ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠦᠯᠦᠨ ᠪᠤᠢ᠌ᠷ ᠬᠤᠳᠠ ᠵᠢᠨ ᠶᠠᠳᠠᠭᠤ ᠬᠦᠴᠢᠷᠳᠡᠯ᠎ᠲᠠᠢ ᠤᠯᠠᠨ ᠳᠦᠮᠡᠨ᠎ᠤ ᠬᠤᠳᠤᠭᠤᠳᠤ ᠭᠡᠳᠡᠰᠤᠨ᠎ᠤ ᠡᠪᠡᠳᠴᠢᠨ᠎ᠢ ᠦᠨ᠎ᠡ ᠳᠦᠯᠦᠪᠤᠷᠢ ᠦᠭᠡᠢ᠎ᠪᠠᠷ ᠵᠠᠰᠠᠬᠤ ᠨᠠᠢ᠌ᠳᠠ ᠵᠢᠨ ᠠᠰᠠᠷᠠᠮᠵᠢ ᠵᠢᠨ ᠠᠵᠢᠯᠯᠠᠭ᠎ᠠ ᠠ᠋ᠬᠢᠯᠡᠪᠡ
ᠨᠡᠶᠢᠲᠡᠯᠡᠭᠰᠡᠨ ᠴᠠᠭ᠄ 2018-11-28

         
      ᠬᠦᠯᠦᠨ ᠪᠤᠢ᠌ᠷ ᠬᠤᠳᠠ ᠵᠢᠨ ᠪᠤᠶᠠᠨ᠎ᠤ ᠦᠢ᠍ᠯᠡᠰ᠎ᠤᠨ ᠶᠡᠷᠦᠩᠭᠡᠢ ᠨᠡᠢ᠌ᠭᠡᠮᠯᠢᠭ ᠭᠤᠤᠯᠯᠠᠨ ᠠ᠋ᠷᠬᠢᠯᠡᠵᠤ᠂ ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶ᠎ᠠ ᠵᠢᠭ᠋ᠠᠨ ᠵᠢᠯᠤᠭᠤᠳᠴᠤ᠂ ᠬᠦᠯᠦᠨ ᠪᠤᠢ᠌ᠷ ᠬᠤᠳᠠ ᠵᠢᠨ ᠬᠤᠳᠤᠭᠤᠳᠤ ᠭᠡᠳᠡᠰᠤᠨ᠎ᠤ ᠠ᠋ᠮᠨᠡᠯᠭᠡ ᠵᠢᠨ ᠬᠤᠷᠢᠶ᠎ᠠ ᠳᠠᠭ᠋ᠠᠭ᠋ᠠᠴᠢᠯᠠᠨ ᠬᠢᠭᠰᠡᠨ ᠬᠦᠯᠦᠨ ᠪᠤᠢ᠌ᠷ ᠬᠤᠳᠠ ᠵᠢᠨ ᠬᠤᠳᠤᠭᠤᠳᠤ ᠭᠡᠳᠡᠰᠤᠨ ᠦᠮᠠᠨ᠎ᠢ ᠰᠢᠭᠰᠢᠨ ᠪᠠᠢ᠌ᠴᠠᠭ᠋ᠠᠬᠤ ᠵᠢᠴᠢ ᠶᠠᠳᠠᠭᠤ ᠬᠦᠴᠢᠷᠳᠡᠯ᠎ᠲᠠᠢ ᠤᠯᠠᠨ ᠳᠦᠮᠡᠨ᠎ᠤ ᠬᠤᠳᠤᠭᠤᠳᠤ ᠭᠡᠳᠡᠰᠤᠨ ᠡᠪᠡᠳᠴᠢᠨ᠎ᠢ ᠦᠨ᠎ᠡ ᠳᠦᠯᠦᠪᠤᠷᠢ ᠦᠭᠡᠢ᠎ᠪᠠᠷ ᠵᠠᠰᠠᠬᠤ ᠨᠡᠢ᠌ᠳᠡ ᠵᠢᠨ ᠠᠰᠠᠷᠠᠮᠵᠢ ᠵᠢᠨ ᠠᠵᠢᠯᠯᠠᠭ᠎ᠠ ᠤᠢ᠌ᠷ᠎ᠠ᠎ᠳᠤ ᠵᠢᠩᠬᠢᠨᠢ᠎ᠪᠠᠷ ᠠ᠋ᠬᠢᠯᠡᠵᠡᠢ᠃ ᠠ᠋ᠨᠡᠬᠦ ᠠᠵᠢᠯᠯᠠᠭ᠎ᠠ᠎ᠨᠢ ᠪᠦᠬᠦ ᠬᠤᠳᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠪᠤᠷᠢ ᠬᠦᠷᠳᠡᠵᠤ ᠪᠠᠢ᠌ᠭ᠎ᠠ ᠬᠦᠮᠦᠰ᠂ ᠮᠠᠯᠵᠢᠬᠤ ᠳᠠᠷᠢᠶᠠᠯᠠᠬᠤ ᠤᠷᠤᠨ᠎ᠤ ᠤᠨᠴᠠ ᠬᠦᠴᠢᠷᠳᠡᠯ᠎ᠲᠠᠢ ᠬᠦᠮᠦᠰ᠂ ᠳᠤᠤᠷ᠎ᠡ ᠤᠷᠤᠯᠭ᠋ᠠᠳᠤ ᠠ᠋ᠷᠦᠭᠡ᠂ ᠳᠠᠩᠰᠠ ᠺᠠᠷᠲ᠎ᠲᠠᠢ ᠶᠠᠳᠠᠭᠤ ᠬᠦᠴᠢᠷᠳᠡᠯ᠎ᠲᠠᠢ ᠠ᠋ᠷᠦᠭᠡ ᠪᠤᠯᠤᠨ ᠪᠤᠰᠤᠳ ᠤᠨᠴᠠ ᠬᠦᠴᠢᠷᠳᠡᠯ᠎ᠲᠠᠢ ᠤᠯᠠᠨ ᠳᠦᠮᠡᠨ᠎ᠤ ᠰᠢᠩᠭᠡᠭᠡᠯᠳᠡ ᠵᠢᠨ ᠰᠢᠰᠲᠸᠮ᠎ᠤᠨ ᠠ᠋ᠷᠳᠡ ᠵᠢᠨ ᠬᠤᠭᠤᠴᠠᠭ᠋ᠠᠨ᠎ᠤ ᠦᠮᠡᠨ᠎ᠢ ᠰᠢᠭᠰᠢᠨ ᠪᠠᠢ᠌ᠴᠠᠭ᠋ᠠᠬᠤ ᠵᠢᠨ ᠬᠠᠮᠳᠤ ᠦᠨ᠎ᠡ ᠳᠦᠯᠦᠪᠤᠷᠢ ᠦᠭᠡᠢ᠎ᠪᠠᠷ ᠠ᠋ᠮᠨᠡᠨ ᠵᠠᠰᠠᠵᠤ᠂ 《ᠡᠪᠡᠳᠴᠢᠨ᠎ᠢ᠎ᠨᠢ ᠠ᠋ᠷᠳᠡ ᠢᠯᠡᠷᠡᠬᠦᠯᠦᠨ ᠠᠮᠢ ᠨᠠᠰᠤ ᠵᠢ᠎ᠨᠢ ᠠᠪᠤᠷᠠᠨ ᠠ᠋ᠳᠡᠭᠡᠷᠡᠬᠦᠯᠵᠤ᠂ ᠭᠡᠷ ᠪᠦᠯᠢ᠎ᠳᠤ᠎ᠨᠢ ᠵᠤᠯ ᠵᠢᠷᠭ᠋ᠠᠯ ᠤᠯᠭᠤᠬᠤ》᠎ᠪᠠᠷ ᠵᠤᠷᠢᠯᠳᠠ ᠪᠤᠯᠭ᠋ᠠᠵᠠᠢ᠃ ᠬᠤᠳᠤᠭᠤᠳᠤ ᠭᠡᠳᠡᠰᠤᠨ᠎ᠤ ᠠ᠋ᠮᠨᠡᠯᠭᠡ ᠵᠢᠨ ᠬᠤᠷᠢᠶ᠎ᠠ ᠵᠢᠨ ᠳᠤᠰᠬᠠᠢ ᠮᠡᠷᠭᠡᠵᠢᠯᠳᠡᠨ᠎ᠤ ᠳᠤᠭᠤᠢ᠌ᠯᠠᠩ᠎ᠨᠢ ᠡᠯ᠎ᠡ ᠬᠤᠰᠢᠭᠤ ᠬᠤᠳᠠ ᠳᠤᠭᠤᠷᠢᠭ᠎ᠤᠨ ᠨᠦᠬᠦᠴᠡᠯ᠎ᠳᠤ ᠨᠡᠢ᠌ᠴᠡᠬᠦ ᠰᠠᠭᠤᠭ᠋ᠠᠯᠢ ᠠᠷᠠᠳ᠎ᠢ ᠪᠠᠢ᠌ᠴᠠᠭ᠋ᠠᠵᠤ ᠳᠠᠩᠰᠠᠯᠠᠨ ᠠ᠋ᠯᠸᠺᠲᠷᠤᠨ ᠳᠠᠩᠰᠠ ᠡᠪᠭᠡᠮᠡᠯ ᠪᠠᠢ᠌ᠭᠤᠯᠵᠤ᠂ ᠳᠤᠬᠠᠢ ᠵᠢᠨ ᠳᠠᠯᠠᠪᠠᠢ᠎ᠳᠤ ᠰᠢᠭᠰᠢᠨ ᠪᠠᠢ᠌ᠴᠠᠭ᠋ᠠᠵᠤ᠂ ᠠ᠋ᠮᠨᠡᠨ ᠵᠠᠰᠠᠬᠤ ᠨᠦᠬᠦᠴᠡᠯ᠎ᠳᠤ ᠨᠡᠢ᠌ᠴᠡᠬᠦ ᠡᠪᠡᠳᠴᠢᠳᠠᠨ᠎ᠳᠤ ᠦᠨ᠎ᠡ ᠳᠦᠯᠦᠪᠤᠷᠢ ᠦᠭᠡᠢ᠎ᠪᠠᠷ ᠮᠠᠰᠠ ᠵᠠᠰᠠᠯ ᠬᠢᠬᠦ᠎ᠪᠠᠷ ᠪᠤᠯᠵᠠᠢ᠃
      ᠳᠤᠰ ᠠᠵᠢᠯᠯᠠᠭ᠎ᠠ ᠠ᠋ᠬᠢᠯᠡᠬᠦ ᠶᠤᠰᠤᠯᠠᠯ ᠳᠡᠭᠡᠷ᠎ᠠ᠂ ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠳᠤᠪᠴᠢᠶᠠᠨ ᠳᠠᠷᠤᠭ᠎ᠠ ᠹᠠᠨ ᠶᠤᠸᠠᠢ ᠦᠭᠡ ᠶᠡᠷᠢᠵᠤ᠂ ᠠ᠋ᠨᠡ ᠤᠳᠠᠭ᠋ᠠᠨ᠎ᠤ ᠠᠵᠢᠯᠯᠠᠭ᠎ᠠ ᠪᠤᠯ ᠨᠡᠢ᠌ᠭᠡᠮ᠎ᠤᠨ ᠬᠦᠴᠦᠨ᠎ᠢ ᠶᠠᠳᠠᠭᠤ᠎ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠎ᠳᠤ ᠤᠷᠤᠯᠴᠠᠭᠤᠯᠬᠤ ᠵᠢ ᠰᠦᠪᠡᠭᠴᠢᠯᠡᠭᠰᠡᠨ ᠰᠢᠨ᠎ᠠ ᠭᠡᠪ ᠵᠠᠭᠪᠤᠷ ᠪᠤᠯᠤᠨ᠎ᠠ᠃ ᠪᠤᠶᠠᠨ᠎ᠤ ᠦᠢ᠍ᠯᠡᠰ᠎ᠤᠨ ᠳᠤᠰᠠᠯᠠᠮᠵᠢ ᠵᠡᠷᠭᠡ ᠠᠷᠭ᠎ᠠ᠎ᠪᠠᠷ ᠳᠠᠮᠵᠢᠭᠤᠯᠤᠨ ᠶᠠᠳᠠᠭᠤ ᠬᠦᠴᠢᠷᠳᠡᠯ᠎ᠲᠠᠢ ᠤᠯᠠᠨ ᠳᠦᠮᠡᠨ᠎ᠤ ᠡᠪᠡᠳᠴᠢᠨ ᠵᠶ᠋ᠡᠨ ᠠ᠋ᠮᠨᠡᠬᠦᠯᠬᠦ ᠬᠦᠴᠢᠷ ᠠᠰᠠᠭᠤᠳᠠᠯ᠎ᠢ ᠰᠢᠢ᠍ᠳᠪᠤᠷᠢᠯᠡᠬᠦ ᠪᠤᠯᠤᠨ᠎ᠠ᠃ ᠬᠤᠳᠤᠭᠤᠳᠤ ᠭᠡᠳᠡᠰᠤᠨ᠎ᠤ ᠠ᠋ᠮᠨᠡᠯᠭᠡ ᠵᠢᠨ ᠬᠤᠷᠢᠶ᠎ᠠ᠎ᠨᠢ ᠬᠠᠢ᠌ᠷ᠎ᠠ ᠵᠢᠨ ᠰᠡᠳᠬᠢᠯᠳᠤ ᠠᠵᠤ ᠠᠬᠤᠢ᠌ᠯᠠᠯ᠎ᠲᠠᠢ ᠬᠠᠮᠳᠤᠪᠠᠷ ᠶᠠᠳᠠᠭᠤ ᠬᠦᠴᠢᠷᠳᠡᠯ᠎ᠲᠠᠢ ᠤᠯᠠᠨ ᠳᠦᠮᠡᠨ᠎ᠤ ᠬᠤᠳᠤᠭᠤᠳᠤ ᠭᠡᠳᠡᠰᠤᠨ᠎ᠤ ᠠ᠋ᠷᠳᠡ ᠵᠢᠨ ᠬᠤᠭᠤᠴᠠᠭ᠋ᠠᠨ᠎ᠤ ᠦᠮᠡᠨ᠎ᠢ ᠰᠡᠷᠭᠡᠢ᠌ᠯᠡᠨ ᠵᠠᠰᠠᠬᠤ ᠳᠤᠰᠬᠠᠢ ᠰᠠᠭᠤᠷᠢ ᠮᠦᠩᠬᠦ ᠭᠠᠷᠭ᠋ᠠᠭᠰᠠᠨ ᠶᠠᠪᠤᠳᠠᠯ ᠪᠤᠯ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠨ ᠨᠡᠢ᠌ᠭᠡᠮ᠎ᠤᠨ ᠬᠠᠷᠢᠭᠤᠴᠠᠯᠭ᠎ᠠ᠎ᠪᠠᠨ ᠬᠦᠢ᠍ᠴᠡᠳᠭᠡᠵᠤ ᠪᠠᠢ᠌ᠭ᠎ᠠ ᠶᠠᠪᠤᠳᠠᠯ ᠪᠤᠯᠬᠤ ᠶᠤᠮ ᠭᠡᠵᠤ ᠭᠡᠯᠡᠪᠡ᠃
