᠭᠦᠳ᠎ᠤᠨ ᠠᠷᠠᠳ ᠳᠦᠮᠡᠨ᠎ᠤ ᠨᠡᠨᠳᠢᠨ ᠦᠪ ᠬᠦᠷᠦᠩᠭᠡ ᠪᠤᠯᠪᠠ᠃ ᠳᠡᠷᠡ᠎ᠨᠢ ᠦᠩᠭᠡᠷᠡᠭᠰᠡᠨ᠎ᠳᠤ ᠪᠢᠳᠠᠨ᠎ᠤ ᠪᠦᠬᠦ ᠤᠯᠤᠰ᠎ᠤᠨ ᠠᠷᠠᠳ ᠳᠦᠮᠡᠨ᠎ᠯᠦᠭᠡ ᠬᠠᠮᠳᠤᠪᠠᠷ ᠪᠤᠰᠴᠤ ᠵᠤᠬᠰᠤᠬᠤ᠎ᠠᠴᠠ ᠪᠠᠶᠠᠵᠢᠨ ᠴᠢᠨᠡᠭᠡᠯᠢᠭᠵᠢᠬᠦ ᠵᠢ ᠤᠷᠮᠠᠰᠢᠭᠤᠯᠤᠨ ᠵᠤᠷᠢᠭᠵᠢᠭᠤᠯᠵᠤ᠂ ᠦᠨᠦᠳᠦᠷ ᠶᠠᠭ ᠪᠢᠳᠠᠨ᠎ᠤ ᠪᠠᠶᠠᠵᠢᠨ ᠴᠢᠨᠡᠭᠡᠯᠢᠭᠵᠢᠬᠦ᠎ᠠᠴᠠ ᠬᠦᠴᠦᠷᠭᠡᠭᠵᠢᠵᠤ ᠰᠢᠨ᠎ᠠ ᠴᠠᠭ ᠦᠶ᠎ᠡ ᠵᠢᠨ 《ᠵᠢᠱ᠌ᠢᠶᠡᠴᠢ ᠦᠪᠡᠷᠳᠡᠭᠡᠨ ᠵᠠᠰᠠᠬᠤ ᠤᠷᠤᠨ》᠎ᠢ ᠪᠦᠳᠦᠭᠡᠨ ᠪᠠᠢ᠌ᠭᠤᠯᠬᠤ ᠵᠢ ᠤᠷᠮᠠᠰᠢᠭᠤᠯᠤᠨ ᠵᠤᠷᠢᠭᠵᠢᠭᠤᠯᠵᠤ ᠪᠠᠢ᠌ᠨ᠎ᠠ᠃
      ᠤᠯᠠᠭ᠋ᠠᠨᠮᠦᠢ᠍ᠴᠢᠷ ᠪᠢᠳᠠᠨ᠎ᠳᠤ᠂ ᠵᠦᠪᠭᠡᠨ ᠴᠠᠭ ᠢᠮᠠᠬᠳᠠ ᠨᠠᠮ᠎ᠤᠨ ᠤᠳᠤᠷᠢᠳᠤᠯᠭ᠎ᠠ ᠵᠢ ᠪᠠᠷᠢᠮᠳᠠᠯᠠᠵᠤ᠂ ᠦᠨᠢ ᠠ᠋ᠬᠦᠷᠢᠳᠡ ᠨᠠᠮ᠎ᠤᠨ ᠦᠭᠡ ᠵᠢ ᠰᠤᠨᠤᠰᠤᠨ᠂ ᠨᠠᠮ ᠵᠶ᠋ᠡᠨ ᠳᠠᠭ᠋ᠠᠵᠤ ᠶᠠᠪᠤᠪᠠᠯ ᠮᠠᠨ᠎ᠤ ᠦᠢ᠍ᠯᠡᠰ ᠰᠠᠶᠢ ᠴᠤᠴᠠᠯᠳᠠ ᠦᠭᠡᠢ ᠤᠷᠤᠭᠰᠢᠯᠠᠵᠤ᠂ ᠦᠷᠨᠢᠬᠦᠨ ᠬᠦᠭᠵᠢᠵᠤ ᠴᠢᠳᠠᠬᠤ ᠵᠢ ᠰᠡᠩᠭᠡᠷᠡᠬᠦᠯᠦᠭᠰᠡᠨ ᠪᠠᠢ᠌ᠨ᠎ᠠ᠃ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ ᠪᠤᠯ ᠨᠢᠭᠡᠨ ᠠᠭᠤᠤ ᠶᠡᠭᠡ ᠦᠢ᠍ᠯᠡᠰ ᠮᠦᠨ᠂ ᠪᠢᠳᠠ ᠠ᠋ᠷᠭᠡᠪᠰᠢ 〈ᠳᠦᠷᠪᠡᠨ ᠤᠬᠠᠮᠰᠠᠷ〉 ᠵᠶ᠋ᠠᠨ ᠪᠠᠳᠤ ᠪᠤᠢ ᠪᠤᠯᠭ᠋ᠠᠨ᠂ 〈ᠳᠦᠷᠪᠡᠨ ᠢᠳᠡᠭᠡᠯ〉 ᠵᠶ᠋ᠡᠨ ᠪᠠᠳᠤᠳᠬᠠᠵᠤ᠂ ᠶᠡᠷᠦᠩᠭᠡᠢ ᠱᠦᠵᠢ ᠰᠢ ᠵᠢᠨ ᠫᠢᠩ᠎ᠤᠨ ᠭᠤᠤᠯᠯᠠᠭᠴᠢ ᠪᠠᠢ᠌ᠷᠢ ᠰᠠᠭᠤᠷᠢ ᠵᠢ ᠠ᠋ᠷᠡᠰ ᠬᠠᠮᠠᠭ᠋ᠠᠯᠠᠨ᠂ ᠨᠡᠮ᠎ᠤᠨ ᠳᠦᠪ ᠬᠤᠷᠢᠶᠠᠨ᠎ᠤ ᠠ᠋ᠷᠭᠡ ᠰᠦᠷ ᠪᠠ ᠳᠦᠪᠯᠡᠷᠡᠩᠬᠦᠢ ᠨᠢᠭᠡᠳᠤᠯᠳᠠᠢ ᠤᠳᠤᠷᠢᠳᠤᠯᠭ᠎ᠠ ᠵᠢ ᠠ᠋ᠷᠡᠰ ᠬᠠᠮᠠᠭ᠋ᠠᠯᠠᠵᠤ᠂ ᠵᠠᠷᠯᠢᠭ ᠴᠠᠭ᠋ᠠᠵᠠ ᠵᠢ ᠠ᠋ᠷᠡᠰ ᠳᠠᠭ᠋ᠠᠬᠤ ᠵᠢ ᠪᠠᠳᠤᠯᠠᠬᠤ ᠭᠡᠷᠡᠭᠳᠡᠢ᠃ ᠵᠦᠪᠭᠡᠨ ᠢᠩᠬᠢᠪᠡᠯ ᠰᠠᠶᠢ ᠮᠠᠨ᠎ᠤ ᠠᠵᠢᠯ ᠦᠢ᠍ᠯᠡᠰ ᠵᠶ᠋ᠡᠨ ᠳᠠᠰᠤᠷᠠᠯᠳᠠ ᠦᠭᠡᠢ ᠤᠷᠤᠭᠰᠢ ᠠᠬᠢᠭᠤᠯᠵᠤ ᠴᠢᠳᠠᠨ᠎ᠠ᠃
      ᠤᠯᠠᠭ᠋ᠠᠨᠮᠦᠢ᠍ᠴᠢᠷ ᠪᠢᠳᠠᠨ᠎ᠳᠤ᠂ ᠵᠦᠪᠭᠡᠨ ᠵᠢᠩᠬᠢᠨᠢ ᠠᠷᠠᠳ ᠳᠦᠮᠡᠨ ᠵᠶ᠋ᠡᠷ ᠭᠤᠤᠯ ᠪᠤᠯᠭ᠋ᠠᠬᠤ ᠵᠢ ᠪᠡᠶᠡᠯᠡᠬᠦᠯᠵᠤ᠂ 《ᠭᠡᠨ᠎ᠤ ᠳᠦᠯᠦᠭᠡ᠂ ᠭᠡᠨ᠎ᠢ ᠳᠦᠰᠢᠭᠯᠡᠬᠦ ᠪᠤᠢ᠂ ᠪᠢ ᠭᠡᠨ ᠪᠤᠢ》 ᠭᠡᠬᠦ ᠠᠰᠠᠭᠤᠳᠠᠯ᠎ᠢ ᠰᠠᠢ᠌ᠳᠤᠷ ᠰᠢᠢ᠍ᠳᠪᠤᠷᠢᠯᠡᠪᠡᠯ ᠮᠠᠨ᠎ᠤ ᠠᠵᠢᠯ ᠰᠠᠶᠢ ᠵᠦᠪ ᠴᠢᠭᠯᠡᠯ ᠵᠶ᠋ᠡᠨ ᠡᠵᠡᠮᠳᠡᠵᠤ ᠴᠢᠳᠠᠬᠤ ᠵᠢ ᠰᠡᠩᠭᠡᠷᠡᠬᠦᠯᠦᠭᠰᠡᠨ ᠪᠠᠢ᠌ᠨ᠎ᠠ᠃ ᠠᠷᠠᠳ ᠳᠦᠮᠡᠨ ᠵᠶ᠋ᠡᠷ ᠭᠤᠤᠯ ᠪᠤᠯᠭ᠋ᠠᠬᠤ ᠪᠤᠯ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠴᠢᠬᠤᠯᠠ ᠠᠭᠤᠯᠭ᠎ᠠ ᠵᠢᠨ ᠨᠢᠭᠡ ᠪᠤᠯᠬᠤ ᠪᠦᠭᠡᠳ ᠪᠠᠰᠠᠴᠤ ᠮᠠᠨ᠎ᠤ ᠠᠯᠢᠪᠠ ᠠᠵᠢᠯ᠎ᠤᠨ ᠵᠤᠷᠢᠯᠳᠠ ᠪᠠ ᠳᠤᠰᠤᠯᠳᠠ ᠪᠤᠯᠤᠨ᠎ᠠ᠃ ᠪᠢᠳᠠ ᠵᠦᠪᠭᠡᠨ ᠠᠷᠠᠳ ᠳᠦᠮᠡᠨ᠎ᠲᠠᠢ ᠠᠮᠢᠰᠬᠤᠭ᠎ᠠ᠎ᠪᠠᠨ ᠨᠢᠭᠡᠳᠭᠡᠨ ᠬᠤᠪᠢ ᠵᠠᠶᠠᠭ᠎ᠠ᠎ᠪᠠᠨ ᠬᠠᠮᠳᠤᠳᠬᠠᠵᠤ᠂ ᠰᠡᠳᠬᠢᠯ ᠵᠢᠷᠤᠭᠡ᠎ᠪᠠᠨ ᠬᠤᠯᠪᠤᠨ᠂ ᠠᠷᠠᠳ ᠳᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠳᠤᠬᠠᠢ ᠬᠦᠰᠡᠯ ᠬᠦᠭᠡᠭᠡᠴᠡᠯᠳᠦᠯ ᠵᠶ᠋ᠡᠷ ᠳᠡᠮᠡᠴᠡᠬᠦ ᠬᠠᠷᠠᠯᠳᠠ᠎ᠪᠠᠨ ᠪᠤᠯᠭ᠋ᠠᠵᠤ᠂ ᠢᠮᠡᠭ᠍ᠳᠡ ᠤᠯᠠᠨ ᠳᠦᠮᠡᠨ᠎ᠳᠤ ᠬᠦᠨ ᠵᠤᠵᠠᠭ᠋ᠠᠨ ᠬᠠᠢ᠌ᠷ᠎ᠠ ᠰᠡᠳᠬᠢᠯᠭᠡ᠎ᠲᠠᠢ᠎ᠪᠠᠷ ᠠᠵᠢᠯᠯᠠᠨ᠂ ᠦᠨᠳᠦᠰᠦᠳᠡ᠎ᠨᠦᠭᠦᠳ᠎ᠤᠨ ᠠᠷᠠᠳ ᠳᠦᠮᠡᠨ᠎ᠳᠤ ᠨᠡᠩ ᠤᠯᠠᠨ ᠬᠦᠷᠳᠡᠮᠵᠢ ᠵᠢᠨ ᠳᠦᠷᠦᠭᠳᠡᠯ᠂ ᠵᠤᠯ ᠵᠢᠷᠭ᠋ᠠᠯ᠎ᠤᠨ ᠳᠦᠷᠦᠭᠳᠡᠯ᠂ ᠠᠮᠤᠷ ᠳᠦᠪᠰᠢᠨ᠎ᠤ ᠳᠦᠷᠦᠭᠳᠡᠯ ᠤᠯᠭᠤᠪᠠᠯ ᠰᠠᠶᠢ ᠠᠷᠠᠳ ᠳᠦᠮᠡᠨ᠎ᠤ ᠢᠳᠡᠭᠡᠯ ᠪᠡ ᠬᠦᠷᠢᠶᠡᠯᠡᠯ᠎ᠢ ᠤᠯᠵᠤ ᠴᠢᠳᠠᠨ᠎ᠠ᠃
