ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠵᠤᠤ ᠺᠸ ᡁᠢ ᠪᠦᠬᠦ ᠤᠯᠤᠰ᠎ᠤᠨ ᠳᠤᠳᠤᠭ᠋ᠠᠳᠤ ᠵᠢ ᠬᠠᠮᠠᠭ᠋ᠠᠯᠠᠬᠤ ᠤᠨᠴᠠ ᠴᠠᠭᠳᠠᠭ᠎ᠠ ᠵᠢᠨ ᠳᠤᠭᠳᠠᠭᠤᠨ᠎ᠢ ᠬᠠᠮᠠᠭ᠋ᠠᠯᠠᠬᠤ ᠭᠠᠵᠠᠷ᠎ᠤᠨ ᠬᠠᠷᠢᠭᠤ ᠮᠡᠳᠡᠬᠦᠯᠦᠯᠳᠡ ᠵᠢᠨ ᠰᠤᠷᠢᠯᠳᠠ ᠵᠢ ᠰᠤᠨᠢᠷᠬᠠᠪᠠ
ᠨᠡᠶᠢᠲᠡᠯᠡᠭᠰᠡᠨ ᠴᠠᠭ᠄ 2019-01-25

             
     1 ᠳ᠋ᠤᠭᠡᠷ ᠰᠠᠷ᠎ᠠ ᠵᠢᠨ 19᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ᠂ ᠳᠤᠳᠤᠭ᠋ᠠᠳᠤ ᠵᠢ ᠬᠠᠮᠠᠭ᠋ᠠᠯᠠᠬᠤ ᠶᠠᠮᠤᠨ᠎ᠤ ᠰᠠᠢ᠌ᠳ ᠵᠤᠤ ᠺᠸ ᡁᠢ ᠱᠠᠨᠳᠦᠢ᠍ᠩ ᠮᠤᠵᠢ ᠵᠢᠨ ᠵᠢᠨᠠᠨ ᠬᠤᠳᠠ᠎ᠳᠤ ᠪᠦᠬᠦ ᠤᠯᠤᠰ᠎ᠤᠨ ᠳᠤᠳᠤᠭ᠋ᠠᠳᠤ ᠵᠢ ᠬᠠᠮᠠᠭ᠋ᠠᠯᠠᠬᠤ ᠤᠨᠴᠠ ᠴᠠᠭᠳᠠᠭ᠎ᠠ ᠵᠢᠨ ᠳᠤᠭᠳᠠᠭᠤᠨ᠎ᠢ ᠬᠠᠮᠠᠭ᠋ᠠᠯᠠᠬᠤ ᠭᠠᠵᠠᠷ᠎ᠤᠨ ᠬᠠᠷᠢᠭᠤ ᠮᠡᠳᠡᠬᠦᠯᠦᠯᠳᠡ ᠵᠢᠨ ᠰᠤᠷᠢᠯᠳᠠ ᠵᠢ ᠰᠤᠨᠢᠷᠬᠠᠬᠰᠠᠨ ᠪᠦᠭᠡᠳ ᠶᠡᠷᠢᠶ᠎ᠡ ᠳᠠᠯᠪᠢᠵᠠᠢ᠃
