ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠦᠬᠦ ᠭᠡᠰᠢᠬᠦᠳ᠎ᠤᠨ ᠬᠤᠷᠠᠯ ᠬᠢᠵᠤ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ (ᠰᠠᠨᠠᠯ ᠬᠤᠷᠢᠶᠠᠬᠤ ᠨᠤᠤᠷᠠᠭ)》᠎ᠢ ᠶᠠᠷᠢᠯᠴᠠᠪᠠ
ᠨᠡᠶᠢᠲᠡᠯᠡᠭᠰᠡᠨ ᠴᠠᠭ᠄ 2019-01-17

       
     1 ᠳ᠋ᠤᠭᠡᠷ ᠰᠠᠷ᠎ᠠ ᠵᠢᠨ 14᠎ᠤ ᠠ᠋ᠳᠤᠷ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠬᠤᠶᠠᠳᠤᠭ᠋ᠠᠷ ᠤᠳᠠᠭ᠎ᠠ ᠵᠢᠨ ᠪᠦᠬᠦ ᠭᠡᠰᠢᠬᠦᠳ᠎ᠤᠨ ᠬᠤᠷᠠᠯ᠎ᠢ ᠠ᠋ᠷᠬᠢᠯᠡᠨ ᠬᠤᠷᠠᠯᠳᠤᠭᠤᠯᠵᠤ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠤᠳᠠᠭ᠎ᠠ ᠵᠢᠨ ᠬᠤᠷᠠᠯ᠎ᠳᠤ ᠳᠡᠪᠰᠢᠬᠦᠯᠦᠨ ᠬᠢᠨᠠᠭᠤᠯᠬᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠶᠠᠷᠢᠯᠴᠠᠵᠤ᠂ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ (ᠰᠠᠨᠠᠯ ᠬᠤᠷᠢᠶᠠᠬᠤ ᠨᠤᠤᠷᠠᠭ)》᠎ᠢ ᠡᠯ᠎ᠡ ᠮᠤᠵᠢ ᠤᠷᠤᠨ ᠬᠤᠳᠠ ᠪᠤᠯᠤᠨ ᠨᠠᠮ᠎ᠤᠨ ᠳᠦᠪ ᠬᠤᠷᠢᠶ᠎ᠠ ᠤᠯᠤᠰ᠎ᠤᠨ ᠬᠤᠯᠪᠤᠭᠳᠠᠯ ᠪᠦᠬᠦᠢ ᠪᠠᠢ᠌ᠭᠤᠯᠭ᠎ᠠ ᠨᠢᠭᠡᠴᠢ᠎ᠳᠤ ᠦᠭᠴᠤ ᠰᠠᠨᠠᠯ ᠬᠤᠷᠢᠶᠠᠬᠤ᠎ᠪᠠᠷ ᠪᠤᠯᠵᠠᠢ᠃
      ᠯᠢ ᠺᠸ ᠴᠢᠶᠠᠩ᠂ ᠳᠦᠷᠦ ᠵᠢᠨ ᠶᠠᠪᠤᠳᠠᠯ᠎ᠤᠨ ᠬᠤᠷᠢᠶ᠎ᠠ ᠪᠦᠬᠦ ᠤᠯᠤᠰ᠎ᠤᠨ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠳᠤ ᠠᠵᠢᠯ ᠵᠶ᠋ᠡᠨ ᠮᠡᠳᠡᠬᠦᠯᠵᠤ᠂ ᠠᠷᠠᠳ ᠳᠦᠮᠡᠨ᠎ᠤ ᠬᠢᠨᠠᠯᠳᠠ ᠵᠢ ᠬᠦᠯᠢᠶᠡᠬᠦ᠎ᠨᠢ ᠦᠨᠳᠦᠰᠤᠨ ᠬᠠᠤᠯᠢ᠎ᠳᠤ ᠳᠤᠭᠳᠠᠭ᠋ᠠᠭᠰᠠᠨ ᠴᠢᠬᠤᠯᠠ ᠬᠠᠷᠢᠭᠤᠴᠠᠯᠭ᠎ᠠ ᠪᠤᠯᠤᠨ᠎ᠠ᠃ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠨᠤᠤᠷᠠᠭᠯᠠᠬᠤ᠎ᠨᠢ ᠡᠯ᠎ᠡ ᠳᠠᠯ᠎ᠠ ᠵᠢᠨ ᠬᠠᠮᠳᠤ ᠵᠢᠨ ᠳᠠᠨᠢᠯᠳᠠ ᠪᠤᠯᠤᠨ ᠬᠦᠴᠦᠨ᠎ᠢ ᠳᠦᠪᠯᠡᠷᠡᠬᠦᠯᠦᠨ᠂ ᠪᠦᠬᠦ ᠨᠡᠢ᠌ᠭᠡᠮ᠎ᠤᠨ 《ᠬᠠᠮᠤᠭ᠎ᠤᠨ ᠶᠡᠭᠡ ᠶᠡᠷᠤᠩᠬᠡᠢ ᠬᠤᠷᠢᠶᠠᠬ᠍ᠴᠢ ᠳᠤᠭ᠎ᠠ》 ᠵᠢ ᠪᠤᠢ ᠪᠤᠯᠭ᠋ᠠᠬᠤ ᠦᠢ᠍ᠯᠡᠳᠤᠯ᠎ᠲᠠᠢ ᠶᠤᠮ᠃ ᠨᠡᠢ᠌ᠭᠡᠮ᠎ᠤᠨ ᠡᠯ᠎ᠡ ᠠ᠋ᠳᠡᠭᠡᠳ᠎ᠤᠨ ᠰᠠᠨᠠᠯ᠎ᠢ ᠦᠷᠭᠡᠨ ᠵᠶ᠋ᠡᠷ ᠰᠤᠨᠤᠰᠴᠤ ᠵᠠᠰᠠᠭ᠎ᠤᠨ ᠤᠷᠳᠤᠨ᠎ᠤ ᠠᠵᠢᠯ ᠵᠶ᠋ᠡᠨ ᠰᠢᠨ᠎ᠠ ᠱᠠᠳᠤᠨ᠎ᠳᠤ ᠠᠬᠢᠭᠤᠯᠬᠤ ᠭᠡᠷᠡᠭᠳᠡᠢ ᠭᠡᠵᠤ ᠭᠡᠯᠡᠪᠡ᠃
      ᠯᠢ ᠺᠸ ᠴᠢᠶᠠᠩ᠂ ᠦᠩᠭᠡᠷᠡᠭᠰᠡᠨ ᠨᠢᠭᠡ ᠵᠢᠯ᠎ᠳᠤ ᠤᠯᠤᠰ᠎ᠤᠨ ᠳᠤᠳᠤᠭ᠋ᠠᠳᠤ ᠭᠠᠳᠠᠭ᠋ᠠᠳᠤ ᠵᠢᠨ ᠨᠠᠷᠢᠨ ᠪᠤᠳᠤᠯᠢᠶᠠᠨᠳᠠᠢ ᠪᠠᠢ᠌ᠳᠠᠯ ᠪᠤᠯᠤᠨ ᠤᠯᠠᠨ ᠠᠷᠪᠢᠨ ᠬᠦᠴᠢᠷ ᠪᠡᠷᠭᠡᠰᠢᠶᠡᠯ ᠦᠷᠢᠰᠦᠯᠳᠦᠭᠡᠨ᠎ᠤ ᠠ᠋ᠮᠤᠨ᠎ᠠ᠂ ᠤᠯᠤᠰ ᠳᠠᠶᠠᠭ᠋ᠠᠷ ᠰᠢ ᠵᠢᠨ ᠫᠢᠩ ᠨᠦᠬᠦᠷ ᠵᠶ᠋ᠡᠷ ᠭᠤᠤᠯ ᠪᠤᠯᠭ᠋ᠠᠭᠰᠠᠨ ᠨᠠᠮ᠎ᠤᠨ ᠳᠦᠪ ᠬᠤᠷᠢᠶᠠᠨ᠎ᠤ ᠠ᠋ᠷᠡᠰ ᠪᠠᠳᠤ ᠤᠳᠤᠷᠢᠳᠤᠯᠭ᠎ᠠ ᠳᠤᠤᠷ᠎ᠠ᠂ ᠬᠦᠴᠢᠷ ᠪᠡᠷᠭᠡᠰᠢᠶᠡᠯ᠎ᠢ ᠳᠤᠭᠤᠯᠤᠨ᠂ ᠪᠦᠬᠦ ᠵᠢᠯ᠎ᠤᠨ ᠠᠵᠤ ᠠᠬᠤᠢ ᠨᠡᠢ᠌ᠭᠡᠮ᠎ᠤᠨ ᠬᠦᠭᠵᠢᠯᠳᠡ ᠵᠢᠨ ᠭᠤᠤᠯᠳᠠᠯᠭ᠎ᠠ᠎ᠲᠠᠢ ᠬᠠᠷᠠᠯᠳᠠ ᠠ᠋ᠬᠦᠷᠭᠡ᠎ᠪᠠᠨ ᠨᠡᠯᠢᠶᠡᠳ ᠰᠠᠢ᠌ᠨ ᠪᠡᠶᠡᠯᠡᠬᠦᠯᠪᠡ᠃ ᠠᠵᠤ ᠠᠬᠤᠢ ᠵᠢᠨ ᠠᠵᠢᠯᠯᠠᠭ᠋ᠠᠨ ᠶᠡᠷᠦᠩᠭᠡᠢ᠎ᠳᠤ᠎ᠪᠠᠨ ᠳᠤᠭᠳᠠᠭᠤᠨ ᠪᠠᠢ᠌ᠵᠤ᠂ ᠳᠤᠭᠳᠠᠭᠤᠨ᠎ᠤ ᠳᠤᠮᠳᠠ ᠳᠠᠪᠰᠢᠯᠳᠠ᠎ᠲᠠᠢ ᠪᠤᠯᠵᠤ᠂ ᠠᠵᠢᠯ ᠤᠯᠭᠤᠯᠳᠠ ᠵᠢ ᠨᠡᠯᠢᠶᠡᠳ ᠰᠠᠢ᠌ᠨ ᠵᠶ᠋ᠡᠷ ᠪᠡᠶᠡᠯᠡᠬᠦᠯᠦᠨ᠂ ᠠᠷᠠᠳ᠎ᠤᠨ ᠠᠮᠢᠳᠤᠷᠠᠯ᠎ᠤᠨ ᠳᠦᠪᠰᠢᠨ᠎ᠢ ᠤᠯᠠᠮ ᠵᠶ᠋ᠡᠷ ᠳᠡᠭᠡᠭᠰᠢᠯᠡᠬᠦᠯᠪᠡ᠃ ᠪᠢᠳᠡ ᠤᠷᠤᠭᠰᠢᠯᠠᠯᠳᠠ ᠵᠢᠨ ᠵᠠᠮ᠎ᠳᠠᠬᠢ ᠡᠯ᠎ᠡ ᠵᠦᠢ᠍ᠯ᠎ᠤᠨ ᠠᠶᠤᠯ ᠳᠦᠭᠰᠢᠬᠦᠷᠢ ᠦᠷᠢᠰᠦᠯᠳᠦᠭᠡᠨ᠎ᠢ ᠠᠷᠭ᠋ᠠᠴᠠᠬᠤ ᠶᠠᠪᠤᠴᠠ᠎ᠳᠤ᠎ᠪᠠᠨ ᠳᠤᠷᠰᠢᠯᠭ᠎ᠠ ᠰᠤᠷᠭ᠋ᠠᠮᠵᠢ ᠬᠤᠷᠠᠮᠳᠤᠭᠤᠯᠪᠠ᠃ ᠭᠡᠬᠦ᠎ᠳᠤ ᠬᠦᠭᠵᠢᠯᠳᠡ ᠵᠢᠨ ᠶᠠᠪᠤᠴᠠ᠎ᠳᠤ ᠳᠤᠯᠭ᠋ᠠᠷᠠᠬᠤ ᠠᠰᠠᠭᠤᠳᠠᠯ ᠪᠤᠯᠤᠨ ᠬᠦᠴᠢᠷᠳᠡᠯ᠎ᠢ ᠴᠢᠬᠤᠯᠠᠴᠢᠯᠠᠨ ᠦᠵᠡᠬᠦ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
