ᠶᠡᠷᠦᠩᠭᠡᠢ ᠰᠠᠢ᠌ᠳ ᠯᠢ ᠺᠸ ᠴᠢᠶᠠᠩ 1 ᠳ᠋ᠤᠭᠡᠷ ᠰᠠᠷ᠎ᠠ ᠵᠢᠨ 15᠎ᠤ ᠠ᠋ᠳᠤᠷ᠎ᠤᠨ ᠶᠠᠷᠢᠯᠴᠠᠬᠤ ᠬᠤᠷᠠᠯ ᠳᠡᠭᠡᠷ᠎ᠡ᠂ ᠦᠨᠦᠳᠤᠷ᠎ᠤᠨ ᠶᠠᠷᠢᠯᠴᠠᠬᠤ ᠬᠤᠷᠠᠯ ᠪᠤᠯ ᠦᠨᠡᠨ ᠰᠡᠳᠬᠢᠯ᠎ᠤᠨ ᠦᠭᠡ᠎ᠪᠠᠨ ᠠᠭᠤᠵᠢᠷᠠᠳᠠᠯ᠎ᠠ ᠶᠠᠷᠢᠯᠴᠠᠬᠤ ᠬᠤᠷᠠᠯ ᠪᠤᠯᠤᠨ᠎ᠠ᠂ ᠤᠯᠠᠨ ᠵᠶ᠋ᠡᠷ ᠵᠶ᠋ᠡᠨ ᠰᠠᠨᠠᠭᠰᠠᠨ ᠪᠤᠳᠤᠭᠰᠠᠨ ᠵᠶ᠋ᠡᠨ ᠴᠢᠯᠦᠭᠡᠳᠡᠢ ᠶᠠᠷᠢᠭ᠋ᠠᠷᠠᠢ ᠭᠡᠵᠤ ᠭᠡᠯᠡᠪᠡ᠃
ᠳᠤᠰ ᠠ᠋ᠳᠤᠷ᠎ᠤᠨ ᠦᠳᠡ ᠵᠢᠨ ᠬᠤᠢ᠌ᠨ᠎ᠠ᠂ ᠯᠢ ᠺᠸ ᠴᠢᠶᠠᠩ ᠶᠠᠷᠢᠯᠴᠠᠬᠤ ᠬᠤᠷᠠᠯ᠎ᠢ ᠠ᠋ᠷᠬᠢᠯᠡᠨ ᠬᠢᠵᠤ᠂ ᠠ᠋ᠷᠳᠡᠮᠳᠡᠨ ᠮᠡᠷᠭᠡᠵᠢᠯᠳᠡᠨ ᠪᠤᠯᠤᠨ ᠠᠵᠤ ᠠᠬᠤᠢ᠌ᠯᠠᠯ᠎ᠤᠨ ᠬᠦᠮᠦᠰ᠎ᠤᠨ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ (ᠵᠠᠰᠠᠪᠤᠷᠢ ᠤᠷᠤᠭᠤᠯᠬᠤ ᠠ᠋ᠭᠡ ᠨᠤᠤᠷᠠᠭ)》᠎ᠤᠨ ᠳᠤᠬᠠᠢ ᠰᠠᠨᠠᠯ ᠵᠦᠪᠯᠡᠯᠭᠡ ᠰᠤᠨᠤᠰᠪᠠ᠃ ᠠ ᠯᠢ ᠪᠠ ᠪᠠ ᠪᠦᠯᠦᠭᠯᠡᠯ᠎ᠤᠨ ᠭᠡᠷᠡᠭ ᠮᠡᠳᠡᠭᠴᠢ ᠵᠢᠨ ᠳᠤᠪᠴᠢᠶᠠᠨ᠎ᠤ ᠳᠡᠷᠢᠬᠦᠯᠡᠭᠴᠢ ᠮᠠ ᠶᠦᠨ᠄ 《ᠪᠢ ᠠ᠋ᠨᠡ ᠠ᠋ᠳᠤᠷ ᠠ ᠯᠢ ᠪᠠ ᠪᠠ ᠵᠢ ᠳᠦᠯᠦᠭᠡᠯᠡᠬᠦ ᠪᠢᠰᠢ᠂ ᠬᠠᠷᠢᠨ ᠵᠸᠵᠢᠶᠠᠩ᠎ᠤᠨ ᠬᠤᠳᠠᠯᠳᠤᠭ᠋ᠠᠴᠢᠨ᠎ᠤ ᠶᠡᠷᠦᠩᠭᠡᠢ ᠡᠪᠯᠡᠯ᠂ ᠳᠤᠮᠳᠠᠳᠤ ᠤᠯᠤᠰ᠎ᠤᠨ ᠠᠵᠤ ᠠᠬᠤᠢ᠌ᠯᠠᠯᠳᠠᠨ᠎ᠤ ᠺᠯᠦᠢ᠍ᠪ ᠪᠤᠯᠤᠨ ᠠ ᠯᠢ ᠪᠠ ᠪᠠ ᠳᠠᠪᠴᠠᠩ᠎ᠤᠨ 3000 ᠳᠦᠮᠡ ᠭᠠᠷᠤᠢ ᠠᠵᠤ ᠠᠬᠤᠢ᠌ᠯᠠᠯ᠎ᠢ ᠳᠦᠯᠦᠭᠡᠯᠡᠨ ᠬᠤᠷᠸ᠎ᠠ ᠠᠵᠤ ᠠᠬᠤᠢ᠌ᠯᠠᠯ᠎ᠤᠨ ᠰᠡᠷᠡᠭᠳᠡᠯ ᠳᠦᠷᠦᠭᠳᠡᠯ᠎ᠢ ᠶᠠᠷᠢᠶ᠎ᠠ᠂ ᠮᠢᠨᠦ ᠵᠠᠷᠢᠮ ᠦᠭᠡ᠎ᠨᠢ ᠰᠤᠨᠤᠰᠪᠤᠷᠢ ᠦᠭᠡᠢ ᠪᠡᠢ᠌ᠵᠤ ᠮᠠᠳᠠᠨ᠎ᠠ》 ᠭᠡᠵᠤ ᠦᠭᠡ᠎ᠪᠠᠨ ᠠ᠋ᠬᠢᠯᠡᠬᠦᠯᠪᠡ᠃
ᠮᠠ ᠶᠦᠨ ᠶᠠᠷᠢᠵᠤ ᠳᠠᠭᠤᠰᠤᠭᠰᠠᠨ᠎ᠤ ᠳᠠᠷᠠᠭ᠎ᠠ᠂ ᠯᠢ ᠺᠸ ᠴᠢᠶᠠᠩ᠄ 《ᠴᠢᠨᠦ ᠶᠠᠷᠢᠭᠰᠠᠨ᠎ᠨᠢ 〈ᠭᠤᠮᠤᠳᠠᠯ ᠳᠤᠭ᠋ᠠᠴᠢᠵᠤ〉 ᠪᠠᠢ᠌ᠭ᠎ᠠ ᠪᠢᠰᠢ᠂ ᠬᠠᠷᠢᠨ ᠦᠨᠡᠨ ᠠᠰᠠᠭᠤᠳᠠᠯ᠎ᠢ ᠳᠤᠰᠬᠠᠵᠤ ᠪᠠᠢ᠌ᠨ᠎ᠠ᠂ ᠴᠢ ᠶᠠᠷᠢᠶ᠎ᠠ᠎ᠪᠠᠨ ᠰᠤᠨᠤᠰᠪᠤᠷᠢ ᠦᠭᠡᠢ ᠭᠡᠵᠤ ᠰᠠᠨᠠᠭ᠋ᠠᠰᠢᠷᠠᠵᠤ ᠪᠠᠢ᠌ᠪᠠᠴᠤ ᠪᠢᠳᠡ᠎ᠳᠤ ᠳᠠᠭ᠋ᠠᠯᠠᠭᠳᠠᠵᠤ ᠪᠠᠢ᠌ᠨ᠎ᠠ》 ᠭᠡᠵᠤ ᠬᠠᠷᠢᠭᠤᠯᠪᠠ᠃
ᠶᠡᠷᠦᠩᠭᠡᠢ ᠰᠠᠢ᠌ᠳ ᠯᠢ ᠺᠸ ᠴᠢᠶᠠᠩ᠄ 《ᠠᠷᠠᠳ ᠤᠯᠠᠨ ᠪᠤᠯᠤᠨ ᠵᠠᠬ᠎ᠠ ᠳᠡᠯᠭᠡᠬᠦᠷ᠎ᠤᠨ ᠭᠤᠤᠯ ᠴᠤᠭᠴᠠ ᠵᠢᠨ 〈ᠭᠤᠮᠤᠳᠠᠯ ᠳᠤᠭ᠋ᠠᠴᠢᠬᠤ〉 ᠵᠢ ᠵᠦᠪᠰᠢᠶᠡᠷᠡᠬᠦ ᠭᠡᠷᠡᠭᠳᠡᠢ᠂ ᠵᠠᠰᠠᠭ᠎ᠤᠨ ᠤᠷᠳᠤᠨ ᠠᠷᠠᠳ ᠤᠯᠠᠨ᠎ᠤ 〈ᠰᠤᠨᠤᠰᠪᠤᠷᠢ ᠦᠭᠡᠢ ᠦᠭᠡ〉 ᠭᠡᠯᠡᠬᠦ ᠵᠢ ᠵᠦᠪᠰᠢᠶᠡᠷᠡᠬᠦ ᠮᠦᠷᠳᠡᠭᠡᠨ ᠨᠠᠷᠢᠨ ᠬᠢᠨᠠᠮᠠᠭ᠋ᠠᠢ᠎ᠪᠠᠷ ᠰᠤᠨᠤᠰᠬᠤ ᠭᠡᠷᠡᠭᠳᠡᠢ᠃ ᠶᠠᠷᠢᠭᠰᠠᠨ᠎ᠨᠢ ᠳᠠᠭ᠋ᠠᠷᠠᠵᠤ ᠪᠠᠢ᠌ᠪᠠᠯ ᠳᠦᠷᠦ ᠵᠢᠨ ᠪᠤᠳᠤᠯᠭ᠎ᠠ᠎ᠳᠤ᠎ᠪᠠᠨ ᠳᠤᠬᠢᠷᠠᠭᠤᠯᠤᠯᠳᠠ ᠬᠢᠵᠤ᠂ ᠶᠠᠷᠢᠭᠰᠠᠨ᠎ᠨᠢ ᠳᠠᠭ᠋ᠠᠷᠠᠬᠤ ᠦᠭᠡᠢ ᠪᠤᠯ ᠨᠠᠷᠢᠨ ᠨᠢᠮᠪᠠᠢ᠎ᠪᠠᠷ ᠳᠠᠢ᠌ᠯᠪᠤᠷᠢᠯᠡᠵᠤ ᠦᠭᠬᠦ ᠭᠡᠷᠡᠭᠳᠡᠢ᠂ ᠢᠩᠬᠢᠪᠡᠯ ᠰᠠᠶᠢ ᠬᠠᠮᠳᠤ ᠵᠢᠨ ᠳᠠᠨᠢᠯᠳᠠ ᠵᠢ ᠨᠢᠭᠡᠳᠭᠡᠨ ᠡᠯ᠎ᠡ ᠳᠠᠯ᠎ᠠ ᠵᠢᠨ ᠢᠳᠡᠪᠬᠢᠵᠢᠯ᠎ᠢ ᠳᠠᠢ᠌ᠴᠢᠠᠯᠵᠤ ᠴᠢᠳᠠᠨ᠎ᠠ》 ᠭᠡᠵᠤ ᠭᠡᠯᠡᠪᠡ᠃
ᠪᠢᠳᠠ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ ᠵᠤᠬᠢᠬᠤ ᠬᠠᠷᠢᠮᠠᠬᠠᠢ ᠬᠡᠯᠪᠡᠯᠵᠢᠯᠲᠠᠢ ᠪᠠᠢ᠌ᠬᠤ ᠵᠢ ᠵᠦᠪᠰᠢᠶᠡᠷᠡᠬᠦ ᠭᠡᠷᠡᠭᠳᠡᠢ᠂ ᠭᠡᠬᠦ᠎ᠳᠤ ᠶᠡᠭᠡ᠎ᠪᠠᠷ ᠦᠰᠴᠤ ᠪᠠᠭᠤᠷᠠᠭᠤᠯᠬᠤ ᠦᠭᠡᠢ ᠪᠠᠢ᠌ᠯᠭ᠋ᠠᠵᠤ᠂ ᠨᠡᠩ ᠴᠤ᠌ ᠬᠠᠯᠢᠯ ᠬᠠᠳᠠᠨ᠎ᠠᠴᠠ ᠦᠰᠦᠷᠬᠦ ᠮᠡᠳᠤ ᠳᠦᠷᠭᠡᠨ ᠵᠶ᠋ᠡᠷ ᠪᠠᠭᠤᠷᠠᠭᠤᠯᠬᠤ ᠦᠭᠡᠢ ᠪᠠᠢ᠌ᠯᠭ᠋ᠠᠬᠤ ᠭᠡᠷᠡᠭᠳᠡᠢ
ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠ᠋ᠷᠳᠡᠮ ᠰᠢᠨᠵᠢᠯᠡᠭᠡᠨ᠎ᠤ ᠭᠡᠯᠳᠡᠰ᠎ᠤᠨ ᠭᠡᠰᠢᠬᠦᠨ ᠢᠦᠢ ᠶᠦᠩ ᠳ᠋ᠢᠩ ᠶᠠᠷᠢᠶᠠᠨ᠎ᠳᠤ᠎ᠪᠠᠨ᠂ 《ᠤᠳᠤᠬᠠᠨ᠎ᠳᠤ ᠰᠠᠭᠤᠷᠢ ᠳᠦᠬᠦᠭᠡᠷᠦᠮᠵᠢ ᠵᠢᠨ ᠪᠡᠯᠡ ᠤᠷᠤᠭᠤᠯᠤᠯᠳᠠ ᠵᠢ ᠨᠡᠮᠡᠭᠳᠡᠬᠦᠯᠵᠤ᠂ ᠨᠡᠩ ᠢᠳᠡᠪᠬᠢᠳᠡᠢ ᠠ᠋ᠳ᠋᠎ᠤᠨ ᠵᠠᠰᠠᠭ᠎ᠤᠨ ᠳᠦᠷᠦ ᠵᠢᠨ ᠪᠤᠳᠤᠯᠭ᠎ᠠ ᠵᠢ ᠭᠡᠷᠡᠭᠵᠢᠬᠦᠯᠦᠨ᠂ ᠠᠵᠤ ᠠᠬᠤᠢ ᠵᠢᠨ ᠨᠡᠮᠡᠭᠳᠡᠯ ᠤᠯᠠᠮ ᠵᠶ᠋ᠡᠷ ᠪᠠᠭᠤᠷᠠᠬᠤ ᠵᠢ ᠬᠤᠷᠢᠭᠯᠠᠬᠤ ᠵᠢ ᠴᠢᠬᠤᠯᠠ ᠵᠤᠷᠢᠯᠭ᠎ᠠ ᠪᠤᠯᠭ᠋ᠠᠬᠤ ᠭᠡᠷᠡᠭᠳᠡᠢ ᠪᠠᠢ᠌ᠨ᠎ᠠ》᠃ 《ᠭᠡᠷᠪᠡ ᠵᠤᠬᠢᠬᠤ ᠨᠡᠮᠡᠭᠳᠡᠯ᠎ᠤᠨ ᠬᠤᠷᠳᠤᠴᠠ ᠦᠭᠡᠢ ᠪᠤᠯ ᠠᠯᠢᠪᠠ ᠳᠤᠭᠳᠠᠭᠤᠨ ᠴᠢᠨᠠᠷᠲᠠᠢ ᠬᠦᠢ᠍ᠴᠡᠳᠭᠡᠬᠦ ᠵᠦᠢ᠍ᠯ ᠴᠦᠮ ᠮᠠᠭᠤᠳᠠᠵᠤ᠂ ᠪᠦᠳᠦᠴᠡ ᠵᠢᠨ ᠳᠤᠬᠢᠷᠠᠭᠤᠯᠤᠯᠳᠠ᠂ ᠠᠵᠤ ᠠᠬᠤᠢ ᠵᠢᠨ ᠳᠦᠷᠢᠮ᠎ᠤᠨ ᠦᠭᠡᠷᠡᠴᠢᠯᠡᠯᠳᠡ ᠵᠡᠷᠭᠡ ᠤᠷᠳᠤ ᠬᠤᠭᠤᠴᠠᠭ᠋ᠠᠨ᠎ᠤ ᠠᠰᠠᠭᠤᠳᠠᠯ᠎ᠢ ᠰᠢᠢ᠍ᠳᠪᠤᠷᠢᠯᠡᠬᠦ ᠵᠢᠨ ᠠᠷᠭ᠎ᠠ ᠦᠭᠡᠢ ᠪᠤᠯᠤᠨ᠎ᠠ》 ᠭᠡᠵᠤ ᠭᠡᠯᠡᠪᠡ᠃
