ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ 2019 ᠤᠨ᠎ᠤ ᠴᠠᠭ᠋ᠠᠨ ᠰᠠᠷ᠎ᠠ ᠵᠢ ᠤᠭᠳᠤᠬᠤ ᠳᠠᠢ᠌ᠯᠠᠯᠭ᠎ᠠ ᠬᠢᠵᠡᠢ
ᠨᠡᠶᠢᠲᠡᠯᠡᠭᠰᠡᠨ ᠴᠠᠭ᠄ 2019-01-30

 
     1 ᠳ᠋ᠤᠭᠡᠷ ᠰᠠᠷ᠎ᠠ ᠵᠢᠨ 25᠎ᠤ ᠠ᠋ᠳᠤᠷ᠂ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ 《8.1》 ᠶᠡᠭᠡ ᠠᠰᠠᠷ᠎ᠲᠤ 2019 ᠤᠨ᠎ᠤ ᠴᠠᠭ᠋ᠠᠨ ᠰᠠᠷ᠎ᠠ ᠵᠢ ᠤᠭᠳᠤᠬᠤ ᠳᠠᠢ᠌ᠯᠠᠯᠭ᠎ᠠ ᠬᠢᠵᠤ᠂ 80 ᠭᠠᠷᠤᠢ ᠤᠯᠤᠰ᠎ᠤᠨ ᠳᠤᠮᠳᠠᠳᠤ ᠤᠯᠤᠰ᠎ᠲᠤ ᠰᠠᠭᠤᠭ᠎ᠠ ᠴᠡᠷᠢᠭ᠎ᠤᠨ ᠨᠤᠶᠠᠨ ᠵᠢᠴᠢ ᠬᠠᠳᠤᠭᠳᠠᠢ ᠨᠡᠢ᠌ᠳᠡ 240 ᠭᠠᠷᠤᠢ ᠬᠦᠮᠦᠨ ᠳᠠᠢ᠌ᠯᠠᠯᠭ᠎ᠠ᠎ᠳᠤ ᠤᠷᠤᠯᠴᠠᠭᠰᠠᠨ ᠪᠠᠢ᠌ᠨ᠎ᠠ᠃
ᠳᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ᠎ᠤ ᠰᠠᠢ᠌ᠳ ᠸᠸᠢ ᠹᠸᠩ ᠠ᠋ᠾᠸ᠂ ᠳᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠭᠡᠰᠢᠬᠦᠨ ᠯᠢ ᠽᠦᠸᠸ ᠴᠸᠩ᠂ ᠮᠢᠶᠤᠤ ᠬᠤᠸᠠ᠂ ᠵᠠᠩ ᠱᠸᠩ ᠮᠢᠨ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠪᠠᠢ᠌ᠭᠤᠯᠭ᠎ᠠ ᠵᠢᠨ ᠡᠯ᠎ᠡ ᠰᠠᠯᠠᠭ᠎ᠠ ᠮᠦᠴᠢᠷ᠂ ᠪᠡᠭᠡᠵᠢᠩ᠎ᠳᠤ ᠰᠠᠭᠤᠭ᠎ᠠ ᠡᠯ᠎ᠡ ᠶᠡᠭᠡ ᠨᠢᠭᠡᠴᠢ ᠪᠤᠯᠤᠨ ᠵᠡᠪᠰᠡᠭᠳᠤ ᠴᠠᠭᠳᠠᠭ᠎ᠠ ᠵᠢᠨ ᠴᠡᠷᠢᠭ ᠠᠩᠬᠢ ᠵᠢᠨ ᠤᠳᠤᠷᠢᠳᠤᠯᠭ᠎ᠠ ᠳᠠᠢ᠌ᠯᠠᠯᠭ᠎ᠠ᠎ᠳᠤ ᠤᠷᠤᠯᠴᠠᠵᠠᠢ᠃
      ᠳᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠤᠯᠠᠨ ᠤᠯᠤᠰ᠎ᠤᠨ ᠴᠡᠷᠢᠭ᠎ᠤᠨ ᠶᠠᠪᠤᠳᠠᠯ᠎ᠤᠨ ᠬᠠᠮᠳᠤᠷᠠᠯᠴᠠᠭ᠋ᠠᠨ᠎ᠤ ᠠᠯᠪᠠᠨ ᠭᠡᠷ᠎ᠤᠨ ᠤᠳᠤᠷᠢᠳᠤᠯᠭ᠎ᠠ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ᠎ᠤ ᠰᠠᠢ᠌ᠳ ᠸᠸᠢ ᠹᠸᠩ ᠠ᠋ᠾᠸ ᠵᠢ ᠳᠦᠯᠦᠭᠯᠡᠡᠨ ᠪᠠᠶᠠᠷ᠎ᠤᠨ ᠦᠭᠡ ᠶᠡᠷᠢᠪᠡ᠃ ᠳᠡᠷᠡ᠂ 2018 ᠤᠨ ᠪᠤᠯ ᠰᠢᠨ᠎ᠠ ᠴᠠᠭ ᠦᠶ᠎ᠡ᠎ᠤᠨ ᠴᠢᠷᠮᠠᠢ᠌ᠨ ᠠᠵᠢᠯᠯᠠᠵᠤ ᠲᠡᠮᠡᠴᠡᠭᠰᠡᠨ ᠨᠢᠭᠡ ᠵᠢᠯ ᠪᠤᠯᠬᠤ ᠪᠦᠭᠡᠳ ᠴᠡᠷᠢᠭ ᠠᠩᠬᠢ ᠵᠢᠨ ᠬᠠᠳᠠᠭᠤᠵᠢᠯᠳᠠᠢ ᠳᠠᠪᠰᠢᠭᠰᠠᠨ ᠨᠢᠭᠡ ᠵᠢᠯ᠂ ᠳᠤᠮᠳᠠᠳᠤ ᠤᠯᠤᠰ᠎ᠤᠨ ᠴᠡᠷᠢᠭ᠎ᠤᠨ ᠶᠠᠪᠤᠳᠠᠯ᠎ᠤᠨ ᠭᠠᠳᠠᠭ᠋ᠠᠳᠤ ᠬᠠᠷᠢᠴᠠᠭ᠎ᠠ ᠢᠳᠡᠪᠬᠢᠳᠡᠢ ᠳᠠᠪᠰᠢᠭᠰᠠᠨ ᠨᠢᠭᠡ ᠵᠢᠯ ᠪᠤᠯᠤᠨ᠎ᠠ᠃ ᠪᠦᠬᠦ ᠴᠡᠷᠢᠭ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠤᠯᠤᠨ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠤᠷᠢᠭ ᠰᠠᠨᠠᠭ᠎ᠠ᠂ ᠰᠢ ᠵᠢᠨ ᠫᠢᠩ᠎ᠤᠨ ᠴᠡᠷᠢᠭ᠎ᠢ ᠬᠦᠴᠦᠷᠭᠡᠭᠵᠢᠬᠦᠯᠬᠦ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠤᠨ ᠭᠡᠷᠡᠭᠵᠢᠬᠦᠯᠵᠤ᠂ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠳᠡᠷᠢᠬᠦᠯᠡᠭᠴᠢ ᠬᠠᠷᠢᠭᠤᠴᠠᠬᠤ ᠳᠦᠷᠢᠮ᠎ᠢ ᠬᠦᠨᠵᠡᠭᠡᠢ ᠳᠤᠭᠤᠰᠢᠯᠠᠭᠤᠯᠤᠨ᠂ ᠴᠡᠷᠢᠭ᠎ᠤᠨ ᠶᠠᠪᠤᠳᠠᠯ᠎ᠤᠨ ᠠᠵᠢᠯ ᠵᠶ᠋ᠡᠨ ᠰᠢᠨ᠎ᠠ ᠠᠬᠢᠴᠠ᠎ᠲᠠᠢ ᠪᠤᠯᠭ᠋ᠠᠪᠠ᠃ 2019 ᠤᠨ᠎ᠳᠤ ᠳᠤᠮᠳᠠᠳᠤ ᠤᠯᠤᠰ᠎ᠤᠨ ᠴᠡᠷᠢᠭ ᠠᠩᠬᠢ ᠡᠯ᠎ᠡ ᠤᠯᠤᠰ᠎ᠤᠨ ᠴᠡᠷᠢᠭ ᠠᠩᠬᠢ ᠵᠢᠨ ᠬᠠᠮᠳᠤᠷᠠᠯᠴᠠᠭ᠎ᠠ ᠶᠠᠪᠤᠯᠴᠠᠭ᠎ᠠ᠎ᠪᠠᠨ ᠦᠷᠬᠦᠯᠵᠢᠯᠡᠨ ᠬᠦᠨᠵᠡᠭᠡᠢ᠌ᠷᠡᠬᠦᠯᠵᠤ᠂ ᠠ᠋ᠩᠭᠡ ᠳᠠᠢ᠌ᠪᠤᠩ ᠬᠦᠭᠵᠢᠯᠳᠡ ᠵᠢ ᠬᠠᠮᠳᠤ᠎ᠪᠠᠷ ᠬᠠᠮᠠᠭ᠋ᠠᠯᠠᠨ᠂ ᠠᠶᠤᠯ ᠳᠦᠭᠰᠢᠬᠦᠷᠢ ᠪᠤᠯᠤᠨ ᠦᠷᠢᠰᠦᠯᠳᠦᠭᠡᠨ᠎ᠢ ᠬᠠᠮᠳᠤ᠎ᠪᠠᠷ ᠠᠷᠭ᠋ᠠᠴᠠᠭ᠋ᠠᠨ᠎ᠠ᠃ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ ᠨᠡᠭᠡᠭᠡᠯᠳᠡ ᠵᠢ ᠤᠯᠠᠮ ᠵᠶ᠋ᠡᠷ ᠦᠷᠭᠡᠳᠭᠡᠨ᠂ ᠳᠡᠯᠡᠭᠡᠢ ᠵᠢᠨ ᠴᠡᠷᠢᠭ᠎ᠤᠨ ᠶᠠᠪᠤᠳᠠᠯ᠎ᠤᠨ ᠶᠡᠭᠡ ᠳᠠᠢ᠌ᠰᠠᠨ᠎ᠳᠤ ᠭᠠᠷᠴᠤ᠂ ᠰᠢᠨ᠎ᠠ ᠭᠡᠯᠪᠡᠷᠢ ᠵᠢᠨ ᠤᠯᠠᠨ ᠤᠯᠤᠰ᠎ᠤᠨ ᠬᠠᠷᠢᠴᠠᠭ᠎ᠠ ᠪᠠᠢ᠌ᠭᠤᠯᠬᠤ ᠵᠢ ᠠᠬᠢᠭᠤᠯᠤᠨ᠂ ᠬᠦᠮᠦᠨ ᠳᠦᠷᠦᠯᠬᠢᠳᠡᠨ᠎ᠤ ᠬᠠᠮᠳᠤ ᠵᠢᠨ ᠴᠤᠭᠴᠠ ᠵᠢ ᠪᠠᠢ᠌ᠭᠤᠯᠬᠤ᠎ᠳᠤ ᠰᠢᠨ᠎ᠠ ᠬᠤᠪᠢ ᠨᠡᠮᠡᠷᠢ ᠦᠵᠡᠬᠦᠯᠦᠨ᠎ᠡ ᠭᠡᠵᠤ ᠭᠡᠯᠡᠪᠡ᠃
      ᠳᠤᠮᠳᠠᠳᠤ ᠤᠯᠤᠰ᠎ᠲᠤ ᠰᠠᠭᠤᠭ᠎ᠠ ᠭᠠᠳᠠᠭ᠋ᠠᠳᠤ ᠵᠢᠨ ᠴᠡᠷᠢᠭ᠎ᠤᠨ ᠨᠤᠶᠠᠨ᠎ᠤ ᠪᠦᠯᠬᠦᠮ᠎ᠤᠨ ᠳᠠᠷᠤᠭ᠎ᠠ᠂ ᠳ᠋ᠸᠨ᠋ᠮᠡᠷᠺ᠎ᠤᠨ ᠳᠤᠮᠳᠠᠳᠤ ᠤᠯᠤᠰ᠎ᠲᠤ ᠰᠠᠭᠤᠭ᠎ᠠ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠴᠡᠷᠢᠭ᠎ᠤᠨ ᠨᠤᠶᠠᠨ ᠯᠠᠰᠸᠮᠦᠢ᠍ᠯᠢᠨ ᠡᠯ᠎ᠡ ᠤᠯᠤᠰ᠎ᠤᠨ ᠳᠤᠮᠳᠠᠳᠤ ᠤᠯᠤᠰ᠎ᠲᠤ ᠰᠠᠭᠤᠭ᠎ᠠ ᠴᠡᠷᠢᠭ᠎ᠤᠨ ᠨᠤᠶᠠᠨ᠎ᠢ ᠳᠦᠯᠦᠭᠡᠯᠡᠨ ᠳᠤᠮᠳᠠᠳᠤ ᠤᠯᠤᠰ᠎ᠤᠨ ᠴᠡᠷᠢᠭ ᠠᠩᠬᠢ ᠵᠢᠨ ᠬᠠᠪᠰᠤᠷᠤᠯᠭ᠎ᠠ ᠳᠡᠮᠵᠢᠯᠭᠡ᠎ᠳᠤ ᠳᠠᠯᠠᠷᠬᠠᠵᠤ ᠪᠠᠢ᠌ᠬᠤ᠎ᠪᠠᠨ ᠢᠯᠡᠳᠭᠡᠪᠡ᠃ ᠳᠡᠷᠡ᠂ ᠳᠤᠮᠳᠠᠳᠤ ᠤᠯᠤᠰ᠎ᠤᠨ ᠦᠭᠡᠷᠡᠴᠢᠯᠡᠯᠳᠡ ᠨᠡᠭᠡᠭᠡᠯᠳᠡ᠎ᠨᠢ ᠡᠯ᠎ᠡ ᠬᠦᠷᠢᠶ᠎ᠡ ᠴᠠᠷᠠᠭ᠎ᠠ᠎ᠳᠤ ᠯᠤᠳᠤ ᠶᠡᠭᠡ ᠠᠮᠵᠢᠯᠳᠠ ᠤᠯᠵᠠᠢ᠃ ᠳᠤᠮᠳᠠᠳᠤ ᠤᠯᠤᠰ᠎ᠤᠨ ᠤᠯᠤᠰ ᠬᠦᠷᠤᠨ᠎ᠨᠢ ᠬᠦᠴᠦᠷᠭᠡᠭᠵᠢᠨ ᠮᠠᠨᠳᠤᠵᠤ᠂ ᠠᠷᠠᠳ ᠳᠦᠮᠡᠨ᠎ᠨᠢ ᠵᠤᠯ ᠵᠢᠷᠭ᠋ᠠᠯ᠎ᠲᠠᠢ ᠠᠮᠢᠳᠤᠷᠠᠨ᠂ ᠴᠡᠷᠢᠭ ᠠᠩᠬᠢ᠎ᠨᠢ ᠤᠳᠤᠬᠢᠴᠢᠯᠠᠭᠰᠠᠨ ᠪᠦᠳᠦᠭᠡᠨ ᠪᠠᠢ᠌ᠭᠤᠯᠤᠯᠳᠠ᠎ᠳᠤ᠎ᠪᠠᠨ ᠳᠠᠰᠤᠷᠠᠯᠳᠠ ᠦᠭᠡᠢ ᠰᠢᠨ᠎ᠠ ᠠᠮᠵᠢᠯᠳᠠ ᠤᠯᠬᠤ ᠵᠢ ᠬᠦᠰᠡᠨ ᠵᠦᠩᠨᠡᠵᠤ ᠪᠠᠢ᠌ᠨ᠎ᠠ ᠭᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠢᠲ᠋ᠠᠯᠢ ᠵᠢᠨ ᠶᠡᠷᠦᠩᠭᠡᠢ ᠰᠠᠢ᠌ᠳ ᠺᠦᠩᠲᠸ ᠸᠠᠩ ᠢ᠎ᠲᠠᠢ ᠠᠭᠤᠯᠵᠠᠪᠠ
ᠵᠤᠤ ᠺᠸ ᡁᠢ᠄ ᠤᠯᠤᠰ ᠳᠦᠷᠦ ᠵᠢᠨ ᠰᠡᠷᠡᠮᠵᠢᠯᠡᠬᠦᠯᠦᠯ᠎ᠢ ᠪᠠᠷᠢᠮᠳᠠᠯᠠᠨ ᠰᠤᠷᠳᠠᠯ᠎ᠢ ᠳᠦᠪ ᠪᠤᠯᠭ᠋ᠠᠨ ᠰᠠᠬᠢᠯᠭ᠎ᠠ ᠪᠠᠳᠤ ᠵᠢ ᠴᠢᠩᠭ᠋ᠠᠳᠬᠠᠵᠤ ᠰᠢᠨ᠎ᠠ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ᠎ᠳᠤ ᠠᠮᠤᠷ ᠳᠦᠪᠰᠢᠨ᠎ᠤ ᠪᠠᠳᠤᠯᠠᠭ᠎ᠠ ᠬᠠᠩᠭ᠋ᠠᠬᠤ ᠭᠡᠷᠡᠭᠳᠡᠢ ᠭᠡᠪᠡ
ᠸᠸᠢ ᠹᠸᠩ ᠠ᠋ᠾᠸ ᠹᠢᠯᠢᠫᠢᠨ᠎ᠤ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ᠎ᠤ ᠳᠡᠳ᠋ ᠰᠠᠢ᠌ᠳ᠎ᠲᠠᠢ ᠠᠭᠤᠯᠵᠠᠪᠠ
ᠸᠠᠩ ᠢ ᠳᠤᠮᠳᠠᠳᠤ ᠹᠷᠡᠨᠼᠢ ᠵᠢᠨ ᠭᠠᠳᠠᠭ᠋ᠠᠳᠤ ᠬᠠᠷᠢᠴᠠᠭ᠎ᠠ ᠪᠠᠢ᠌ᠭᠤᠯᠤᠭᠰᠠᠨ 55 ᠵᠢᠯ᠎ᠤᠨ ᠤᠢ ᠵᠢ ᠳᠤᠷᠠᠰᠬᠠᠬᠤ ᠠᠵᠢᠯᠯᠠᠭ᠎ᠠ ᠠ᠋ᠬᠢᠯᠡᠬᠦ ᠶᠤᠰᠤᠯᠠᠯ᠎ᠳᠤ ᠤᠷᠤᠯᠴᠠᠪᠠ
ᠸᠠᠩ ᠢ᠄ ᠳᠡᠯᠡᠭᠡᠢ ᠵᠢᠨ ᠠᠷᠠᠯᠵᠢᠶ᠎ᠠ ᠵᠢᠨ ᠵᠤᠬᠢᠶᠠᠨ ᠪᠠᠢ᠌ᠭᠤᠯᠤᠯᠳᠠ ᠵᠢᠨ ᠪᠦᠬᠦ ᠪᠦᠮᠪᠦᠷᠴᠡᠭ᠎ᠤᠨ ᠠᠵᠤ ᠠᠬᠤᠢ ᠵᠢᠨ ᠵᠠᠰᠠᠯᠳᠠ᠎ᠳᠠᠬᠢ ᠦᠢ᠍ᠯᠡᠳᠤᠯ᠎ᠢ ᠨᠡᠩ ᠰᠠᠢ᠌ᠨ ᠪᠠᠳᠠᠷᠠᠭᠤᠯᠬᠤ ᠭᠡᠷᠡᠭᠳᠡᠢ ᠭᠡᠪᠡ
 
            