ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠦᠯᠦᠨ ᠪᠤᠢ᠌ᠷ ᠬᠤᠳᠠ ᠬᠤᠳᠤᠭᠤᠳᠤ ᠭᠡᠳᠡᠰᠤᠨ᠎ᠤ ᠠ᠋ᠷᠳᠡ ᠬᠤᠭᠤᠴᠠᠭ᠋ᠠᠨ᠎ᠤ ᠦᠮᠡᠨ᠎ᠢ ᠰᠢᠭᠰᠢᠨ ᠪᠠᠢ᠌ᠴᠠᠭ᠋ᠠᠬᠤ ᠨᠡᠢ᠌ᠳᠡ ᠵᠢᠨ ᠠᠰᠠᠷᠠᠮᠵᠢ ᠵᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄ 2019-01-16

           
      ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ᠎ᠠᠴᠠ ᠵᠢᠯᠤᠭᠤᠳᠴᠤ᠂ ᠬᠦᠯᠦᠨ ᠪᠤᠢ᠌ᠷ ᠬᠤᠳᠠ ᠵᠢᠨ ᠪᠤᠶᠠᠨ᠎ᠤ ᠦᠢ᠍ᠯᠡᠰ᠎ᠤᠨ ᠶᠡᠷᠦᠩᠭᠡᠢ ᠨᠡᠢ᠌ᠭᠡᠮᠯᠢᠭ ᠭᠤᠤᠯᠯᠠᠨ ᠠ᠋ᠷᠬᠢᠯᠡᠭᠰᠡᠨ ᠬᠦᠯᠦᠨ ᠪᠤᠢ᠌ᠷ ᠬᠤᠳᠠ ᠵᠢᠨ ᠶᠠᠳᠠᠭᠤ ᠬᠦᠴᠢᠷᠳᠡᠯ᠎ᠲᠠᠢ ᠬᠦᠮᠦᠨ᠎ᠤ ᠬᠤᠳᠤᠭᠤᠳᠤ ᠭᠡᠳᠡᠰᠤᠨ᠎ᠤ ᠠ᠋ᠷᠳᠡ ᠬᠤᠭᠤᠴᠠᠭ᠋ᠠᠨ᠎ᠤ ᠦᠮᠡᠨ᠎ᠢ ᠰᠢᠭᠰᠢᠨ ᠪᠠᠢ᠌ᠴᠠᠭ᠋ᠠᠬᠤ ᠨᠠᠢ᠌ᠳᠠ ᠵᠢᠨ ᠠᠰᠠᠷᠠᠮᠵᠢ ᠵᠢᠨ ᠠᠵᠢᠯᠯᠠᠭ᠎ᠠ 1 ᠳ᠋ᠤᠭᠡᠷ ᠰᠠᠷ᠎ᠠ ᠵᠢᠨ 2᠎ᠤᠨ ᠠ᠋ᠳᠤᠷ ᠵᠢᠩᠬᠢᠨᠢ᠎ᠪᠠᠷ ᠠ᠋ᠬᠢᠯᠡᠪᠡ᠃
      ᠠ᠋ᠨᠡ ᠤᠳᠠᠭ᠋ᠠᠨ᠎ᠤ ᠠᠵᠢᠯᠯᠠᠭ᠎ᠠ 2019 ᠤᠨ᠎ᠤ 1 ᠳ᠋ᠤᠭᠡᠷ ᠰᠠᠷ᠎ᠠ᠎ᠠᠴᠠ ᠠ᠋ᠬᠢᠯᠡᠵᠤ᠂ ᠬᠦᠯᠦᠨ ᠪᠤᠢ᠌ᠷ ᠬᠤᠳᠠ᠎ᠳᠤ ᠠ᠋ᠷᠦᠭᠡ ᠠᠮᠠᠨ ᠳᠤᠭ᠎ᠠ᠎ᠲᠠᠢ ᠬᠤᠳᠠ ᠬᠦᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠵᠤ ᠪᠠᠢ᠌ᠭ᠎ᠠ ᠬᠦᠮᠦᠰ᠂ ᠤᠨᠴᠠ ᠬᠦᠴᠢᠷᠳᠡᠯ᠎ᠲᠠᠢ ᠬᠦᠮᠦᠰ᠂ ᠳᠠᠩᠰᠠ ᠺᠠᠷᠲ᠎ᠲᠠᠢ ᠶᠠᠳᠠᠭᠤ ᠬᠦᠴᠢᠷᠳᠡᠯ᠎ᠲᠠᠢ ᠬᠦᠮᠦᠰ ᠪᠤᠯᠤᠨ ᠪᠤᠰᠤᠳ ᠤᠨᠴᠠ ᠬᠦᠴᠢᠷᠳᠡᠯ᠎ᠲᠠᠢ ᠭᠡᠷ ᠪᠦᠯᠢ ᠵᠢᠨ ᠪᠦᠷᠢᠯᠳᠦᠬᠦᠨ᠎ᠤ ᠬᠤᠳᠤᠭᠤᠳᠤ ᠭᠡᠳᠡᠰᠤᠨ᠎ᠤ ᠠ᠋ᠷᠳᠡ ᠬᠤᠭᠤᠴᠠᠭ᠋ᠠᠨ᠎ᠤ ᠦᠮᠡᠨ᠎ᠢ ᠰᠢᠭᠰᠢᠨ ᠪᠠᠢ᠌ᠴᠠᠭ᠋ᠠᠬᠤ ᠪᠤᠯᠤᠨ᠎ᠠ᠃ ᠠ᠋ᠨᠡ ᠠᠵᠢᠯᠯᠠᠭ᠎ᠠ ᠵᠢᠨ ᠬᠤᠭᠤᠴᠠᠭ᠋ᠠᠨ᠎ᠳᠤ ᠡᠯ᠎ᠡ ᠬᠤᠰᠢᠭᠤ ᠬᠤᠳᠠ ᠳᠤᠭᠤᠷᠢᠭ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠪᠤᠯᠤᠨ ᠪᠤᠶᠠᠨ᠎ᠤ ᠦᠢ᠍ᠯᠡᠰ᠎ᠤᠨ ᠨᠡᠢ᠌ᠭᠡᠮᠯᠢᠭ ᠨᠠᠷᠢᠨ ᠬᠢᠨᠠᠮᠠᠭ᠋ᠠᠢ ᠪᠠᠢ᠌ᠷᠢᠯᠠᠭᠤᠯᠤᠯᠳᠠ ᠬᠢᠵᠤ᠂ ᠰᠢᠭᠰᠢᠨ ᠪᠠᠢ᠌ᠴᠠᠭ᠋ᠠᠬᠤ ᠳᠠᠯᠠᠪᠤᠷ᠎ᠢ ᠵᠤᠬᠢᠴᠠᠭᠤᠯᠬᠤ᠂ ᠰᠢᠭᠰᠢᠨ ᠪᠠᠢ᠌ᠴᠠᠭ᠋ᠠᠭᠰᠠᠨ ᠪᠠᠢ᠌ᠳᠠᠯ ᠪᠤᠯᠤᠨ ᠮᠠᠰᠠ ᠵᠠᠰᠠᠯ ᠬᠢᠭᠰᠡᠨ ᠪᠠᠢ᠌ᠳᠠᠯ᠎ᠢ ᠪᠦᠷᠢᠳᠭᠡᠬᠦ᠂ ᠮᠠᠲᠸᠷᠢᠶᠠᠯ᠎ᠢ ᠴᠤᠭ᠋ᠠᠯᠭᠤᠯᠵᠤ ᠠ᠋ᠮᠬᠢᠳᠭᠡᠬᠦ ᠵᠡᠷᠭᠡ ᠠᠵᠢᠯ᠎ᠢ ᠬᠦᠢ᠍ᠴᠡᠳᠭᠡᠵᠤ᠂ ᠡᠪᠡᠳᠴᠢᠳᠠᠨ᠎ᠢ ᠨᠢᠭᠡ ᠴᠤ᠌ ᠭᠡᠭᠡᠭᠳᠡᠬᠦᠯᠬᠦ ᠦᠭᠡᠢ ᠪᠠᠢ᠌ᠬᠤ ᠵᠢ ᠪᠠᠳᠤᠯᠠᠨ᠎ᠠ᠃ ᠬᠦᠯᠦᠨ ᠪᠤᠢ᠌ᠷ᠎ᠤᠨ ᠸᠸᠢ ᠺᠠᠩ ᠠ᠋ᠮᠨᠡᠯᠭᠡ ᠵᠢᠨ ᠬᠤᠷᠢᠶ᠎ᠠ ᠰᠤᠨᠢᠨ ᠮᠡᠳᠡᠭᠡᠯᠡᠯ᠂ ᠷᠠᠳᠢᠤ᠋ ᠲᠸᠯᠸᠢᠰ᠂ ᠵᠢᠷᠬᠢᠶ᠎ᠡ ᠵᠡᠷᠭᠡ ᠵᠢ ᠬᠦᠢ᠍ᠴᠡᠳ ᠠᠰᠢᠭᠯᠠᠨ ᠬᠤᠳᠤᠭᠤᠳᠤ ᠭᠡᠳᠡᠰᠤᠨ᠎ᠤ ᠦᠮᠡᠨ᠎ᠢ ᠰᠡᠷᠭᠡᠢ᠌ᠯᠡᠬᠦ ᠮᠡᠳᠡᠯᠭᠡ ᠵᠢ ᠤᠬᠠᠭᠤᠯᠵᠤ᠂ ᠦᠷᠭᠡᠨ ᠤᠯᠡᠨ ᠳᠦᠮᠡᠨ᠎ᠤ ᠬᠤᠳᠤᠭᠤᠳᠤ ᠭᠡᠳᠡᠰᠤᠨ᠎ᠤ ᠦᠮᠡᠨ᠎ᠢ ᠰᠡᠷᠭᠡᠢ᠌ᠯᠡᠬᠦ ᠤᠬᠠᠮᠰᠠᠷ᠎ᠢ ᠳᠡᠭᠡᠭᠰᠢᠯᠡᠬᠦᠯᠦᠨ᠎ᠡ᠃ ᠤᠳᠤᠬᠠᠨ᠎ᠳᠤ ᠨᠢᠭᠡᠨᠲᠡ ᠶᠠᠳᠠᠭᠤ ᠬᠦᠴᠢᠷᠳᠡᠯ᠎ᠲᠠᠢ 24 ᠡᠪᠡᠳᠴᠢᠳᠠᠨ᠎ᠢ ᠰᠢᠭᠰᠢᠨ ᠪᠠᠢ᠌ᠴᠠᠭ᠋ᠠᠵᠤ᠂ 2 ᠬᠦᠮᠦᠨ᠎ᠳᠤ ᠮᠠᠰᠠ ᠵᠠᠰᠠᠯ ᠬᠢᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯᠬᠦᠢ ᠦᠢ᠍ᠯᠡᠳᠪᠤᠷᠢᠯᠡᠯ᠎ᠤᠨ ᠠᠵᠢᠯ᠎ᠢ ᠪᠠᠢ᠌ᠴᠠᠭ᠋ᠠᠪᠠ
ᠯᠢ ᠺᠸ ᠴᠢᠶᠠᠩ ᠺᠠᠮᠪᠤᠵᠠ ᠵᠢᠨ ᠳᠡᠷᠢᠬᠦᠨ ᠰᠠᠢ᠌ᠳ ᠬᠤᠩᠰᠸᠨ᠎ᠲᠠᠢ ᠠᠭᠤᠯᠵᠠᠨ ᠶᠡᠷᠢᠯᠴᠠᠪᠠ
ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ 2019 ᠤᠨ᠎ᠤ ᠴᠠᠭ᠋ᠠᠨ ᠰᠠᠷ᠎ᠠ ᠵᠢ ᠤᠭᠳᠤᠬᠤ ᠳᠠᠢ᠌ᠯᠠᠯᠭ᠎ᠠ ᠬᠢᠵᠡᠢ
ᠢᠲ᠋ᠠᠯᠢ ᠵᠢᠨ ᠶᠡᠷᠦᠩᠭᠡᠢ ᠰᠠᠢ᠌ᠳ ᠺᠦᠩᠲᠸ ᠸᠠᠩ ᠢ᠎ᠲᠠᠢ ᠠᠭᠤᠯᠵᠠᠪᠠ
ᠵᠤᠤ ᠺᠸ ᡁᠢ᠄ ᠤᠯᠤᠰ ᠳᠦᠷᠦ ᠵᠢᠨ ᠰᠡᠷᠡᠮᠵᠢᠯᠡᠬᠦᠯᠦᠯ᠎ᠢ ᠪᠠᠷᠢᠮᠳᠠᠯᠠᠨ ᠰᠤᠷᠳᠠᠯ᠎ᠢ ᠳᠦᠪ ᠪᠤᠯᠭ᠋ᠠᠨ ᠰᠠᠬᠢᠯᠭ᠎ᠠ ᠪᠠᠳᠤ ᠵᠢ ᠴᠢᠩᠭ᠋ᠠᠳᠬᠠᠵᠤ ᠰᠢᠨ᠎ᠠ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ᠎ᠳᠤ ᠠᠮᠤᠷ ᠳᠦᠪᠰᠢᠨ᠎ᠤ ᠪᠠᠳᠤᠯᠠᠭ᠎ᠠ ᠬᠠᠩᠭ᠋ᠠᠬᠤ ᠭᠡᠷᠡᠭᠳᠡᠢ ᠭᠡᠪᠡ
 
            