ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠢ ᠺᠸ ᠴᠢᠶᠠᠩ ᠪᠦᠬᠦ ᠤᠯᠤᠰ᠎ᠤᠨ ᠠᠶᠤᠯᠬᠦᠢ ᠦᠢ᠍ᠯᠡᠳᠪᠤᠷᠢᠯᠡᠯ᠎ᠤᠨ ᠲᠸᠯᠸᠢᠰ ᠤᠳᠠᠰᠤᠳᠤ ᠬᠤᠷᠠᠯ᠎ᠳᠤ ᠴᠢᠬᠤᠯᠠ ᠴᠤᠬᠤᠯᠠᠪᠤᠷᠢ ᠬᠢᠪᠡ
ᠨᠡᠶᠢᠲᠡᠯᠡᠭᠰᠡᠨ ᠴᠠᠭ᠄ 2019-01-15

               
     1 ᠳ᠋ᠤᠭᠡᠷ ᠰᠠᠷ᠎ᠠ ᠵᠢᠨ 9᠎ᠤ ᠠ᠋ᠳᠤᠷ᠂ ᠳᠦᠷᠦ ᠵᠢᠨ ᠶᠠᠪᠤᠳᠠᠯ᠎ᠤᠨ ᠬᠤᠷᠢᠶ᠎ᠠ ᠪᠦᠬᠦ ᠤᠯᠤᠰ᠎ᠤᠨ ᠠᠶᠤᠯᠬᠦᠢ ᠦᠢ᠍ᠯᠡᠳᠪᠤᠷᠢᠯᠡᠯ᠎ᠤᠨ ᠲᠸᠯᠸᠢᠰ ᠤᠳᠠᠰᠤᠳᠤ ᠬᠤᠷᠠᠯ᠎ᠢ ᠠ᠋ᠷᠬᠢᠯᠡᠨ ᠬᠤᠷᠠᠯᠳᠤᠭᠤᠯᠵᠤ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠌ᠩᠭᠤ ᠵᠢᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ ᠴᠢᠬᠤᠯᠠ ᠴᠤᠬᠤᠯᠠᠪᠤᠷᠢ ᠦᠭᠴᠡᠢ᠃
      ᠴᠤᠬᠤᠯᠠᠪᠤᠷᠢ᠎ᠳᠤ᠂ ᠠᠶᠤᠯᠬᠦᠢ ᠦᠢ᠍ᠯᠡᠳᠪᠤᠷᠢᠯᠡᠯ᠎ᠤᠨ ᠠᠵᠢᠯ ᠪᠤᠯ ᠠᠵᠤ ᠠᠬᠤᠢ ᠵᠢᠨ ᠦᠷᠬᠦᠯᠵᠢᠯᠡᠨ ᠠ᠋ᠷᠡᠬᠦᠯ ᠵᠶ᠋ᠡᠷ ᠬᠦᠭᠵᠢᠬᠦ᠂ ᠠᠷᠠᠳ ᠤᠯᠠᠨ᠎ᠤ ᠠᠮᠤᠷ ᠳᠦᠪᠰᠢᠨ ᠠᠵᠤ ᠳᠦᠷᠦᠬᠦ ᠵᠢ ᠪᠠᠳᠤᠯᠠᠬᠤ ᠶᠡᠭᠡ ᠶᠠᠪᠤᠳᠠᠯ ᠪᠤᠯᠤᠨ᠎ᠠ᠃ 2018 ᠤᠨ᠎ᠳᠤ᠂ ᠡᠯ᠎ᠡ ᠭᠠᠵᠠᠷ ᠤᠷᠤᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠨᠢᠭᠡᠴᠢ ᠵᠢᠨ᠎ᠬᠢᠨ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠤᠷᠢᠳᠤ ᠪᠤᠳᠤᠯᠭ᠎ᠠ ᠵᠢᠨ ᠪᠠᠢ᠌ᠷᠢᠯᠠᠭᠤᠯᠤᠯᠳᠠ ᠵᠢ ᠨᠠᠷᠢᠨ ᠬᠢᠨᠠᠮᠠᠭ᠋ᠠᠢ ᠳᠤᠭᠤᠰᠢᠯᠠᠭᠤᠯᠤᠨ᠂ ᠠᠶᠤᠯᠬᠦᠢ ᠦᠢ᠍ᠯᠡᠳᠪᠤᠷᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠬᠤ᠂ ᠬᠦᠨᠳᠤ ᠤᠨᠴᠠ ᠶᠡᠭᠡ ᠠᠶᠤᠯᠬᠦᠢ ᠦᠢ᠍ᠯᠡᠳᠪᠤᠷᠢᠯᠡᠯ᠎ᠤᠨ ᠠ᠋ᠨᠳᠡᠯ ᠠ᠋ᠬᠦᠰᠬᠦ ᠵᠢ ᠰᠡᠷᠭᠡᠢ᠌ᠯᠡᠬᠦ ᠵᠡᠷᠭᠡ ᠳᠡᠯ᠎ᠡ᠎ᠪᠠᠷ ᠢᠳᠡᠪᠬᠢᠳᠡᠢ ᠠᠮᠵᠢᠯᠳᠠ ᠪᠦᠳᠦᠮᠵᠢ ᠤᠯᠵᠠᠢ᠃ ᠠ᠋ᠨᠡ ᠬᠦ᠌ ᠠᠮᠵᠢᠯᠳᠠ ᠪᠦᠳᠦᠮᠵᠢ᠎ᠨᠢ ᠬᠢᠯᠪᠡᠷ ᠪᠤᠰᠤ ᠢᠷᠡᠭᠰᠡᠨ ᠶᠤᠮ᠃ ᠨᠦᠬᠦᠳ ᠨᠠᠷ᠎ᠲᠤ ᠴᠢᠩ ᠰᠡᠳᠬᠢᠯ᠎ᠤᠨ ᠮᠡᠨᠳᠦᠴᠢᠯᠡᠯ ᠬᠦᠷᠭᠡᠵᠤ ᠪᠠᠢ᠌ᠨ᠎ᠠ᠃ ᠰᠢᠨ᠎ᠠ ᠨᠢᠭᠡᠨ ᠵᠢᠯ᠎ᠳᠤ᠂ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠬᠤ ᠵᠢ ᠪᠠᠷᠢᠮᠳᠠᠯᠠᠵᠤ᠂ ᠠᠮᠢ ᠨᠠᠰᠤ᠎ᠪᠠᠨ ᠨᠠᠨᠳᠢᠩᠨᠠᠨ᠂ ᠠᠮᠤᠷ ᠳᠦᠪᠰᠢᠨ ᠵᠶ᠋ᠡᠷ ᠬᠦᠭᠵᠢᠬᠦ ᠤᠢ᠌ᠯᠠᠭ᠋ᠠᠭᠳᠠᠬᠤᠨ᠎ᠢ ᠪᠠᠳᠤ ᠪᠤᠢ ᠪᠤᠯᠭ᠋ᠠᠵᠤ᠂ ᠬᠦᠨᠳᠤ ᠶᠡᠭᠡ ᠠᠶᠤᠯ ᠳᠦᠭᠰᠢᠬᠦᠷᠢ ᠵᠢ ᠰᠡᠷᠭᠡᠢ᠌ᠯᠡᠨ ᠠᠷᠢᠯᠭ᠋ᠠᠵᠤ᠂ ᠬᠦᠨᠳᠤ ᠶᠡᠭᠡ ᠤᠨᠴᠠ ᠠ᠋ᠨᠳᠡᠯ ᠠ᠋ᠬᠦᠰᠬᠦ ᠵᠢ ᠠ᠋ᠷᠡᠰ ᠬᠤᠷᠢᠭᠯᠠᠬᠤ᠎ᠪᠠᠷ ᠭᠤᠤᠯᠳᠠᠯᠭ᠎ᠠ ᠪᠤᠯᠭ᠋ᠠᠨ᠂ ᠪᠠᠴᠢᠮ ᠪᠠᠢ᠌ᠳᠠᠯ᠎ᠢ ᠠᠷᠭ᠋ᠠᠴᠠᠬᠤ ᠠᠷᠭ᠎ᠠ ᠭᠡᠮᠵᠢᠶ᠎ᠡ ᠪᠤᠯᠤᠨ ᠰᠢᠢ᠍ᠳᠪᠤᠷᠢᠳᠤ ᠪᠤᠳᠤᠯᠭ᠎ᠠ᠂ ᠵᠢᠯᠤᠭᠤᠳᠬᠤ ᠳᠤᠭᠳᠠᠴᠠ ᠵᠢ ᠤᠯᠠᠮ ᠴᠢᠨᠠᠭᠰᠢᠳᠠ ᠳᠡᠬᠦᠯᠳᠡᠷᠵᠢᠬᠦᠯᠦᠨ᠂ ᠵᠠᠮ ᠬᠠᠷᠢᠯᠴᠠᠭ᠎ᠠ᠂ ᠬᠢᠮᠢ ᠵᠢᠨ ᠦᠢ᠍ᠯᠡᠳᠪᠤᠷᠢ ᠵᠡᠷᠭᠡ ᠭᠤᠤᠯᠳᠠᠯᠭ᠎ᠠ᠎ᠲᠠᠢ ᠠᠵᠢᠯ ᠳᠦᠷᠦᠯ᠎ᠤᠨ ᠬᠦᠷᠢᠶ᠎ᠡ ᠴᠠᠷᠠᠭ᠎ᠠ᠎ᠳᠠᠬᠢ ᠳᠤᠰᠬᠠᠢ ᠳᠦᠷᠦᠯ᠎ᠤᠨ ᠴᠡᠭᠴᠡᠯᠠᠨ ᠵᠠᠰᠠᠯᠳᠠ ᠵᠢ ᠬᠦᠨᠵᠡᠭᠡᠢ ᠦᠷᠨᠢᠬᠦᠯᠵᠤ᠂ ᠠᠮᠤᠷ ᠳᠦᠪᠰᠢᠨ᠎ᠤ ᠳᠠᠯᠳᠠ ᠭᠡᠮ᠎ᠢ ᠪᠦᠬᠦ ᠳᠠᠯ᠎ᠠ᠎ᠪᠠᠷ ᠪᠠᠢ᠌ᠴᠠᠭ᠋ᠠᠵᠤ ᠠᠷᠢᠯᠭ᠋ᠠᠨ᠂ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠴᠢᠳᠠᠪᠤᠷᠢ ᠵᠢ ᠦᠨᠡᠨ ᠬᠦ᠌ ᠳᠡᠭᠡᠭᠰᠢᠯᠡᠬᠦᠯᠵᠤ᠂ ᠠᠵᠤ ᠠᠬᠤᠢ᠌ᠯᠠᠯ᠎ᠤᠨ ᠠᠶᠤᠯᠬᠦᠢ ᠦᠢ᠍ᠯᠡᠳᠪᠤᠷᠢᠯᠡᠯ᠎ᠤᠨ ᠭᠤᠤᠯ ᠴᠤᠭᠴᠠ ᠵᠢᠨ ᠬᠠᠷᠢᠭᠤᠴᠠᠯᠭ᠎ᠠ ᠪᠤᠯᠤᠨ ᠰᠠᠯᠠᠭ᠎ᠠ ᠮᠦᠴᠢᠷ᠎ᠤᠨ ᠬᠢᠨᠠᠯᠳᠠ ᠬᠠᠮᠢᠶᠠᠷᠤᠯᠳᠠ ᠵᠢᠨ ᠬᠠᠷᠢᠭᠤᠴᠯᠠᠭ᠎ᠠ ᠵᠢ ᠨᠠᠢ᠌ᠳᠠᠪᠤᠷᠢᠵᠢᠭᠤᠯᠤᠨ᠂ ᠠᠷᠠᠳ ᠳᠦᠮᠡᠨ᠎ᠤ ᠠᠮᠢ ᠨᠠᠰᠤ ᠠ᠋ᠳ᠋ ᠬᠦᠷᠦᠩᠭᠡ ᠵᠢᠨ ᠠᠮᠤᠷ ᠳᠦᠪᠰᠢᠨ᠎ᠢ ᠬᠠᠮᠠᠭ᠋ᠠᠯᠠᠬᠤ ᠪᠤᠯᠤᠨ ᠠᠵᠤ ᠠᠬᠤᠢ ᠵᠢᠨ ᠴᠢᠨᠠᠷᠯᠢᠭ ᠬᠦᠭᠵᠢᠯᠳᠡ ᠵᠢ ᠠᠬᠢᠭᠤᠯᠬᠤ᠎ᠳᠤ ᠰᠢᠨ᠎ᠠ ᠬᠤᠪᠢ ᠨᠡᠮᠡᠷᠢ ᠦᠵᠡᠬᠦᠯᠬᠦ ᠭᠡᠷᠡᠭᠳᠡᠢ ᠭᠡᠵᠤ ᠵᠢᠭ᠋ᠠᠵᠤ ᠭᠠᠷᠭ᠋ᠠᠵᠠᠢ᠃
      ᠳᠦᠷᠦ ᠵᠢᠨ ᠶᠠᠪᠤᠳᠠᠯ᠎ᠤᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠶᠤᠯᠬᠦᠢ ᠦᠢ᠍ᠯᠡᠳᠪᠤᠷᠢᠯᠡᠯ᠎ᠤᠨ ᠵᠦᠪᠯᠡᠯ᠎ᠤᠨ ᠳᠡᠳ᠋ ᠠ᠋ᠷᠬᠢᠯᠡᠭᠴᠢ ᠸᠠᠩ ᠶᠦᠩ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠵᠤ᠂ ᠳᠦᠷᠦ ᠵᠢᠨ ᠶᠠᠪᠤᠳᠠᠯ᠎ᠤᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠶᠤᠯᠬᠦᠢ ᠦᠢ᠍ᠯᠡᠳᠪᠤᠷᠢᠯᠡᠯ᠎ᠤᠨ ᠵᠦᠪᠯᠡᠯ᠎ᠤᠨ ᠳᠡᠳ᠋ ᠠ᠋ᠷᠬᠢᠯᠡᠭᠴᠢ ᠵᠤᠤ ᠺᠸ ᡁᠢ ᠬᠤᠷᠠᠯ ᠠ᠋ᠷᠬᠢᠯᠡᠪᠡ᠃
      ᠬᠤᠷᠠᠯ᠎ᠠᠴᠠ᠂ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠳᠤᠭᠤᠯᠭ᠎ᠠ ᠪᠤᠯᠭ᠋ᠠᠨ᠂ 《ᠳᠦᠷᠪᠡᠨ ᠤᠬᠠᠮᠰᠠᠷ》 ᠵᠶ᠋ᠡᠨ ᠴᠢᠩᠭ᠋ᠠᠳᠬᠠᠵᠤ᠂ 《ᠳᠦᠷᠪᠡᠨ ᠢᠳᠡᠭᠡᠯ》 ᠵᠶ᠋ᠡᠨ ᠪᠠᠳᠤᠳᠬᠠᠨ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠬᠦᠯᠵᠤ᠂ ᠦᠵᠡᠯ ᠰᠠᠨᠠᠭ᠎ᠠ ᠪᠤᠯᠤᠨ ᠦᠢ᠍ᠯᠡ ᠠᠵᠢᠯᠯᠠᠭ᠎ᠠ᠎ᠪᠠᠨ ᠶᠡᠷᠦᠩᠭᠡᠢ ᠱᠦᠵᠢ ᠰᠢ ᠵᠢᠨ ᠫᠢᠩ᠎ᠤᠨ ᠠᠶᠤᠯᠬᠦᠢ ᠦᠢ᠍ᠯᠡᠳᠪᠤᠷᠢᠯᠡᠯ᠎ᠤᠨ ᠠᠵᠢᠯ᠎ᠢ ᠴᠢᠩᠭ᠋ᠠᠳᠬᠠᠬᠤ ᠳᠤᠬᠠᠢ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠳᠡᠭᠡᠷ᠎ᠡ ᠨᠢᠭᠡᠳᠭᠡᠨ᠂ ᠯᠢ ᠺᠸ ᠴᠢᠶᠠᠩ᠎ᠤᠨ ᠴᠢᠬᠤᠯᠠ ᠴᠤᠬᠤᠯᠠᠪᠤᠷᠢ ᠵᠢᠨ ᠱᠠᠭ᠋ᠠᠷᠳᠠᠯᠭ᠎ᠠ ᠶᠤᠰᠤᠭ᠋ᠠᠷ ᠠᠶᠤᠯᠬᠦᠢ ᠦᠢ᠍ᠯᠡᠳᠪᠤᠷᠢᠯᠡᠯ᠎ᠤᠨ ᠠᠵᠢᠯ᠎ᠢ ᠠ᠋ᠷᠴᠢᠮᠳᠠᠢ ᠠᠳᠬᠤᠬᠤ ᠭᠡᠷᠡᠭᠳᠡᠢ ᠭᠡᠵᠤ ᠱᠠᠭ᠋ᠠᠷᠳᠠᠪᠠ᠃
