ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠸᠠᠩ ᠢ ᠳᠤᠮᠳᠠᠳᠤ ᠹᠷᠡᠨᠼᠢ ᠵᠢᠨ ᠭᠠᠳᠠᠭ᠋ᠠᠳᠤ ᠬᠠᠷᠢᠴᠠᠭ᠎ᠠ ᠪᠠᠢ᠌ᠭᠤᠯᠤᠭᠰᠠᠨ 55 ᠵᠢᠯ᠎ᠤᠨ ᠤᠢ ᠵᠢ ᠳᠤᠷᠠᠰᠬᠠᠬᠤ ᠠᠵᠢᠯᠯᠠᠭ᠎ᠠ ᠠ᠋ᠬᠢᠯᠡᠬᠦ ᠶᠤᠰᠤᠯᠠᠯ᠎ᠳᠤ ᠤᠷᠤᠯᠴᠠᠪᠠ
ᠨᠡᠶᠢᠲᠡᠯᠡᠭᠰᠡᠨ ᠴᠠᠭ᠄ 2019-01-30

             
    1 ᠳ᠋ᠤᠭᠡᠷ ᠰᠠᠷ᠎ᠠ ᠵᠢᠨ 24᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠹᠷᠡᠨᠼᠢ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠯᠸᠳ᠋ᠸᠯᠢᠠᠠᠩ᠎ᠲᠠᠢ ᠬᠠᠮᠳᠤ᠎ᠪᠠᠷ ᠫᠡᠷᠢᠰ᠎ᠲᠤ ᠳᠤᠮᠳᠠᠳᠤ ᠹᠷᠡᠨᠼᠢ ᠵᠢᠨ ᠭᠠᠳᠠᠭ᠋ᠠᠳᠤ ᠬᠠᠷᠢᠴᠠᠭ᠎ᠠ ᠪᠠᠢ᠌ᠭᠤᠯᠤᠭᠰᠠᠨ 55 ᠵᠢᠯ᠎ᠤᠨ ᠤᠢ ᠵᠢ ᠳᠤᠷᠠᠰᠬᠠᠬᠤ ᠠᠵᠢᠯᠯᠠᠭ᠎ᠠ ᠠ᠋ᠬᠢᠯᠡᠬᠦ ᠶᠤᠰᠤᠯᠠᠯ᠎ᠳᠤ ᠤᠷᠤᠯᠴᠠᠪᠠ᠃
      ᠸᠠᠩ ᠢ᠂ 55 ᠵᠢᠯ᠎ᠤᠨ ᠠ᠋ᠮᠤᠨ᠎ᠠ ᠮᠠᠤ ᠽᠸ ᠳ᠋ᠦᠩ ᠳᠡᠷᠢᠬᠦᠯᠡᠭᠴᠢ ᠪᠤᠯᠤᠨ ᠳ᠋ᠠᠢ᠌ᠭᠤᠤᠯᠸ ᠵᠠᠩᠵᠤᠨ ᠳᠤᠮᠳᠠᠳᠤ ᠹᠷᠡᠨᠼᠢ ᠵᠢᠨ ᠬᠠᠷᠢᠴᠠᠭ᠎ᠠ ᠪᠠᠢ᠌ᠭᠤᠯᠬᠤ ᠳᠡᠤᠭᠡᠨ ᠴᠢᠨᠠᠷ᠎ᠲᠠᠢ ᠳᠤᠭᠳᠠᠭ᠋ᠠᠯ ᠭᠠᠷᠭ᠋ᠠᠵᠤ᠂ ᠹᠷᠡᠨᠼᠢ ᠤᠯᠤᠰ᠎ᠨᠢ ᠰᠢᠨ᠎ᠠ ᠳᠤᠮᠳᠠᠳᠤ ᠤᠯᠤᠰ᠎ᠲᠠᠢ ᠭᠠᠳᠠᠭ᠋ᠠᠳᠤ ᠬᠠᠷᠢᠴᠠᠭ᠎ᠠ ᠪᠠᠢ᠌ᠭᠤᠯᠤᠭᠰᠠᠨ ᠦᠷᠦᠨᠡᠳᠤ ᠵᠢᠨ ᠶᠡᠭᠡ ᠤᠯᠤᠰ ᠪᠤᠯᠪᠠ᠃ 55 ᠵᠢᠯ᠎ᠤᠨ ᠳᠤᠷᠰᠢᠳᠠ ᠳᠡᠯᠡᠭᠡᠢ ᠵᠢᠨ ᠪᠠᠢ᠌ᠳᠠᠯ᠎ᠳᠤ ᠶᠠᠮᠠᠷ ᠬᠤᠪᠢᠷᠠᠯᠳᠠ ᠭᠠᠷᠤᠭᠰᠠᠨ ᠴᠤ᠌ ᠳᠤᠮᠳᠠᠳᠤ ᠹᠷᠡᠨᠼᠢ ᠵᠢᠨ ᠬᠠᠷᠢᠴᠠᠭ᠎ᠠ᠎ᠨᠢ ᠳᠤᠮᠳᠠᠳᠤ ᠠ᠋ᠸᠦᠢ᠍ᠷᠦᠫᠠ ᠪᠤᠯᠤᠨ ᠳᠤᠮᠳᠠᠳᠤ ᠦᠷᠦᠨᠡᠳᠤ ᠵᠢᠨ ᠬᠠᠷᠢᠴᠭ᠋ᠠᠨ᠎ᠤ ᠳᠦᠷᠦᠬᠦᠨ᠎ᠳᠤ ᠪᠠᠢ᠌ᠬᠰᠠᠭ᠋ᠠᠷ ᠢᠷᠡᠪᠡ᠃ ᠬᠤᠶᠠᠷ ᠳᠠᠯ᠎ᠠ ᠵᠢᠨ ᠬᠠᠷᠢᠯᠴᠠᠨ ᠠᠰᠢᠭ᠎ᠲᠠᠢ᠂ ᠬᠠᠮᠳᠤ᠎ᠪᠠᠷ ᠠᠰᠢᠭ ᠬᠦᠷᠳᠡᠬᠦ ᠰᠠᠭᠤᠷᠢᠨ ᠳᠡᠭᠡᠷ᠎ᠡ ᠪᠠᠢ᠌ᠭᠤᠯᠤᠭᠰᠠ ᠬᠠᠮᠳᠤᠷᠠᠯᠴᠠᠭ᠎ᠠ᠎ᠨᠢ ᠬᠤᠶᠠᠷ ᠤᠯᠤᠰ᠎ᠤᠨ ᠠᠷᠠᠳ ᠳᠦᠮᠡᠨ᠎ᠳᠤ ᠪᠤᠳᠠᠳᠤ ᠠᠰᠢᠭ ᠬᠦᠷᠳᠡᠭᠡᠵᠤ᠂ ᠬᠤᠶᠠᠷ ᠤᠯᠤᠰ᠎ᠤᠨ ᠬᠠᠷᠢᠴᠠᠭ᠋ᠠᠨ᠎ᠤ ᠪᠠᠢ᠌ᠯᠳᠤᠬᠤ ᠪᠤᠳᠤᠯᠭ᠎ᠠ ᠵᠢᠨ ᠴᠢᠨᠠᠷ ᠪᠤᠯᠤᠨ ᠨᠡᠭᠡᠭᠡᠨ ᠠ᠋ᠬᠦᠳᠬᠦ ᠴᠢᠨᠠᠷ᠎ᠨᠢ ᠳᠡᠯᠡᠭᠡᠢ ᠵᠢᠨ ᠠ᠋ᠩᠭᠡ ᠳᠠᠢ᠌ᠪᠤᠩ᠂ ᠳᠤᠭᠳᠠᠭᠤᠨ ᠬᠦᠭᠵᠢᠯᠳᠡ᠎ᠳᠤ ᠴᠢᠬᠤᠯᠠ ᠬᠤᠪᠢ ᠨᠡᠮᠡᠷᠢ ᠦᠵᠡᠬᠦᠯᠪᠡ ᠭᠡᠵᠤ ᠢᠯᠡᠷᠭᠡᠢ᠌ᠯᠡᠪᠡ᠃
      ᠸᠠᠩ ᠢ᠂ ᠤᠳᠤᠬᠠᠨ᠎ᠳᠤ ᠳᠡᠯᠡᠭᠡᠢ ᠳ᠋ᠠᠬᠢᠨ ᠵᠠᠭᠤᠨ ᠵᠢᠯ᠎ᠳᠤ ᠳᠤᠬᠢᠶᠠᠯᠳᠤᠭ᠎ᠠ ᠦᠭᠡᠢ ᠶᠡᠭᠡ ᠬᠤᠪᠢᠷᠠᠯᠳᠠ᠎ᠳᠤ ᠳᠤᠯᠭ᠋ᠠᠷᠠᠵᠤ᠂ ᠳᠡᠯᠡᠭᠡᠢ ᠵᠢᠨ ᠰᠢᠰᠲᠸᠮ ᠪᠤᠯᠤᠨ ᠳᠦᠷᠢᠮ ᠦᠷᠢᠰᠦᠯᠳᠦᠭᠡᠨ᠎ᠳᠤ ᠤᠴᠠᠷᠠᠨ᠂ ᠤᠯᠠᠨ ᠳᠡᠯᠡᠳᠤ ᠦᠵᠡᠯ᠂ ᠴᠢᠯᠦᠭᠡᠳᠤ ᠠᠷᠠᠯᠵᠢᠶ᠎ᠠ ᠵᠡᠷᠭᠡ᠎ᠨᠢ ᠮᠦᠨ ᠳᠠᠭ᠋ᠠᠷᠢᠯᠳᠠ᠎ᠳᠤ ᠳᠤᠯᠭ᠋ᠠᠷᠠᠵᠤ ᠪᠠᠢ᠌ᠨ᠎ᠠ᠃ ᠳᠤᠷᠤᠨᠠᠳᠤ ᠦᠷᠦᠨᠡᠳᠤ ᠵᠢᠨ ᠰᠢᠯᠢᠳᠡᠭ ᠪᠤᠯᠪᠠᠰᠤᠨ᠎ᠤ ᠬᠤᠶᠠᠷ ᠳᠦᠯᠦᠭᠡᠯᠡᠭᠴᠢ᠂ ᠳᠡᠯᠡᠭᠡᠢ ᠵᠢᠨ ᠠ᠋ᠩᠭᠡ ᠳᠠᠢ᠌ᠪᠤᠩ ᠬᠦᠭᠵᠢᠯᠳᠡ ᠵᠢᠨ ᠴᠢᠬᠤᠯᠠ ᠬᠠᠷᠢᠭᠤᠴᠠᠯᠭ᠋ᠠᠳᠤ ᠬᠤᠶᠠᠷ ᠶᠡᠭᠡ ᠤᠯᠤᠰ ᠪᠤᠯᠤᠭᠰᠠᠨ᠎ᠤ ᠬᠤᠪᠢ᠎ᠳᠤ᠂ ᠳᠤᠮᠳᠠᠳᠤ ᠹᠷᠡᠨᠼᠢ ᠬᠤᠶᠠᠷ ᠤᠯᠤᠰ ᠳᠡᠤᠭᠡ ᠵᠢᠨ ᠠ᠋ᠬᠦᠷᠭᠡ ᠬᠠᠷᠢᠭᠤᠴᠠᠯᠭ᠎ᠠ᠎ᠪᠠᠨ ᠬᠠᠷᠢᠭᠤᠴᠠᠵᠤ᠂ ᠰᠢᠯᠢᠳᠡᠭ ᠤᠯᠠᠮᠵᠢᠯᠠᠯ᠎ᠤᠨ ᠰᠠᠭᠤᠷᠢᠨ ᠳᠡᠭᠡᠷ᠎ᠡ ᠬᠠᠮᠳᠤᠷᠠᠯᠴᠠᠭ᠎ᠠ᠎ᠪᠠᠨ ᠤᠯᠠᠮ ᠠᠬᠢᠭᠤᠯᠤᠨ᠂ ᠬᠤᠶᠠᠷ ᠤᠯᠤᠰ᠎ᠤᠨ ᠬᠠᠷᠢᠴᠠᠭ᠎ᠠ ᠵᠢ ᠬᠦᠨᠵᠡᠭᠡᠢ᠌ᠷᠡᠬᠦᠯᠵᠤ᠂ ᠬᠦᠮᠦᠨ ᠳᠦᠷᠦᠯᠬᠢᠳᠡᠨ᠎ᠤ ᠢᠷᠡᠭᠡᠳᠦᠢ ᠵᠢᠨ ᠬᠤᠪᠢ ᠵᠠᠶᠠᠭ᠎ᠠ᠎ᠳᠤ ᠰᠠᠷᠠᠭᠤᠯ ᠳᠠᠷᠳᠠᠩ ᠵᠠᠮ ᠳᠡᠯᠪᠢᠵᠤ ᠦᠭᠬᠦ ᠭᠡᠷᠡᠭᠳᠡᠢ ᠭᠡᠵᠤ ᠢᠯᠡᠷᠭᠡᠢ᠌ᠯᠡᠪᠡ᠃
      ᠸᠠᠩ ᠢ᠂ ᠨᠢᠭᠡ᠎ᠳᠤ᠂ ᠪᠢᠳᠡ ᠤᠯᠠᠨ ᠳᠡᠯᠡᠳᠤ ᠦᠵᠡᠯ᠎ᠤᠨ ᠳᠤᠭ᠎ᠢ ᠦᠨᠳᠦᠷ ᠠ᠋ᠷᠬᠦᠵᠤ᠂ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠦᠨᠳᠦᠰᠦᠨ ᠳᠦᠷᠢᠮ ᠵᠤᠷᠢᠯᠳᠠ᠎ᠪᠠᠷ ᠭᠤᠤᠯ ᠪᠤᠯᠭ᠋ᠠᠭᠰᠠᠨ ᠤᠯᠡᠨ ᠤᠯᠤᠰ᠎ᠤᠨ ᠰᠢᠰᠲᠸᠮ᠎ᠢ ᠬᠠᠮᠳᠤ᠎ᠪᠠᠷ ᠬᠠᠮᠠᠭ᠋ᠠᠯᠠᠨ᠂ ᠳᠦᠷᠢᠮ ᠵᠶ᠋ᠡᠷ ᠰᠠᠭᠤᠷᠢ ᠪᠤᠯᠭ᠋ᠠᠭᠰᠠᠨ ᠤᠯᠠᠨ ᠳᠡᠯᠡᠳᠤ ᠴᠢᠯᠦᠭᠡᠳᠤ ᠠᠷᠠᠯᠵᠢᠶ᠎ᠠ ᠵᠢ ᠬᠠᠮᠠᠭ᠋ᠠᠯᠠᠨ᠎ᠠ; ᠬᠤᠶᠠᠷ᠎ᠲᠤ᠂ ᠪᠢᠳᠡ ᠨᠡᠭᠡᠭᠡᠯᠳᠡ ᠬᠢᠵᠤ ᠬᠠᠮᠳᠤᠷᠠᠯᠴᠠᠬᠤ ᠳᠤᠭ᠎ᠢ ᠦᠨᠳᠦᠷ ᠠ᠋ᠷᠬᠦᠵᠤ᠂ ᠨᠡᠭᠡᠭᠡᠯᠳᠡ ᠵᠢᠨ ᠴᠢᠨᠠᠷ᠎ᠲᠠᠢ ᠳᠡᠯᠡᠭᠡᠢ ᠵᠢᠨ ᠠᠵᠤ ᠠᠬᠤᠢ ᠵᠢ ᠬᠠᠮᠳᠤ᠎ᠪᠠᠷ ᠪᠠᠢ᠌ᠭᠤᠯᠤᠨ᠂ ᠠ᠋ᠷᠡᠰ ᠭᠣᠢ᠌ᠪᠢᠰᠢ ᠦᠭᠡᠢ᠎ᠪᠠᠷ ᠦᠭᠡᠷᠡᠴᠢᠯᠡᠯᠳᠡ ᠵᠢ ᠬᠦᠨᠵᠡᠭᠡᠢ᠌ᠷᠡᠬᠦᠯᠦᠨ ᠨᠡᠭᠡᠭᠡᠯᠳᠡ ᠵᠢ ᠦᠷᠭᠡᠳᠭᠡᠵᠤ᠂ ᠹᠷᠡᠨᠼᠢ ᠵᠢ ᠪᠠᠭᠳᠠᠭ᠋ᠠᠭᠰᠠᠨ ᠳᠡᠯᠡᠭᠡᠢ ᠵᠢᠨ ᠡᠯ᠎ᠡ ᠤᠯᠤᠰ᠎ᠲᠤ ᠨᠡᠩ ᠠᠷᠪᠢᠨ ᠬᠠᠮᠳᠤᠷᠠᠯᠴᠠᠭ᠋ᠠᠨ᠎ᠤ ᠠᠵᠠ ᠳᠤᠬᠢᠶᠠᠯ ᠤᠯᠭᠤᠬᠤ ᠪᠤᠯᠤᠨ᠎ᠠ᠂ ᠮᠦᠨ ᠹᠷᠡᠨᠼᠢ ᠤᠯᠤᠰ᠎ᠤᠨ᠎ᠬᠢᠨ᠎ᠤ ᠳᠤᠮᠳᠠᠳᠤ ᠤᠯᠤᠰ᠎ᠤᠨ ᠠᠵᠤ ᠠᠬᠤᠢ᠌ᠯᠠᠯ᠎ᠳᠤ ᠴᠢᠯᠦᠭᠡᠳᠡᠢ᠂ ᠳᠦᠪ ᠭᠤᠤᠯᠴᠢ᠂ ᠢᠯᠡ ᠳᠤᠳᠤᠷᠬᠠᠢ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ ᠬᠠᠩᠭ᠋ᠠᠬᠤ ᠵᠢ ᠬᠦᠰᠡᠨ᠎ᠡ; ᠭᠤᠷᠪᠠ᠎ᠳᠤ᠂ ᠪᠢᠳᠡ ᠪᠤᠯᠪᠠᠰᠤᠨ ᠵᠶ᠋ᠡᠷ ᠶᠠᠷᠢᠯᠴᠠᠬᠤ ᠳᠤᠭ᠎ᠢ ᠦᠨᠳᠦᠷ ᠠ᠋ᠷᠬᠦᠵᠤ᠂ ᠠᠳᠠᠯᠢ ᠪᠤᠰᠤ ᠪᠤᠯᠪᠠᠰᠤᠨ᠎ᠤ ᠬᠠᠷᠢᠯᠴᠠᠨ ᠬᠦᠨᠳᠦᠳᠭᠡᠬᠦ ᠵᠢ ᠠᠬᠢᠭᠤᠯᠤᠨ᠂ ᠬᠠᠷᠢᠯᠴᠠᠨ ᠪᠠᠬᠠᠷᠬᠠᠵᠤ ᠬᠠᠷᠢᠯᠴᠠᠨ ᠨᠦᠬᠦᠪᠤᠷᠢᠯᠡᠵᠤ᠂ ᠬᠠᠮᠵᠢᠨ ᠬᠠᠪᠰᠤᠷᠤᠯᠴᠠᠵᠤ ᠬᠠᠷᠢᠯᠴᠠᠨ ᠳᠤᠪᠤᠢ᠌ᠯᠭ᠋ᠠᠵᠤ᠂ ᠬᠦᠮᠦᠨ ᠳᠦᠷᠦᠯᠬᠢᠳᠡᠨ᠎ᠤ ᠨᠡᠢ᠌ᠭᠡᠮ᠎ᠤᠨ ᠬᠦᠴᠢᠷ ᠠᠰᠠᠭᠤᠳᠠᠯ᠎ᠢ ᠰᠢᠢ᠍ᠳᠪᠤᠷᠢᠯᠡᠬᠦ᠎ᠳᠤ ᠤᠶᠤᠨ ᠤᠬᠠᠭ᠋ᠠᠨ ᠬᠠᠩᠭ᠋ᠠᠨ᠂ ᠳᠡᠯᠡᠭᠡᠢ ᠵᠢᠨ ᠪᠤᠯᠪᠠᠰᠤᠨ᠎ᠢ ᠠᠬᠢᠭᠤᠯᠬᠤ᠎ᠳᠤ ᠬᠤᠪᠢ ᠨᠡᠮᠡᠷᠢ ᠦᠵᠡᠬᠦᠯᠤᠨ᠎ᠡ; ᠳᠦᠷᠪᠡ᠎ᠳᠤ᠂ ᠬᠦᠮᠦᠨ ᠳᠦᠷᠦᠯᠬᠢᠳᠡᠨ᠎ᠤ ᠬᠤᠪᠢ ᠵᠠᠶᠠᠭ᠋ᠠᠨ᠎ᠤ ᠬᠠᠮᠳᠤ ᠵᠢᠨ ᠴᠤᠭᠴᠠ ᠵᠢᠨ ᠳᠤᠭ᠎ᠢ ᠦᠨᠳᠦᠷ ᠠ᠋ᠷᠬᠦᠵᠤ᠂ ᠠᠯᠢᠪᠠ ᠬᠤᠪᠢ ᠵᠢᠨ ᠠᠰᠢᠭ᠎ᠤᠨ ᠦᠵᠡᠯ᠎ᠢ ᠳᠠᠶᠠᠬᠳᠠᠨ᠂ ᠬᠠᠷᠢᠯᠴᠠᠨ ᠬᠦᠨᠳᠦᠳᠭᠡᠬᠦ᠂ ᠭᠤᠤᠯᠴᠢ ᠰᠢᠳᠤᠷᠭᠤ᠂ ᠬᠠᠮᠳᠤᠷᠠᠯᠴᠠᠵᠤ ᠬᠠᠮᠳᠤ᠎ᠪᠠᠷ ᠠᠰᠢᠭ ᠤᠯᠬᠤ ᠰᠢᠨ᠎ᠠ ᠭᠡᠯᠪᠡᠷᠢ ᠵᠢᠨ ᠤᠯᠠᠨ ᠤᠯᠤᠰ᠎ᠤᠨ ᠬᠠᠷᠢᠴᠠᠭ᠎ᠠ ᠵᠢ ᠰᠠᠨᠠᠭ᠋ᠠᠴᠢᠯᠠᠨ᠎ᠠ ᠭᠡᠵᠤ ᠴᠢᠬᠤᠯᠠᠴᠢᠯᠠᠪᠠ᠃
      ᠯᠸᠳ᠋ᠸᠯᠢᠠᠠᠩ᠂ ᠹᠷᠡᠨᠼᠢ ᠳᠤᠮᠳᠠᠳᠤ ᠬᠤᠶᠠᠷ ᠤᠯᠤᠰ ᠭᠠᠳᠠᠭ᠋ᠠᠳᠤ ᠬᠠᠷᠢᠴᠠᠭ᠎ᠠ ᠪᠠᠢ᠌ᠭᠤᠯᠤᠭᠰᠠᠨ 55 ᠵᠢᠯ᠎ᠤᠨ ᠤᠢ᠎ᠪᠠᠨ ᠬᠠᠮᠳᠤ᠎ᠪᠠᠷ ᠪᠡᠯᠭᠡᠯᠡᠬᠦ᠎ᠨᠢ ᠳᠦᠢ᠍ᠯ᠎ᠤᠨ ᠶᠡᠭᠡ ᠤᠳᠬ᠎ᠠ ᠠᠭᠤᠯᠭ᠎ᠠ᠎ᠲᠠᠢ ᠶᠤᠮ᠃ ᠹᠷᠡᠨᠼᠢ ᠪᠤᠯ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠲᠠᠢ ᠭᠠᠳᠠᠭ᠋ᠠᠳᠤ ᠬᠠᠷᠢᠴᠠᠭ᠎ᠠ ᠪᠠᠢ᠌ᠭᠤᠯᠤᠭᠰᠠᠨ ᠦᠷᠦᠨᠡᠳᠤ ᠵᠢᠨ ᠨᠢᠭᠡᠳᠦᠭᠡᠷ ᠳᠤᠮᠤ ᠤᠯᠤᠰ ᠪᠤᠯᠤᠨ᠎ᠠ᠃ 55 ᠵᠢᠯ᠎ᠤᠨ ᠳᠤᠷᠰᠢᠳᠠ ᠬᠤᠶᠠᠷ ᠤᠯᠤᠰ ᠵᠶ᠋ᠡᠷ ᠵᠶ᠋ᠡᠨ ᠪᠦᠳᠦᠮᠵᠢᠳᠡᠢ ᠬᠠᠮᠳᠤᠷᠠᠯᠴᠠᠵᠤ ᠬᠤᠶᠠᠷ ᠳᠠᠯ᠎ᠠ ᠵᠢᠨ ᠬᠠᠷᠢᠴᠠᠭ᠋ᠠᠨ᠎ᠤ ᠬᠦᠭᠵᠢᠯᠳᠡ᠎ᠪᠠᠨ ᠳᠠᠰᠤᠷᠠᠯᠳᠠ ᠦᠭᠡᠢ ᠠᠬᠢᠭᠤᠯᠵᠤ᠂ ᠬᠤᠶᠠᠷ ᠳᠠᠯ᠎ᠠ ᠵᠢᠨ ᠢᠳᠡᠭᠡᠯᠴᠡᠭᠡ᠎ᠪᠠᠨ ᠨᠡᠮᠡᠭᠳᠡᠬᠦᠯᠪᠡ᠃ ᠤᠳᠤᠬᠠᠨ᠎ᠤ ᠤᠯᠠᠨ ᠳᠡᠯᠡᠳᠤ ᠦᠵᠡᠯ ᠬᠤᠷᠴᠠ ᠰᠢᠷᠦᠬᠦᠨ ᠦᠷᠢᠰᠦᠯᠳᠦᠭᠡᠨ᠎ᠳᠤ ᠳᠤᠯᠭ᠋ᠠᠷᠠᠵᠤ ᠪᠠᠢ᠌ᠭ᠎ᠠ ᠪᠠᠢ᠌ᠳᠠᠯ ᠳᠤᠤᠷ᠎ᠠ᠂ ᠹᠷᠡᠨᠼᠢ ᠳᠤᠮᠳᠠᠳᠤ ᠬᠤᠶᠠᠷ ᠤᠯᠤᠰ ᠤᠯᠠᠨ ᠤᠯᠤᠰ᠎ᠤᠨ ᠬᠤᠯᠪᠤᠭ᠋ᠠᠳᠤ ᠪᠠᠢ᠌ᠭᠤᠯᠭ᠎ᠠ ᠵᠢᠨ ᠠᠶᠤᠯ ᠦᠭᠡᠢ ᠵᠢᠨ ᠵᠦᠪᠯᠡᠯ᠎ᠤᠨ ᠪᠠᠢ᠌ᠩᠭᠤ ᠵᠢᠨ ᠭᠡᠷᠡᠭ ᠠ᠋ᠷᠬᠢᠯᠡᠭᠴᠢ ᠤᠯᠤᠰ ᠪᠤᠯᠤᠭᠰᠠᠨ᠎ᠤ ᠬᠤᠪᠢ᠎ᠳᠤ ᠤᠯᠠᠨ ᠳᠡᠯᠡᠳᠤ ᠦᠵᠡᠯ᠎ᠤᠨ ᠰᠢᠰᠲᠸᠮ᠎ᠢ ᠬᠠᠮᠳᠤ᠎ᠪᠠᠷ ᠬᠠᠮᠠᠭ᠋ᠠᠯᠠᠨ ᠴᠢᠩᠭ᠋ᠠᠳᠬᠠᠬᠤ᠎ᠨᠢ ᠴᠢᠬᠤᠯᠠ ᠶᠤᠮ᠃ ᠬᠤᠶᠠᠷ ᠳᠠᠯ᠎ᠠ᠎ᠪᠠᠷ ᠵᠶ᠋ᠡᠨ ᠠᠭᠤᠷ ᠠᠮᠢᠰᠬᠤᠯ᠎ᠤᠨ ᠬᠤᠪᠢᠷᠠᠯᠳᠠ᠂ ᠳᠡᠯᠡᠭᠡᠢ ᠵᠢᠨ ᠬᠠᠮᠳᠤᠷᠠᠯᠴᠠᠭ᠎ᠠ ᠵᠡᠷᠭᠡ᠎ᠳᠤ ᠬᠤᠪᠢ ᠨᠡᠮᠡᠷᠢ ᠦᠵᠡᠬᠦᠯᠬᠦ ᠭᠡᠷᠡᠭᠳᠡᠢ᠃ ᠹᠷᠡᠨᠼᠢ ᠤᠯᠤᠰ ᠳᠤᠷᠠᠳᠠᠶ᠎ᠠ ᠳᠤᠮᠳᠠᠳᠤ ᠤᠯᠤᠰ᠎ᠤᠨ ᠳᠡᠭᠡᠳᠤ ᠳᠡᠪᠬᠤᠷᠭ᠎ᠠ᠎ᠲᠠᠢ ᠶᠠᠪᠤᠯᠴᠠᠵᠤ ᠬᠠᠮᠳᠤᠷᠠᠯᠴᠠᠬᠤ᠎ᠪᠠᠨ ᠴᠢᠩᠭ᠋ᠠᠳᠬᠠᠵᠤ᠂ ᠠᠵᠤ ᠠᠬᠤᠢ ᠠᠷᠠᠯᠵᠢᠶ᠎ᠠ ᠪᠡᠯᠡ ᠤᠷᠤᠭᠤᠯᠤᠯᠳᠠ ᠵᠢᠨ ᠬᠠᠮᠳᠤᠷᠠᠯᠴᠠᠭ᠎ᠠ᠎ᠪᠠᠨ ᠬᠦᠨᠵᠡᠭᠡᠢ᠌ᠷᠡᠬᠦᠯᠦᠨ᠂ ᠵᠠᠩᠬᠢᠯᠠᠭ᠎ᠠ ᠵᠢᠨ ᠬᠦᠷᠢᠶ᠎ᠡ ᠴᠠᠷᠠᠭ᠎ᠠ ᠵᠢᠨ ᠬᠠᠮᠳᠤᠷᠠᠯᠴᠠᠭ᠋ᠠᠨ᠎ᠤ ᠳᠦᠷᠦᠯ ᠵᠦᠢ᠍ᠯ᠎ᠤᠨ ᠪᠠᠢ᠌ᠭᠤᠯᠤᠯᠳᠠ ᠵᠢ ᠠᠬᠢᠭᠤᠯᠤᠨ᠎ᠠ᠃ ᠳᠤᠮᠳᠠᠳᠤ᠎ᠤᠨ ᠤᠶᠤᠳᠠᠨ᠎ᠤ ᠹᠷᠡᠨᠼᠢ ᠤᠯᠤᠰ᠎ᠲᠤ ᠢᠷᠡᠵᠤ ᠰᠤᠷᠤᠯᠴᠠᠬᠤ ᠵᠢ ᠪᠠᠶᠠᠷᠯᠠᠨ ᠤᠭᠳᠤᠨ᠎ᠠ ᠭᠡᠵᠤ ᠢᠯᠡᠷᠭᠡᠢ᠌ᠯᠡᠪᠡ᠃ ᠯᠸᠳ᠋ᠸᠯᠢᠠᠠᠩ ᠪᠠᠰᠠ ᠳᠤᠮᠳᠠᠳᠤ ᠤᠯᠤᠰ᠎ᠤᠨ ᠠᠷᠠᠳ ᠳᠦᠮᠡᠨ᠎ᠳᠤ ᠴᠠᠭ᠋ᠠᠨ ᠰᠠᠷ᠎ᠠ ᠵᠢᠨ ᠮᠡᠨᠳᠦᠴᠢᠯᠡᠯ ᠬᠦᠷᠭᠡᠵᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠸᠠᠩ ᠢ᠄ ᠳᠡᠯᠡᠭᠡᠢ ᠵᠢᠨ ᠠᠷᠠᠯᠵᠢᠶ᠎ᠠ ᠵᠢᠨ ᠵᠤᠬᠢᠶᠠᠨ ᠪᠠᠢ᠌ᠭᠤᠯᠤᠯᠳᠠ ᠵᠢᠨ ᠪᠦᠬᠦ ᠪᠦᠮᠪᠦᠷᠴᠡᠭ᠎ᠤᠨ ᠠᠵᠤ ᠠᠬᠤᠢ ᠵᠢᠨ ᠵᠠᠰᠠᠯᠳᠠ᠎ᠳᠠᠬᠢ ᠦᠢ᠍ᠯᠡᠳᠤᠯ᠎ᠢ ᠨᠡᠩ ᠰᠠᠢ᠌ᠨ ᠪᠠᠳᠠᠷᠠᠭᠤᠯᠬᠤ ᠭᠡᠷᠡᠭᠳᠡᠢ ᠭᠡᠪᠡ
ᠸᠠᠩ ᠢ ᠹᠷᠡᠨᠼᠢ ᠵᠢᠨ ᠶᠡᠷᠦᠩᠭᠡᠢ᠌ᠯᠡᠭᠴᠢ ᠵᠢᠨ ᠭᠠᠳᠠᠭ᠋ᠠᠳᠤ ᠶᠠᠪᠤᠳᠠᠯ᠎ᠤᠨ ᠵᠦᠪᠯᠡᠭᠴᠢ ᠠ᠋ᠸᠳᠢᠠᠠᠨ᠎ᠲᠠᠢ ᠵᠦᠪᠳᠡᠨ ᠶᠠᠷᠢᠯᠴᠠᠪᠠ
ᠰᠦᠨ ᠴᠦᠨ ᠯᠠᠨ ᠰᠤᠷᠭ᠋ᠠᠨ ᠬᠦᠮᠦᠵᠢᠯ᠎ᠤᠨ ᠶᠠᠮᠤᠨ᠎ᠤ ᠰᠢᠭᠤᠳ ᠬᠠᠷᠢᠶ᠎ᠠ ᠶᠡᠭᠡ ᠳᠡᠭᠡᠳᠤ ᠰᠤᠷᠭ᠋ᠠᠭᠤᠯᠢ ᠵᠢᠨ ᠠᠵᠢᠯ᠎ᠤᠨ ᠯᠠᠪᠯᠠᠯᠲᠠ ᠵᠢᠨ ᠵᠦᠪᠯᠡᠯ᠎ᠤᠨ ᠪᠦᠬᠦᠳᠡ ᠬᠤᠷᠠᠯ᠎ᠳᠤ ᠤᠷᠤᠯᠴᠠᠪᠠ
ᠬᠠᠨ ᠵᠸᠩ ᠭ᠋ᠸᠷᠮᠠᠨ᠎ᠤ ᠳᠡᠳ᠋ ᠶᠡᠷᠦᠩᠭᠡᠢ ᠰᠠᠢ᠌ᠳ ᠪᠦᠭᠡᠳ ᠠ᠋ᠳ᠋᠎ᠤᠨ ᠵᠠᠰᠠᠭ᠎ᠤᠨ ᠶᠠᠮᠤᠨ᠎ᠤ ᠰᠠᠢ᠌ᠳ ᠱᠤᠷᠽᠢ᠎ᠲᠠᠢ ᠠᠭᠤᠯᠵᠠᠪᠠ
ᠵᠤᠤ ᠺᠸ ᡁᠢ ᠪᠦᠬᠦ ᠤᠯᠤᠰ᠎ᠤᠨ ᠳᠤᠳᠤᠭ᠋ᠠᠳᠤ ᠵᠢ ᠬᠠᠮᠠᠭ᠋ᠠᠯᠠᠬᠤ ᠤᠨᠴᠠ ᠴᠠᠭᠳᠠᠭ᠎ᠠ ᠵᠢᠨ ᠳᠤᠭᠳᠠᠭᠤᠨ᠎ᠢ ᠬᠠᠮᠠᠭ᠋ᠠᠯᠠᠬᠤ ᠭᠠᠵᠠᠷ᠎ᠤᠨ ᠬᠠᠷᠢᠭᠤ ᠮᠡᠳᠡᠬᠦᠯᠦᠯᠳᠡ ᠵᠢᠨ ᠰᠤᠷᠢᠯᠳᠠ ᠵᠢ ᠰᠤᠨᠢᠷᠬᠠᠪᠠ
 
            