      ᠯᠢ ᠺᠸ ᠴᠢᠶᠠᠩ᠂ ᠠ᠋ᠨᠡ ᠵᠢᠯ᠎ᠤᠨ ᠮᠠᠨ᠎ᠤ ᠤᠯᠤᠰ᠎ᠤᠨ ᠬᠦᠭᠵᠢᠯᠳᠡ ᠵᠢᠨ ᠤᠷᠴᠢᠨ ᠳᠤᠭᠤᠷᠢᠨ ᠤᠯᠠᠮ ᠪᠤᠳᠤᠯᠢᠶᠠᠨᠳᠠᠢ ᠪᠤᠯᠵᠤ᠂ ᠬᠦᠴᠢᠷᠳᠡᠯ ᠪᠤᠯᠤᠨ ᠦᠷᠢᠰᠦᠯᠳᠦᠭᠡᠨ ᠨᠡᠩ ᠤᠯᠠᠨ᠂ ᠠᠵᠤ ᠠᠬᠤᠢ ᠤᠷᠤᠭᠤᠳᠠᠬᠤ ᠳᠠᠷᠤᠯᠳᠠ ᠶᠡᠭᠡ᠂ ᠵᠠᠰᠠᠭ᠎ᠤᠨ ᠤᠷᠳᠤᠨ᠎ᠤ ᠠᠵᠢᠯ᠎ᠤᠨ ᠠ᠋ᠬᠦᠷᠭᠡ ᠬᠠᠳᠠᠭᠤ ᠪᠡᠷᠭᠡ᠎ᠲᠠᠢ ᠪᠤᠯᠤᠭ᠋ᠠᠳ ᠪᠤᠢ᠃ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠨ᠂ ᠳᠤᠭᠳᠠᠭᠤᠨ᠎ᠤ ᠳᠤᠮᠳᠠ ᠳᠠᠪᠰᠢᠨ ᠤᠷᠤᠭᠰᠢᠯᠠᠬᠤ ᠠᠵᠢᠯ᠎ᠤᠨ ᠶᠡᠷᠦᠩᠭᠡᠢ ᠬᠦᠭ ᠠᠶᠠᠰ᠎ᠢ ᠪᠠᠷᠢᠮᠳᠠᠯᠠᠵᠤ᠂ ᠬᠠᠩᠭ᠋ᠠᠯᠭ᠎ᠠ ᠵᠢᠨ ᠳᠠᠯ᠎ᠠ ᠵᠢᠨ ᠪᠦᠳᠦᠴᠡ ᠵᠢᠨ ᠴᠢᠨᠠᠷ᠎ᠲᠠᠢ ᠦᠭᠡᠷᠡᠴᠢᠯᠡᠯᠳᠡ ᠵᠢ ᠦᠷᠬᠦᠯᠵᠢᠯᠡᠨ ᠬᠦᠨᠵᠡᠭᠡᠢ᠌ᠷᠡᠬᠦᠯᠵᠤ᠂ ᠳᠤᠭᠳᠠᠭᠤᠨ ᠵᠶ᠋ᠡᠷ ᠨᠡᠮᠡᠭᠳᠡᠬᠦᠯᠬᠦ᠂ ᠦᠭᠡᠷᠡᠴᠢᠯᠡᠯᠳᠡ ᠵᠢ ᠠᠬᠢᠭᠤᠯᠬᠤ᠂ ᠠᠷᠠᠳ᠎ᠲᠤ ᠠᠰᠢᠭ ᠬᠦᠷᠳᠡᠭᠡᠬᠦ᠂ ᠠᠶᠤᠯ ᠳᠦᠭᠰᠢᠬᠦᠷᠢ ᠵᠢ ᠰᠡᠷᠭᠡᠢ᠌ᠯᠡᠬᠦ᠂ ᠰᠢᠨ᠎ᠠ ᠵᠢ ᠠ᠋ᠬᠦᠳᠬᠦ ᠪᠡ ᠬᠤᠷᠸ᠎ᠠ ᠳᠤᠬᠢᠷᠠᠭᠤᠯᠤᠯᠳᠠ ᠵᠢᠨ ᠠᠵᠢᠯ᠎ᠢ ᠨᠢᠭᠡᠳᠤᠯᠳᠠᠢ ᠪᠠᠢ᠌ᠷᠢᠯᠠᠭᠤᠯᠤᠨ ᠰᠠᠢ᠌ᠳᠤᠷ ᠬᠢᠵᠤ᠂ ᠵᠤᠭᠤᠰ ᠮᠦᠩᠬᠦ ᠵᠢ ᠬᠠᠮᠢᠶ᠎ᠠ ᠨᠠᠮᠢᠶ᠎ᠠ ᠦᠭᠡᠢ ᠵᠠᠷᠤᠬᠤ ᠦᠭᠡᠢ ᠪᠠᠢ᠌ᠬᠤ ᠵᠢ ᠪᠠᠷᠢᠮᠳᠠᠯᠠᠬᠤ ᠭᠡᠷᠡᠭᠳᠡᠢ᠃ ᠦᠭᠡᠷᠡᠴᠢᠯᠡᠯᠳᠡ ᠨᠡᠭᠡᠭᠡᠯᠳᠡ᠎ᠳᠤ ᠳᠦᠰᠢᠭᠯᠡᠨ ᠵᠠᠬ᠎ᠠ ᠳᠡᠯᠭᠡᠬᠦᠷ᠎ᠤᠨ ᠠᠮᠢᠵᠢᠷᠠᠯ᠎ᠤᠨ ᠬᠦᠴᠦᠨ᠎ᠢ ᠬᠦᠭᠵᠢᠭᠡᠵᠤ᠂ ᠵᠠᠬ᠎ᠠ ᠳᠡᠯᠭᠡᠬᠦᠷ᠎ᠤᠨ ᠠᠮᠢᠵᠢᠷᠠᠯ᠎ᠤᠨ ᠬᠦᠴᠦᠨ᠎ᠳᠤ ᠳᠦᠰᠢᠭᠯᠡᠨ ᠠᠵᠤ ᠠᠬᠤᠢ ᠵᠢᠨ ᠬᠦᠭᠵᠢᠯᠳᠡ ᠤᠷᠤᠭᠤᠳᠠᠬᠤ ᠳᠠᠷᠤᠯᠳᠠ ᠵᠢ ᠪᠠᠭ᠋ᠠᠰᠬᠠᠬᠤ ᠭᠡᠷᠡᠭᠳᠡᠢ᠃ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠤᠯᠠᠮ ᠵᠶ᠋ᠡᠷ ᠰᠢᠯᠢᠳᠡᠭᠵᠢᠬᠦᠯᠵᠤ᠂ ᠰᠢᠨ᠎ᠠ ᠬᠦᠳᠡᠯᠭᠡᠬᠦ ᠬᠦᠴᠦᠨ᠎ᠤ ᠪᠤᠵᠠᠭ᠋ᠠᠢ᠌ᠷᠠᠯᠳᠠ ᠵᠢ ᠳᠦᠷᠭᠡᠳᠭᠡᠨ᠂ ᠭᠤᠤᠯᠳᠠᠯᠭ᠎ᠠ ᠵᠢ ᠳᠤᠪᠤᠢ᠌ᠯᠭ᠋ᠠᠨ ᠳᠤᠳᠠᠭᠤᠳᠠᠯ ᠵᠶ᠋ᠡᠨ ᠨᠦᠬᠦᠪᠤᠷᠢᠯᠡᠵᠤ᠂ ᠤᠯᠤᠰ᠎ᠤᠨ ᠳᠤᠳᠤᠭ᠋ᠠᠳᠤ ᠵᠢᠨ ᠵᠠᠬ᠎ᠠ ᠳᠡᠯᠭᠡᠬᠦᠷ᠎ᠢ ᠦᠷᠭᠡᠳᠭᠡᠨ᠂ ᠠᠵᠤ ᠦᠢ᠍ᠯᠡᠰ᠂ ᠤᠷᠤᠨ ᠳᠤᠭᠤᠷᠢᠭ᠎ᠤᠨ ᠵᠤᠬᠢᠴᠠᠩᠭᠤᠢ ᠬᠦᠭᠵᠢᠯᠳᠡ ᠵᠢ ᠠᠬᠢᠭᠤᠯᠵᠤ᠂ ᠠᠷᠠᠳ᠎ᠤᠨ ᠠᠮᠢᠳᠤᠷᠠᠯ᠎ᠢ ᠪᠠᠳᠤᠯᠠᠬᠤ ᠪᠠ ᠰᠠᠢ᠌ᠵᠢᠷᠠᠭᠤᠯᠬᠤ ᠠᠵᠢᠯ᠎ᠢ ᠬᠦᠴᠦᠳᠡᠢ ᠠᠳᠬᠤᠵᠤ᠂ ᠴᠢᠨᠠᠷᠯᠢᠭ ᠬᠦᠭᠵᠢᠯᠳᠡ ᠵᠢ ᠠᠬᠢᠭᠤᠯᠤᠨ᠂ ᠪᠦᠬᠦ ᠳᠠᠯ᠎ᠠ᠎ᠪᠠᠷ ᠴᠢᠨᠡᠭᠡᠯᠢᠭ ᠨᠡᠢ᠌ᠭᠡᠮ᠎ᠢ ᠪᠠᠢ᠌ᠭᠤᠯᠬᠤ᠎ᠳᠤ ᠰᠢᠢ᠍ᠳᠪᠤᠷᠢᠳᠤ ᠰᠠᠭᠤᠷᠢ ᠳᠠᠯᠪᠢᠬᠤ ᠭᠡᠷᠡᠭᠳᠡᠢ ᠭᠡᠵᠤ ᠭᠡᠯᠡᠪᠡ᠃
      ᠯᠢ ᠺᠸ ᠴᠢᠶᠠᠩ᠂ ᠪᠠᠢ᠌ᠳᠠᠯ ᠤᠯᠠᠮ ᠬᠦᠴᠢᠷ᠎ᠲᠠᠢ ᠪᠤᠯ ᠠ᠋ᠬᠦᠷᠭᠡ ᠬᠠᠷᠢᠭᠤᠴᠠᠯᠭ᠎ᠠ᠎ᠪᠠᠨ ᠤᠯᠠᠮ ᠨᠠᠷᠢᠯᠢᠭ ᠢᠳᠡᠪᠬᠢᠳᠡᠢ ᠬᠦᠢ᠍ᠴᠡᠳᠭᠡᠬᠦ ᠭᠡᠷᠡᠭᠳᠡᠢ᠃ ᠳᠦᠷᠦ ᠵᠢᠨ ᠶᠠᠪᠤᠳᠠᠯ᠎ᠤᠨ ᠬᠤᠷᠢᠶᠠᠨ᠎ᠤ ᠡᠯ᠎ᠡ ᠰᠠᠯᠠᠭ᠎ᠠ ᠮᠦᠴᠢᠷ ᠪᠤᠯᠤᠨ ᠤᠷᠤᠨ ᠨᠤᠳᠤᠭ᠎ᠤᠨ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠰᠠᠨᠠᠭ᠋ᠠᠰᠢᠷᠠᠬᠤ ᠰᠡᠳᠬᠢᠯᠭᠡ ᠪᠤᠯᠤᠨ ᠪᠠᠴᠢᠮ ᠳᠤᠯᠭ᠋ᠠᠮ᠎ᠠ ᠰᠡᠳᠬᠢᠯᠭᠡ᠎ᠪᠠᠨ ᠨᠡᠮᠡᠭᠳᠡᠬᠦᠯᠵᠤ᠂ ᠡᠯ᠎ᠡ ᠵᠦᠢ᠍ᠯ᠎ᠤᠨ ᠠᠵᠢᠯ ᠵᠶ᠋ᠡᠨ ᠠ᠋ᠷᠳᠡᠰᠡ ᠪᠠᠢ᠌ᠷᠢᠯᠡᠭᠤᠯᠤᠨ ᠠ᠋ᠷᠳᠡᠰᠡ ᠠ᠋ᠬᠢᠯᠡᠬᠦᠯᠵᠤ ᠠ᠋ᠷᠳᠡ ᠦᠷ᠎ᠡ ᠪᠦᠳᠦᠮᠵᠢ ᠤᠯᠬᠤ ᠭᠡᠷᠡᠭᠳᠡᠢ᠃ ᠢᠯᠠᠩᠭᠤᠶ᠎ᠡ ᠠᠵᠤ ᠠᠬᠤᠢ᠌ᠯᠠᠯ᠎ᠢ ᠬᠠᠷᠠᠭ᠋ᠠᠯᠵᠠᠵᠤ ᠠᠷᠠᠳ᠎ᠲᠤ ᠳᠤᠰᠠᠯᠠᠬᠤ ᠳᠦᠷᠦ ᠵᠢᠨ ᠪᠤᠳᠤᠯᠭ᠎ᠠ ᠠᠷᠭ᠎ᠠ ᠭᠡᠮᠵᠢᠶ᠎ᠡ ᠵᠢ ᠳᠠᠷᠤᠢ ᠳᠦᠷᠭᠡᠨ ᠨᠠᠢ᠌ᠳᠠᠪᠤᠷᠢᠵᠢᠭᠤᠯᠵᠤ᠂ ᠠᠷᠭ᠎ᠠ ᠪᠦᠬᠦᠨ᠎ᠢ ᠰᠦᠪᠡᠭᠴᠢᠯᠡᠨ ᠠᠵᠤ ᠠᠬᠤᠢ᠌ᠯᠠᠯ᠎ᠤᠨ ᠬᠦᠴᠢᠷᠳᠡᠯ ᠪᠤᠯᠤᠨ ᠤᠯᠠᠨ ᠳᠦᠮᠡᠨ᠎ᠤ ᠬᠦᠰᠡᠯ ᠱᠠᠭ᠋ᠠᠷᠳᠠᠯᠭ᠎ᠠ ᠵᠢ ᠰᠢᠢ᠍ᠳᠪᠤᠷᠢᠯᠡᠨ᠂ ᠵᠠᠬ᠎ᠠ ᠳᠡᠯᠭᠡᠬᠦᠷ᠎ᠤᠨ ᠢᠳᠡᠭᠡᠯ᠎ᠢ ᠳᠤᠭᠳᠠᠪᠤᠷᠢᠵᠢᠭᠤᠯᠤᠨ ᠬᠦᠭᠵᠢᠭᠡᠵᠤ᠂ ᠨᠢᠭᠡᠳᠦᠭᠡᠷ ᠤᠯᠠᠷᠢᠯ᠎ᠳᠤ ᠰᠢᠨ᠎ᠠ ᠠ᠋ᠬᠢᠯᠡᠯᠳᠡ᠎ᠲᠠᠢ ᠪᠤᠯᠭ᠋ᠠᠨ᠂ ᠪᠦᠬᠦ ᠵᠢᠯ᠎ᠤᠨ ᠠᠵᠤ ᠠᠬᠤᠢ ᠨᠡᠢ᠌ᠭᠡᠮ᠎ᠤᠨ ᠬᠦᠭᠵᠢᠯᠳᠡ ᠵᠢᠨ ᠭᠤᠤᠯᠳᠠᠯᠭ᠎ᠠ᠎ᠲᠠᠢ ᠬᠠᠷᠠᠯᠳᠠ ᠠ᠋ᠬᠦᠷᠭᠡ ᠵᠢ ᠪᠡᠶᠡᠯᠡᠬᠦᠯᠬᠦ᠎ᠳᠤ ᠰᠠᠢ᠌ᠨ ᠨᠦᠬᠦᠴᠡᠯ ᠪᠦᠷᠢᠳᠦᠬᠦᠯᠬᠦ ᠭᠡᠷᠡᠭᠳᠡᠢ᠃ ᠠ᠋ᠬᠦᠨ᠎ᠤ ᠵᠡᠷᠭᠡᠪᠡᠷ ᠴᠠᠭ᠋ᠠᠨ ᠰᠠᠷ᠎ᠠ ᠵᠢᠨ ᠬᠤᠭᠤᠴᠭ᠋ᠠᠠᠨ᠎ᠤ ᠠᠵᠤ ᠠᠬᠤᠢ ᠵᠢᠨ ᠠᠵᠢᠯᠯᠠᠭ᠋ᠠᠨ᠎ᠤ ᠳᠤᠬᠢᠷᠠᠭᠤᠯᠤᠯᠳᠠ ᠪᠤᠯᠤᠨ ᠵᠠᠬ᠎ᠠ ᠳᠡᠯᠭᠡᠬᠦᠷ᠎ᠤᠨ ᠬᠢᠨᠠᠯᠳᠠ ᠬᠠᠮᠢᠶᠠᠷᠤᠯᠳᠠ ᠵᠢ ᠴᠢᠩᠭ᠋ᠠᠳᠬᠠᠬᠤ᠂ ᠬᠦᠴᠢᠷᠳᠡᠯ᠎ᠲᠠᠢ ᠤᠯᠠᠨ ᠳᠦᠮᠡᠨ᠎ᠤ ᠦᠨᠳᠦᠰᠤᠨ ᠠᠮᠢᠳᠤᠷᠠᠯ᠎ᠢ ᠪᠠᠳᠤᠯᠠᠬᠤ᠂ ᠬᠦᠯᠦᠰᠤᠨ ᠠᠵᠢᠯᠲᠠᠨ᠎ᠳᠤ ᠦᠷᠢᠳᠤᠵᠤ ᠪᠠᠢ᠌ᠭ᠎ᠠ ᠦᠷᠢ ᠦᠭᠴᠡᠭᠡ ᠵᠢ ᠴᠡᠪᠡᠷᠯᠡᠬᠦ᠂ ᠠᠮᠤᠷ ᠳᠦᠪᠰᠢᠨ᠎ᠢ ᠪᠠᠳᠤᠯᠠᠬᠤ ᠵᠡᠷᠭᠡ ᠠᠵᠢᠯ᠎ᠢ ᠰᠠᠢ᠌ᠳᠤᠷ ᠬᠢᠬᠦ ᠭᠡᠷᠡᠭᠳᠡᠢ ᠭᠡᠵᠤ ᠴᠢᠬᠤᠯᠠᠴᠢᠯᠠᠪᠠ᠃
      ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠬᠠᠨ ᠵᠸᠩ᠂ ᠰᠦᠨ ᠴᠦᠨ ᠯᠠᠨ᠂ ᠬᠤ᠌ ᠴᠦᠨ ᠬᠤᠸᠠ᠂ ᠯᠢᠦ ᠠ᠋ᠾᠸ ᠪᠤᠯᠤᠨ ᠳᠦᠷᠦ ᠵᠢᠨ ᠶᠠᠪᠤᠳᠠᠯ᠎ᠤᠨ ᠭᠡᠰᠢᠬᠦᠨ ᠸᠸᠢ ᠹᠸᠩ ᠠ᠋ᠾᠸ᠂ ᠸᠠᠩ ᠶᠦᠩ᠂ ᠸᠠᠩ ᠢ᠂ ᠰᠢᠶᠤᠤ ᠵᠢᠶᠸ᠂ ᠵᠤᠤ ᠺᠸ ᡁᠢ ᠵᠢᠴᠢ ᠬᠤᠯᠥᠪᠤᠭᠳᠠᠯ ᠪᠦᠬᠦᠢ ᠰᠠᠯᠠᠭ᠎ᠠ ᠮᠦᠴᠢᠷ ᠪᠠᠢ᠌ᠭᠤᠯᠭ᠎ᠠ ᠨᠢᠭᠡᠴᠢ ᠵᠢᠨ ᠬᠠᠷᠢᠭᠤᠴᠠᠯᠭ᠋ᠠᠳᠠᠨ ᠬᠤᠷᠠᠯ᠎ᠳᠤ ᠤᠷᠤᠯᠴᠠᠵᠠᠢ᠃


ᠢᠷᠡᠯᠲᠡ᠄
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ᠄ ᠵᠠᠰᠠᠭ᠎ᠤᠨ ᠤᠷᠳᠤᠨ᠎ᠤ ᠪᠡᠯᠡ ᠤᠷᠤᠭᠤᠯᠤᠭᠰᠠᠨ ᠳᠦᠷᠦᠯ ᠵᠦᠢ᠍ᠯ᠎ᠤᠨ ᠬᠦᠯᠦᠰᠤᠨ ᠠᠵᠢᠯᠲᠠᠨ᠎ᠳᠤ ᠦᠷᠢᠳᠦᠭᠰᠡᠨ ᠴᠠᠯᠢᠩ ᠬᠦᠯᠦᠰᠤ ᠵᠢ ᠤᠷᠢᠳᠠᠪᠠᠷ ᠴᠡᠪᠡᠷᠯᠡᠬᠦ ᠭᠡᠷᠡᠭᠳᠡᠢ ᠭᠡᠪᠡ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠢᠵᠤ ᠪᠠᠭ᠎ᠠ ᠵᠢᠵᠢᠭ ᠠᠵᠤ ᠠᠬᠤᠢ᠌ᠯᠠᠯ᠎ᠳᠤ ᠴᠢᠭᠯᠡᠬᠦᠯᠦᠭᠰᠡᠨ ᠨᠡᠢ᠌ᠳᠡᠮ ᠬᠠᠷᠠᠭ᠋ᠠᠯᠵᠠᠯ᠎ᠤᠨ ᠴᠢᠨᠠᠷᠳᠠᠢ ᠭᠠᠢ᠌ᠯᠢ ᠬᠠᠰᠤᠬᠤ ᠳᠤᠬᠠᠢ ᠨᠢᠭᠡ ᠪᠦᠯᠦᠭ ᠠᠷᠭ᠎ᠠ ᠭᠡᠮᠵᠢᠶ᠎ᠡ ᠵᠢ ᠨᠡᠮᠡᠵᠤ ᠳᠤᠭᠳᠠᠭ᠋ᠠᠵᠠᠢ
ᠠᠷᠠᠳ᠎ᠤᠨ ᠶᠠᠪᠤᠳᠠᠯ᠎ᠤᠨ ᠳᠤᠭ᠎ᠠ ᠪᠦᠷᠢᠳᠭᠡᠯ᠎ᠤᠨ ᠠᠵᠢᠯ᠎ᠤᠨ ᠦᠭᠡᠷᠡᠴᠢᠯᠡᠯᠳᠡ ᠬᠢᠭᠡᠳ ᠰᠢᠨ᠎ᠠ ᠵᠢ ᠠ᠋ᠬᠦᠳᠤᠨ ᠬᠦᠭᠵᠢᠬᠦᠯᠬᠦ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠰᠤᠭ᠋ᠠᠢ
ᠬᠦᠯᠦᠨ ᠨᠦᠬᠦᠷ᠎ᠤᠨ ᠪᠦᠬᠦ ᠣᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ 《ᠬᠤᠶᠠᠷ ᠬᠠᠷᠢᠭᠤᠴᠠᠯᠭ᠎ᠠ》 ᠵᠢ ᠠᠬᠢᠭᠤᠯᠬᠤ ᠬᠤᠷᠠᠯ ᠲᠡᠭᠡᠷᠡᠬᠢ ᠶᠠᠷᠢᠶ᠎ᠠ (ᠳᠣᠪᠴᠢᠯᠠᠯ)
ᠲᠢᠩᠬᠢᠮ᠎ᠤᠨ ᠳᠠᠷᠤᠭ᠎ᠠ ᠳ᠋ᠸᠩ ᠶᠦᠸᠸ ᠯᠸᠤ ᠵᠢᠨ ᠪᠦᠬᠦ ᠤᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠢ ᠪᠦᠬᠦ ᠳᠠᠯ᠎ᠠ᠎ᠪᠠᠷ ᠴᠢᠩᠭ᠎ᠠ ᠵᠠᠰᠠᠵᠤ 《ᠬᠤᠶᠠᠷ ᠬᠠᠷᠢᠭᠤᠴᠠᠯᠭ᠎ᠠ》 ᠵᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ᠎ᠤ ᠳᠤᠪᠴᠢᠯᠠᠯ
 
            