      ᠵᠤᠤ ᠺᠸ ᡁᠢ᠂ ᠨᠠᠮ᠎ᠤᠨ ᠳᠤᠳᠤᠭ᠋ᠠᠳᠤ ᠵᠢ ᠬᠠᠮᠠᠭ᠋ᠠᠯᠠᠬᠤ ᠠᠵᠢᠯ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠂ ᠪᠦᠬᠦ ᠳᠡᠯ᠎ᠡ ᠵᠢᠨ ᠤᠳᠤᠷᠢᠳᠤᠯᠭ᠎ᠠ ᠵᠢ ᠠ᠋ᠷᠡᠰ ᠭᠣᠢ᠌ᠪᠢᠰᠢ ᠦᠭᠡᠢ᠎ᠪᠠᠷ ᠪᠠᠷᠢᠮᠳᠠᠯᠠᠨ᠂ ᠤᠯᠤᠰ ᠳᠦᠷᠦ ᠵᠢᠨ ᠪᠠᠢ᠌ᠭᠤᠯᠤᠯᠳᠠ᠎ᠪᠠᠷ ᠵᠢᠯᠣᠭᠣᠳᠤᠭᠤᠯᠬᠤ ᠵᠢ ᠢᠮᠡᠭ᠍ᠳᠡ ᠪᠠᠷᠢᠮᠳᠠᠯᠠᠵᠤ᠂ ᠦᠨᠳᠦᠰᠤᠨ ᠱᠠᠳᠤ ᠵᠢ ᠬᠦᠴᠦᠷᠭᠡᠭᠵᠢᠬᠦᠯᠬᠦ᠎ᠪᠠᠷ ᠢᠯᠡ ᠳᠤᠳᠤᠷᠬᠠᠢ ᠵᠢᠯᠤᠭᠤᠳᠤᠮᠵᠢ ᠪᠤᠯᠭ᠋ᠠᠬᠤ ᠵᠢ ᠢᠮᠡᠭ᠍ᠳᠡ ᠪᠠᠷᠢᠮᠳᠠᠯᠠᠵᠤ᠂ ᠪᠤᠳᠠᠳᠤ ᠪᠠᠢ᠌ᠯᠳᠤᠭ᠋ᠠᠨ᠎ᠳᠤ ᠵᠤᠬᠢᠴᠠᠬᠤ ᠰᠤᠷᠢᠯᠳᠠ ᠪᠤᠯᠪᠠᠰᠤᠷᠠᠯ᠎ᠤᠨ ᠱᠠᠭ᠋ᠠᠷᠳᠠᠯᠭ᠎ᠠ ᠵᠢ ᠢᠮᠡᠭ᠍ᠳᠡ ᠪᠠᠷᠢᠮᠳᠠᠯᠠᠵᠤ᠂ ᠴᠠᠭᠳᠠᠭ᠎ᠠ ᠵᠢ ᠴᠢᠩᠭ᠎ᠠ ᠬᠠᠮᠢᠶᠠᠷᠴᠤ ᠬᠠᠯᠠᠮᠵᠢᠯᠠᠨ᠂ ᠴᠢᠩᠭ᠎ᠠ ᠵᠠᠰᠠᠬᠤ ᠵᠠᠷᠴᠢᠮ᠎ᠢ ᠢᠮᠠᠬᠳᠠ ᠪᠠᠷᠢᠮᠳᠠᠯᠠᠵᠤ᠂ ᠰᠢ ᠵᠢᠨ ᠫᠢᠩ ᠳᠡᠷᠢᠬᠦᠯᠡᠭᠴᠢ᠎ᠪᠠᠷ ᠭᠤᠤᠯ ᠪᠤᠯᠭ᠋ᠠᠭᠰᠠᠨ ᠨᠠᠮ᠎ᠤᠨ ᠳᠦᠪ ᠬᠤᠷᠢᠶᠠᠨ᠎ᠳᠤ ᠳᠦᠢ᠍ᠯ᠎ᠤᠨ ᠦᠨᠡᠨᠴᠢ ᠰᠢᠳᠤᠷᠭᠤ᠂ ᠨᠠᠮ ᠪᠤᠯᠤᠨ ᠠᠷᠠᠳ ᠳᠦᠮᠡᠨ᠎ᠤ ᠰᠡᠳᠬᠢᠯ ᠬᠠᠨᠤᠮᠵᠢᠳᠠᠢ ᠳᠤᠳᠤᠭ᠋ᠠᠳᠤ ᠵᠢ ᠬᠠᠮᠠᠭ᠋ᠠᠯᠠᠬᠤ ᠤᠨᠴᠠ ᠴᠠᠭᠳᠠᠭ᠎ᠠ ᠵᠢᠨ ᠠ᠋ᠩᠨᠡᠭᠡ ᠵᠢ ᠪᠠᠢ᠌ᠭᠤᠯᠬᠤ ᠭᠡᠷᠡᠭᠳᠡᠢ᠃ ᠪᠡᠬᠢᠯᠡᠯᠳᠡ᠎ᠪᠠᠨ ᠴᠢᠩᠭ᠎ᠠ ᠰᠠᠬᠢᠨ ᠪᠠᠢ᠌ᠯᠳᠤᠬᠤ᠎ᠳᠤ ᠪᠡᠯᠡᠭᠡᠨ ᠪᠠᠢ᠌ᠬᠤ ᠵᠢ ᠪᠠᠷᠢᠮᠳᠠᠯᠠᠨ᠂ ᠰᠢᠨᠵᠢᠯᠡᠬᠦ ᠤᠬᠠᠭ᠋ᠠᠨᠴᠢ ᠪᠦᠭᠡᠳ ᠦᠨᠳᠦᠷ ᠦᠷ᠎ᠡ ᠪᠦᠳᠦᠮᠵᠢᠳᠤ ᠪᠤᠯᠪᠠᠰᠤᠷᠠᠯ ᠬᠢᠵᠤ᠂ ᠠ᠋ᠷᠡᠯᠭᠡᠭ ᠪᠠᠭ᠋ᠠᠳᠤᠷᠯᠢᠭ ᠰᠢᠷᠭ᠋ᠠᠭᠤ ᠬᠠᠳᠠᠭᠤᠵᠢᠯᠳᠠᠢ ᠪᠦᠭᠡᠳ ᠦᠷᠡᠭᠳᠡᠬᠦ᠎ᠠᠴᠠ ᠠᠶᠤᠬᠤ ᠦᠭᠡᠢ ᠪᠠᠢ᠌ᠯᠳᠤᠬᠤ ᠵᠤᠷᠢᠭ ᠰᠠᠨᠠᠭ᠎ᠠ ᠵᠢ ᠪᠠᠳᠠᠷᠠᠭᠤᠯᠤᠨ᠂ 《ᠰᠢᠨ᠎ᠠ ᠠ᠋ᠭᠦᠷᠬᠡ ᠵᠢ ᠬᠦᠢ᠍ᠴᠡᠳᠭᠡᠨ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ ᠵᠢᠨ ᠠᠮᠤᠷ ᠳᠦᠪᠰᠢᠨ᠎ᠢ ᠬᠠᠮᠠᠭ᠋ᠠᠯᠠᠬᠤ》 ᠭᠤᠤᠯ ᠰᠡᠳᠤᠪᠳᠤ ᠠᠵᠢᠯᠯᠠᠭ᠎ᠠ᠎ᠳᠤ ᠢᠳᠡᠪᠬᠢᠳᠡᠢ ᠤᠷᠤᠯᠴᠠᠵᠤ᠂ ᠰᠢᠨ᠎ᠠ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠳᠤᠷᠠᠰᠬᠠᠬᠤ ᠠᠵᠢᠯᠯᠠᠭ᠎ᠠ᠎ᠳᠤ ᠠᠮᠤᠷ ᠳᠤᠭᠳᠠᠭᠤᠨ ᠤᠯᠤᠰ ᠳᠦᠷᠦ ᠨᠡᠢ᠌ᠭᠡᠮ᠎ᠤᠨ ᠤᠷᠴᠢᠨ ᠳᠤᠭᠤᠷᠢᠨ᠎ᠢ ᠬᠠᠩᠭ᠋ᠠᠬᠤ ᠭᠡᠷᠡᠭᠳᠡᠢ ᠭᠡᠵᠤ ᠱᠠᠭ᠋ᠠᠷᠳᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠤ᠌ ᠴᠦᠨ ᠬᠤᠸᠠ ᠳᠡᠭᠡᠳᠤ ᠵᠡᠷᠭᠡ ᠵᠢᠨ ᠮᠡᠷᠭᠡᠵᠢᠯ᠎ᠤᠨ ᠴᠢᠳᠠᠪᠤᠷᠢᠳᠠᠨ᠎ᠤ ᠶᠠᠷᠢᠯᠴᠠᠬᠤ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠵᠠᠢ
ᠯᠢ ᠺᠸ ᠴᠢᠶᠠᠩ ᠡᠯ᠎ᠡ ᠠᠷᠠᠳᠴᠢᠯᠠᠬᠰᠠᠨ ᠨᠠᠮ ᠪᠦᠯᠦᠭ ᠪᠦᠬᠦ ᠤᠯᠤᠰ᠎ᠤᠨ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠠ ᠵᠢᠨ ᠬᠠᠷᠢᠭᠤᠴᠠᠯᠭ᠋ᠠᠳᠠᠨ ᠪᠤᠯᠤᠨ ᠨᠠᠮ ᠪᠦᠯᠦᠭ᠎ᠤᠨ ᠪᠤᠰᠤ ᠬᠦᠮᠦᠰ᠎ᠤᠨ ᠶᠠᠷᠢᠯᠴᠠᠬᠤ ᠬᠤᠷᠠᠯ᠎ᠢ ᠠ᠋ᠷᠬᠢᠯᠡᠨ ᠬᠢᠵᠤ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠤᠨ ᠳᠤᠬᠠᠢ ᠰᠠᠨᠠᠯ ᠵᠦᠪᠯᠡᠯᠭᠡ ᠵᠢ ᠰᠤᠨᠤᠰᠪᠠ
ᠯᠢ ᠺᠸ ᠴᠢᠶᠠᠩ᠄ ᠰᠠᠨᠠᠭᠰᠠᠨ ᠪᠤᠳᠤᠭᠰᠠᠨ ᠵᠶ᠋ᠡᠨ ᠠ᠋ᠷᠢᠶᠡᠯᠡᠯ ᠦᠭᠡᠢ ᠭᠡᠯᠡᠭᠡᠷᠡᠢ ᠭᠡᠪᠡ
ᠬᠠᠨ ᠵᠸᠩ ᠠ᠋ᠮᠴᠢᠯᠡᠭᠡᠨ᠎ᠤ ᠪᠠᠳᠤᠯᠠᠭ᠎ᠠ ᠵᠢᠨ ᠬᠤᠷᠠᠯ᠎ᠳᠤ ᠤᠷᠤᠯᠴᠠᠵᠤ ᠶᠠᠷᠢᠶ᠎ᠠ ᠳᠠᠯᠪᠢᠪᠠ
ᠯᠢ ᠺᠸ ᠴᠢᠶᠠᠩ ᠳᠤᠮᠳᠠᠳᠤ ᠤᠯᠤᠰ᠎ᠤᠨ ᠪᠠᠩᠬᠢ ᠳᠤᠮᠳᠠᠳᠤ ᠤᠯᠤᠰ᠎ᠤᠨ ᠦᠢ᠍ᠯᠡᠳᠪᠤᠷᠢ ᠬᠤᠳᠠᠯᠳᠤᠭ᠋ᠠᠨ᠎ᠤ ᠪᠠᠩᠬᠢ ᠳᠤᠮᠳᠠᠳᠤ ᠤᠯᠤᠰ᠎ᠤᠨ ᠪᠦᠳᠦᠭᠡᠨ ᠪᠠᠢ᠌ᠭᠤᠯᠤᠯᠳᠠ ᠵᠢᠨ ᠪᠠᠩᠬᠢ᠎ᠳᠤ ᠰᠢᠨᠵᠢᠯᠠᠨ ᠪᠠᠢ᠌ᠴᠠᠭ᠋ᠠᠭᠰᠠᠨ ᠪᠦᠭᠡᠳ ᠶᠠᠷᠢᠯᠴᠠᠬᠤ ᠬᠤᠷᠠᠯ ᠬᠢᠵᠡᠢ
 
            