      ᠤᠯᠠᠭ᠋ᠠᠨᠮᠦᠢ᠍ᠴᠢᠷ ᠪᠢᠳᠠᠨ᠎ᠳᠤ᠂ ᠵᠦᠪᠭᠡᠨ ᠦᠨᠡᠨ᠎ᠠᠴᠠ ᠵᠦᠪ᠎ᠢ ᠠ᠋ᠷᠢᠬᠦ ᠦᠵᠡᠯ ᠰᠠᠨᠠᠭ᠋ᠠᠨ᠎ᠤ ᠱᠤᠭᠤᠮ᠎ᠢ ᠪᠠᠷᠢᠮᠳᠠᠯᠠᠵᠤ᠂ ᠠᠯᠢᠪᠠ ᠠᠵᠢᠯ᠎ᠳᠤ ᠪᠤᠳᠠᠳᠠᠢ᠎ᠠᠴᠠ ᠠ᠋ᠬᠦᠰᠬᠦ ᠵᠢ ᠪᠠᠷᠢᠮᠳᠠᠯᠠᠪᠠᠯ ᠮᠠᠨ᠎ᠤ ᠡᠯ᠎ᠡ ᠳᠦᠷᠦᠯ᠎ᠤᠨ ᠠᠵᠢᠯ ᠰᠠᠶᠢ ᠳᠡᠤᠭᠡ ᠪᠠ ᠠᠷᠠᠳ ᠳᠦᠮᠡᠨ᠎ᠤ ᠰᠢᠯᠭ᠋ᠠᠯᠳᠠ ᠵᠢ ᠳᠠᠭ᠋ᠠᠭ᠋ᠠᠵᠤ ᠴᠢᠳᠠᠬᠤ ᠵᠢ ᠰᠡᠩᠭᠡᠷᠡᠬᠦᠯᠦᠭᠰᠡᠨ ᠪᠠᠢ᠌ᠨ᠎ᠠ᠃ ᠦᠪᠦᠷ ᠮᠤᠩᠭᠤᠯ᠎ᠤᠨ ᠨᠤᠳᠤᠭ ᠳᠡᠪᠢᠰᠭᠡᠷ ᠦᠷᠭᠡᠨ ᠠᠭᠤᠳᠠᠮ ᠶᠤᠮ᠃ ᠬᠤᠳᠠ ᠪᠠᠯᠭ᠋ᠠᠰᠤ᠂ ᠳᠠᠷᠢᠶᠠᠯᠠᠬᠤ ᠤᠷᠤᠨ᠂ ᠮᠠᠯᠵᠢᠬᠤ ᠤᠷᠤᠨ᠂ ᠰᠢᠭᠤᠢ᠌ᠳᠤ ᠤᠷᠤᠨ᠂ ᠠᠳᠠᠷ ᠬᠠᠭ᠋ᠠᠯᠪᠤᠷᠢᠯᠠᠯᠳᠠ ᠵᠢᠨ ᠤᠷᠤᠨ ᠪᠦᠷ ᠪᠠᠢ᠌ᠳᠠᠭ ᠮᠦᠷᠳᠡᠭᠡᠨ ᠡᠯ᠎ᠡ ᠭᠠᠵᠠᠷ᠎ᠤᠨ ᠪᠠᠢ᠌ᠳᠠᠯ ᠮᠠᠰᠢ ᠶᠡᠭᠡ ᠵᠦᠷᠢᠶ᠎ᠡ᠎ᠲᠠᠢ ᠪᠠᠢ᠌ᠳᠠᠭ᠃ ᠪᠢᠳᠡ ᠠ᠋ᠷᠭᠡᠪᠰᠢ ᠡᠯ᠎ᠡ ᠵᠦᠢ᠍ᠯ᠎ᠤᠨ ᠠᠵᠢᠯ᠎ᠳᠤ᠎ᠪᠠᠨ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠨᠡᠮ᠎ᠤᠨ ᠳᠦᠪ ᠬᠤᠷᠢᠶᠠᠨ᠎ᠤ ᠰᠢᠢ᠍ᠳᠪᠤᠷᠢᠳᠤ ᠪᠤᠳᠤᠯᠭ᠎ᠠ ᠪᠠᠢ᠌ᠷᠢᠯᠠᠭᠤᠯᠤᠯᠳᠠ ᠵᠢ ᠦᠪᠦᠷ ᠮᠤᠩᠭᠤᠯ᠎ᠤᠨ ᠪᠤᠳᠠᠳᠠᠢ᠎ᠲᠠᠢ ᠨᠢᠭ᠍ᠳᠡ ᠤᠶᠠᠯᠳᠤᠭᠤᠯᠤᠨ᠂ ᠰᠢᠨᠵᠢᠯᠡᠬᠦ ᠤᠬᠠᠭ᠋ᠠᠨ᠎ᠢ ᠳᠡᠭᠡᠳᠤᠯᠠᠵᠤ᠂ ᠤᠨᠤᠯ᠎ᠤᠨ ᠰᠢᠨᠡᠴᠢᠯᠡᠯᠳᠡ᠂ ᠦᠢ᠍ᠯᠡᠳᠦᠯᠭᠡ ᠵᠢᠨ ᠰᠢᠨᠡᠴᠢᠯᠠᠯᠳᠠ ᠵᠢ ᠳᠠᠰᠤᠷᠠᠯᠳᠠ ᠦᠭᠡᠢ ᠠᠬᠢᠭᠤᠯᠵᠤ᠂ ᠠᠵᠤ ᠠᠬᠤᠢ ᠨᠡᠢ᠌ᠭᠡᠮ᠎ᠤᠨ ᠨᠡᠩ ᠦᠨᠳᠦᠷ ᠳᠦᠪᠰᠢᠨ᠂ ᠨᠡᠩ ᠴᠢᠨᠠᠷ ᠰᠠᠢ᠌ᠳᠠᠢ ᠬᠦᠭᠵᠢᠯᠳᠡ ᠵᠢ ᠠᠬᠢᠭᠤᠯᠬᠤ ᠭᠡᠷᠡᠭᠳᠡᠢ᠃
      ᠤᠯᠠᠭ᠋ᠠᠨᠮᠦᠢ᠍ᠴᠢᠷ ᠪᠢᠳᠠᠨ᠎ᠳᠤ᠂ ᠵᠦᠪᠭᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢ᠌ᠯᠠᠭ᠋ᠠᠬᠳᠠᠬᠤᠨ ᠪᠤᠯᠤᠨ 《ᠦᠨᠳᠦᠰᠦᠳᠡᠨ᠎ᠤ ᠪᠦᠯᠬᠦᠮᠳᠡᠯ ᠪᠤᠯ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠳᠦᠮᠡᠨ᠎ᠤ ᠠᠮᠢᠨ ᠰᠤᠳᠠᠰᠤ ᠮᠦᠨ》 ᠭᠡᠬᠦ ᠣᠢ᠌ᠯᠠᠭ᠋ᠠᠬᠳᠠᠬᠤᠨ᠎ᠢ ᠦᠨᠳᠦᠰᠦᠯᠡᠪᠡᠯ ᠰᠠᠶᠢ 《ᠦᠵᠡᠰᠬᠦᠯᠡᠩᠳᠤ ᠰᠠᠢ᠌ᠬᠠᠨ ᠦᠪᠦᠷ ᠮᠤᠩᠭᠤᠯ ᠵᠶ᠋ᠡᠨ ᠪᠦᠳᠦᠭᠡᠨ ᠪᠠᠢ᠌ᠭᠤᠯᠵᠤ᠂ ᠠᠭᠤᠤ ᠶᠡᠭᠡ ᠳᠤᠮᠳᠠᠳᠤ ᠵᠢᠨ ᠵᠡᠬᠦᠳᠤ᠎ᠪᠠᠨ ᠬᠠᠮᠳᠤᠪᠠᠷ ᠳᠡᠷᠭᠡᠯᠰᠢᠬᠦᠯᠬᠦ》 ᠠᠤᠭ᠎ᠠ ᠶᠡᠭᠡ ᠬᠦᠴᠦᠨ᠎ᠢ ᠨᠢᠬᠳᠠᠷᠠᠭᠤᠯᠵᠤ ᠴᠢᠳᠠᠬᠤ ᠵᠢ ᠰᠡᠩᠭᠡᠷᠡᠬᠦᠯᠦᠭᠰᠡᠨ ᠪᠠᠢ᠌ᠨ᠎ᠠ᠃ ᠶᠡᠷᠦᠩᠭᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠦᠪᠦᠷ ᠮᠤᠩᠭᠤᠯ᠎ᠤᠨ ᠳᠦᠯᠦᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠤᠷᠤᠯᠴᠠᠬᠤ᠎ᠳᠤ᠎ᠪᠠᠨ᠂ ᠦᠪᠦᠷ ᠮᠤᠩᠭᠤᠯ᠎ᠤᠨ ᠦᠭᠡᠷᠡᠴᠢᠯᠡᠯᠳᠡ ᠬᠦᠭᠵᠢᠯᠳᠡ ᠳᠤᠭᠳᠠᠭᠤᠨ᠎ᠤ ᠠᠵᠢᠯ᠎ᠢ ᠰᠠᠢ᠌ᠳᠤᠷ ᠬᠢᠬᠦ᠎ᠨᠢ ᠪᠦᠬᠦ ᠤᠯᠤᠰ᠂ ᠳᠡᠯᠡᠭᠡᠢ ᠨᠡᠢ᠌ᠳᠡ᠎ᠳᠤ ᠴᠤ᠌ ᠢᠳᠡᠪᠬᠢ ᠠᠴᠢ ᠬᠤᠯᠪᠤᠭᠳᠠᠯ᠎ᠲᠠᠢ ᠶᠤᠮ ᠭᠡᠵᠤ ᠴᠢᠬᠤᠯᠠᠴᠢᠯᠠᠵᠤ᠂ ᠪᠢᠳᠠᠨ᠎ᠢ ᠠ᠋ᠭᠡ ᠤᠯᠤᠰ᠎ᠤᠨ ᠨᠢᠭᠡᠳᠤᠯ᠂ ᠦᠨᠳᠦᠰᠦᠳᠡᠨ᠎ᠤ ᠪᠦᠯᠬᠦᠮᠳᠡᠯ᠎ᠢ ᠬᠠᠮᠠᠭ᠋ᠠᠯᠠᠬᠤ᠎ᠳᠤ ᠨᠡᠩ ᠶᠡᠭᠡ ᠬᠠᠷᠢᠭᠤᠴᠠᠯᠭ᠎ᠠ ᠠ᠋ᠬᠦᠷᠭᠡᠯᠡᠬᠦ ᠵᠢ ᠱᠠᠭ᠋ᠠᠷᠳᠠᠪᠠ᠃ ᠪᠢᠳᠡ ᠠ᠋ᠷᠭᠡᠪᠰᠢ ᠶᠡᠷᠦᠩᠭᠡᠢ ᠱᠦᠵᠢ ᠰᠢ ᠵᠢᠨ ᠫᠢᠩ᠎ᠤᠨ ᠬᠦᠰᠡᠯ ᠨᠠᠢ᠌ᠳᠠᠯᠭ᠎ᠠ ᠵᠢ ᠪᠠᠳᠤ ᠴᠡᠭᠡᠵᠢᠯᠡᠵᠤ᠂ ᠦᠨᠳᠦᠰᠦᠳᠡᠨ᠎ᠨᠦᠭᠦᠳ᠎ᠤᠨ ᠠᠷᠠᠳ ᠳᠦᠮᠡᠨ᠎ᠲᠠᠢ ᠠᠨᠠᠷ᠎ᠤᠨ ᠦᠷ᠎ᠡ ᠰᠢᠭ ᠪᠦᠯᠬᠦᠮᠳᠡᠨ ᠨᠢᠬᠳᠠᠷᠠᠬᠤ ᠵᠢ ᠠᠬᠢᠭᠤᠯᠤᠨ᠂ ᠤᠭ ᠰᠠᠨᠠᠭ᠎ᠠ᠎ᠪᠠᠨ ᠦᠯᠦ ᠮᠠᠷᠳᠠᠵᠤ᠂ ᠠ᠋ᠬᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠠᠵᠤ᠂ ᠰᠢᠨ᠎ᠠ ᠴᠠᠭ ᠦᠶ᠎ᠡ ᠵᠢᠨ 《ᠵᠢᠱ᠌ᠢᠶᠡᠴᠢ ᠦᠪᠡᠷᠳᠡᠭᠡᠨ ᠵᠠᠰᠠᠬᠤ ᠤᠷᠤᠨ》᠎ᠢ ᠪᠦᠳᠦᠭᠡᠨ ᠪᠠᠢ᠌ᠭᠤᠯᠬᠤ ᠭᠡᠷᠡᠭᠳᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠦᠯᠦᠨ ᠪᠤᠢ᠌ᠷ ᠬᠤᠳᠠ ᠵᠢᠨ ᠶᠠᠳᠠᠭᠤ ᠬᠦᠴᠢᠷᠳᠡᠯ᠎ᠲᠠᠢ ᠤᠯᠠᠨ ᠳᠦᠮᠡᠨ᠎ᠤ ᠬᠤᠳᠤᠭᠤᠳᠤ ᠭᠡᠳᠡᠰᠤᠨ᠎ᠤ ᠡᠪᠡᠳᠴᠢᠨ᠎ᠢ ᠦᠨ᠎ᠡ ᠳᠦᠯᠦᠪᠤᠷᠢ ᠦᠭᠡᠢ᠎ᠪᠠᠷ ᠵᠠᠰᠠᠬᠤ ᠨᠠᠢ᠌ᠳᠠ ᠵᠢᠨ ᠠᠰᠠᠷᠠᠮᠵᠢ ᠵᠢᠨ ᠠᠵᠢᠯᠯᠠᠭ᠎ᠠ ᠠ᠋ᠬᠢᠯᠡᠪᠡ
ᠮᠠᠨᠵᠤᠤᠷ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠶᠤᠰᠤ ᠮᠤᠷᠠᠯ᠎ᠤᠨ ᠵᠢᠰᠢᠶᠡᠴᠢ ᠵᠢᠨ ᠳᠤᠬᠠᠢ ᠤᠬᠠᠭᠤᠯᠤᠨ ᠳᠠᠢ᠌ᠯᠪᠤᠷᠢᠯᠠᠬᠤ ᠬᠤᠷᠠᠯ ᠬᠢᠵᠠᠢ
2018 ᠤᠨ᠎ᠤ ᠲᠦᠷᠤᠭᠦᠤ 3 ᠤᠯᠠᠷᠢᠯ ᠦᠪᠦᠷ ᠮᠤᠩᠭᠤᠯ᠎ᠤᠨ ᠨᠡᠢ᠌ᠭᠡᠮ᠎ᠤᠨ ᠠᠰᠠᠷᠠᠮᠵᠢ ᠵᠢᠨ ᠪᠠᠢ᠌ᠭᠤᠯᠤᠮᠵᠢ ᠠ᠋ᠷᠡᠬᠦᠯ ᠵᠶ᠋ᠡᠷ ᠬᠦᠭᠵᠢᠵᠡᠢ
ᠠᠯᠠᠱ᠌ᠠ ᠵᠡᠬᠦᠨ ᠬᠤᠰᠢᠭᠤ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠵᠢ ᠠ᠋ᠮᠬᠢ ᠵᠢᠷᠤᠮ᠎ᠲᠠᠢ ᠠᠬᠢᠭᠤᠯᠵᠤ ᠪᠤᠢ
ᠨᠠᠢ᠍ᠮᠠᠨ ᠬᠤᠰᠢᠭᠤᠨ᠎ᠤ ᠤᠷᠤᠰᠢᠭᠤᠯᠭ᠎ᠠ ᠵᠢᠨ ᠶᠡᠷᠦᠩᠭᠡᠢ᠌ᠯᠡᠭᠰᠡᠨ ᠦᠭᠡᠷᠡᠴᠢᠯᠡᠯᠳᠡ ᠵᠢᠨ ᠳᠤᠷᠰᠢᠯᠳᠠ ᠵᠢᠨ ᠠᠵᠢᠯ ᠢᠯᠡᠳᠳᠡ ᠠᠮᠵᠢᠯᠳᠠ ᠤᠯᠵᠠᠢ
 
            