ᠳᠤᠮᠳᠠᠳᠤ ᠤᠯᠤᠰ᠎ᠤᠨ ᠤᠯᠤᠰ ᠳᠦᠷᠦ ᠬᠠᠤᠯᠢ ᠴᠠᠭ᠋ᠠᠵᠠ ᠵᠢᠨ ᠶᠡᠭᠡ ᠰᠤᠷᠭ᠋ᠠᠭᠤᠯᠢ ᠵᠢᠨ ᠳᠡᠳ᠋ ᠵᠠᠬᠢᠷᠤᠯ ᠮᠠ ᠬᠤᠸᠠᠢ ᠳ᠋ᠸ ᠭᠤᠤᠯᠳᠠᠭᠤ ᠬᠠᠤᠯᠢ᠎ᠪᠠᠷ ᠵᠠᠰᠠᠬᠤ ᠵᠠᠰᠠᠭ᠎ᠤᠨ ᠤᠷᠳᠤᠨᠢ ᠪᠠᠢ᠌ᠭᠤᠯᠬᠤ ᠶᠠᠪᠤᠴᠠ᠎ᠳᠠᠬᠢ 《ᠠ᠋ᠰᠡ ᠦᠢ᠍ᠯᠡᠳᠬᠦᠢ》 ᠵᠢᠨ ᠠᠰᠠᠭᠤᠳᠠᠯ᠎ᠤᠨ ᠳᠤᠬᠠᠢ ᠶᠠᠷᠢᠪᠠ᠃ ᠳᠡᠷᠡ᠂ ᠬᠠᠤᠯᠢ ᠭᠡᠷᠡᠭᠵᠢᠬᠦᠯᠬᠦ ᠶᠠᠪᠤᠴᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ᠎ᠤᠨ ᠤᠷᠳᠤᠨ᠎ᠤ ᠰᠢᠰᠲᠸᠮ᠎ᠤᠨ ᠬᠢᠨᠠᠨ ᠪᠠᠢ᠌ᠴᠠᠭ᠋ᠠᠬᠤ ᠳᠦᠷᠢᠮ᠎ᠢ ᠳᠤᠭᠳᠠᠭ᠋ᠠᠨ᠂ ᠬᠠᠤᠯᠢ᠎ᠪᠠᠷ ᠵᠠᠰᠠᠬᠤ ᠵᠠᠰᠠᠭ᠎ᠤᠨ ᠤᠷᠳᠤᠨᠢ ᠭᠤᠷᠪᠠᠳᠤᠭ᠋ᠠᠷ ᠳᠠᠯ᠎ᠠ᠎ᠠᠴᠠ ᠦᠨᠡᠯᠡᠬᠦ ᠳᠤᠭᠳᠠᠴᠠ ᠵᠢ ᠪᠡᠢ᠌ᠭᠤᠯᠤᠨ ᠳᠡᠬᠦᠯᠳᠡᠷᠵᠢᠬᠦᠯᠵᠤ᠂ ᠬᠠᠤᠯᠢ ᠶᠤᠰᠤᠭ᠋ᠠᠷ ᠠᠵᠢᠯᠯᠠᠭᠰᠠᠳ᠎ᠢ ᠵᠤᠷᠢᠭᠵᠢᠭᠤᠯᠤᠨ᠂ ᠠ᠋ᠰᠡ ᠦᠢ᠍ᠯᠡᠳᠬᠦᠢ ᠪᠡ ᠠ᠋ᠮᠬᠢ ᠵᠠᠮᠪᠠᠷᠠᠭ᠎ᠠ ᠦᠭᠡᠢ ᠦᠢ᠍ᠯᠡᠳᠦᠭᠰᠡᠳᠠᠴᠠ ᠬᠠᠷᠢᠭᠤᠴᠠᠯᠭ᠎ᠠ ᠨᠡᠭᠡᠮᠵᠢᠯᠡᠬᠦ ᠭᠡᠷᠡᠭᠳᠡᠢ ᠭᠡᠪᠡ᠃
ᠯᠢ ᠺᠸ ᠴᠢᠶᠠᠩ ᠬᠤᠷᠸ᠎ᠠ ᠠᠵᠤ ᠠᠬᠤᠢ ᠵᠢᠨ ᠳᠦᠷᠦ ᠵᠢᠨ ᠪᠤᠳᠤᠯᠭ᠎ᠠ ᠵᠡᠷᠭᠡ ᠠᠰᠠᠭᠤᠳᠠᠯ᠎ᠤᠨ ᠳᠠᠯ᠎ᠠ᠎ᠪᠠᠷ ᠳᠡᠳᠡᠨ᠎ᠲᠠᠢ ᠬᠦᠨᠵᠡᠭᠡᠢ ᠶᠠᠷᠢᠯᠴᠠᠬᠤ ᠵᠢᠨ ᠬᠠᠮᠳᠤ ᠳᠡᠳᠡᠨ᠎ᠢ ᠤᠯᠠᠮ ᠬᠦᠨᠵᠡᠭᠡᠢ ᠰᠤᠳᠤᠯᠤᠨ᠂ ᠠᠵᠤ ᠠᠬᠤᠢ ᠵᠢᠨ ᠠᠵᠢᠯ᠎ᠳᠤ ᠢᠯᠡᠬᠦᠤ ᠠᠷᠭ᠎ᠠ ᠤᠬᠠᠭ᠋ᠠᠨ ᠭᠠᠷᠭ᠋ᠠᠵᠤ᠂ ᠢᠯᠡᠬᠦᠤ ᠰᠠᠨᠠᠯ ᠵᠦᠪᠯᠡᠯᠭᠡ ᠦᠭᠬᠦ ᠵᠢ ᠬᠦᠰᠡᠪᠡ᠃ ᠶᠡᠷᠦᠩᠭᠡᠢ ᠰᠠᠢ᠌ᠳ ᠯᠢ ᠺᠸ ᠴᠢᠶᠠᠩ᠂ ᠪᠢᠳᠡᠨ᠎ᠤ ᠳᠤᠷᠠᠳᠤᠨ ᠭᠠᠷᠭ᠋ᠠᠭᠰᠠᠨ ᠳᠤᠮᠳᠠᠳᠤ ᠤᠯᠤᠰ᠎ᠤᠨ ᠠᠵᠤ ᠠᠬᠤᠢ ᠵᠢᠨ ᠠᠵᠢᠯᠯᠠᠭ᠋ᠠᠨ᠎ᠢ ᠵᠤᠬᠢᠰᠳᠠᠢ ᠭᠡᠪᠴᠢᠶᠠᠨ᠎ᠳᠤ ᠶᠠᠪᠤᠭᠳᠠᠭᠤᠯᠬᠤ ᠵᠢ ᠪᠠᠳᠤᠯᠠᠬᠤ ᠭᠡᠳᠡᠭ᠎ᠨᠢ ᠳᠠᠷᠤᠢ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ ᠬᠠᠷᠢᠮᠠᠬᠠᠢ ᠬᠡᠯᠪᠡᠯᠵᠢᠯᠲᠠᠢ ᠪᠠᠢ᠌ᠬᠤ ᠵᠢ ᠵᠦᠪᠰᠢᠶᠡᠷᠡᠬᠦ ᠵᠢᠨ ᠬᠠᠮᠲᠤ ᠶᠡᠭᠡ᠎ᠪᠠᠷ ᠦᠰᠴᠤ ᠪᠠᠭᠤᠷᠠᠭᠤᠯᠬᠤ ᠦᠭᠡᠢ ᠪᠠᠢ᠌ᠯᠭ᠋ᠠᠵᠤ᠂ ᠨᠡᠩ ᠬᠠᠯᠢᠯ ᠬᠠᠳᠠᠨ᠎ᠠᠴᠠ ᠦᠰᠦᠷᠬᠦ ᠮᠡᠳᠤ ᠳᠦᠷᠭᠡᠨ ᠵᠶ᠋ᠡᠷ ᠪᠠᠭᠤᠷᠠᠭᠤᠯᠬᠤ ᠦᠭᠡᠢ ᠪᠠᠢ᠌ᠯᠭ᠋ᠠᠬᠤ ᠭᠡᠰᠡᠨ ᠶᠠᠪᠤᠳᠠᠯ ᠪᠤᠯᠤᠨ᠎ᠠ ᠭᠡᠵᠤ ᠭᠡᠯᠡᠪᠡ᠃
ᠯᠢ ᠺᠸ ᠴᠢᠶᠠᠩ᠄ 《ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠳᠤᠭᠳᠠᠭᠤᠨ ᠵᠶ᠋ᠠᠷ ᠳᠠᠪᠰᠢᠨ ᠤᠷᠤᠭᠰᠢᠯᠠᠬᠤ ᠠᠵᠢᠯ᠎ᠤᠨ ᠭᠤᠤᠯ ᠬᠦᠭ ᠠᠶᠠᠰ᠎ᠢ ᠪᠠᠷᠢᠮᠳᠠᠯᠠᠨ᠂ ᠬᠠᠩᠭ᠋ᠠᠯᠭ᠎ᠠ ᠵᠢᠨ ᠳᠠᠯ᠎ᠠ ᠵᠢᠨ ᠪᠦᠳᠦᠴᠡ ᠵᠢᠨ ᠴᠢᠨᠠᠷᠲᠠᠢ ᠳᠤᠬᠢᠷᠠᠭᠤᠯᠤᠯᠳᠠ ᠵᠢ ᠬᠦᠨᠵᠡᠭᠡᠢ᠌ᠷᠡᠬᠦᠯᠵᠤ᠂ ᠬᠦᠭᠵᠢᠯᠳᠡ ᠵᠢᠨ ᠭᠡᠯᠪᠡᠷᠢ᠎ᠪᠠᠨ ᠬᠤᠪᠢᠷᠠᠭᠤᠯᠬᠤ ᠵᠢ ᠳᠦᠷᠭᠡᠳᠭᠡᠨ᠂ ᠤᠯᠠᠮᠵᠢᠯᠠᠯᠲᠤ ᠠᠷᠭ᠎ᠠ ᠪᠠᠷᠢᠯ᠎ᠳᠤ ᠳᠦᠰᠢᠭᠯᠡᠬᠦ ᠦᠭᠡᠢ᠎ᠪᠠᠷ ᠬᠤᠷᠸ᠎ᠠ ᠳᠤᠬᠢᠷᠠᠭᠤᠯᠤᠯᠳᠠ ᠵᠢᠨ ᠠ᠋ᠭᠦᠳᠤᠯᠲᠡ ᠪᠡ ᠳᠡᠬᠦᠯᠳᠡᠷᠵᠢᠯᠳᠡ ᠵᠢ ᠦᠷᠬᠦᠯᠵᠢᠯᠡᠨ ᠠᠬᠢᠭᠤᠯᠵᠤ᠂ ᠬᠤᠷᠸ᠎ᠠ ᠳᠤᠬᠢᠷᠠᠭᠤᠯᠤᠯᠳᠠ ᠵᠢᠨ ᠳᠦᠷᠦ ᠵᠢᠨ ᠪᠤᠳᠤᠯᠭ᠎ᠠ ᠵᠢ ᠳᠡᠬᠦᠯᠳᠡᠷᠵᠢᠬᠦᠯᠦᠨ᠂ ᠬᠠᠷᠠᠯᠳᠠᠳᠤ ᠬᠤᠷᠸ᠎ᠠ ᠳᠤᠬᠢᠷᠠᠭᠤᠯᠤᠯᠳᠠ᠂ ᠤᠨᠤᠪᠴᠢᠳᠤ ᠬᠤᠷᠸ᠎ᠠ ᠳᠤᠬᠢᠷᠠᠭᠤᠯᠤᠯᠳᠠ᠂ ᠪᠠᠢ᠌ᠳᠠᠯ᠎ᠳᠤ ᠳᠤᠬᠢᠷᠠᠭᠰᠠᠨ ᠬᠤᠷᠸ᠎ᠠ ᠳᠤᠬᠢᠷᠠᠭᠤᠯᠤᠯᠳᠠ ᠵᠢ ᠴᠢᠩᠭ᠋ᠠᠳᠬᠠᠵᠤ᠂ ᠬᠤᠷᠸ᠎ᠠ ᠳᠦᠷᠦ ᠵᠢᠨ ᠪᠤᠳᠤᠯᠭ᠎ᠠ ᠵᠢᠨ ᠳᠤᠭᠳᠠᠭᠤᠨ ᠴᠢᠨᠠᠷ ᠪᠤᠯᠤᠨ ᠴᠢᠭᠯᠡᠯ᠎ᠳᠤ ᠴᠢᠨᠠᠷ᠂ ᠪᠦᠳᠦᠮᠵᠢᠳᠤ ᠴᠢᠨᠠᠷ ᠵᠶ᠋ᠡᠷ ᠭᠠᠳᠠᠭ᠋ᠠᠳᠤ ᠤᠷᠴᠢᠨ᠎ᠤ ᠳᠤᠭᠳᠠᠭᠤᠨ ᠪᠤᠰᠤ ᠴᠢᠨᠠᠷ᠎ᠢ ᠠᠷᠭ᠋ᠠᠴᠠᠵᠤ᠂ ᠦᠭᠡᠷᠡᠴᠢᠯᠡᠯᠳᠡ ᠵᠢ ᠳᠠᠰᠤᠷᠠᠯᠳᠠ ᠦᠭᠡᠢ ᠬᠦᠨᠵᠡᠭᠡᠢ᠌ᠷᠡᠬᠦᠯᠵᠤ ᠨᠡᠭᠡᠭᠡᠯᠳᠡ ᠵᠢ ᠤᠯᠠᠮ ᠦᠷᠭᠡᠳᠭᠡᠨ᠂ ᠠᠵᠤ ᠠᠬᠤᠢ ᠵᠢᠨ ᠠᠵᠢᠯᠯᠠᠭ᠋ᠠᠨ᠎ᠢ ᠵᠤᠬᠢᠰᠳᠠᠢ ᠭᠡᠪᠴᠢᠶᠠᠨ᠎ᠳᠤ ᠪᠠᠢ᠌ᠯᠭ᠋ᠠᠬᠤ ᠵᠢ ᠪᠠᠳᠤᠯᠠᠵᠤ᠂ ᠴᠢᠨᠠᠷ ᠰᠠᠢ᠌ᠳᠠᠢ ᠬᠦᠭᠵᠢᠯᠳᠡ ᠵᠢ ᠠᠬᠢᠭᠤᠯᠤᠨ᠎ᠠ》 ᠭᠡᠵᠤ ᠭᠡᠯᠡᠪᠡ᠃
ᠭᠡᠷᠪᠡ ᠪᠢᠳᠡᠨ᠎ᠤ ᠳᠦᠷᠦ ᠵᠢᠨ ᠪᠤᠳᠤᠯᠭ᠎ᠠ᠎ᠨᠢ ᠵᠠᠬ᠎ᠠ ᠳᠡᠯᠭᠡᠬᠦᠷ᠎ᠤᠨ ᠭᠤᠤᠯ ᠴᠤᠭᠴᠠ᠎ᠲᠠᠢ ᠵᠤᠬᠢᠴᠠᠬᠤ ᠦᠭᠡᠢ᠂ ᠠᠷᠠᠳ ᠤᠯᠠᠨ᠎ᠤ ᠰᠠᠨᠠᠯ᠎ᠲᠠᠢ ᠨᠢᠭᠡᠳᠬᠦ ᠦᠭᠡᠢ ᠪᠤᠯ ᠤᠳᠬ᠎ᠠ ᠠᠭᠤᠯᠭ᠎ᠠ ᠦᠭᠡᠢ ᠪᠤᠯᠤᠨ᠎ᠠ
ᠮᠠ ᠶᠦᠨ ᠶᠠᠷᠢᠬᠤ ᠵᠢᠨ ᠳᠤᠮᠳᠠ ᠯᠢ ᠺᠸ ᠴᠢᠶᠠᠩ᠎ᠳᠤ 《ᠮᠢᠨᠦ ᠶᠠᠷᠢᠶ᠎ᠠ ᠴᠠᠭ᠎ᠠᠴᠠ᠎ᠪᠠᠨ ᠭᠡᠳᠦᠷᠡᠴᠢᠭᠡᠯᠡ ᠪᠢᠵᠡ?》 ᠭᠡᠵᠤ ᠭᠡᠯᠡᠪᠡ᠃
ᠯᠢ ᠺᠸ ᠴᠢᠶᠠᠩ᠄ 《ᠬᠠᠮᠢᠶ᠎ᠠ ᠦᠭᠡᠢ᠂ ᠦᠷᠬᠦᠯᠵᠢᠯᠡᠨ ᠶᠠᠷᠢ᠂ ᠦᠨᠦᠳᠦᠷ ᠤᠯᠠᠨ ᠵᠶ᠋ᠡᠷ ᠵᠶ᠋ᠡᠨ ᠰᠠᠨᠠᠭ᠎ᠠ᠎ᠪᠠᠨ ᠠᠭᠤᠵᠢᠷᠠᠳᠠᠯ᠎ᠠ ᠶᠠᠷᠢᠭ᠋ᠠᠷᠠᠢ》 ᠭᠡᠵᠤ ᠵᠤᠷᠢᠭᠵᠢᠭᠤᠯᠪᠠ᠃
ᠮᠠ ᠶᠦᠨ᠂ ᠭᠠᠢ᠌ᠯᠢ ᠵᠢ ᠬᠠᠰᠤᠬᠤ ᠭᠡᠯᠳᠦᠷᠢᠬᠦᠯᠬᠦ ᠠᠷᠭ᠎ᠠ ᠵᠢ ᠤᠯᠠᠮ ᠠ᠋ᠷᠴᠢᠮᠵᠢᠬᠦᠯᠦᠨ᠂ ᠬᠦᠷᠦᠩᠭᠡ ᠵᠢᠨ ᠵᠠᠬ᠎ᠠ ᠳᠡᠯᠭᠡᠬᠦᠷ ᠪᠤᠯᠤᠨ ᠮᠦᠩᠬᠦᠨ ᠬᠦᠢ᠍ᠯᠭᠡᠭᠡᠨ᠎ᠤ ᠰᠢᠰᠲᠸᠮ᠎ᠢ ᠳᠡᠬᠦᠯᠳᠡᠷᠵᠢᠬᠦᠯᠦᠨ ᠬᠦᠭᠵᠢᠬᠦᠯᠵᠤ᠂ ᠵᠠᠰᠠᠭ᠎ᠤᠨ ᠤᠷᠳᠤᠨ᠎ᠤ ᠵᠠᠰᠠᠯᠳᠠ ᠵᠢᠨ ᠴᠢᠳᠠᠪᠤᠷᠢ ᠵᠢ ᠳᠠᠰᠤᠷᠠᠯᠳᠠ ᠦᠭᠡᠢ ᠳᠡᠭᠡᠭᠰᠢᠯᠡᠬᠦᠯᠦᠨ᠂ ᠶᠡᠮᠡᠷᠪᠡ ᠤᠴᠢᠷ ᠶᠠᠪᠤᠳᠠᠯ᠎ᠢ ᠨᠢᠭᠡ ᠯᠡ ᠠᠳᠠᠯᠢ᠎ᠪᠠᠷ ᠱᠠᠭ᠋ᠠᠷᠳᠠᠬᠤ ᠦᠭᠡᠢ ᠪᠠᠢ᠌ᠵᠤ᠂ ᠭᠠᠯᠳᠤ ᠳᠡᠷᠭᠡᠨ ᠦᠷᠳᠡᠭᠡᠨ᠎ᠤ ᠬᠠᠮᠢᠶᠠᠷᠤᠯᠳᠠ ᠵᠢᠨ ᠠᠷᠭ᠎ᠠ ᠵᠢ ᠨᠢᠰᠭᠡᠯ᠎ᠤᠨ ᠪᠠᠭᠤᠳᠠᠯ᠎ᠳᠤ ᠭᠡᠷᠡᠭᠵᠢᠬᠦᠯᠵᠤ ᠪᠤᠯᠬᠤ ᠦᠭᠡᠢ ᠭᠡᠬᠦ ᠮᠡᠳᠤ ᠰᠠᠨᠠᠯ ᠵᠦᠪᠯᠡᠯᠭᠡ ᠦᠭᠪᠡ᠃ ᠳᠡᠷᠡ ᠪᠠᠰᠠ᠄ 《ᠬᠦᠭᠵᠢᠬᠦᠯᠬᠦ ᠪᠤᠯ ᠠᠯᠢᠪᠠ ᠠᠰᠠᠭᠤᠳᠠᠯ᠎ᠢ ᠰᠢᠢ᠍ᠳᠪᠤᠷᠢᠯᠠᠬᠦ ᠰᠠᠭᠤᠷᠢ ᠪᠠ ᠵᠠᠩᠬᠢᠯᠠᠭ᠎ᠠ ᠭᠡᠳᠡᠭ᠎ᠢ ᠪᠢ ᠵᠦᠪᠰᠢᠶᠡᠷᠡᠨ᠎ᠡ᠃ 〈ᠬᠦᠭᠵᠢᠬᠦᠯᠬᠦ〉᠎ᠪᠠᠷ 〈ᠳᠤᠭᠳᠠᠭᠤᠨ〉᠎ᠢ ᠪᠡᠶᠡᠯᠡᠬᠦᠯᠦᠨ᠎ᠡ᠃ 〈ᠠᠶᠤᠯ ᠳᠦᠰᠢᠬᠦᠷᠢ〉᠎ᠳᠤ ᠳᠤᠳᠤᠷᠬᠠᠢ ᠳᠤᠮᠢᠶᠠᠯᠠᠯ᠎ᠲᠠᠢ ᠪᠤᠯᠭ᠋ᠠᠵᠤ᠂ ᠠᠵᠤ ᠠᠬᠤᠢ ᠵᠢᠨ ᠤᠷᠤᠭᠤᠳᠠᠯ ᠪᠠ ᠠᠵᠢᠯ ᠤᠯᠭᠤᠯᠳᠠ ᠵᠢᠨ ᠠᠶᠤᠯ ᠳᠦᠭᠰᠢᠬᠦᠷᠢ ᠵᠢ ᠤᠮᠳᠤᠭ᠋ᠠᠢ᠌ᠯᠠᠵᠤ ᠪᠤᠯᠬᠤ ᠦᠭᠡᠢ》 ᠭᠡᠪᠡ᠃
ᠮᠠ ᠶᠦᠨ ᠶᠠᠷᠢᠵᠤ ᠳᠠᠭᠤᠰᠤᠭᠰᠠᠨ᠎ᠤ ᠳᠠᠷᠠᠭ᠎ᠠ ᠯᠢ ᠺᠸ ᠴᠢᠶᠠᠩ᠄ 《ᠴᠢ ᠠ᠋ᠨᠡ ᠬᠦ᠌ ᠳᠠᠯᠠᠪᠤᠷ᠎ᠲᠤ ᠵᠠᠬ᠎ᠠ ᠳᠡᠯᠭᠡᠬᠦᠷ᠎ᠤᠨ ᠭᠤᠤᠯ ᠴᠤᠭᠴᠠ ᠵᠢ ᠳᠦᠯᠦᠭᠡᠯᠡᠨ ᠤᠳᠤᠬᠠᠨ᠎ᠤ ᠳᠦᠷᠦ ᠵᠢᠨ ᠪᠤᠳᠤᠯᠭ᠎ᠠ᠎ᠳᠤ ᠰᠠᠨᠠᠯ ᠵᠦᠪᠯᠡᠯᠭᠡ ᠦᠭᠬᠦᠯ᠎ᠡ᠂ ᠠ᠋ᠬᠦᠨ᠎ᠢ ᠨᠤᠳᠠᠯᠠᠨ᠎ᠠ》᠃ 《〈ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ〉᠎ᠳᠤ ᠰᠠᠨᠠᠯ ᠬᠤᠷᠢᠶᠠᠬᠤ᠎ᠳᠤ᠎ᠪᠠᠨ ᠵᠠᠬ᠎ᠠ ᠳᠡᠯᠭᠡᠬᠦᠷ᠎ᠤᠨ ᠭᠤᠤᠯ ᠴᠤᠭᠴᠠ ᠪᠤᠯᠤᠨ ᠠᠷᠠᠳ ᠤᠯᠠᠨ᠎ᠤ ᠰᠠᠨᠠᠯ ᠰᠠᠨᠠᠭᠤᠯᠭ᠎ᠠ ᠵᠢ ᠰᠤᠨᠤᠰᠬᠤ ᠴᠢᠬᠤᠯᠠᠳᠠᠢ᠃ ᠭᠡᠷᠪᠡ ᠠ᠋ᠨᠡ ᠬᠦ᠌ ᠰᠠᠨᠠᠯ ᠰᠠᠨᠠᠭᠤᠯᠭ᠎ᠠ᠎ᠨᠢ ᠠᠷᠠᠳ ᠤᠯᠠᠨ᠎ᠤ ᠬᠦᠰᠡᠯ ᠠ᠋ᠷᠡᠮᠡᠯᠵᠠᠯ᠂ ᠵᠠᠬ᠎ᠠ ᠳᠡᠯᠭᠡᠬᠦᠷ᠎ᠤᠨ ᠬᠦᠰᠡᠯ ᠱᠠᠭ᠋ᠠᠷᠳᠠᠯᠭ᠎ᠠ ᠵᠢ ᠳᠤᠰᠬᠠᠵᠤ ᠪᠠᠢ᠌ᠳᠠᠭ ᠶᠤᠮ ᠪᠤᠯ ᠪᠢᠳᠡ ᠬᠠᠯᠠᠨ ᠵᠠᠯᠠᠷᠠᠭᠤᠯᠵᠤ᠂ ᠳᠠᠷᠤᠢ ᠳᠦᠷᠭᠡᠨ ᠳᠤᠬᠢᠷᠠᠭᠤᠯᠤᠯᠳᠠ ᠬᠢᠨ᠎ᠠ᠃ ᠭᠡᠷᠪᠡ ᠪᠢᠳᠡᠨ᠎ᠤ ᠳᠦᠷᠦ ᠵᠢᠨ ᠪᠤᠳᠤᠯᠭ᠎ᠠ᠎ᠨᠢ ᠵᠠᠬ᠎ᠠ ᠳᠡᠯᠭᠡᠬᠦᠷ᠎ᠤᠨ ᠭᠤᠤᠯ ᠴᠤᠭᠴᠠ᠎ᠲᠠᠢ ᠵᠤᠬᠢᠴᠠᠬᠤ ᠦᠭᠡᠢ᠂ ᠠᠷᠠᠳ ᠤᠯᠠᠨ᠎ᠤ ᠰᠠᠨᠠᠯ᠎ᠲᠠᠢ ᠨᠢᠭᠡᠳᠬᠦ ᠦᠭᠡᠢ ᠪᠤᠯ ᠤᠳᠬ᠎ᠠ ᠠᠭᠤᠯᠭ᠎ᠠ ᠦᠭᠡᠢ ᠪᠤᠯᠤᠨ᠎ᠠ》 ᠭᠡᠵᠤ ᠭᠡᠯᠡᠪᠡ᠃