      ᠬᠤᠷᠠᠯ᠎ᠠᠴᠠ᠂ 2018 ᠤᠨ᠎ᠤ ᠠᠶᠤᠯᠬᠦᠢ ᠦᠢ᠍ᠯᠡᠳᠪᠤᠷᠢᠯᠡᠯ᠎ᠤᠨ ᠠᠵᠢᠯ ᠳᠤᠭᠳᠠᠭᠤᠨ ᠪᠦᠭᠡᠳ ᠰᠠᠢ᠌ᠨ ᠪᠠᠢ᠌ᠵᠤ᠂ ᠠ᠋ᠨᠳᠡᠯ ᠭᠡᠷᠡᠭ᠎ᠤᠨ ᠶᠡᠷᠦᠩᠭᠡᠢ ᠭᠡᠮᠵᠢᠶ᠎ᠡ ᠪᠤᠯᠤᠨ ᠨᠡᠯᠢᠶᠡᠳ ᠶᠡᠭᠡ ᠠ᠋ᠨᠳᠡᠯ᠂ ᠤᠨᠴᠠ ᠬᠦᠨᠳᠤ ᠶᠡᠭᠡ ᠠ᠋ᠨᠳᠡᠯ ᠭᠡᠷᠡᠭ ᠦᠷᠬᠦᠯᠵᠢᠯᠡᠨ ᠪᠠᠭᠤᠷᠠᠪᠠ᠂ ᠭᠡᠬᠦ᠎ᠳᠤ ᠠᠶᠤᠯ ᠳᠦᠭᠰᠢᠬᠦᠷᠢ ᠵᠢᠨ ᠦᠷᠢᠰᠦᠯᠳᠦᠭᠡᠨ ᠮᠦᠨ ᠤᠷᠤᠰᠢᠭᠰᠠᠭ᠋ᠠᠷ ᠪᠠᠢ᠌ᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠂ ᠡᠯ᠎ᠡ ᠨᠢᠭᠡᠴᠢ ᠵᠢᠨ᠎ᠬᠢᠨ ᠠᠶᠤᠯᠬᠦᠢ ᠬᠦᠭᠵᠢᠯᠳᠡ ᠵᠢᠨ ᠤᠢ᠌ᠯᠠᠭ᠋ᠠᠭᠳᠠᠬᠤᠨ᠎ᠢ ᠠ᠋ᠷᠡᠰ ᠪᠡᠳᠤ ᠪᠤᠢ ᠪᠤᠯᠭ᠋ᠠᠵᠤ᠂ ᠡᠯ᠎ᠡ ᠵᠦᠢ᠍ᠯ᠎ᠤᠨ ᠦᠭᠡᠷᠡᠴᠢᠯᠡᠯᠳᠡ ᠵᠢᠨ ᠠ᠋ᠬᠦᠷᠭᠡ ᠵᠢᠨ ᠨᠠᠢ᠌ᠲᠠᠪᠤᠷᠢᠵᠢᠯᠲᠠ ᠵᠢ ᠠᠬᠢᠭᠤᠯᠤᠨ᠂ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠳᠠ ᠪᠤᠯᠤᠨ ᠠᠶᠤᠯᠬᠦᠢ ᠦᠢ᠍ᠯᠡᠳᠪᠤᠷᠢᠯᠡᠯ᠎ᠤᠨ ᠳᠤᠭᠳᠠᠴᠠ ᠵᠢ ᠳᠡᠬᠦᠯᠳᠡᠷᠵᠢᠬᠦᠯᠵᠤ᠂ ᠡᠯ᠎ᠡ ᠳᠠᠯ᠎ᠠ ᠵᠢᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ ᠬᠦᠨᠳᠤ ᠶᠡᠭᠡ ᠠᠶᠤᠯ ᠳᠦᠭᠰᠢᠬᠦᠷᠢ ᠵᠢᠨ ᠳᠠᠯᠳᠠ ᠭᠡᠮ᠎ᠢ ᠬᠢᠨᠠᠨ ᠡᠵᠡᠮᠳᠡᠵᠤ ᠵᠠᠰᠠᠨ ᠴᠡᠭᠴᠡᠯᠡᠬᠦ᠎ᠪᠠᠨ ᠴᠢᠩᠭ᠋ᠠᠳᠬᠠᠵᠤ᠂ ᠠᠮᠤᠷ ᠳᠦᠪᠰᠢᠨ᠎ᠤ ᠬᠢᠨᠠᠯᠳᠠ ᠬᠠᠮᠢᠶᠠᠷᠤᠯᠳᠠ ᠪᠠ ᠬᠠᠤᠯᠢ ᠭᠡᠷᠡᠭᠵᠢᠬᠦᠯᠬᠦ ᠵᠢᠨ ᠰᠢᠨ᠎ᠠ ᠵᠢ ᠠ᠋ᠬᠦᠳᠤᠨ᠂ ᠪᠠᠴᠢᠮ ᠪᠠᠢ᠌ᠳᠠᠯ᠎ᠢ ᠠᠷᠭ᠋ᠠᠴᠠᠵᠤ ᠳᠤᠰᠠᠯᠠᠬᠤ ᠰᠢᠰᠲᠸᠮ᠎ᠢ ᠪᠦᠷᠢᠨᠰᠢᠬᠦᠯᠵᠤ᠂ ᠤᠨᠴᠠ ᠬᠦᠨᠳᠤ ᠶᠡᠭᠡ ᠠ᠋ᠨᠳᠡᠯ ᠭᠠᠷᠬᠤ ᠵᠢ ᠰᠡᠷᠭᠡᠢ᠌ᠯᠡᠨ ᠬᠤᠷᠢᠭᠯᠠᠵᠤ᠂ ᠠᠷᠠᠳ ᠤᠯᠠᠨ᠎ᠤ ᠠᠮᠢ ᠨᠠᠰᠤ ᠠ᠋ᠳ᠋ ᠬᠦᠷᠦᠩᠭᠡ ᠵᠢᠨ ᠠᠮᠤᠷ ᠳᠦᠪᠰᠢᠨ᠎ᠢ ᠬᠠᠮᠠᠭ᠋ᠠᠯᠠᠨ᠂ ᠰᠢᠨ᠎ᠠ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ ᠵᠢ ᠪᠡᠯᠭᠡᠯᠡᠬᠦ᠎ᠳᠤ ᠰᠠᠢ᠌ᠨ ᠰᠠᠢ᠌ᠬᠠᠨ ᠠᠮᠤᠷ ᠳᠦᠪᠰᠢᠨ ᠤᠷᠴᠢᠨ᠎ᠢ ᠪᠤᠢ ᠪᠤᠯᠭ᠋ᠠᠬᠤ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
      ᠬᠤᠷᠠᠯ ᠳᠡᠭᠡᠷ᠎ᠡ ᠪᠡᠰᠠ᠂ ᠵᠢᠯ᠎ᠤᠨ ᠠ᠋ᠬᠢᠨ᠎ᠤ ᠪᠦᠬᠦ ᠤᠯᠤᠰ᠎ᠤᠨ 《ᠬᠤᠶᠠᠷ ᠬᠤᠷᠠᠯ》᠎ᠤᠨ ᠬᠤᠭᠤᠴᠠᠭ᠋ᠠᠨ᠎ᠤ ᠠᠶᠤᠯᠬᠦᠢ ᠦᠢ᠍ᠯᠡᠳᠪᠤᠷᠢᠯᠡᠯ᠎ᠤᠨ ᠠᠵᠢᠯ᠎ᠢ ᠳᠤᠰᠬᠠᠢ ᠪᠠᠢ᠌ᠷᠢᠯᠠᠭᠤᠯᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠰᠢᠶᠤᠤ ᠵᠢᠶᠸ ᠳᠤᠮᠳᠠᠳᠤ ᠤᠯᠤᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠢᠨᠵᠢᠯᠡᠭᠡᠨ᠎ᠤ ᠨᠡᠢ᠌ᠭᠡᠮᠯᠢᠭ᠎ᠤᠨ ᠳᠤᠯᠤᠳᠤᠭ᠋ᠠᠷ ᠤᠳᠠᠭ᠋ᠠᠨ᠎ᠤ ᠳᠦᠯᠦᠭᠡᠯᠡᠭᠴᠢ ᠵᠢᠨ ᠬᠤᠷᠠᠯ᠎ᠳᠤ ᠣᠷᠣᠯᠴᠠᠵᠤ ᠶᠠᠷᠢᠶ᠎ᠠ ᠳᠠᠯᠪᠢᠪᠠ
ᠬᠤ᠌ ᠴᠦᠨ ᠬᠤᠸᠠ ᠬᠦᠯᠦᠰᠤᠨ ᠠᠵᠢᠯᠲᠠᠨ᠎ᠤ ᠠᠵᠢᠯ᠎ᠢ ᠰᠠᠢ᠌ᠳᠤᠷ ᠬᠢᠵᠤ ᠬᠦᠯᠦᠰᠤᠨ ᠠᠵᠢᠯᠲᠠᠨ᠎ᠳᠤ ᠴᠠᠯᠢᠩ ᠬᠦᠯᠦᠰᠤ ᠦᠷᠢᠳᠤᠵᠤ ᠪᠠᠢ᠌ᠭ᠎ᠠ ᠠᠰᠠᠭᠤᠳᠠᠯ᠎ᠢ ᠬᠦᠴᠦ ᠳᠠᠯᠪᠢᠨ ᠰᠢᠢ᠍ᠳᠪᠤᠷᠢᠯᠡᠬᠦ ᠭᠡᠷᠡᠭᠳᠡᠢ ᠭᠡᠪᠡ
ᠳᠦᠷᠦ ᠵᠢᠨ ᠶᠠᠪᠤᠳᠠᠯ᠎ᠤᠨ ᠬᠤᠷᠢᠶ᠎ᠠ ᠠ᠋ᠨᠡ ᠵᠢᠯ᠎ᠠᠴᠠ ᠪᠠᠭ᠎ᠠ ᠵᠢᠵᠢᠭ ᠠᠵᠤ ᠠᠬᠤᠢ᠌ᠯᠠᠯ᠎ᠢ ᠨᠡᠢ᠌ᠳᠡᠮ ᠬᠠᠷᠠᠭ᠋ᠠᠯᠵᠠᠬᠤ ᠭᠤᠷᠪᠠᠨ ᠵᠦᠢ᠍ᠯ᠎ᠤᠨ ᠠᠷᠭ᠎ᠠ ᠳᠤᠭᠳᠠᠭ᠋ᠠᠨ ᠭᠡᠷᠡᠭᠵᠢᠬᠦᠯᠬᠦ᠎ᠪᠠᠷ ᠪᠠᠢ᠌ᠨ᠎ᠠ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠦᠬᠦ ᠭᠡᠰᠢᠬᠦᠳ᠎ᠤᠨ ᠬᠤᠷᠠᠯ ᠬᠢᠵᠤ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ (ᠰᠠᠨᠠᠯ ᠬᠤᠷᠢᠶᠠᠬᠤ ᠨᠤᠤᠷᠠᠭ)》᠎ᠢ ᠶᠠᠷᠢᠯᠴᠠᠪᠠ
ᠯᠢ ᠺᠸ ᠴᠢᠶᠠᠩ᠄ ᠵᠠᠰᠠᠭ᠎ᠤᠨ ᠤᠷᠳᠤᠨ᠎ᠤ ᠪᠡᠯᠡ ᠤᠷᠤᠭᠤᠯᠤᠭᠰᠠᠨ ᠳᠦᠷᠦᠯ ᠵᠦᠢ᠍ᠯ᠎ᠤᠨ ᠬᠦᠯᠦᠰᠤᠨ ᠠᠵᠢᠯᠲᠠᠨ᠎ᠳᠤ ᠦᠷᠢᠳᠦᠭᠰᠡᠨ ᠴᠠᠯᠢᠩ ᠬᠦᠯᠦᠰᠤ ᠵᠢ ᠤᠷᠢᠳᠠᠪᠠᠷ ᠴᠡᠪᠡᠷᠯᠡᠬᠦ ᠭᠡᠷᠡᠭᠳᠡᠢ ᠭᠡᠪᠡ
 
            