      ᠠᠵᠢᠯᠯᠠᠭ᠎ᠠ ᠠ᠋ᠬᠢᠯᠡᠬᠦ ᠳᠤᠬᠠᠢ ᠵᠢᠨ ᠳᠠᠯᠠᠪᠠᠢ᠎ᠳᠤ ᠬᠤᠳᠤᠭᠤᠳᠤ ᠭᠡᠳᠡᠰᠤᠨ᠎ᠤ ᠠ᠋ᠮᠨᠡᠯᠭᠡ ᠵᠢᠨ ᠬᠤᠷᠢᠶ᠎ᠠ᠎ᠨᠢ ᠬᠤᠳᠠ ᠵᠢᠨ ᠪᠤᠶᠠᠨ᠎ᠤ ᠦᠢ᠍ᠯᠡᠰ᠎ᠤᠨ ᠶᠡᠷᠦᠩᠭᠡᠢ ᠨᠡᠢ᠌ᠭᠡᠮᠯᠢᠭ᠎ᠲᠤ 20 ᠳᠦᠮᠡᠨ ᠳᠦᠬᠦᠷᠢᠭ ᠬᠠᠨᠳᠢᠪᠯᠠᠵᠤ᠂ ᠳᠤᠰᠬᠠᠢ ᠰᠠᠭᠤᠷᠢ ᠮᠦᠩᠬᠦ ᠭᠠᠷᠭ᠋ᠠᠪᠠ᠃ ᠦᠪᠡᠷᠳᠡᠭᠡᠨ ᠵᠠᠰᠠᠬᠤ ᠤᠷᠤᠨ᠎ᠤ ᠪᠤᠶᠠᠨ᠎ᠤ ᠦᠢ᠍ᠯᠡᠰ᠎ᠤᠨ ᠶᠡᠷᠦᠩᠭᠡᠢ ᠨᠡᠢ᠌ᠭᠡᠮᠯᠢᠭ᠎ᠤᠨ ᠠᠯᠠᠪᠠᠨ ᠭᠡᠷ᠂ ᠬᠦᠯᠦᠨ ᠪᠤᠢ᠌ᠷ ᠬᠤᠳᠠ ᠵᠢᠨ ᠵᠠᠰᠠᠭ᠎ᠤᠨ ᠤᠷᠳᠤᠨ᠂ ᠬᠦᠯᠦᠨ ᠪᠤᠢ᠌ᠷ ᠬᠤᠳᠠ ᠵᠢᠨ ᠠᠷᠠᠳ᠎ᠤᠨ ᠶᠠᠪᠤᠳᠠᠯ᠎ᠤᠨ ᠳᠤᠪᠴᠢᠶᠠᠨ᠎ᠤ ᠬᠤᠯᠪᠤᠭᠳᠠᠯ ᠪᠦᠬᠦᠢ ᠬᠠᠷᠢᠭᠤᠴᠠᠯᠭ᠋ᠠᠳᠠᠨ ᠪᠤᠯᠤᠨ ᠬᠤᠯᠪᠤᠭᠳᠠᠯ ᠪᠦᠬᠦᠢ ᠪᠠᠢ᠌ᠭᠤᠯᠭ᠎ᠠ ᠨᠢᠭᠡᠴᠢ ᠵᠢᠨ ᠬᠠᠷᠢᠭᠤᠴᠠᠯᠭ᠋ᠠᠳᠠᠨ᠂ ᠨᠡᠢ᠌ᠭᠡᠮ᠎ᠤᠨ ᠬᠠᠢ᠌ᠷ᠎ᠠ ᠰᠡᠳᠬᠢᠯᠳᠡᠨ᠂ ᠡᠪᠡᠳᠴᠢᠳᠠᠨ᠎ᠤ ᠳᠦᠯᠦᠭᠡᠯᠡᠭᠴᠢ ᠨᠡᠢ᠌ᠳᠡ 150 ᠭᠠᠷᠤᠢ ᠬᠦᠮᠦᠨ ᠳᠤᠰ ᠠᠵᠢᠯᠯᠠᠭ᠎ᠠ ᠠ᠋ᠬᠢᠯᠡᠬᠦ ᠶᠤᠰᠤᠯᠠᠯ᠎ᠳᠤ ᠤᠷᠤᠯᠴᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠮᠠᠨᠵᠤᠤᠷ᠎ᠤᠨ ᠠᠷᠠᠳ᠎ᠤᠨ ᠶᠠᠪᠤᠳᠠᠯ᠎ᠤᠨ ᠳᠤᠪᠴᠢᠶ᠎ᠠ ᠶᠤᠰᠤ ᠮᠤᠷᠠᠯ᠎ᠤᠨ ᠵᠢᠰᠢᠶᠡᠴᠢ ᠵᠢᠨ ᠳᠤᠬᠠᠢ ᠤᠬᠠᠭᠤᠯᠤᠨ ᠳᠠᠢ᠌ᠯᠪᠤᠷᠢᠯᠠᠬᠤ ᠬᠤᠷᠠᠯ ᠬᠢᠵᠠᠢ
2018 ᠤᠨ᠎ᠤ ᠲᠦᠷᠤᠭᠦᠤ 3 ᠤᠯᠠᠷᠢᠯ ᠦᠪᠦᠷ ᠮᠤᠩᠭᠤᠯ᠎ᠤᠨ ᠨᠡᠢ᠌ᠭᠡᠮ᠎ᠤᠨ ᠠᠰᠠᠷᠠᠮᠵᠢ ᠵᠢᠨ ᠪᠠᠢ᠌ᠭᠤᠯᠤᠮᠵᠢ ᠠ᠋ᠷᠡᠬᠦᠯ ᠵᠶ᠋ᠡᠷ ᠬᠦᠭᠵᠢᠵᠡᠢ
ᠠᠯᠠᠱ᠌ᠠ ᠵᠡᠬᠦᠨ ᠬᠤᠰᠢᠭᠤ ᠵᠡᠮᠳᠡᠭᠴᠤᠳ᠎ᠤᠨ ᠬᠤᠶᠠᠷ ᠵᠦᠢ᠍ᠯ᠎ᠤᠨ ᠨᠦᠬᠦᠪᠤᠷᠢ ᠵᠢᠨ ᠳ᠋ᠠᠢ᠌ᠲ᠋ᠠ ᠵᠢ ᠮᠡᠳᠡᠭᠡ ᠵᠠᠩᠬᠢ ᠵᠢᠨ ᠰᠢᠰᠲᠸᠮ᠎ᠳᠤ ᠰᠢᠩᠭᠡᠭᠡᠨ ᠤᠷᠤᠭᠤᠯᠬᠤ ᠵᠢ ᠠ᠋ᠮᠬᠢ ᠵᠢᠷᠤᠮ᠎ᠲᠠᠢ ᠠᠬᠢᠭᠤᠯᠵᠤ ᠪᠤᠢ
ᠨᠠᠢ᠍ᠮᠠᠨ ᠬᠤᠰᠢᠭᠤᠨ᠎ᠤ ᠤᠷᠤᠰᠢᠭᠤᠯᠭ᠎ᠠ ᠵᠢᠨ ᠶᠡᠷᠦᠩᠭᠡᠢ᠌ᠯᠡᠭᠰᠡᠨ ᠦᠭᠡᠷᠡᠴᠢᠯᠡᠯᠳᠡ ᠵᠢᠨ ᠳᠤᠷᠰᠢᠯᠳᠠ ᠵᠢᠨ ᠠᠵᠢᠯ ᠢᠯᠡᠳᠳᠡ ᠠᠮᠵᠢᠯᠳᠠ ᠤᠯᠵᠠᠢ
ᠬᠦᠯᠦᠨ ᠪᠤᠢ᠌ᠷ ᠬᠤᠳᠠ ᠬᠤᠳᠤᠭᠤᠳᠤ ᠭᠡᠳᠡᠰᠤᠨ᠎ᠤ ᠠ᠋ᠷᠳᠡ ᠬᠤᠭᠤᠴᠠᠭ᠋ᠠᠨ᠎ᠤ ᠦᠮᠡᠨ᠎ᠢ ᠰᠢᠭᠰᠢᠨ ᠪᠠᠢ᠌ᠴᠠᠭ᠋ᠠᠬᠤ ᠨᠡᠢ᠌ᠳᠡ ᠵᠢᠨ ᠠᠰᠠᠷᠠᠮᠵᠢ ᠵᠢᠨ ᠠᠵᠢᠯᠯᠠᠭ᠎ᠠ ᠦᠷᠨᠢᠬᠦᠯᠪᠡ
 
            