1 ᠳ᠋ᠤᠭᠡᠷ ᠰᠠᠷ᠎ᠠ ᠵᠢᠨ 3᠎ᠤ ᠠ᠋ᠳᠤᠷ᠂ ᠠᠯᠠᠱ᠌ᠠ ᠵᠡᠬᠦᠨ ᠬᠤᠰᠢᠭᠤᠨ᠎ᠤ ᠠᠷᠠᠳ᠎ᠤᠨ ᠶᠠᠪᠤᠳᠠᠯ᠎ᠤᠨ ᠳᠤᠪᠴᠢᠶᠠᠨ᠎ᠤ᠎ᠬᠢᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ ᠪᠤᠯᠤᠨ ᠦᠪᠡᠷᠳᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠵᠢᠨ ᠪᠠᠢ᠌ᠷᠢᠯᠠᠭᠤᠯᠤᠯᠳᠠ ᠵᠢ ᠵᠢᠷᠤᠮᠯᠠᠨ ᠪᠦᠬᠦ ᠬᠤᠰᠢᠭᠤᠨ᠎ᠤ ᠰᠤᠮᠤ ᠪᠠᠯᠭ᠋ᠠᠰᠤ᠂ ᠵᠡᠭᠡᠯᠢ ᠭᠤᠳᠤᠮᠵᠢ ᠵᠢᠨ ᠭᠡᠷᠡᠭ ᠠ᠋ᠷᠬᠢᠯᠡᠬᠦ ᠭᠠᠵᠠᠷ᠎ᠤᠨ ᠠᠷᠠᠳ᠎ᠤᠨ ᠶᠠᠪᠤᠳᠠᠯ᠎ᠤᠨ ᠳᠤᠰᠠᠯᠠᠭᠴᠢ ᠵᠢ ᠵᠤᠬᠢᠶᠠᠨ ᠪᠠᠢ᠌ᠭᠤᠯᠤᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠪᠤᠯᠪᠠᠰᠤᠷᠠᠯ ᠬᠢᠬᠦ ᠵᠢᠨ ᠬᠠᠮᠳᠤ ᠨᠢᠭᠡᠳᠦᠭᠡᠷ ᠰᠠᠷ᠎ᠠ᠎ᠳᠤ ᠳᠠᠩᠰᠠᠨ᠎ᠳᠤ ᠪᠠᠢ᠌ᠭ᠎ᠠ ᠵᠡᠮᠳᠡᠭᠴᠤᠳ᠎ᠤᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠵᠢ ᠭᠠᠷᠳᠠᠨ ᠬᠢᠵᠠᠢ᠃
ᠠᠯᠠᠱ᠌ᠠ ᠵᠡᠬᠦᠨ ᠬᠤᠰᠢᠭᠤ 2016 ᠤᠨ᠎ᠤ 1 ᠳ᠋ᠤᠭᠡᠷ ᠰᠠᠷ᠎ᠠ᠎ᠠᠴᠠ ᠠ᠋ᠬᠢᠯᠡᠨ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳᠦᠷᠢᠮ᠎ᠢ ᠭᠡᠷᠡᠭᠵᠢᠬᠦᠯᠵᠤ᠂ ᠬᠤᠳᠠ ᠪᠠᠯᠭ᠋ᠠᠰᠤᠨ᠎ᠤ ᠶᠠᠳᠠᠭᠤ ᠬᠦᠴᠢᠷᠳᠡᠯ᠎ᠲᠠᠢ ᠵᠡᠮᠳᠡᠭ ᠬᠦᠮᠦᠨ᠎ᠤ ᠠᠮᠢᠳᠤᠷᠠᠯ᠎ᠤᠨ ᠨᠦᠬᠦᠪᠤᠷᠢ ᠵᠢᠨ ᠪᠠᠷᠢᠮᠵᠢᠶ᠎ᠠ ᠵᠢ ᠰᠠᠷ᠎ᠠ ᠪᠦᠷᠢ ᠬᠦᠮᠦᠨ ᠳᠤᠳᠤᠮ 50 ᠳᠦᠬᠦᠷᠢᠭ᠂ ᠮᠠᠯᠵᠢᠬᠤ ᠳᠠᠷᠢᠶᠠᠯᠠᠬᠤ ᠤᠷᠤᠨ᠎ᠤ ᠶᠠᠳᠠᠭᠤ ᠬᠦᠴᠢᠷᠳᠡᠯ᠎ᠲᠠᠢ ᠵᠡᠮᠳᠡᠭ ᠬᠦᠮᠦᠨ᠎ᠤ ᠠᠮᠢᠳᠤᠷᠠᠯ᠎ᠤᠨ ᠨᠦᠬᠦᠪᠤᠷᠢ ᠵᠢᠨ ᠪᠠᠷᠢᠮᠵᠢᠶ᠎ᠠ ᠵᠢ ᠰᠠᠷ᠎ᠠ ᠪᠦᠷᠢ ᠬᠦᠮᠦᠨ ᠳᠤᠳᠤᠮ 30 ᠳᠦᠬᠦᠷᠢᠭ᠂ ᠬᠦᠨᠳᠤ ᠭᠡᠴᠡᠬᠦᠤ ᠵᠡᠮᠳᠡᠭ ᠬᠦᠮᠤᠰ᠎ᠢ ᠠᠰᠠᠷᠠᠨ ᠰᠤᠪᠢᠯᠠᠬᠤ ᠨᠦᠬᠦᠪᠤᠷᠢ ᠵᠢᠨ ᠪᠠᠷᠢᠮᠵᠢᠶ᠎ᠠ ᠵᠢ ᠰᠠᠷ᠎ᠠ ᠪᠦᠷᠢ ᠬᠦᠮᠦᠨ ᠳᠤᠳᠤᠮ 42 ᠳᠦᠬᠦᠷᠢᠭ ᠵᠶ᠋ᠡᠷ ᠳᠣᠭᠲᠠᠭ᠋ᠠᠨ᠂ ᠨᠦᠬᠦᠪᠤᠷᠢ ᠵᠢᠨ ᠪᠠᠷᠢᠮᠵᠢᠶ᠎ᠠ ᠵᠢ ᠬᠤᠶᠠᠷ ᠤᠳᠠᠭ᠎ᠠ ᠳᠡᠭᠡᠭᠰᠢᠯᠡᠬᠦᠯᠦᠨ᠂ ᠪᠦᠬᠦᠨ᠎ᠢ ᠰᠠᠷ᠎ᠠ ᠪᠦᠷᠢ ᠬᠦᠮᠦᠨ ᠳᠤᠳᠤᠮ 100 ᠳᠦᠬᠦᠷᠢᠭ ᠪᠤᠯᠭ᠋ᠠᠨ ᠨᠡᠮᠡᠭᠳᠡᠬᠦᠯᠵᠡᠢ᠃ 2019 ᠤᠨ᠎ᠤ 1 ᠳ᠋ᠤᠭᠡᠷ ᠰᠠᠷ᠎ᠠ᠎ᠳᠤ ᠶᠠᠳᠠᠭᠤ ᠬᠦᠴᠢᠷᠳᠡᠯ᠎ᠲᠠᠢ 462 ᠨᠡᠷ᠎ᠡ ᠵᠡᠮᠳᠡᠭ ᠬᠦᠮᠦᠨ ᠪᠤᠯᠤᠨ 1280 ᠨᠡᠷ᠎ᠡ ᠬᠦᠨᠳᠤ ᠭᠡᠴᠡᠬᠦᠤ ᠵᠡᠮᠳᠡᠭ ᠬᠦᠮᠦᠨ᠎ᠳᠤ 17.5 ᠳᠦᠮᠡᠨ ᠳᠦᠬᠦᠷᠢᠭ᠎ᠤᠨ ᠬᠤᠶᠠᠷ ᠵᠦᠢ᠍ᠯ᠎ᠤᠨ ᠨᠦᠬᠦᠪᠤᠷᠢ ᠦᠭᠴᠡᠢ᠃ ᠦᠨᠦ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠠᠵᠢᠯ᠎ᠢ ᠠ᠋ᠮᠬᠢ ᠵᠢᠷᠤᠮ᠎ᠲᠠᠢ ᠶᠠᠪᠤᠭᠳᠠᠭᠤᠯᠵᠤ᠂ ᠬᠤᠵᠢᠮ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢ ᠬᠢᠨᠠᠨ ᠬᠠᠮᠢᠶᠠᠷᠬᠤ᠂ ᠬᠠᠷᠢᠴᠠᠭᠤᠯᠬᠤ ᠵᠡᠷᠭᠡ ᠵᠢ ᠤᠯᠠᠮ ᠳᠦᠬᠦᠮ ᠪᠤᠯᠭ᠋ᠠᠬᠤ᠎ᠪᠠᠷ ᠪᠠᠢ᠌ᠨ᠎ᠠ᠃
![]()