1 ᠳ᠋ᠤᠭᠡᠷ ᠰᠠᠷ᠎ᠠ ᠵᠢᠨ 17᠎ᠤ ᠠ᠋ᠳᠤᠷ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠰᠦᠨ ᠴᠦᠨ ᠯᠠᠨ ᠰᠤᠷᠭ᠋ᠠᠨ ᠬᠦᠮᠦᠵᠢᠯ᠎ᠤᠨ ᠶᠠᠮᠤᠨ᠎ᠤ ᠰᠢᠭᠤᠳ ᠬᠠᠷᠢᠶ᠎ᠠ ᠶᠡᠭᠡ ᠳᠡᠭᠡᠳᠤ ᠰᠤᠷᠭ᠋ᠠᠭᠤᠯᠢ ᠵᠢᠨ ᠠᠵᠢᠯ᠎ᠤᠨ ᠯᠠᠪᠯᠠᠯᠲᠠ ᠵᠢᠨ ᠵᠦᠪᠯᠡᠯ᠎ᠤᠨ 28 ᠳ᠋ᠤᠭ᠋ᠠᠷ ᠤᠳᠠᠭ᠎ᠠ ᠵᠢᠨ ᠪᠦᠬᠦᠳᠡ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠵᠠᠢ᠃
ᠰᠦᠨ ᠴᠦᠨ ᠯᠠᠨ᠂ ᠤᠳᠤᠬᠠᠨ᠎ᠳᠤ ᠶᠡᠭᠡ ᠳᠡᠭᠡᠳᠤ ᠰᠤᠷᠭ᠋ᠠᠭᠤᠯᠢ ᠵᠢᠨ ᠰᠤᠷᠭ᠋ᠠᠨ ᠬᠦᠮᠦᠵᠢᠯ᠎ᠤᠨ ᠦᠭᠡᠷᠡᠴᠢᠯᠡᠯᠳᠡ ᠰᠢᠨ᠎ᠠ ᠠᠬᠢᠯᠳᠠ᠎ᠲᠠᠢ ᠪᠤᠯᠤᠭᠰᠠᠨ ᠴᠤ᠌ ᠬᠠᠮᠢᠶᠠᠷᠤᠯᠳᠠ ᠬᠦᠷᠦᠯᠴᠡᠬᠦ ᠦᠭᠡᠢ ᠵᠡᠷᠭᠡ ᠠᠰᠠᠭᠤᠳᠠᠯ ᠤᠷᠤᠰᠢᠵᠤ ᠪᠠᠢ᠌ᠨ᠎ᠠ᠃ ᠶᠡᠷᠦᠩᠭᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠰᠤᠷᠭ᠋ᠠᠨ ᠬᠦᠮᠦᠵᠢᠯ᠎ᠤᠨ ᠶᠡᠭᠡ ᠬᠤᠷᠠᠯ ᠳᠡᠭᠡᠷᠡᠬᠢ ᠶᠡᠭᠡ ᠳᠡᠭᠡᠳᠤ ᠰᠤᠷᠭ᠋ᠠᠭᠤᠯᠢ ᠵᠢᠨ ᠰᠤᠷᠭ᠋ᠠᠨ ᠬᠦᠮᠦᠵᠢᠯ᠎ᠤᠨ ᠬᠠᠮᠢᠶᠠᠷᠤᠯᠳᠠ ᠵᠢᠨ ᠠᠷᠭ᠎ᠠ ᠭᠡᠯᠪᠡᠷᠢ ᠵᠢ ᠰᠠᠢ᠌ᠵᠢᠷᠠᠭᠤᠯᠬᠤ ᠳᠤᠬᠠᠢ ᠴᠢᠬᠤᠯᠠ ᠵᠢᠭ᠋ᠠᠪᠤᠷᠢ ᠵᠢ ᠬᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠶᠤᠰᠤ ᠰᠤᠷᠳᠠᠬᠤᠨ᠎ᠢ ᠠ᠋ᠷᠬᠢᠮᠯᠡᠨ᠂ ᠦᠭᠡᠷᠡᠴᠢᠯᠡᠯᠳᠡ ᠬᠢᠵᠤ ᠰᠢᠨ᠎ᠠ ᠵᠢ ᠠ᠋ᠬᠦᠳᠬᠦ ᠵᠤᠷᠢᠭ ᠰᠠᠨᠠᠭ᠎ᠠ᠎ᠪᠠᠷ᠂ ᠦᠨᠡᠨ᠎ᠠᠴᠠ ᠵᠦᠪ᠎ᠢ ᠠ᠋ᠷᠢᠬᠦ ᠠᠵᠢᠯ᠎ᠤᠨ ᠰᠤᠷᠳᠠᠯ ᠵᠶ᠋ᠡᠷ ᠭᠤᠤᠯᠳᠠᠯᠭ᠎ᠠ᠎ᠲᠠᠢ ᠠᠰᠠᠭᠤᠳᠠᠯ᠂ ᠬᠦᠴᠢᠷ᠎ᠲᠠᠢ ᠠᠰᠠᠭᠤᠳᠠᠯ᠎ᠢ ᠰᠢᠢ᠍ᠳᠪᠤᠷᠢᠯᠡᠵᠤ᠂ ᠶᠡᠭᠡ ᠳᠡᠭᠡᠳᠤ ᠰᠤᠷᠭ᠋ᠠᠭᠤᠯᠢ ᠵᠢᠨ ᠰᠤᠷᠭ᠋ᠠᠨ ᠬᠦᠮᠦᠵᠢᠯ᠎ᠤᠨ ᠬᠦᠭᠵᠢᠯᠳᠡ ᠵᠢ ᠳᠠᠰᠤᠷᠠᠯᠳᠠ ᠦᠭᠡᠢ ᠠᠬᠢᠭᠤᠯᠬᠤ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
ᠰᠦᠨ ᠴᠦᠨ ᠯᠠᠨ᠂ ᠰᠤᠷᠤᠭᠴᠢᠳ᠎ᠤᠨ ᠰᠤᠷᠭ᠋ᠠᠨ ᠬᠦᠮᠦᠵᠢᠯ᠎ᠤᠨ ᠬᠠᠮᠢᠶᠠᠷᠤᠯᠳᠠ ᠵᠢ ᠴᠢᠩᠭ᠋ᠠᠳᠬᠠᠵᠤ᠂ ᠵᠢᠭ᠋ᠠᠨ ᠰᠤᠷᠭ᠋ᠠᠯᠳᠠ ᠵᠢᠨ ᠠ᠋ᠮᠬᠢ ᠳᠢᠭᠯᠢᠮ᠎ᠢ ᠪᠦᠬᠦ ᠳᠡᠯ᠎ᠡ᠎ᠪᠠᠷ ᠴᠡᠭᠴᠡᠯᠠᠨ᠂ ᠰᠤᠷᠤᠭᠴᠢᠳ᠎ᠤᠨ ᠵᠠᠩ ᠴᠢᠨᠠᠷ ᠪᠤᠯᠤᠨ ᠰᠤᠷᠤᠯᠴᠠᠬᠤ ᠶᠠᠪᠤᠴᠠ ᠵᠢ ᠬᠢᠨᠠᠨ ᠰᠢᠯᠭ᠋ᠠᠬᠤ ᠵᠢ ᠴᠢᠩᠭ᠋ᠠᠳᠬᠠᠵᠤ᠂ ᠬᠠᠳᠠᠭᠤ ᠰᠠᠬᠢᠮᠵᠢᠪᠠᠷ ᠰᠤᠷᠤᠭᠴᠢᠳ᠎ᠢ ᠪᠡᠶ᠎ᠡ᠎ᠪᠠᠨ ᠳᠠᠭ᠋ᠠᠭ᠋ᠠᠵᠤ ᠰᠤᠷᠤᠯᠴᠠᠬᠤ ᠪᠤᠯᠭ᠋ᠠᠨ᠂ ᠳᠡᠳᠡᠨ᠎ᠢ ᠶᠡᠭᠡ ᠳᠡᠭᠡᠳᠤ ᠰᠤᠷᠭ᠋ᠠᠭᠤᠯᠢ᠎ᠳᠤ ᠪᠠᠢ᠌ᠬᠤ ᠬᠤᠭᠤᠴᠠᠭ᠋ᠠᠨ᠎ᠳᠤ᠎ᠪᠠᠨ ᠦᠨᠡᠨ ᠬᠦ᠌ ᠶᠠᠭ᠋ᠠᠷᠠᠯᠳᠠᠢ ᠰᠤᠷᠤᠯᠴᠠᠬᠤ ᠪᠤᠯᠭ᠋ᠠᠬᠤ ᠭᠡᠷᠡᠭᠳᠡᠢ᠃ ᠪᠠᠭᠰᠢ ᠵᠢᠨ ᠠ᠋ᠩᠨᠡᠭᠡᠨ᠎ᠤ ᠪᠠᠢ᠌ᠭᠤᠯᠤᠯᠳᠠ ᠵᠢ ᠴᠢᠩᠭ᠋ᠠᠳᠬᠠᠨ᠂ ᠪᠠᠭᠰᠢ ᠵᠢᠨ ᠮᠤᠷᠠᠯ᠂ ᠰᠤᠷᠳᠠᠯ᠎ᠢ ᠪᠠᠭᠰᠢ ᠨᠠᠷ᠎ᠢ ᠦᠨᠡᠯᠡᠨ ᠰᠢᠯᠭ᠋ᠠᠬᠤ ᠵᠢᠨ ᠨᠢᠭᠡᠳᠦᠭᠡᠷ ᠪᠠᠷᠢᠮᠵᠢᠶ᠎ᠠ ᠪᠤᠯᠭ᠋ᠠᠵᠤ᠂ ᠪᠠᠭᠰᠢ ᠨᠠᠷ᠎ᠢ ᠵᠢᠯᠤᠭᠤᠳᠤᠨ ᠵᠢᠭ᠋ᠠᠨ ᠰᠤᠷᠭ᠋ᠠᠬᠤ ᠠᠷᠭ᠎ᠠ ᠵᠢ᠎ᠨᠢ ᠬᠤᠪᠢᠷᠠᠭᠤᠯᠤᠨ᠂ ᠵᠢᠭ᠋ᠠᠨ ᠰᠤᠷᠭ᠋ᠠᠬᠤ ᠦᠷ᠎ᠡ ᠪᠦᠳᠦᠮᠵᠢ ᠵᠢ ᠳᠡᠭᠡᠭᠰᠢᠯᠡᠬᠦᠯᠬᠦ ᠭᠡᠷᠡᠭᠳᠡᠢ᠃ ᠬᠢᠴᠢᠶᠡᠯ ᠰᠢᠨᠵᠢᠯᠡᠭᠡᠨ᠎ᠤ ᠳᠤᠰᠬᠠᠢ ᠮᠡᠷᠭᠡᠵᠢᠯ᠎ᠤᠨ ᠳᠤᠬᠢᠷᠠᠭᠤᠯᠤᠯᠳᠠ ᠵᠢ ᠰᠢᠯᠢᠳᠡᠭᠵᠢᠬᠦᠯᠵᠤ᠂ ᠳᠠᠪᠠᠭᠤᠯᠢᠭ᠎ᠲᠤ ᠰᠠᠭᠤᠷᠢᠯᠠᠨ ᠪᠠᠢ᠌ᠷᠢᠰᠢᠯ᠎ᠢ ᠤᠨᠤᠪᠴᠢᠳᠠᠢ ᠳᠤᠭᠳᠠᠭ᠋ᠠᠨ᠂ ᠤᠨᠴᠠᠯᠢᠭᠳᠤ ᠬᠦᠭᠵᠢᠯᠳᠡ ᠵᠢ ᠪᠠᠷᠢᠮᠳᠠᠯᠠᠵᠤ᠂ ᠰᠤᠷᠭ᠋ᠠᠭᠤᠯᠢ ᠠ᠋ᠷᠬᠢᠯᠡᠬᠦ ᠴᠢᠳᠠᠪᠤᠷᠢ᠎ᠪᠠᠷ ᠠᠨᠠᠢ᠂ ᠤᠷᠳᠤ ᠬᠤᠭᠤᠴᠠᠭ᠎ᠠ᠎ᠪᠠᠷ ᠭᠡᠷᠡᠭᠴᠡᠭᠡ᠎ᠳᠤ ᠳᠤᠬᠢᠷᠠᠬᠤ ᠦᠭᠡᠢ ᠳᠡᠳᠡᠭᠡᠷ ᠰᠤᠷᠭ᠋ᠠᠭᠤᠯᠢ ᠵᠢ ᠬᠠᠰᠤᠬᠤ ᠵᠢ᠎ᠨᠢ ᠬᠠᠰᠤᠵᠤ ᠵᠤᠬᠰᠤᠭ᠋ᠠᠬᠤ ᠵᠢ᠎ᠨᠢ ᠵᠤᠬᠰᠤᠭ᠋ᠠᠬᠤ ᠭᠡᠷᠡᠭᠳᠡᠢ᠃ ᠰᠠᠭᠤᠷᠢ ᠰᠢᠨᠵᠢᠯᠡᠬᠦ ᠤᠬᠠᠭ᠋ᠠᠨ᠎ᠤ ᠰᠤᠳᠤᠯᠤᠯ᠎ᠢ ᠴᠢᠩᠭ᠋ᠠᠳᠬᠠᠨ᠂ ᠬᠠᠮᠤᠭ᠎ᠤᠨ ᠰᠢᠨ᠎ᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠳᠦᠭᠡᠯ᠎ᠢ ᠳᠠᠷᠤᠢ᠎ᠳᠤ᠎ᠨᠢ ᠵᠢᠭ᠋ᠠᠨ ᠰᠤᠷᠭ᠋ᠠᠯᠳᠠ ᠵᠢᠨ ᠠᠭᠤᠯᠭ᠎ᠠ᠎ᠳᠤ ᠤᠷᠤᠭᠤᠯᠵᠤ᠂ ᠰᠤᠷᠤᠭᠴᠢᠳ᠎ᠤᠨ ᠰᠤᠷᠤᠯᠴᠠᠬᠤ ᠤᠷᠮ᠎ᠠ ᠪᠠᠬ᠎ᠠ ᠵᠢ ᠬᠦᠭᠵᠢᠭᠡᠬᠦ ᠭᠡᠷᠡᠭᠳᠡᠢ᠃ ᠨᠠᠮ᠎ᠤᠨ ᠶᠡᠭᠡ ᠳᠡᠭᠡᠳᠤ ᠰᠤᠷᠭ᠋ᠠᠭᠤᠯᠢ᠎ᠤᠨ ᠠᠵᠢᠯ᠎ᠤᠨ ᠳᠤᠬᠠᠢ ᠵᠢᠯᠤᠭᠤᠳᠤᠯᠭ᠎ᠠ ᠵᠢ ᠪᠠᠷᠢᠮᠳᠠᠯᠠᠵᠤ᠂ ᠶᠡᠭᠡ ᠳᠡᠭᠡᠳᠤ ᠰᠤᠷᠭ᠋ᠠᠭᠤᠯᠢ ᠵᠢᠨ ᠨᠠᠮ᠎ᠤᠨ ᠪᠠᠢ᠌ᠭᠤᠯᠤᠯᠳᠠ ᠪᠤᠯᠤᠨ ᠦᠵᠡᠯ ᠰᠠᠨᠠᠭ᠋ᠠᠨ᠎ᠤ ᠠᠵᠢᠯ᠎ᠢ ᠴᠢᠩᠭ᠋ᠠᠳᠬᠠᠨ᠂ ᠦᠵᠡᠯ ᠰᠠᠨᠠᠭ᠎ᠠ ᠤᠯᠤᠰ ᠳᠦᠷᠦ ᠵᠢᠨ ᠬᠦᠮᠦᠵᠢᠯ ᠬᠢᠭᠡᠳ ᠳᠤᠰᠬᠠᠢ ᠮᠡᠷᠭᠡᠵᠢᠯ᠎ᠤᠨ ᠵᠢᠭ᠋ᠠᠨ ᠰᠤᠷᠭ᠋ᠠᠯᠳᠠ ᠵᠢ ᠤᠶᠠᠯᠳᠤᠭᠤᠯᠵᠤ᠂ ᠶᠡᠭᠡ ᠳᠡᠭᠡᠳᠤ ᠰᠤᠷᠭ᠋ᠠᠭᠤᠯᠢ ᠵᠢᠨ ᠠᠮᠤᠷ ᠳᠤᠭᠳᠠᠭᠤᠨ᠎ᠢ ᠦᠨᠡᠨ ᠬᠦ᠌ ᠬᠠᠮᠠᠭ᠋ᠠᠯᠠᠬᠤ ᠭᠡᠷᠡᠭᠳᠡᠢ ᠭᠡᠵᠤ ᠴᠢᠬᠤᠯᠠᠴᠢᠯᠠᠪᠠ᠃