ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠳᠤᠳᠤᠭ᠋ᠠᠳᠤ ᠵᠢ ᠬᠠᠮᠠᠭ᠋ᠠᠯᠠᠬᠤ ᠶᠠᠮᠤᠨ᠎ᠤ ᠰᠠᠢ᠌ᠳ ᠵᠤᠤ ᠺᠸ ᡁᠢ 1 ᠳ᠋ᠤᠭᠡᠷ ᠰᠠᠷ᠎ᠠ ᠵᠢᠨ 26᠎ᠤ ᠠ᠋ᠳᠤᠷ᠎ᠤᠨ ᠪᠦᠬᠦ ᠤᠯᠤᠰ᠎ᠤᠨ ᠳᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠤᠮᠵᠢ ᠵᠢᠨ ᠨᠠᠮ᠎ᠤᠨ ᠰᠤᠷᠳᠠᠯ ᠪᠤᠯᠤᠨ ᠴᠢᠭᠡᠴᠢ ᠵᠠᠰᠠᠭ᠎ᠤᠨ ᠪᠠᠢ᠌ᠭᠤᠯᠤᠯᠳᠠ ᠵᠢᠨ ᠲᠸᠯᠸᠢᠰ ᠤᠳᠠᠰᠤᠳᠤ ᠬᠤᠷᠠᠯ ᠳᠡᠭᠡᠷ᠎ᠡ᠂ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠶᠡᠷᠦᠩᠭᠡᠢ ᠱᠦᠵᠢ ᠰᠢ ᠵᠢᠨ ᠫᠢᠩ᠎ᠤᠨ ᠨᠠᠮ᠎ᠤᠨ ᠳᠦᠪ ᠬᠤᠷᠢᠶᠠᠨ᠎ᠤ ᠰᠠᠬᠢᠯᠭ᠎ᠠ ᠪᠠᠳᠤ ᠪᠠᠢ᠌ᠴᠠᠭ᠋ᠠᠬᠤ ᠬᠤᠷᠢᠶᠠᠨ᠎ᠤ ᠠᠷᠪᠠ ᠶᠢᠰᠦᠳᠦᠭᠡᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ ᠪᠤᠯᠤᠨ ᠳᠦᠪ᠎ᠤᠨ ᠤᠯᠤᠰ ᠳᠦᠷᠦ ᠬᠠᠤᠯᠢ ᠴᠠᠭ᠋ᠠᠵᠠ ᠵᠢᠨ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠬᠦᠨᠵᠡᠭᠡᠢ ᠰᠤᠷᠤᠯᠴᠠᠵᠤ ᠳᠤᠭᠤᠰᠢᠯᠠᠭᠤᠯᠤᠨ᠂ 《ᠳᠦᠷᠪᠡᠨ ᠤᠬᠠᠮᠰᠠᠷ》 ᠵᠶ᠋ᠡᠨ ᠴᠢᠩᠭ᠋ᠠᠳᠬᠠᠵᠤ᠂ 《ᠳᠦᠷᠪᠡᠨ ᠢᠳᠡᠭᠡᠯ》 ᠵᠶ᠋ᠡᠨ ᠪᠠᠳᠤᠳᠬᠠᠨ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠬᠦᠯᠵᠤ᠂ ᠤᠯᠤᠰ ᠳᠦᠷᠦ ᠵᠢᠨ ᠰᠡᠷᠡᠮᠵᠢᠯᠡᠬᠦᠯᠦᠯᠢ ᠪᠠᠷᠢᠮᠳᠠᠯᠠᠨ᠂ ᠨᠠᠮ᠎ᠤᠨ ᠰᠤᠷᠳᠠᠯ ᠪᠠ ᠴᠢᠭᠡᠴᠢ ᠵᠠᠰᠠᠭ᠎ᠤᠨ ᠪᠠᠢ᠌ᠭᠤᠯᠤᠯᠳᠠ ᠵᠢ ᠬᠦᠨᠵᠡᠭᠡᠢ᠌ᠷᠡᠬᠦᠯᠵᠤ᠂ ᠰᠤᠷᠳᠠᠯ ᠵᠶ᠋ᠠᠨ ᠳᠦᠪ ᠪᠤᠯᠭ᠋ᠠᠨ ᠰᠠᠬᠢᠯᠭ᠎ᠠ ᠪᠠᠳᠤ ᠵᠢ ᠴᠢᠩᠭ᠋ᠠᠳᠬᠠᠵᠤ᠂ ᠢᠯᠵᠡᠷᠡᠵᠤ ᠴᠢᠳᠠᠬᠤ ᠦᠭᠡᠢ᠂ ᠢᠯᠵᠡᠷᠡᠬᠦ ᠦᠭᠡᠢ᠂ ᠢᠯᠵᠡᠷᠡᠬᠦ ᠰᠠᠨᠠᠭ᠎ᠠ ᠦᠭᠡᠢ ᠪᠤᠯᠭ᠋ᠠᠨ᠂ ᠨᠠᠮ᠎ᠳᠤ᠎ᠪᠠᠨ ᠦᠨᠡᠨᠴᠢ ᠰᠢᠳᠤᠷᠭᠤ᠂ ᠠᠷᠠᠳ ᠳᠦᠮᠡᠨ᠎ᠳᠤ ᠦᠢ᠍ᠯᠡᠴᠢᠯᠡᠳᠡᠭ᠂ ᠳᠦᠪ ᠭᠤᠤᠯᠴᠢ᠎ᠪᠠᠷ ᠬᠠᠤᠯᠢ ᠭᠡᠷᠡᠭᠵᠢᠬᠦᠯᠳᠡᠭ᠂ ᠳᠡᠮᠤᠷ ᠮᠠᠳᠤ ᠬᠠᠳᠠᠭᠤ ᠰᠠᠬᠢᠯᠭ᠎ᠠ ᠪᠠᠳᠤᠲᠠᠢ ᠳᠤᠳᠤᠭ᠋ᠠᠳᠤ ᠵᠢ ᠬᠠᠮᠠᠭ᠋ᠠᠠᠯᠠᠬᠤ ᠠ᠋ᠩᠨᠡᠭᠡ ᠵᠢ ᠪᠠᠢ᠌ᠭᠤᠯᠤᠨ᠂ ᠰᠢᠨ᠎ᠠ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ ᠵᠢ ᠪᠡᠯᠭᠡᠯᠡᠬᠦ ᠠᠵᠢᠯᠯᠭ᠎ᠠ ᠵᠢᠨ ᠠᠮᠤᠷ ᠳᠦᠪᠰᠢᠨ᠎ᠢ ᠬᠠᠮᠠᠭ᠋ᠠᠯᠠᠬᠤ ᠠ᠋ᠬᠦᠷᠭᠡ ᠵᠢ ᠳᠡᠬᠦᠰ ᠠᠮᠵᠢᠯᠳᠠ᠎ᠲᠠᠢ ᠪᠡᠶᠡᠯᠡᠬᠦᠯᠬᠦ ᠭᠡᠷᠡᠭᠳᠡᠢ ᠭᠡᠵᠤ ᠴᠢᠬᠤᠯᠠᠴᠢᠯᠠᠪᠠ᠃
ᠵᠤᠤ ᠺᠸ ᡁᠢ᠂ 《ᠳᠦᠷᠪᠡᠨ ᠰᠤᠷᠳᠠᠯ》᠎ᠤᠨ ᠠᠰᠠᠭᠤᠳᠠᠯ᠎ᠢ ᠵᠠᠰᠠᠨ᠂ ᠬᠠᠷ᠎ᠡ ᠪᠦᠯᠦᠭᠳᠡᠨ ᠬᠠᠷᠬᠢᠰ ᠬᠦᠴᠦᠨ᠎ᠤ 《ᠬᠠᠮᠠᠭ᠋ᠠᠯᠠᠭᠴᠢ》 ᠵᠢ ᠱᠦᠬᠦᠷᠳᠡᠨ ᠠᠷᠢᠯᠭ᠋ᠠᠵᠤ᠂ ᠴᠢᠬᠤᠯᠠ ᠶᠡᠭᠡ ᠠᠮᠤᠷ ᠳᠦᠪᠰᠢᠨ᠎ᠤ ᠬᠠᠮᠠᠭ᠋ᠠᠯᠠᠯᠳᠠ ᠵᠢᠨ ᠠᠵᠢᠯ᠎ᠳᠤ ᠬᠢᠨᠠᠯᠳᠠ ᠳᠠᠯᠪᠢᠨ ᠬᠠᠮᠢᠶᠠᠷᠬᠤ ᠪᠠ ᠰᠠᠬᠢᠯᠭ᠎ᠠ ᠪᠠᠳᠤ ᠵᠢ ᠭᠡᠷᠡᠭᠵᠢᠬᠦᠯᠵᠤ ᠬᠠᠷᠢᠭᠤᠴᠠᠯᠭ᠎ᠠ ᠨᠡᠭᠡᠮᠵᠢᠯᠡᠬᠦ ᠵᠢ ᠴᠢᠩᠭ᠋ᠠᠳᠬᠠᠨ᠂ ᠰᠠᠬᠢᠯᠭ᠎ᠠ ᠪᠠᠳᠤ ᠰᠤᠷᠳᠠᠯ᠎ᠤᠨ ᠪᠠᠢ᠌ᠭᠤᠯᠤᠯᠳᠠ ᠵᠢ ᠪᠦᠬᠦ ᠳᠠᠯ᠎ᠠ᠎ᠪᠠᠷ ᠴᠢᠩᠭ᠋ᠠᠳᠬᠠᠬᠤ ᠭᠡᠷᠡᠭᠳᠡᠢ᠃ ᠠᠵᠢᠯᠳᠠᠨ᠎ᠤ ᠬᠠᠮᠢᠶᠠᠷᠤᠯᠳᠠ᠂ ᠶᠡᠭᠡ ᠭᠡᠮᠵᠢᠶᠡᠨ᠎ᠤ ᠪᠡᠯᠡ ᠮᠦᠩᠬᠦᠨ᠎ᠤ ᠭᠡᠷᠡᠭᠯᠡᠯᠳᠡ᠂ ᠭᠡᠷᠡᠭ ᠬᠦᠢ᠍ᠴᠡᠳᠭᠡᠬᠦ ᠵᠠᠩᠬᠢᠯᠠᠭ᠎ᠠ ᠵᠢᠨ ᠭᠤᠭᠴᠤᠭ᠎ᠠ ᠵᠡᠷᠭᠡ ᠬᠦᠷᠢᠶ᠎ᠡ ᠴᠠᠷᠠᠭ᠎ᠠ ᠵᠢᠨ ᠬᠢᠨᠠᠯᠳᠠ ᠬᠠᠮᠢᠶᠠᠷᠤᠯᠳᠠ ᠵᠢ ᠴᠢᠩᠭ᠋ᠠᠳᠬᠠᠨ᠂ ᠭᠡᠷᠡᠭ᠎ᠢ ᠵᠠᠪᠠᠯ ᠪᠠᠢ᠌ᠴᠠᠭ᠋ᠠᠬᠤ᠂ ᠢᠯᠵᠡᠷᠡᠯ᠎ᠢ ᠵᠠᠪᠠᠯ ᠵᠠᠰᠠᠬᠤ ᠵᠢ ᠪᠡᠶᠡᠯᠡᠬᠦᠯᠵᠤ᠂ ᠬᠢᠨᠠᠯᠳᠠ ᠳᠠᠯᠪᠢᠨ ᠬᠠᠮᠢᠶᠠᠷᠴᠤ ᠬᠢᠵᠠᠭ᠋ᠠᠷᠯᠠᠬᠤ ᠪᠠ ᠰᠡᠷᠡᠮᠵᠢᠯᠡᠬᠦᠯᠵᠤ ᠬᠦᠮᠦᠵᠢᠬᠦᠯᠬᠦ ᠵᠢ ᠠ᠋ᠷᠴᠢᠮᠵᠢᠬᠦᠯᠤᠨ᠂ ᠢᠯᠵᠡᠷᠡᠯ᠎ᠢ ᠠ᠋ᠰᠡᠷᠬᠦᠴᠡᠬᠦ ᠳᠠᠮᠠᠴᠠᠯ᠎ᠤᠨ ᠠᠮᠵᠢᠯᠳᠠ ᠪᠦᠳᠦᠮᠵᠢ᠎ᠪᠠᠨ ᠪᠡᠬᠢᠵᠢᠬᠦᠯᠬᠦ ᠭᠡᠷᠡᠭᠳᠡᠢ᠃ ᠨᠠᠮ᠎ᠢ ᠬᠠᠮᠢᠶᠠᠷᠤᠨ ᠴᠠᠭᠳᠠᠭ᠎ᠠ ᠵᠢ ᠵᠠᠰᠠᠬᠤ 《ᠬᠤᠤᠰ ᠬᠠᠷᠢᠭᠤᠴᠠᠯᠭ᠎ᠠ》 ᠵᠢ ᠪᠦᠬᠦ ᠳᠠᠯ᠎ᠠ᠎ᠪᠠᠷ ᠴᠢᠩᠭ᠋ᠠᠳᠬᠠᠨ᠂ ᠪᠤᠳᠠᠳᠠᠢ ᠠᠳᠬᠤᠨ ᠴᠢᠩᠭ᠎ᠠ ᠬᠠᠮᠢᠶᠡᠷᠬᠤ ᠵᠢ ᠪᠠᠷᠢᠮᠳᠠᠯᠠᠨ᠂ ᠨᠠᠮ᠎ᠢ ᠪᠦᠬᠦ ᠳᠠᠯ᠎ᠠ᠎ᠪᠠᠷ ᠴᠢᠩᠭ᠎ᠠ ᠵᠠᠰᠠᠬᠤ ᠵᠢ ᠳᠠᠰᠤᠷᠠᠯᠳᠠ ᠦᠭᠡᠢ ᠠᠬᠢᠭᠤᠯᠬᠤ ᠭᠡᠷᠡᠭᠳᠡᠢ ᠭᠡᠵᠤ ᠱᠠᠭ᠋ᠠᠷᠳᠠᠪᠠ᠃