ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠨᠠᠢ᠍ᠮᠠᠨ ᠬᠤᠰᠢᠭᠤᠨ᠎ᠤ ᠤᠷᠤᠰᠢᠭᠤᠯᠭ᠎ᠠ ᠵᠢᠨ ᠶᠡᠷᠦᠩᠭᠡᠢ᠌ᠯᠡᠭᠰᠡᠨ ᠦᠭᠡᠷᠡᠴᠢᠯᠡᠯᠳᠡ ᠵᠢᠨ ᠳᠤᠷᠰᠢᠯᠳᠠ ᠵᠢᠨ ᠠᠵᠢᠯ ᠢᠯᠡᠳᠳᠡ ᠠᠮᠵᠢᠯᠳᠠ ᠤᠯᠵᠠᠢ
ᠨᠡᠶᠢᠲᠡᠯᠡᠭᠰᠡᠨ ᠴᠠᠭ᠄ 2019-01-14

           
      ᠳᠦᠩᠯᠢᠶᠤᠤ ᠬᠤᠳᠠ ᠵᠢᠨ ᠨᠠᠢ᠍ᠮᠠᠨ ᠬᠤᠰᠢᠭᠤ 2017 ᠤᠨ᠎ᠤ 11 ᠳ᠋ᠤᠭᠡᠷ ᠰᠠᠷ᠎ᠠ᠎ᠳᠤ ᠪᠦᠬᠦ ᠤᠯᠤᠰ᠎ᠤᠨ ᠤᠷᠤᠰᠢᠭᠤᠯᠭ᠎ᠠ ᠵᠢᠨ ᠶᠡᠷᠦᠩᠭᠡᠢ᠌ᠯᠡᠭᠰᠡᠨ ᠦᠭᠡᠷᠡᠴᠢᠯᠡᠯᠳᠡ ᠵᠢᠨ ᠳᠤᠷᠰᠢᠯᠳᠠ ᠵᠢᠨ ᠴᠢᠭ ᠵᠶ᠋ᠡᠷ ᠳᠤᠭᠳᠠᠭ᠋ᠠᠭᠰᠠᠨ᠎ᠠᠴᠠ ᠨᠠᠭ᠋ᠠᠰᠢ᠂ ᠤᠷᠤᠰᠢᠭᠤᠯᠭ᠎ᠠ ᠵᠢᠨ ᠬᠠᠷᠠᠭ᠋ᠠᠯᠵᠠᠯ᠎ᠤᠨ ᠳᠦᠷᠦ ᠵᠢᠨ ᠪᠤᠳᠤᠯᠭ᠎ᠠ ᠵᠢ ᠢᠳᠡᠪᠬᠢᠳᠡᠢ ᠨᠠᠢ᠌ᠳᠠᠪᠤᠷᠢᠵᠢᠭᠤᠯᠤᠨ᠂ ᠤᠷᠤᠰᠢᠭᠤᠯᠭ᠎ᠠ ᠵᠢᠨ ᠤᠯᠠᠨ ᠨᠡᠢ᠌ᠳᠡ ᠵᠢᠨ ᠦᠢ᠍ᠯᠡᠴᠢᠯᠡᠭᠡᠨ᠎ᠤ ᠳᠦᠬᠦᠭᠡᠷᠦᠮᠵᠢ ᠵᠢ ᠳᠡᠬᠦᠯᠳᠡᠷᠵᠢᠬᠦᠯᠬᠦ᠂ ᠤᠷᠤᠰᠢᠭᠤᠯᠭ᠎ᠠ ᠵᠢᠨ ᠭᠡᠪ ᠵᠠᠩᠰᠢᠯ᠎ᠢ ᠦᠭᠡᠷᠡᠴᠢᠯᠡᠬᠦ ᠵᠡᠷᠭᠡ ᠳᠡᠯ᠎ᠡ᠎ᠪᠠᠷ ᠵᠤᠷᠢᠭᠳᠠᠢ ᠳᠤᠷᠰᠢᠨ᠂ ᠵᠤᠷᠢᠭᠳᠠᠢ᠎ᠪᠠᠷ ᠰᠢᠨᠡᠴᠢᠯᠡᠵᠤ᠂ ᠱᠠᠳᠤᠴᠢ ᠴᠢᠨᠠᠷ᠎ᠲᠠᠢ ᠦᠷ᠎ᠡ ᠪᠦᠳᠦᠮᠵᠢ ᠤᠯᠵᠠᠢ᠃