ᠬᠦᠭᠵᠢᠬᠦᠯᠬᠦ ᠪᠤᠯ ᠨᠢᠭᠡᠳᠦᠭᠡᠷ ᠴᠢᠬᠤᠯᠠ ᠶᠠᠪᠤᠳᠠᠯ ᠪᠤᠯᠤᠨ᠎ᠠ᠂ ᠳᠤᠮᠳᠠᠳᠤ ᠤᠯᠤᠰ᠎ᠤᠨ ᠠᠯᠢᠪᠠ ᠠᠰᠠᠭᠤᠳᠠᠯ᠎ᠢ ᠰᠢᠢ᠍ᠳᠪᠤᠷᠢᠯᠡᠬᠦ ᠵᠢᠨ ᠰᠠᠭᠤᠷᠢᠨ᠎ᠢ ᠠ᠋ᠨᠡ ᠬᠦ᠌ 《ᠬᠦᠭᠵᠢᠬᠦᠯᠦᠯᠳᠡ》 ᠵᠢ ᠴᠢᠩᠭ᠎ᠠ ᠠᠳᠬᠤᠬᠤ᠎ᠳᠤ ᠪᠤᠢ
ᠳᠤᠮᠳᠠᠳᠤ ᠤᠯᠤᠰ᠎ᠤᠨ ᠨᠢᠭᠡᠳᠦᠭᠡᠷ ᠬᠦᠨᠳᠤ ᠮᠠᠰᠢᠨ᠎ᠤ ᠪᠦᠯᠦᠭᠯᠡᠯ᠎ᠤᠨ ᠬᠢᠵᠠᠭ᠋ᠠᠷᠳᠤ ᠺᠤᠮᠫᠠᠨᠢ ᠵᠢᠨ ᠭᠡᠷᠡᠭ ᠮᠡᠳᠡᠭᠴᠢ ᠯᠢᠦ ᠮᠢᠩ ᠵᠦᠩ ᠵᠡᠬᠦᠨ ᠬᠤᠢ᠌ᠳᠤ ᠤᠷᠤᠨ᠎ᠢ ᠬᠦᠭᠵᠢᠬᠦᠯᠬᠦ ᠪᠡ ᠤᠯᠤᠰ᠎ᠤᠨ ᠦᠮᠴᠢᠯᠠᠯ᠎ᠤᠨ ᠠᠵᠤ ᠠᠬᠤᠢ᠌ᠯᠠᠯ᠎ᠤᠨ ᠦᠭᠡᠷᠡᠴᠢᠯᠡᠯᠳᠡ ᠵᠢ ᠬᠦᠨᠵᠡᠭᠡᠢ᠌ᠷᠡᠬᠦᠯᠬᠦ ᠵᠢ ᠤᠯᠠᠮ ᠠᠬᠢᠭᠤᠯᠬᠤ ᠳᠤᠬᠠᠢ ᠶᠠᠷᠢᠵᠤ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠠᠨ ᠡᠤ ᠵᠢᠢ ᠵᠢ ᠠ᠋ᠬᠦᠰᠭᠡᠨ ᠪᠠᠢ᠌ᠭᠤᠯᠤᠭᠴᠢ ᠪᠦᠭᠡᠳ ᠳᠡᠷᠢᠬᠦᠨ ᠬᠦᠢ᠍ᠴᠡᠳᠭᠡᠭᠴᠢ ᠴᠸᠨ ᠳᠢᠶᠠᠨ ᠱ᠌ᠢ ᠤᠶᠤᠨᠴᠢ ᠠᠵᠤ ᠦᠢ᠍ᠯᠡᠰ᠎ᠢ ᠬᠦᠭᠵᠢᠬᠦᠯᠬᠦ ᠳᠤᠬᠠᠢ ᠰᠠᠨᠠᠯ ᠵᠦᠪᠯᠡᠯᠭᠡ ᠦᠭᠪᠡ᠃ ᠯᠢ ᠺᠸ ᠴᠢᠶᠠᠩ ᠳᠡᠳᠡᠨ᠎ᠲᠠᠢ ᠰᠠᠨᠠᠯ ᠵᠶ᠋ᠡᠨ ᠰᠤᠯᠢᠯᠴᠠᠠᠬᠤ ᠵᠢᠨ ᠬᠠᠮᠳᠤ ᠳᠡᠳᠡᠨ᠎ᠤ ᠳᠤᠷᠠᠳᠤᠭᠰᠠᠨ ᠠᠰᠠᠭᠤᠳᠠᠯ᠎ᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠲᠤ ᠳᠤᠰᠢᠶᠠᠨ ᠰᠤᠳᠤᠯᠤᠯᠳᠠ ᠬᠢᠯᠭᠡᠬᠦ᠎ᠪᠠᠷ ᠵᠢᠭ᠋ᠠᠪᠤᠷᠢᠯᠠᠪᠠ᠃
ᠠ᠋ᠷᠳᠡᠮᠳᠡᠨ ᠮᠡᠷᠭᠡᠵᠢᠯᠳᠡᠨ᠎ᠤ ᠶᠠᠷᠢᠶ᠎ᠠ ᠳᠠᠭᠤᠰᠤᠭᠰᠠᠨ᠎ᠤ ᠳᠠᠷᠠᠭ᠎ᠠ᠂ ᠯᠢ ᠺᠸ ᠴᠢᠶᠠᠩ ᠤᠯᠠᠨ᠎ᠤ ᠪᠤᠳᠤᠭᠰᠠᠨ ᠰᠠᠨᠠᠭᠰᠠᠨ ᠵᠶ᠋ᠡᠨ ᠠᠭᠤᠵᠢᠷᠠᠳᠠᠯ᠎ᠠ ᠶᠠᠷᠢᠭᠰᠠᠨ᠎ᠳᠤ ᠳᠠᠯᠠᠷᠬᠠᠵᠤ ᠪᠠᠢ᠌ᠬᠤ᠎ᠪᠠᠨ ᠢᠯᠡᠷᠭᠡᠢ᠌ᠯᠡᠪᠡ᠃ ᠯᠢ ᠺᠸ ᠴᠢᠶᠠᠩ᠂ ᠦᠩᠭᠡᠷᠡᠭᠰᠡᠨ ᠨᠢᠭᠡ ᠵᠢᠯ᠎ᠳᠤ ᠰᠢ ᠵᠢᠨ ᠫᠢᠩ ᠨᠦᠬᠦᠷ ᠵᠶ᠋ᠡᠷ ᠭᠤᠤᠯ ᠪᠤᠯᠭ᠋ᠠᠭᠰᠠᠨ ᠨᠠᠮ᠎ᠤᠨ ᠳᠦᠪ ᠬᠤᠷᠢᠶᠠᠨ᠎ᠤ ᠠ᠋ᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠤᠯᠤᠰ ᠳᠠᠶᠠᠭ᠋ᠠᠷ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠤᠷᠢᠳᠤ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠭᠡᠷᠡᠭᠵᠢᠬᠦᠯᠦᠨ᠂ ᠠᠵᠤ ᠠᠬᠤᠢ ᠵᠢᠨ ᠬᠦᠭᠵᠢᠯᠳᠡ ᠵᠢᠨ ᠳᠠᠯ᠎ᠠ᠎ᠪᠠᠷ ᠬᠢᠯᠪᠡᠷ ᠪᠤᠰᠤ ᠠᠮᠵᠢᠯᠳᠠ ᠤᠯᠪᠠ᠃ ᠠ᠋ᠨᠡ ᠵᠢᠯ᠎ᠤᠨ ᠠᠵᠤ ᠠᠬᠤᠢ ᠤᠷᠤᠭᠤᠳᠠᠬᠤ ᠳᠠᠷᠤᠯᠳᠠ ᠤᠯᠠᠮ ᠵᠶ᠋ᠡᠷ ᠨᠡᠮᠡᠭᠳᠡᠵᠤ᠂ ᠵᠠᠷᠢᠮ ᠳᠠᠯ᠎ᠠ ᠵᠢᠨ ᠢᠳᠡᠭᠡᠯ ᠳᠡᠬᠦᠯᠳᠡᠷ ᠪᠤᠰᠤ᠎ᠠᠴᠠ ᠪᠤᠯᠵᠤ ᠵᠠᠬ᠎ᠠ ᠳᠡᠯᠭᠡᠬᠦᠷ᠎ᠤᠨ ᠵᠢᠱ᠌ᠢᠯᠳᠡ ᠵᠢ ᠨᠦᠯᠦᠭᠡᠯᠡᠵᠤ ᠪᠠᠢ᠌ᠨ᠎ᠠ᠃ ᠠ᠋ᠷᠭᠡᠪᠰᠢ ᠳᠡᠭᠡᠳᠤ ᠭᠡᠮᠵᠢᠶ᠎ᠡ᠎ᠪᠠᠷ ᠴᠢᠬᠤᠯᠠᠴᠢᠯᠠᠨ ᠦᠵᠡᠵᠤ᠂ ᠬᠦᠴᠢᠷ ᠪᠡᠷᠭᠡᠰᠢᠶᠡᠯ ᠪᠤᠯᠤᠨ ᠦᠷᠢᠰᠦᠯᠳᠦᠭᠡᠨ᠎ᠢ ᠠᠷᠭ᠋ᠠᠴᠠᠬᠤ ᠬᠦᠢ᠍ᠴᠡᠳ ᠪᠡᠯᠡᠳᠭᠡᠯ ᠬᠢᠬᠦ ᠭᠡᠷᠡᠭᠳᠡᠢ ᠭᠡᠵᠤ ᠭᠡᠯᠡᠪᠡ᠃
ᠯᠢ ᠺᠸ ᠴᠢᠶᠠᠩ᠄ 《ᠵᠠᠰᠠᠭ᠎ᠢ ᠴᠤᠮᠬᠠᠳᠬᠠᠨ ᠠ᠋ᠷᠭᠡ ᠵᠢ ᠳᠠᠯᠪᠢᠬᠤ᠂ ᠭᠠᠢ᠌ᠯᠢ ᠵᠢ ᠬᠠᠰᠤᠨ ᠵᠠᠷᠤᠳᠠᠯ᠎ᠢ ᠪᠠᠭᠤᠷᠠᠭᠤᠯᠬᠤ ᠵᠢ ᠤᠯᠠᠮ ᠠᠬᠢᠭᠤᠯᠤᠨ᠂ ᠳᠦᠪ ᠭᠤᠤᠯᠴᠢ ᠠ᠋ᠷᠭᠡ ᠳᠡᠭᠰᠢ᠂ ᠪᠠᠭᠳᠠᠭ᠋ᠠᠮᠵᠢᠳᠠᠢ ᠬᠢᠨᠠᠮᠠᠭ᠋ᠠᠢ ᠬᠢᠨᠠᠨ ᠬᠠᠮᠢᠶᠠᠷᠤᠯᠳᠠ ᠵᠢ ᠴᠢᠩᠭ᠋ᠠᠳᠬᠠᠵᠤ᠂ ᠠᠵᠤ ᠠᠬᠤᠢ᠌ᠯᠠᠯ᠎ᠳᠤ ᠰᠠᠨᠠᠭ᠎ᠠ᠎ᠪᠠᠷ ᠵᠶ᠋ᠡᠨ ᠠ᠋ᠮᠬᠢ ᠵᠠᠮᠪᠠᠷᠠᠭ᠎ᠠ ᠦᠭᠡᠢ ᠠ᠋ᠳᠤᠷ ᠳᠤᠳᠤᠮ᠎ᠤᠨ ᠦᠢ᠍ᠯᠡᠳᠪᠤᠷᠢᠯᠡᠯ᠎ᠢ ᠨᠦᠯᠦᠭᠡᠯᠡᠬᠦ ᠪᠠᠢ᠌ᠴᠠᠭ᠋ᠠᠯᠳᠠ ᠬᠢᠬᠦ ᠵᠢ ᠰᠡᠷᠭᠡᠢ᠌ᠯᠡᠨ᠂ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠤᠯᠠᠮ ᠵᠶ᠋ᠡᠷ ᠰᠢᠯᠢᠳᠡᠭᠵᠢᠬᠦᠯᠵᠤ᠂ ᠵᠠᠬ᠎ᠠ ᠳᠡᠯᠭᠡᠬᠦᠷ᠎ᠤᠨ ᠠᠮᠢᠵᠢᠷᠠᠯ᠎ᠤᠨ ᠬᠦᠴᠦᠨ᠎ᠢ ᠬᠦᠭᠵᠢᠭᠡᠨ᠂ ᠠᠵᠤ ᠠᠬᠤᠢ᠌ᠯᠠᠯ ᠢᠯᠠᠩᠭᠤᠶ᠎ᠠ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠂ ᠪᠠᠭ᠎ᠠ ᠵᠢᠵᠢᠭ ᠠᠵᠤ ᠠᠬᠤᠢ᠌ᠯᠠᠯ᠎ᠤᠨ ᠬᠦᠴᠢᠷᠳᠡᠯ᠎ᠢ ᠬᠦᠴᠦᠯᠡᠨ ᠰᠢᠢ᠍ᠳᠪᠤᠷᠢᠯᠡᠬᠦ ᠭᠡᠷᠡᠭᠳᠡᠢ》᠃ 《ᠪᠢᠳᠠ ᠵᠠᠬ᠎ᠠ ᠳᠡᠯᠭᠡᠬᠦᠷ᠎ᠤᠨ ᠠᠮᠢᠵᠢᠷᠠᠯ᠎ᠤᠨ ᠬᠦᠴᠦᠨ᠎ᠢ ᠬᠦᠭᠵᠢᠭᠡᠬᠦ᠎ᠪᠠᠷ ᠳᠠᠮᠵᠢᠭᠤᠯᠤᠨ ᠠᠵᠤ ᠠᠬᠤᠢ ᠵᠢᠨ ᠤᠷᠤᠭᠤᠳᠠᠯᠢ ᠠᠷᠭ᠋ᠠᠴᠠᠭ᠋ᠠᠨ᠎ᠠ᠂ ᠠ᠋ᠨᠡ᠎ᠨᠢ ᠦᠭᠡᠷᠡᠴᠢᠯᠡᠯᠳᠡ ᠵᠢᠨ ᠴᠢᠬᠤᠯᠠ ᠬᠠᠨᠳᠤᠰᠢ ᠪᠤᠯᠤᠨ᠎ᠠ》 ᠭᠡᠵᠤ ᠭᠡᠯᠡᠪᠡ᠃
ᠯᠢ ᠺᠸ ᠴᠢᠶᠠᠩ᠄ 《ᠤᠳᠤᠬᠠᠨ᠎ᠳᠤ ᠰᠢᠨ᠎ᠠ ᠬᠦᠳᠡᠯᠭᠡᠬᠦ ᠬᠦᠴᠦᠨ᠎ᠨᠢ ᠮᠠᠨ᠎ᠤ ᠤᠯᠤᠰ᠎ᠤᠨ ᠠᠵᠢᠯ ᠤᠯᠭᠤᠯᠳᠠ ᠵᠢ ᠨᠡᠮᠡᠭᠳᠡᠬᠦᠯᠬᠦ ᠠᠷᠭ᠎ᠠ ᠵᠠᠮ ᠪᠤᠯᠤᠨ ᠬᠦᠭᠵᠢᠵᠤ᠂ ᠠᠵᠤ ᠠᠬᠤᠢ ᠵᠢᠨ ᠨᠡᠮᠡᠭᠳᠡᠯ᠎ᠳᠠᠬᠢ ᠬᠤᠪᠢ ᠨᠡᠮᠡᠷᠢ᠎ᠨᠢ ᠭᠤᠷᠪᠠᠨ᠎ᠤ ᠨᠢᠭᠡ ᠵᠢ ᠡᠵᠡᠯᠡᠬᠦ ᠪᠤᠯᠵᠠᠢ᠃ ᠠ᠋ᠨᠡ᠎ᠨᠢ ᠣᠢ᠌ᠷ᠎ᠠ ᠵᠢᠨ ᠵᠢᠯ᠎ᠤᠨ ᠠᠵᠤ ᠠᠬᠤᠢ ᠵᠢᠨ ᠬᠦᠭᠵᠢᠯᠳᠡ ᠵᠢᠨ ᠢᠯᠡᠷᠭᠡᠢ ᠠᠮᠵᠢᠯᠳᠠ ᠪᠤᠯᠤᠨ᠎ᠠ》᠃ 《ᠰᠢᠨ᠎ᠠ ᠬᠦᠳᠡᠯᠭᠡᠬᠦ ᠬᠦᠴᠦᠨ᠎ᠤ ᠬᠦᠭᠵᠢᠯᠳᠡ ᠵᠢᠨ ᠶᠠᠪᠤᠴᠠ᠎ᠳᠤ ᠠ᠋ᠢ᠌ᠮᠤ ᠪᠤᠶᠤ ᠳᠡᠢ᠌ᠮᠤ ᠠᠰᠠᠭᠤᠳᠠᠯ ᠳᠤᠯᠭ᠋ᠠᠷᠠᠬᠤᠨᠢ ᠶᠠᠷᠢᠶᠠᠨ ᠦᠭᠡᠢ᠂ ᠵᠠᠰᠠᠭ᠎ᠤᠨ ᠤᠷᠳᠤᠨ᠎ᠠᠴᠠ ᠪᠠᠭᠳᠠᠭ᠋ᠠᠮᠵᠢᠳᠠᠢ ᠬᠢᠨᠠᠮᠠᠭ᠋ᠠᠢ᠎ᠪᠠᠷ ᠬᠢᠨᠠᠨ ᠬᠠᠮᠢᠶᠠᠷᠴᠤ᠂ ᠰᠢᠨ᠎ᠠ ᠠᠵᠤ ᠦᠢ᠍ᠯᠡᠰ᠂ ᠰᠢᠨ᠎ᠠ ᠭᠡᠪ ᠵᠠᠭᠪᠤᠷ᠎ᠤᠨ ᠵᠢᠷᠤᠮᠵᠢᠵᠤ ᠠ᠋ᠷᠡᠬᠦᠯ ᠵᠶ᠋ᠡᠷ ᠬᠦᠭᠵᠢᠬᠦ ᠵᠢ ᠳᠡᠮᠵᠢᠬᠦ ᠭᠡᠷᠡᠭᠳᠡᠢ》 ᠭᠡᠵᠤ ᠭᠡᠯᠡᠪᠡ᠃
ᠯᠢ ᠺᠸ ᠴᠢᠶᠠᠩ᠂ ᠳᠤᠳᠤᠭ᠋ᠠᠳᠤ ᠭᠡᠷᠡᠭᠴᠡᠭᠡ ᠵᠢᠨ ᠳᠠᠯᠳᠠ ᠬᠦᠴᠦᠨ᠎ᠢ ᠢᠳᠡᠪᠬᠢᠳᠡᠢ ᠠᠭᠤᠳᠠᠯᠤᠨ᠂ ᠬᠦᠭᠵᠢᠯᠳᠡ ᠵᠢᠨ ᠭᠡᠷᠡᠭᠴᠡᠭᠡᠢ ᠤᠨᠤᠪᠴᠢᠳᠠᠢ ᠠᠳᠬᠤᠵᠤ᠂ ᠠᠵᠠ ᠳᠤᠬᠢᠶᠠᠯ᠎ᠢ ᠵᠠᠪᠳᠤᠨ ᠤᠯᠠᠨ ᠨᠡᠢ᠌ᠳᠡ ᠵᠢᠨ ᠦᠢ᠍ᠯᠡᠴᠢᠯᠡᠭᠡ᠂ ᠮᠡᠳᠡᠭᠡ ᠵᠠᠩᠬᠢ ᠵᠢᠨ ᠰᠠᠭᠤᠷᠢ ᠳᠦᠬᠦᠭᠡᠷᠦᠮᠵᠢ ᠵᠢ ᠪᠠᠭᠳᠠᠭ᠋ᠠᠭᠰᠠᠨ ᠰᠠᠭᠤᠷᠢ ᠳᠦᠬᠦᠭᠡᠷᠦᠮᠵᠢ ᠵᠡᠷᠭᠡ ᠳᠡᠯ᠎ᠡ ᠵᠢᠨ ᠪᠦᠳᠦᠮᠵᠢᠳᠡᠢ ᠪᠡᠯᠡ ᠤᠷᠤᠭᠤᠯᠤᠯᠳᠠ᠎ᠪᠠᠨ ᠨᠡᠮᠡᠭᠳᠡᠬᠦᠯᠦᠨ᠂ ᠤᠯᠤᠰ᠎ᠤᠨ ᠳᠤᠳᠤᠭ᠋ᠠᠳᠤ ᠵᠢᠨ ᠭᠡᠷᠡᠭᠯᠡᠭᠡ ᠵᠢ ᠦᠷᠭᠡᠳᠭᠡᠬᠦ ᠵᠢ ᠵᠤᠷᠢᠭᠵᠢᠭᠤᠯᠵᠤ᠂ ᠤᠯᠤᠰ᠎ᠤᠨ ᠳᠤᠳᠤᠭ᠋ᠠᠳᠤ ᠵᠢᠨ ᠶᠡᠭᠡ ᠵᠠᠬ᠎ᠠ ᠳᠡᠯᠭᠡᠬᠦᠷ᠎ᠤᠨ ᠳᠠᠪᠠᠭᠤᠯᠢᠭ᠎ᠢ ᠨᠡᠩ ᠰᠠᠢ᠌ᠨ ᠵᠶ᠋ᠡᠷ ᠪᠠᠳᠠᠷᠠᠭᠤᠯᠬᠤ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
ᠯᠢ ᠺᠸ ᠴᠢᠶᠠᠩ ᠬᠠᠮᠤᠭ ᠰᠡᠬᠦᠯ᠎ᠳᠤ᠂ ᠳᠤᠮᠳᠠᠳᠤ ᠤᠯᠤᠰ ᠮᠦᠨ ᠬᠦᠭᠵᠢᠵᠤ ᠪᠠᠢ᠌ᠭ᠎ᠠ ᠤᠯᠤᠰ ᠪᠤᠯᠬᠤ ᠳᠤᠯᠠ ᠬᠦᠭᠵᠢᠬᠦᠯᠬᠦ ᠪᠤᠯ ᠨᠢᠭᠡᠳᠦᠭᠡᠷ ᠴᠢᠬᠤᠯᠠ ᠶᠠᠪᠤᠳᠠᠯ ᠪᠤᠯᠤᠨ᠎ᠠ᠂ ᠳᠤᠮᠳᠠᠳᠤ ᠤᠯᠤᠰ᠎ᠤᠨ ᠠᠯᠢᠪᠠ ᠠᠰᠠᠭᠤᠳᠠᠯ᠎ᠢ ᠰᠢᠢ᠍ᠳᠪᠤᠷᠢᠯᠡᠬᠦ ᠵᠢᠨ ᠰᠠᠭᠤᠷᠢᠨ᠎ᠢ ᠠ᠋ᠨᠡ ᠬᠦ᠌ 《ᠬᠦᠭᠵᠢᠬᠦᠯᠦᠯᠳᠡ》 ᠵᠢ ᠴᠢᠩᠭ᠎ᠠ ᠠᠳᠬᠤᠬᠤ᠎ᠳᠤ ᠪᠤᠢ ᠭᠡᠵᠤ ᠴᠢᠬᠤᠯᠠᠴᠢᠯᠠᠪᠠ᠃
ᠯᠢ ᠺᠸ ᠴᠢᠶᠠᠩ᠄ 《ᠳᠤᠮᠳᠠᠳᠤ ᠤᠯᠤᠰ᠎ᠤᠨ ᠠᠵᠤ ᠠᠬᠤᠢ ᠵᠢᠨ ᠢᠷᠡᠭᠡᠳᠦᠢ ᠰᠠᠢ᠌ᠨ ᠪᠠᠢ᠌ᠵᠤ᠂ ᠤᠷᠳᠤ ᠬᠤᠭᠤᠴᠠᠭ᠎ᠠ᠎ᠪᠠᠷ ᠰᠠᠢ᠌ᠨ ᠪᠠᠢ᠌ᠬᠤ ᠦᠨᠳᠦᠰᠤᠨ ᠪᠠᠢ᠌ᠳᠠᠯ᠎ᠳᠤ ᠬᠤᠪᠢᠷᠠᠯᠳᠠ ᠭᠠᠷᠤᠭᠰᠠᠨ ᠦᠭᠡᠢ᠃ ᠪᠢᠳᠡ ᠵᠦᠪᠭᠡᠨ ᠰᠢᠷᠭ᠋ᠠᠭᠤ ᠬᠠᠳᠠᠭᠤᠵᠢᠯᠳᠠᠢ᠎ᠪᠠᠷ ᠠᠵᠢᠯᠯᠠᠨ᠂ ᠯᠠᠪᠳᠠᠭᠤᠨ ᠪᠠᠳᠤᠳᠠᠢ᠎ᠪᠠᠷ ᠴᠢᠷᠮᠠᠢ᠌ᠳᠠᠭ ᠯᠠ ᠶᠤᠮ ᠪᠤᠯ ᠳᠤᠯᠬᠢᠶ᠎ᠠ᠎ᠨᠢ ᠰᠦᠷᠤᠨ ᠤᠷᠤᠭᠰᠢᠯᠠᠵᠤ᠂ ᠬᠦᠴᠢᠷ ᠪᠡᠷᠭᠡᠰᠢᠶᠡᠯ᠎ᠢ ᠢᠯᠡᠨ ᠳᠠᠪᠠᠵᠤ ᠴᠢᠳᠠᠨ᠎ᠠ》 ᠭᠡᠪᠡ᠃



