ᠪᠦᠷᠢᠳᠭᠡᠯ ᠵᠶ᠋ᠡᠷ᠂ 9 ᠳ᠋ᠤᠭᠡᠷ ᠰᠠᠷ᠎ᠠ ᠵᠢᠨ ᠰᠡᠬᠦᠯᠴᠢ ᠪᠤᠯᠬᠤ᠎ᠳᠤ᠂ ᠪᠦᠬᠦ ᠤᠷᠤᠨ᠎ᠤ ᠨᠡᠢ᠌ᠭᠡᠮ᠎ᠤᠨ ᠠᠰᠠᠷᠠᠮᠵᠢ ᠵᠢᠨ ᠠ᠋ᠮᠨᠡᠯᠭᠡ ᠵᠢᠨ ᠬᠤᠷᠢᠶ᠎ᠠ 5᠂ ᠴᠡᠷᠢᠭ᠎ᠠᠴᠠ ᠬᠠᠯᠠᠭᠳᠠᠭᠰᠠᠳ᠎ᠤᠨ ᠤᠶᠤᠨ ᠰᠠᠨᠠᠭ᠋ᠠᠨ᠎ᠤ ᠠ᠋ᠷᠡᠬᠦᠯᠵᠢᠯᠤᠨ ᠠ᠋ᠮᠨᠡᠯᠭᠡ ᠵᠢᠨ ᠬᠤᠷᠢᠶ᠎ᠠ 2᠂ ᠭᠡᠤᠭᠡᠳ᠎ᠤᠨ ᠠᠰᠠᠷᠠᠮᠵᠢ ᠵᠢᠨ ᠪᠠᠢ᠌ᠭᠤᠯᠤᠮᠵᠢ 9᠂ ᠨᠡᠢ᠌ᠬᠡᠮ᠎ᠤᠨ ᠳᠤᠰᠠᠯᠠᠮᠵᠢ ᠵᠢᠨ ᠬᠠᠮᠢᠶᠠᠷᠤᠯᠳᠠ ᠵᠢᠨ ᠦᠷᠳᠡᠭᠡ 38᠂ ᠴᠡᠷᠢᠭ᠎ᠤᠨ ᠬᠠᠩᠭ᠋ᠠᠯᠭ᠎ᠠ ᠵᠢᠨ ᠦᠷᠳᠡᠭᠡ 5᠂ ᠴᠡᠷᠢᠭ᠎ᠠᠴᠠ ᠠᠮᠠᠷᠠᠭᠰᠠᠳ᠎ᠤᠨ ᠭᠠᠵᠠᠷ 21᠂ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ 48᠂ ᠢᠷᠠᠭᠤ ᠠᠯᠳᠠᠷᠳᠠᠨᠤ ᠬᠦᠷᠢᠶᠡᠯᠡᠩ 28 ᠪᠤᠯᠵᠤ᠂ ᠪᠦᠬᠦ ᠤᠷᠤᠨ᠎ᠤ ᠨᠡᠢ᠌ᠭᠡᠮ᠎ᠤᠨ ᠪᠦᠯᠬᠦᠮ ᠨᠡᠢ᠌ᠲᠡ 8206᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠪᠤᠰᠤ ᠨᠢᠭᠡᠴᠢ 7691᠂ ᠰᠠᠭᠤᠷᠢ ᠮᠦᠩᠬᠦᠨ᠎ᠤ ᠨᠡᠢ᠌ᠭᠡᠮᠯᠢᠭ 130 ᠪᠤᠯᠵᠠᠢ; ᠪᠦᠬᠦ ᠤᠷᠤᠨ᠎ᠤ ᠪᠠᠯᠭ᠋ᠠᠰᠤ 508᠂ ᠰᠤᠮᠤ ᠰᠢᠶᠠᠩ 269᠂ ᠵᠡᠭᠡᠯᠢ ᠭᠤᠳᠤᠮᠵᠢ ᠵᠢᠨ ᠭᠡᠷᠡᠭ ᠠ᠋ᠷᠬᠢᠯᠡᠬᠦ ᠭᠠᠵᠠᠷ 246᠂ ᠭᠠᠴᠠᠭ᠎ᠠ ᠳᠤᠰᠬᠤᠨ᠎ᠤ ᠵᠦᠪᠯᠡᠯ 11059᠂ ᠰᠠᠭᠤᠭ᠋ᠠᠯᠢ ᠠᠷᠠᠳ᠎ᠤᠨ ᠵᠦᠪᠯᠡᠯ (ᠨᠡᠢ᠌ᠭᠡᠮ ᠳᠤᠭᠤᠷᠢᠭ᠎ᠤᠨ ᠰᠠᠭᠤᠭ᠋ᠠᠯᠢ ᠠᠷᠠᠳ᠎ᠤᠨ ᠵᠦᠪᠯᠡᠯ) 2433᠎ᠳᠤ ᠬᠦᠷᠴᠡᠢ; ᠬᠤᠳᠠ ᠪᠠᠯᠭ᠋ᠠᠰᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠵᠤ ᠪᠠᠢ᠌ᠭ᠎ᠠ ᠠ᠋ᠷᠦᠭᠡ 247666᠂ ᠬᠤᠳᠠ ᠪᠠᠯᠭ᠋ᠠᠰᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠵᠤ ᠪᠠᠢ᠌ᠭ᠎ᠠ ᠬᠦᠮᠦᠨ 397329᠂ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠠᠯᠪᠤᠷᠢ ᠬᠦᠷᠳᠡᠵᠤ ᠪᠠᠢ᠌ᠭ᠎ᠠ ᠠ᠋ᠷᠦᠭᠡ 814968᠂ ᠮᠠᠯᠵᠢᠬᠤ ᠳᠠᠷᠢᠶᠠᠯᠠᠬᠤ ᠤᠷᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠵᠤ ᠪᠠᠢ᠌ᠭ᠎ᠠ ᠬᠦᠮᠦᠨ 1207745 ᠪᠤᠯᠵᠠᠢ; ᠮᠠᠯᠵᠢᠬᠤ ᠳᠠᠷᠢᠶᠠᠠᠯᠬᠤ ᠤᠷᠤᠨ᠎ᠤ ᠤᠨᠴᠠ ᠬᠦᠴᠢᠷᠳᠡᠯ᠎ᠲᠠᠢ ᠬᠦᠮᠦᠨ 81499᠎ᠳᠤ ᠬᠦᠷᠴᠤ᠂ ᠠ᠋ᠬᠦᠨ᠎ᠠᠴᠠ 10173 ᠬᠦᠮᠦᠨ᠎ᠢ ᠳᠦᠪᠯᠡᠷᠡᠬᠦᠯᠦᠨ ᠠᠰᠠᠷᠠᠨ ᠬᠠᠷᠠᠭ᠋ᠠᠯᠵᠠᠵᠤ᠂ 71326 ᠬᠦᠮᠦᠨ᠎ᠢ ᠰᠠᠯᠤᠩᠬᠢ᠎ᠪᠠᠷ ᠠᠰᠠᠷᠠᠨ ᠬᠠᠷᠠᠭ᠋ᠠᠯᠵᠠᠵᠤ ᠪᠤᠢ; ᠪᠦᠬᠦ ᠤᠷᠤᠨ᠎ᠤ ᠡᠯ᠎ᠡ ᠵᠦᠢ᠍ᠯ᠎ᠤᠨ ᠠᠰᠠᠷᠠᠮᠵᠢ ᠪᠡ ᠨᠦᠬᠦᠪᠦᠷᠢ ᠦᠭᠴᠦ ᠬᠠᠷᠠᠭ᠋ᠠᠯᠵᠠᠬᠤ ᠬᠦᠮᠦᠨ 52072᠎ᠳᠤ ᠬᠦᠷᠴᠡᠢ᠃