2019 ᠤᠨ᠎ᠤ 1 ᠳ᠋ᠤᠭᠡᠷ ᠰᠠᠷ᠎ᠡ ᠵᠢᠨ 8᠎ᠤ ᠠ᠋ᠳᠤᠷ᠂ ᠳᠤᠮᠳᠠᠳᠤ ᠤᠯᠤᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠢᠨᠵᠢᠯᠡᠭᠡᠨ᠎ᠤ ᠨᠡᠢ᠌ᠭᠡᠮᠯᠢᠭ᠎ᠤᠨ ᠳᠤᠯᠤᠳᠤᠭ᠋ᠠᠷ ᠤᠳᠠᠭ᠋ᠠᠨ᠎ᠤ ᠳᠦᠯᠦᠭᠡᠯᠡᠭᠴᠢ ᠵᠢᠨ ᠬᠤᠷᠠᠯ ᠪᠡᠭᠡᠵᠢᠩ᠎ᠳᠤ ᠬᠤᠷᠠᠯᠳᠤᠵᠤ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠳᠦᠷᠦ ᠵᠢᠨ ᠶᠠᠪᠤᠳᠠᠯ᠎ᠤᠨ ᠬᠤᠷᠢᠶᠠᠨ᠎ᠤ ᠨᠠᠷᠢᠨ ᠪᠢᠴᠢᠭ᠎ᠤᠨ ᠳᠠᠷᠤᠭ᠎ᠠ ᠰᠢᠶᠤᠤ ᠵᠢᠶᠸ ᠬᠤᠷᠠᠯ᠎ᠳᠤ ᠤᠷᠤᠯᠴᠠᠭᠰᠠᠨ ᠪᠦᠭᠡᠳ ᠶᠡᠷᠢᠶ᠎ᠡ ᠳᠠᠯᠪᠢᠵᠠᠢ᠃
ᠰᠢᠶᠤᠤ ᠵᠢᠶᠸ᠂ ᠰᠢᠨᠵᠢᠯᠡᠭᠡᠨ᠎ᠤ ᠨᠡᠢ᠌ᠭᠡᠮᠯᠢᠭ ᠪᠠᠢ᠌ᠭᠤᠯᠤᠳᠠᠭᠰᠠᠨ ᠭᠤᠴᠢᠨ ᠵᠢᠯ᠎ᠤᠨ ᠳᠤᠷᠰᠢᠳᠠ᠂ ᠮᠠᠨ᠎ᠤ ᠤᠯᠤᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠤᠨᠤᠯ ᠪᠤᠯᠤᠨ ᠦᠢ᠍ᠯᠡᠳᠦᠯᠭᠡ ᠵᠢᠨ ᠠᠰᠠᠭᠤᠳᠠᠯ᠎ᠢ ᠪᠠᠢ᠌ᠴᠠᠭ᠋ᠠᠨ ᠰᠤᠳᠤᠯᠬᠤ᠂ ᠠ᠋ᠷᠳᠡᠮ ᠰᠢᠨᠵᠢᠯᠡᠭᠡᠨ᠎ᠤ ᠰᠤᠳᠤᠯᠤᠯ ᠬᠢᠬᠦ᠂ ᠵᠦᠪᠯᠡᠭᠴᠢ᠎ᠠᠴᠠ ᠯᠠᠪᠯᠠᠬᠤ ᠪᠠ ᠤᠯᠠᠨ ᠤᠯᠤᠰ᠎ᠤᠨ ᠰᠤᠯᠢᠯᠴᠠᠭ᠎ᠠ ᠵᠡᠷᠭᠡ ᠠᠵᠢᠯ᠎ᠢ ᠦᠷᠨᠢᠬᠦᠯᠦᠭᠡᠳ ᠠ᠋ᠯᠪᠡᠭ ᠦᠷ᠎ᠡ ᠪᠦᠳᠦᠮᠵᠢ ᠤᠯᠵᠠᠢ᠃ ᠰᠢᠨᠵᠢᠯᠡᠭᠡᠨ᠎ᠤ ᠨᠡᠢ᠌ᠭᠡᠮᠯᠢᠭ᠎ᠤᠨ᠎ᠬᠢᠨ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠬᠤ ᠵᠢ ᠪᠠᠷᠢᠮᠳᠠᠯᠠᠨ᠂ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠤᠷᠢᠳᠤ ᠪᠠᠢ᠌ᠷᠢᠯᠠᠭᠤᠯᠤᠯᠳᠠ ᠵᠢ ᠨᠠᠷᠢᠨ ᠬᠢᠨᠠᠮᠠᠭ᠋ᠠᠢ ᠳᠤᠭᠤᠰᠢᠯᠠᠭᠤᠯᠤᠨ᠂ ᠤᠬᠠᠮᠰᠠᠷ᠎ᠠᠴᠠ᠎ᠪᠠᠨ ᠰᠢᠨ᠎ᠠ ᠴᠠᠭ ᠦᠶ᠎ᠡ ᠵᠢᠨ ᠰᠢᠨ᠎ᠠ ᠠ᠋ᠬᠦᠷᠭᠡ ᠰᠢᠨ᠎ᠠ ᠱᠠᠭ᠋ᠠᠷᠳᠠᠯᠭ᠎ᠠ᠎ᠳᠤ ᠵᠤᠬᠢᠴᠠᠵᠤ᠂ ᠵᠦᠪᠯᠡᠵᠤ᠂ ᠠᠷᠭ᠎ᠠ ᠤᠬᠠᠭ᠋ᠠᠨ ᠭᠠᠷᠭ᠋ᠠᠬᠤ ᠦᠢ᠍ᠯᠡᠳᠤᠯ ᠵᠶ᠋ᠡᠨ ᠢᠳᠡᠪᠬᠢᠳᠡᠢ ᠪᠠᠳᠠᠷᠠᠭᠤᠯᠤᠨ᠂ ᠵᠠᠰᠠᠭ᠎ᠤᠨ ᠤᠷᠳᠤᠨ᠎ᠤ ᠠ᠋ᠬᠦᠷᠭᠡ ᠴᠢᠳᠠᠪᠬᠢ᠎ᠪᠠᠨ ᠬᠤᠪᠢᠷᠠᠭᠤᠯᠬᠤ ᠪᠠ 《ᠳᠠᠯᠪᠢᠬᠤ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠳᠡ ᠵᠢ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ᠎ᠢ ᠬᠦᠨᠵᠡᠭᠡᠢ ᠰᠤᠳᠤᠯᠵᠤ᠂ ᠤᠨᠤᠯ᠎ᠤᠨ ᠳᠤᠯᠭ᠋ᠠᠭᠤᠷᠢᠯᠠᠯ ᠪᠠ ᠤᠶᠤᠨ ᠤᠬᠠᠭ᠋ᠠᠨ᠎ᠤ ᠳᠡᠮᠵᠢᠯᠭᠡ ᠬᠠᠩᠭ᠋ᠠᠬᠤ ᠭᠡᠷᠡᠭᠳᠡᠢ᠃ ᠳᠦᠷᠦ ᠵᠢᠨ ᠪᠤᠳᠤᠯᠭ᠎ᠠ ᠵᠢᠨ ᠵᠦᠪᠯᠡᠯᠭᠡ ᠦᠭᠬᠦ᠂ ᠰᠢᠨ᠎ᠠ ᠵᠢ ᠠ᠋ᠬᠦᠳᠬᠦ ᠵᠢ ᠦᠢ᠍ᠯᠡᠳᠦᠯᠭᠡᠵᠢᠬᠦᠯᠬᠦ ᠪᠡ ᠠ᠋ᠷᠳᠡᠮ ᠰᠢᠨᠵᠢᠯᠡᠭᠡᠨ᠎ᠤ ᠰᠤᠯᠢᠯᠴᠠᠭ᠎ᠠ ᠬᠢᠬᠦ ᠳᠠᠪᠴᠠᠩ᠎ᠢ ᠪᠠᠢ᠌ᠭᠤᠯᠤᠨ᠂ ᠰᠢᠨ᠎ᠡ ᠭᠡᠯᠪᠡᠷᠢ ᠵᠢᠨ ᠤᠯᠠᠨ ᠨᠡᠢ᠌ᠳᠡ ᠵᠢᠨ ᠬᠠᠮᠢᠶᠠᠷᠤᠯᠳᠠ ᠵᠢᠨ ᠤᠶᠤᠨ᠎ᠤ ᠬᠦᠮᠦᠷᠭᠡ ᠵᠢ ᠪᠠᠢ᠌ᠭᠤᠯᠵᠤ᠂ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠢᠨᠵᠢᠯᠡᠬᠦ ᠤᠬᠠᠭ᠋ᠠᠨ᠎ᠢ ᠬᠦᠭᠵᠢᠬᠦᠯᠬᠦ᠂ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠳᠦᠷᠢᠮ᠎ᠢ ᠦᠭᠡᠷᠡᠴᠢᠯᠡᠬᠦ᠂ ᠵᠠᠰᠠᠭ᠎ᠤᠨ ᠤᠷᠳᠤᠨ᠎ᠤ ᠪᠠᠢ᠌ᠭᠤᠯᠤᠯᠳᠠ ᠪᠤᠯᠤᠨ ᠠᠵᠤ ᠠᠬᠤᠢ ᠨᠡᠢ᠌ᠭᠡᠮ᠎ᠤᠨ ᠦᠷᠬᠦᠯᠵᠢᠯᠡᠨ ᠠ᠋ᠷᠡᠬᠦᠯ ᠵᠶ᠋ᠡᠷ ᠬᠦᠭᠵᠢᠬᠦ᠎ᠳᠤ ᠰᠢᠨ᠎ᠠ ᠬᠤᠪᠢ ᠨᠡᠮᠡᠷᠢ ᠦᠵᠡᠬᠦᠯᠬᠦ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠢᠨᠵᠢᠯᠡᠭᠡᠨ᠎ᠤ ᠨᠡᠢ᠌ᠭᠡᠮᠯᠢᠭ᠎ᠤᠨ ᠳᠤᠯᠤᠳᠤᠭ᠋ᠠᠷ ᠤᠳᠠᠭ᠋ᠠᠨ᠎ᠤ ᠭᠡᠷᠡᠭ ᠠ᠋ᠷᠬᠢᠯᠡᠭᠴᠢᠳ᠎ᠤᠨ ᠬᠤᠷᠠᠯ᠎ᠢ ᠰᠤᠩᠭᠤᠨ ᠭᠠᠷᠭ᠋ᠠᠵᠤ᠂ ᠵᠢᠶᠠᠩ ᠰᠢᠶᠤᠤ ᠵᠢᠦᠸᠠᠨᠢ ᠳᠤᠮᠳᠠᠳᠤ ᠤᠯᠤᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠢᠨᠵᠢᠯᠡᠭᠡᠨ᠎ᠤ ᠨᠡᠢ᠌ᠭᠡᠮᠯᠢᠭ᠎ᠤᠨ ᠳᠠᠷᠤᠭ᠎ᠠ᠎ᠪᠠᠷ ᠰᠤᠩᠭᠤᠪᠠ᠃ ᠪᠦᠬᠦ ᠤᠯᠤᠰ᠎ᠤᠨ ᠡᠯ᠎ᠡ ᠭᠠᠵᠠᠷ᠎ᠤᠨ ᠰᠢᠨᠵᠢᠯᠡᠭᠡᠨ᠎ᠤ ᠨᠡᠢ᠌ᠭᠡᠮᠯᠢᠭ᠂ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ᠂ ᠶᠡᠭᠡ ᠳᠡᠭᠡᠳᠤ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠠᠩ᠎ᠤᠨ ᠳᠦᠯᠦᠭᠡᠯᠡᠭᠴᠢ ᠨᠡᠢ᠌ᠳᠡ 300 ᠭᠠᠷᠤᠢ ᠬᠦᠮᠦᠨ ᠬᠤᠷᠠᠯ᠎ᠳᠤ ᠤᠷᠤᠯᠴᠠᠵᠠᠢ᠃