      ᠤᠷᠤᠰᠢᠭᠤᠯᠭ᠎ᠠ ᠵᠢᠨ ᠬᠠᠷᠠᠭ᠋ᠠᠯᠵᠠᠯ᠎ᠤᠨ ᠳᠦᠷᠦ ᠵᠢᠨ ᠪᠤᠳᠤᠯᠭ᠎ᠠ ᠵᠢ ᠪᠦᠬᠦ ᠳᠠᠯ᠎ᠠ᠎ᠪᠠᠷ ᠨᠡᠢ᠌ᠳᠡᠪᠤᠷᠢᠵᠢᠭᠤᠯᠪᠠ
     《ᠨᠠᠢ᠍ᠮᠠᠨ ᠬᠤᠰᠢᠭᠤᠨ᠎ᠤ ᠤᠷᠤᠰᠢᠭᠤᠯᠭ᠎ᠠ ᠵᠢᠨ ᠶᠡᠷᠦᠩᠭᠡᠢ᠌ᠯᠡᠭᠰᠡᠨ ᠦᠭᠡᠷᠡᠴᠢᠯᠡᠯᠳᠡ ᠵᠢᠨ ᠳᠤᠷᠰᠢᠯᠳᠠ ᠵᠢᠨ ᠳᠦᠰᠦᠯ》 ᠳᠤᠭᠳᠠᠭ᠋ᠠᠵᠤ᠂ 《ᠦᠨᠳᠦᠰᠤᠨ ᠤᠷᠤᠰᠢᠭᠤᠯᠭ᠎ᠠ ᠵᠢᠨ ᠦᠢ᠍ᠯᠡᠴᠢᠯᠡᠭᠡᠨ᠎ᠤ ᠵᠠᠷᠤᠳᠠᠯ᠎ᠢ ᠠ᠋ᠳ᠋᠎ᠤᠨ ᠵᠠᠰᠠᠭ᠎ᠠᠴᠠ ᠭᠠᠷᠭ᠋ᠠᠬᠤ》᠂ 《ᠠᠮᠢ ᠠᠬᠤᠢ ᠵᠢᠨ ᠱᠠᠩᠨᠠᠯ ᠨᠦᠬᠦᠪᠤᠷᠢ ᠦᠭᠬᠦ》 ᠵᠡᠷᠭᠡ ᠰᠢᠷᠢᠰ ᠬᠠᠷᠠᠭ᠋ᠠᠯᠵᠠᠯ᠎ᠤᠨ ᠤᠷᠤᠰᠢᠭᠤᠯᠭ᠎ᠠ ᠵᠢᠨ ᠠᠷᠭ᠎ᠠ ᠭᠡᠮᠵᠢᠶ᠎ᠡ ᠵᠢ ᠳᠤᠭᠳᠠᠭ᠋ᠠᠨ ᠬᠡᠷᠡᠭᠵᠢᠭᠦᠯᠪᠡ᠃ 2018 ᠤᠨ᠎ᠤ 3 ᠳ᠋ᠤᠭ᠋ᠠᠷ ᠰᠠᠷ᠎ᠠ ᠵᠢᠨ 20᠎ᠤ ᠠ᠋ᠳᠤᠷ᠎ᠠᠴᠠ ᠠ᠋ᠬᠢᠯᠡᠨ ᠨᠠᠢ᠍ᠮᠠᠨ ᠬᠤᠰᠢᠭᠤᠨ᠎ᠳᠤ ᠠ᠋ᠷᠦᠭᠡ ᠠᠮᠠᠨ ᠳᠤᠭ᠎ᠠ᠎ᠲᠠᠢ (ᠠᠯᠪᠠᠨ ᠠᠵᠢᠯᠳᠠᠨ ᠪᠤᠰᠤ) ᠬᠦᠮᠦᠨ᠎ᠤ ᠭᠡᠬᠦᠷ᠎ᠢ ᠳᠡᠭᠳᠡᠭᠡᠬᠦ᠎ᠳᠤ ᠳᠦᠷᠪᠡᠨ ᠵᠦᠢ᠍ᠯ᠎ᠤᠨ ᠦᠨᠳᠦᠰᠤᠨ ᠤᠷᠤᠰᠢᠭᠤᠯᠭ᠎ᠠ ᠵᠢᠨ ᠦᠢ᠍ᠯᠡᠴᠢᠯᠡᠭᠡᠨ᠎ᠤ ᠵᠠᠷᠤᠳᠠᠯ᠎ᠢ ᠴᠦᠮ ᠵᠠᠰᠠᠭ᠎ᠤᠨ ᠤᠷᠳᠤᠨ᠎ᠠᠴᠠ ᠬᠠᠷᠢᠭᠤᠴᠠᠵᠤ᠂ ᠡᠪᠡᠰᠤ ᠮᠤᠳᠤᠨ᠎ᠳᠤ ᠤᠷᠤᠰᠢᠭᠤᠯᠬᠤ᠂ ᠴᠡᠴᠡᠭ ᠬᠤᠸᠠᠷ᠎ᠲᠤ ᠤᠷᠤᠰᠢᠭᠤᠯᠬᠤ᠂ ᠳᠠᠯᠠᠢ᠎ᠳᠤ ᠤᠷᠤᠰᠢᠭᠤᠯᠬᠤ᠂ ᠨᠠᠭᠤᠷ ᠭᠤᠤᠯ᠎ᠳᠤ ᠤᠷᠤᠰᠢᠭᠤᠯᠬᠤ ᠵᠡᠷᠭᠡ ᠪᠤᠯᠪᠠᠰᠤᠨ ᠪᠦᠭᠡᠳ ᠪᠤᠬᠢᠷᠳᠤᠯ ᠦᠭᠡᠢ ᠤᠷᠤᠰᠢᠭᠤᠯᠭ᠎ᠠ ᠬᠢᠭᠰᠡᠳ᠎ᠲᠤ ᠨᠢᠭᠡ ᠣᠳᠠᠭ᠎ᠠ᠎ᠳᠤ 1000 ᠳᠦᠬᠦᠷᠢᠭ᠎ᠤᠨ ᠨᠦᠬᠦᠪᠤᠷᠢ ᠦᠭᠬᠦ ᠵᠢ ᠭᠡᠷᠡᠭᠵᠢᠬᠦᠯᠵᠡᠢ᠃
      ᠤᠷᠤᠰᠢᠭᠤᠯᠭ᠎ᠠ ᠵᠢᠨ ᠳᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢ ᠳᠦᠷᠭᠡᠳᠭᠡᠪᠡ
      ᠪᠦᠳᠦᠭᠡᠨ ᠪᠠᠢ᠌ᠭᠤᠯᠤᠯᠳᠠ ᠵᠢᠨ ᠳᠠᠯᠠᠪᠠᠢ᠎ᠨᠢ 48 ᠮᠤ᠌᠎ᠳᠤ ᠬᠦᠷᠬᠦ ᠨᠠᠷᠢᠳ᠎ᠤᠨ ᠭᠤᠤᠯ᠎ᠤᠨ ᠠᠮᠢ ᠠᠬᠤᠢ ᠵᠢᠨ ᠪᠤᠩᠬᠤᠨ᠎ᠤ ᠬᠦᠷᠢᠶᠡᠯᠡᠩ ᠪᠠᠢ᠌ᠭᠤᠯᠵᠤ᠂ 740 ᠪᠤᠩᠬᠤᠨ᠎ᠤ ᠭᠠᠵᠠᠷ ᠭᠠᠷᠭ᠋ᠠᠨ᠂ 5300 ᠳᠡᠭᠰᠢ ᠳᠦᠷᠪᠡᠯᠵᠢᠨ ᠮᠸᠲᠷ ᠳᠠᠯᠠᠪᠠᠢ᠎ᠲᠠᠢ ᠮᠤᠳᠤᠨ᠎ᠳᠤ ᠤᠷᠤᠰᠢᠭᠤᠯᠬᠤ ᠭᠠᠵᠠᠷ᠂ 2500 ᠳᠡᠭᠰᠢ ᠳᠦᠷᠪᠡᠯᠵᠢᠨ ᠮᠸᠲᠷ ᠳᠠᠯᠠᠪᠠᠢ᠎ᠲᠠᠢ ᠡᠪᠡᠰᠤᠨ᠎ᠳᠤ ᠤᠷᠤᠰᠢᠭᠤᠯᠬᠤ ᠭᠠᠵᠠᠷ᠂ 1000 ᠳᠡᠭᠰᠢ ᠳᠦᠷᠪᠡᠯᠵᠢᠨ ᠮᠸᠲᠷ ᠳᠠᠯᠠᠪᠠᠢ᠎ᠲᠠᠢ ᠴᠡᠴᠡᠭ ᠬᠤᠸᠠᠷ᠎ᠲᠤ ᠤᠷᠤᠰᠢᠭᠤᠯᠬᠤ ᠭᠠᠵᠠᠷ ᠭᠠᠷᠡᠭ᠋ᠠᠵᠤ᠂ ᠵᠠᠷᠤᠳᠠᠯ ᠬᠤᠷᠢᠶᠠᠬᠤ ᠦᠭᠡᠢ᠎ᠪᠠᠷ ᠤᠷᠤᠰᠢᠭᠤᠯᠬᠤ ᠪᠤᠯᠭ᠋ᠠᠵᠠᠢ᠃ ᠵᠢᠷᠭᠤᠳᠤᠭ᠋ᠠᠷ ᠳᠠᠷᠢᠶᠠᠯᠠᠩ᠎ᠤᠨ ᠳᠠᠯᠠᠪᠠᠢ᠂ ᠳ᠋ᠦᠩ ᠮᠢᠩ ᠪᠠᠯᠭ᠋ᠠᠰᠤᠨ᠎ᠤ ᠬᠤᠢ᠌ᠳᠤ ᠨᠠᠷᠢᠨ ᠳᠤᠰᠬᠤᠨ᠂ ᠪᠠᠢ᠌ᠰᠢᠩᠳᠤ ᠪᠠᠯᠭ᠋ᠠᠰᠤ ᠵᠢᠨ ᠪᠠᠷᠠᠭᠤᠨ ᠳᠠᠷᠢᠶᠠᠳᠤ ᠳᠤᠰᠬᠤᠨ ᠵᠡᠷᠭᠡ ᠭᠠᠵᠠᠷ ᠤᠷᠤᠨ᠎ᠳᠤ ᠳᠤᠰᠬᠤᠨ᠎ᠤ ᠳᠡᠰ᠎ᠤᠨ ᠨᠡᠢ᠌ᠳᠡ ᠵᠢᠨ ᠠᠰᠠᠷᠠᠮᠵᠢ ᠵᠢᠨ ᠴᠢᠨᠠᠷ᠎ᠲᠠᠢ ᠪᠤᠩᠬᠤᠨ᠎ᠤ ᠭᠠᠵᠠᠷ 100 ᠭᠠᠷᠭ᠋ᠠᠵᠤ᠂ ᠪᠠᠶᠠᠨᠳᠠᠯ᠎ᠠ ᠰᠤᠮᠤᠨ᠎ᠤ ᠶᠡᠭᠡᠠᠤᠰᠤ ᠭᠠᠴᠠᠭ᠋ᠠᠨ᠎ᠳᠤ ᠪᠠᠷᠢᠮᠵᠢᠶᠠᠭᠰᠠᠨ ᠠᠮᠢ ᠠᠬᠤᠢ ᠵᠢᠨ ᠪᠤᠩᠬᠤᠨ᠎ᠤ ᠭᠠᠵᠠᠷ ᠨᠢᠭᠡ ᠭᠠᠷᠭ᠋ᠠᠵᠤ᠂ ᠭᠠᠴᠠᠭ᠎ᠠ ᠳᠤᠰᠬᠤᠨ᠎ᠤ ᠠᠷᠠᠳ᠎ᠤᠨ ᠤᠷᠤᠰᠢᠭᠤᠯᠭ᠎ᠠ ᠵᠢᠨ ᠦᠪᠡᠷ᠎ᠤᠨ ᠦᠷᠳᠡᠭ᠎ᠢ ᠪᠠᠭᠤᠷᠠᠭᠤᠯᠤᠨ᠂ ᠶᠡᠭᠡ ᠭᠠᠵᠠᠷ ᠭᠡᠷᠡᠭᠰᠡᠨ ᠤᠷᠤᠰᠢᠭᠤᠯᠬᠤ ᠪᠡ ᠭᠡᠭᠡᠨᠴᠢᠷ ᠤᠷᠤᠰᠢᠭᠤᠯᠭ᠎ᠠ ᠬᠢᠬᠦ ᠵᠢ ᠪᠦᠳᠦᠮᠵᠢᠳᠡᠢ ᠬᠤᠷᠢᠭᠯᠠᠵᠤ᠂ ᠤᠷᠤᠰᠢᠭᠤᠯᠭ᠎ᠠ ᠵᠢᠨ ᠠᠵᠢᠯ᠎ᠤᠨ ᠶᠡᠷᠦᠩᠭᠡᠢ᠌ᠯᠡᠭᠰᠡᠨ ᠦᠭᠡᠷᠡᠴᠢᠯᠡᠯᠳᠡ᠎ᠳᠤ ᠰᠠᠢ᠌ᠨ ᠰᠠᠭᠤᠷᠢ ᠳᠠᠯᠪᠢᠵᠠᠢ᠃
      ᠪᠤᠬᠢᠷᠳᠤᠯ ᠦᠭᠡᠢ ᠤᠷᠤᠰᠢᠭᠤᠯᠭ᠎ᠠ ᠵᠢᠨ ᠤᠬᠠᠭᠤᠯᠭ᠎ᠠ ᠵᠢ ᠴᠢᠩᠭ᠋ᠠᠳᠬᠠᠪᠠ
      ᠤᠷᠢᠶ᠎ᠠ ᠯᠤᠽᠦᠢ᠍ᠩ ᠨᠠᠭ᠋ᠠᠬᠤ᠂ ᠤᠬᠠᠭᠤᠯᠭ᠎ᠠ ᠵᠢᠨ ᠫᠠᠢ᠌ᠰᠠ ᠠ᠋ᠯᠬᠦᠬᠦ᠂ ᠰᠤᠮᠤ ᠰᠢᠶᠠᠩ ᠪᠠᠯᠭ᠋ᠠᠰᠤ᠎ᠪᠠᠷ ᠬᠦᠨᠵᠡᠭᠡᠢ᠌ᠷᠡᠨ ᠤᠬᠠᠭᠤᠯᠬᠤ᠂ ᠲᠸᠯᠸᠢᠰ ᠳᠡᠭᠡᠷ᠎ᠡ ᠤᠬᠠᠭᠤᠯᠬᠤ ᠪᠠ ᠭᠠᠷ ᠤᠳᠠᠰᠤᠨ ᠴᠠᠬᠢᠮ ᠮᠡᠳᠡᠭᠡ᠂ ᠵᠢᠷᠬᠢᠶ᠎ᠡ ᠵᠢᠨ ᠳᠠᠪᠴᠠᠩ ᠵᠶ᠋ᠡᠷ ᠤᠬᠠᠭᠤᠯᠬᠤ ᠵᠢ ᠤᠶᠠᠯᠳᠤᠭᠤᠯᠵᠤ᠂ ᠤᠷᠤᠰᠢᠭᠤᠯᠭ᠎ᠠ ᠵᠢᠨ ᠳᠦᠷᠦ ᠵᠢᠨ ᠪᠤᠳᠤᠯᠭ᠎ᠠ᠂ ᠬᠠᠤᠯᠢ ᠳᠦᠷᠢᠮ ᠪᠤᠯᠤᠨ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠪᠦᠬᠦ ᠳᠠᠯ᠎ᠠ᠎ᠪᠠᠷ ᠤᠬᠠᠭᠤᠯᠵᠠᠢ᠃ 2018 ᠤᠨ᠎ᠳᠤ ᠪᠤᠬᠢᠷᠳᠤᠯ ᠦᠭᠡᠢ ᠤᠷᠤᠰᠢᠭᠤᠯᠭ᠎ᠠ ᠵᠢᠨ ᠤᠬᠠᠭᠤᠯᠭ᠎ᠠ ᠵᠢᠨ ᠬᠠᠭᠤᠳᠠᠰᠤ 6 ᠳᠦᠮᠡᠨ ᠬᠤᠪᠢ ᠳᠠᠷᠬᠠᠭ᠋ᠠᠨ᠂ ᠤᠷᠢᠶ᠎ᠠ ᠯᠤᠽᠦᠢ᠍ᠩ 3800᠂ ᠫᠠᠢ᠌ᠰᠠ ᠢᠯᠡᠷᠭᠡᠢ᠌ᠯᠡᠯ 700 ᠬᠤᠪᠢ ᠠ᠋ᠯᠬᠦᠵᠤ᠂ ᠪᠤᠬᠢᠷᠳᠤᠯ ᠦᠭᠡᠢ ᠤᠷᠤᠰᠢᠭᠤᠯᠭ᠎ᠠ ᠵᠢᠨ ᠤᠬᠠᠭᠤᠯᠭ᠎ᠠ ᠵᠢ ᠪᠦᠬᠦ ᠬᠤᠰᠢᠭᠤᠨ᠎ᠳᠤ ᠪᠦᠷᠬᠦᠬᠦᠯᠦᠨ᠂ ᠭᠡᠬᠦᠷ᠎ᠢ ᠳᠡᠭᠳᠡᠭᠡᠬᠦ ᠨᠤᠷᠮ᠎ᠠ ᠵᠢ 100%᠎ᠳᠤ ᠬᠦᠷᠭᠡᠵᠡᠢ᠃ ᠠ᠋ᠬᠦᠨ᠎ᠠᠴᠠ ᠭᠠᠳᠠᠨ᠎ᠠ᠂ ᠪᠦᠬᠦ ᠬᠤᠰᠢᠭᠤᠨ᠎ᠤ 355 ᠵᠠᠰᠠᠭ ᠵᠠᠬᠢᠷᠭ᠋ᠠᠨ᠎ᠤ ᠳᠤᠰᠬᠤᠨ᠎ᠳᠤ ᠤᠷᠤᠭ ᠬᠤᠷᠢᠮ ᠪᠠ ᠤᠷᠤᠰᠢᠭᠤᠯᠭ᠎ᠠ ᠵᠢᠨ ᠶᠠᠪᠤᠳᠠᠯ᠎ᠤᠨ ᠨᠡᠢ᠌ᠭᠡᠮᠯᠢᠭ ᠪᠠᠢ᠌ᠭᠤᠯᠤᠨ᠂ ᠤᠷᠤᠰᠢᠭᠤᠯᠭ᠎ᠠ ᠵᠢᠨ ᠬᠠᠪᠰᠤᠷᠤᠨ ᠬᠠᠮᠢᠶᠠᠷᠤᠭᠴᠢ ᠳᠤᠬᠢᠷᠠᠭᠤᠯᠵᠤ᠂ ᠤᠷᠤᠭ ᠬᠤᠷᠢᠮ᠎ᠢ ᠰᠢᠨ᠎ᠠ ᠮᠠᠶᠢᠭ ᠵᠶ᠋ᠡᠷ ᠬᠢᠵᠤ ᠤᠷᠤᠰᠢᠭᠤᠯᠭ᠎ᠠ ᠵᠢᠨ ᠶᠠᠪᠤᠳᠠᠯ᠎ᠢ ᠳᠦᠭᠦᠮᠴᠢᠯᠡᠬᠦ᠎ᠪᠠᠷ ᠭᠤᠤᠯ ᠪᠤᠯᠭ᠋ᠠᠭᠰᠠᠨ ᠭᠡᠪ ᠵᠠᠩᠰᠢᠯ᠎ᠤᠨ ᠦᠭᠡᠷᠡᠴᠢᠯᠡᠯᠳᠡ ᠵᠢ ᠠᠬᠢᠭᠤᠯᠤᠨ᠂ ᠬᠠᠭᠤᠴᠢᠨ ᠳᠠᠳᠬᠠᠯ ᠵᠶ᠋ᠡᠨ ᠦᠭᠡᠷᠡᠴᠢᠯᠡᠵᠤ᠂ ᠪᠤᠯᠪᠠᠰᠤᠨ ᠰᠤᠷᠳᠠᠯ᠎ᠢ ᠪᠤᠢ ᠪᠤᠯᠭ᠋ᠠᠬᠤ ᠤᠬᠠᠮᠰᠠᠷ᠎ᠢ᠎ᠨᠢ ᠪᠦᠳᠦᠮᠵᠢᠳᠡᠢ ᠳᠡᠭᠡᠭᠰᠢᠯᠡᠬᠦᠯᠵᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠦᠯᠦᠨ ᠪᠤᠢ᠌ᠷ ᠬᠤᠳᠠ ᠬᠤᠳᠤᠭᠤᠳᠤ ᠭᠡᠳᠡᠰᠤᠨ᠎ᠤ ᠠ᠋ᠷᠳᠡ ᠬᠤᠭᠤᠴᠠᠭ᠋ᠠᠨ᠎ᠤ ᠦᠮᠡᠨ᠎ᠢ ᠰᠢᠭᠰᠢᠨ ᠪᠠᠢ᠌ᠴᠠᠭ᠋ᠠᠬᠤ ᠨᠡᠢ᠌ᠳᠡ ᠵᠢᠨ ᠠᠰᠠᠷᠠᠮᠵᠢ ᠵᠢᠨ ᠠᠵᠢᠯᠯᠠᠭ᠎ᠠ ᠦᠷᠨᠢᠬᠦᠯᠪᠡ
ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯᠬᠦᠢ ᠦᠢ᠍ᠯᠡᠳᠪᠤᠷᠢᠯᠡᠯ᠎ᠤᠨ ᠠᠵᠢᠯ᠎ᠢ ᠪᠠᠢ᠌ᠴᠠᠭ᠋ᠠᠪᠠ
ᠯᠢ ᠺᠸ ᠴᠢᠶᠠᠩ ᠺᠠᠮᠪᠤᠵᠠ ᠵᠢᠨ ᠳᠡᠷᠢᠬᠦᠨ ᠰᠠᠢ᠌ᠳ ᠬᠤᠩᠰᠸᠨ᠎ᠲᠠᠢ ᠠᠭᠤᠯᠵᠠᠨ ᠶᠡᠷᠢᠯᠴᠠᠪᠠ
ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ 2019 ᠤᠨ᠎ᠤ ᠴᠠᠭ᠋ᠠᠨ ᠰᠠᠷ᠎ᠠ ᠵᠢ ᠤᠭᠳᠤᠬᠤ ᠳᠠᠢ᠌ᠯᠠᠯᠭ᠎ᠠ ᠬᠢᠵᠡᠢ
ᠢᠲ᠋ᠠᠯᠢ ᠵᠢᠨ ᠶᠡᠷᠦᠩᠭᠡᠢ ᠰᠠᠢ᠌ᠳ ᠺᠦᠩᠲᠸ ᠸᠠᠩ ᠢ᠎ᠲᠠᠢ ᠠᠭᠤᠯᠵᠠᠪᠠ
 
            