ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠢ ᠺᠸ ᠴᠢᠶᠠᠩ ᠳᠤᠮᠳᠠᠳᠤ ᠤᠯᠤᠰ᠎ᠤᠨ ᠪᠠᠩᠬᠢ ᠳᠤᠮᠳᠠᠳᠤ ᠤᠯᠤᠰ᠎ᠤᠨ ᠦᠢ᠍ᠯᠡᠳᠪᠤᠷᠢ ᠬᠤᠳᠠᠯᠳᠤᠭ᠋ᠠᠨ᠎ᠤ ᠪᠠᠩᠬᠢ ᠳᠤᠮᠳᠠᠳᠤ ᠤᠯᠤᠰ᠎ᠤᠨ ᠪᠦᠳᠦᠭᠡᠨ ᠪᠠᠢ᠌ᠭᠤᠯᠤᠯᠳᠠ ᠵᠢᠨ ᠪᠠᠩᠬᠢ᠎ᠳᠤ ᠰᠢᠨᠵᠢᠯᠠᠨ ᠪᠠᠢ᠌ᠴᠠᠭ᠋ᠠᠭᠰᠠᠨ ᠪᠦᠭᠡᠳ ᠶᠠᠷᠢᠯᠴᠠᠬᠤ ᠬᠤᠷᠠᠯ ᠬᠢᠵᠡᠢ
ᠨᠡᠶᠢᠲᠡᠯᠡᠭᠰᠡᠨ ᠴᠠᠭ᠄ 2019-01-09

               
     1 ᠳ᠋ᠤᠭᠡᠷ ᠰᠠᠷ᠎ᠠ ᠵᠢᠨ 4᠎ᠤ ᠠ᠋ᠳᠤᠷ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠪᠠᠢ᠌ᠩᠭᠤ ᠵᠢᠨ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ ᠳᠤᠮᠳᠠᠳᠤ ᠤᠯᠤᠰ᠎ᠤᠨ ᠪᠠᠩᠬᠢ᠂ ᠳᠤᠮᠳᠠᠳᠤ ᠤᠯᠤᠰ᠎ᠤᠨ ᠦᠢ᠍ᠯᠡᠳᠪᠤᠷᠢ ᠬᠤᠳᠠᠯᠳᠤᠭ᠋ᠠᠨ᠎ᠤ ᠪᠠᠩᠬᠢ᠂ ᠳᠤᠮᠳᠠᠳᠤ ᠤᠯᠤᠰ᠎ᠤᠨ ᠪᠦᠳᠦᠭᠡᠨ ᠪᠠᠢ᠌ᠭᠤᠯᠤᠯᠳᠠ ᠵᠢᠨ ᠪᠠᠩᠬᠢ᠎ᠳᠤ ᠬᠦᠷᠴᠤ ᠰᠢᠨᠵᠢᠯᠠᠨ ᠪᠠᠢ᠌ᠴᠠᠭ᠋ᠠᠭᠰᠠᠨ ᠪᠦᠭᠡᠳ ᠶᠠᠷᠢᠯᠴᠠᠬᠤ ᠬᠤᠷᠠᠯ ᠬᠢᠵᠡᠢ᠃
      ᠯᠢ ᠺᠸ ᠴᠢᠶᠠᠩ ᠤᠷᠢᠳ ᠬᠤᠵᠢᠳ ᠳᠤᠮᠳᠠᠳᠤ ᠤᠯᠤᠰ᠎ᠤᠨ ᠪᠠᠩᠬᠢ ᠵᠢᠨ ᠠᠵᠢᠯᠯᠠᠬᠤ ᠳᠢᠩᠬᠢᠮ ᠪᠤᠯᠤᠨ ᠦᠢ᠍ᠯᠡᠳᠪᠤᠷᠢ ᠬᠤᠳᠠᠯᠳᠤᠭ᠋ᠠᠨ᠎ᠤ ᠪᠠᠩᠬᠢ᠂ ᠪᠦᠳᠦᠭᠡᠨ ᠪᠠᠢ᠌ᠭᠤᠯᠤᠯᠳᠠ ᠵᠢᠨ ᠪᠠᠩᠬᠢ ᠵᠢᠨ ᠨᠡᠢ᠌ᠳᠡᠮ ᠬᠠᠷᠠᠭ᠋ᠠᠯᠵᠠᠬᠤ ᠮᠦᠩᠬᠦᠨ ᠬᠦᠢ᠍ᠯᠭᠡᠭᠡᠨ᠎ᠤ ᠦᠢ᠍ᠯᠡᠰ᠎ᠤᠨ ᠭᠠᠵᠠᠷ ᠵᠶ᠋ᠡᠷ ᠬᠦᠷᠴᠤ᠂ ᠪᠠᠭ᠎ᠠ ᠵᠢᠵᠢᠭ ᠠᠵᠤ ᠠᠬᠤᠢ᠌ᠯᠠᠯ᠎ᠤᠨ ᠵᠢᠭᠡᠯᠡᠯᠭᠡ ᠵᠢᠨ ᠭᠡᠪᠴᠢᠶ᠎ᠠ᠂ ᠵᠢᠭᠡᠯᠡᠯᠭᠡ ᠵᠢᠨ ᠦᠪᠡᠷ᠎ᠤᠨ ᠦᠷᠳᠡᠭ ᠪᠤᠯᠤᠨ ᠳᠦᠬᠦᠮ ᠳᠦᠳᠡ ᠵᠢᠨ ᠪᠠᠢ᠌ᠳᠠᠯ᠎ᠢ ᠤᠢ᠌ᠯᠠᠭ᠋ᠠᠨ᠂ ᠳᠡᠳᠡᠨ᠎ᠤ 《ᠢᠨᠲᠸᠷ ᠰᠦᠯᠵᠢᠶ᠎ᠠ +》 ᠵᠡᠷᠭᠡ ᠰᠢᠨ᠎ᠠ ᠭᠡᠪ ᠵᠠᠭᠪᠤᠷ᠎ᠢ ᠭᠡᠷᠡᠭᠯᠡᠨ ᠪᠠᠭ᠎ᠠ ᠵᠢᠵᠢᠭ ᠠᠵᠤ ᠠᠬᠤᠢ᠌ᠯᠠᠯ᠎ᠤᠨ ᠵᠢᠭᠡᠯᠡᠯᠭᠡ ᠵᠢ ᠨᠡᠮᠡᠭᠳᠡᠬᠦᠯᠵᠤ ᠦᠪᠡᠷ᠎ᠤᠨ ᠦᠷᠳᠡᠭ ᠵᠶ᠋ᠠᠨ ᠪᠠᠭᠤᠷᠠᠭᠤᠯᠤᠭᠰᠠᠨ᠎ᠢ ᠨᠤᠳᠠᠯᠠᠵᠠᠢ᠃ ᠯᠢ ᠺᠸ ᠴᠢᠶᠠᠩ᠂ ᠠᠵᠢᠯ ᠤᠯᠭᠤᠯᠳᠠ ᠵᠢ ᠳᠤᠭᠳᠠᠪᠤᠷᠢᠵᠢᠭᠤᠯᠬᠤ᠎ᠳᠤ ᠳᠦᠮᠠ ᠮᠢᠩᠭ᠋ᠠᠨ ᠪᠠᠭ᠎ᠠ ᠵᠢᠵᠢᠭ ᠠᠵᠤ ᠠᠬᠤᠢ᠌ᠯᠠᠯ᠎ᠳᠤ ᠳᠦᠰᠢᠭᠯᠡᠨ᠎ᠡ᠂ ᠪᠠᠭ᠎ᠠ ᠵᠢᠵᠢᠭ ᠠᠵᠤ ᠠᠬᠤᠢ᠌ᠯᠠᠯ᠎ᠨᠢ ᠨᠡᠢ᠌ᠳᠡᠮ ᠬᠠᠷᠠᠭ᠋ᠠᠯᠵᠠᠬᠤ ᠮᠦᠩᠬᠦᠨ ᠬᠦᠢ᠍ᠯᠭᠡᠭᠡᠨ᠎ᠤ ᠳᠡᠮᠵᠢᠯᠭᠡ᠎ᠠᠴᠠ ᠰᠠᠯᠵᠤ ᠴᠢᠳᠠᠬᠤ ᠦᠭᠡᠢ᠂ ᠨᠡᠢ᠌ᠳᠡᠮ ᠬᠠᠷᠠᠭ᠋ᠠᠯᠵᠠᠬᠤ ᠮᠦᠩᠬᠦᠨ ᠬᠦᠢ᠍ᠯᠭᠡᠭᠡ᠎ᠨᠢ ᠤᠯᠤᠰ᠎ᠲᠤ ᠳᠤᠰᠠᠳᠠᠢ ᠠᠷᠠᠳ᠎ᠲᠤ ᠳᠤᠰᠠᠳᠠᠢ ᠶᠡᠭᠡ ᠦᠢ᠍ᠯᠡᠰ ᠪᠤᠯᠬᠤ ᠪᠦᠭᠡᠳ ᠢᠷᠡᠭᠡᠳᠦᠢ᠎ᠨᠢ ᠭᠡᠭᠡᠨ ᠰᠠᠷᠠᠭᠤᠯ ᠶᠤᠮ ᠭᠡᠵᠤ ᠭᠡᠯᠡᠪᠡ᠃ ᠯᠢ ᠺᠸ ᠴᠢᠶᠠᠩ ᠤᠯᠤᠰ᠎ᠤᠨ ᠦᠮᠴᠢᠯᠡᠯᠳᠤ ᠪᠠᠩᠬᠢ ᠵᠢᠨ᠎ᠬᠢᠨ᠎ᠢ ᠳᠦᠷᠦᠬᠦᠯᠡᠨ ᠠᠷᠠᠳ᠎ᠠᠴᠠ ᠡᠵᠡᠩᠨᠡᠭᠰᠡᠨ ᠪᠠᠭ᠎ᠠ ᠵᠢᠵᠢᠭ ᠠᠵᠤ ᠠᠬᠤᠢ᠌ᠯᠠᠯ᠎ᠳᠤ ᠨᠠᠷᠢᠨ ᠨᠢᠮᠪᠠᠢ ᠦᠢ᠍ᠯᠡᠴᠢᠯᠡᠭᠡ ᠬᠠᠩᠭ᠋ᠠᠵᠤ᠂ ᠤᠯᠠᠨ ᠤᠯᠤᠰ᠎ᠤᠨ ᠳᠤᠷᠰᠢᠯᠭ᠎ᠠ᠎ᠪᠠᠷ ᠳᠤᠯᠢ ᠪᠤᠯᠭ᠋ᠠᠨ ᠨᠠᠢ᠌ᠳᠠᠮ ᠬᠠᠷᠠᠭ᠋ᠠᠯᠵᠠᠬᠤ ᠮᠦᠩᠬᠦᠨ ᠬᠦᠢ᠍ᠯᠭᠡᠭᠡᠨ᠎ᠤ ᠳᠦᠷᠦᠯ ᠳᠡᠮᠳᠡᠭ᠎ᠢ ᠠ᠋ᠬᠦᠳᠴᠤ᠂ ᠵᠠᠬ᠎ᠠ ᠳᠡᠯᠭᠡᠬᠦᠷ᠎ᠤᠨ ᠭᠤᠤᠯ ᠴᠤᠭᠴᠠ ᠵᠢᠨ ᠠᠮᠢᠵᠢᠷᠠᠯ᠎ᠤᠨ ᠬᠦᠴᠦᠨ᠎ᠢ ᠨᠡᠮᠡᠭᠳᠡᠬᠦᠯᠵᠤ᠂ ᠠᠵᠤ ᠠᠬᠤᠢ᠌ᠯᠠᠯ᠎ᠤᠨ ᠬᠦᠭᠵᠢᠯᠳᠡ ᠵᠢᠨ ᠢᠳᠡᠭᠡᠯ᠎ᠢ ᠳᠡᠭᠡᠭᠰᠢᠡᠯᠬᠦᠯᠬᠦ ᠭᠡᠷᠡᠭᠳᠡᠢ ᠭᠡᠵᠤ ᠵᠤᠷᠢᠭᠵᠢᠭᠤᠯᠪᠠ᠃
      ᠶᠠᠷᠢᠯᠴᠠᠬᠤ ᠬᠤᠷᠠᠯ ᠳᠡᠭᠡᠷ᠎ᠠ᠂ ᠠᠷᠠᠳ᠎ᠤᠨ ᠪᠠᠩᠬᠢ᠂ ᠪᠠᠩᠬᠢ ᠵᠢᠨ ᠳᠠᠭ᠋ᠠᠳᠬᠠᠯ᠎ᠤᠨ ᠬᠢᠨᠠᠯᠳᠠ ᠵᠢᠨ ᠵᠦᠪᠯᠡᠯ᠎ᠤᠨ ᠬᠠᠷᠢᠭᠤᠴᠠᠯᠭ᠋ᠠᠳᠠᠨ ᠬᠠᠷᠢᠭᠤ ᠮᠡᠳᠡᠬᠦᠯᠪᠡ᠃ ᠯᠢ ᠺᠸ ᠴᠢᠶᠠᠩ ᠮᠦᠩᠬᠦᠨ ᠬᠦᠢ᠍ᠯᠭᠡᠭᠡᠨ᠎ᠤ ᠰᠢᠰᠲᠸᠮ᠎ᠤᠨ ᠦᠷᠭᠡᠨ ᠤᠯᠠᠨ ᠠᠵᠢᠯᠳᠠᠨ ᠨᠠᠮ᠎ᠤᠨ ᠳᠦᠪ ᠬᠤᠷᠢᠶ᠎ᠠ ᠪᠤᠯᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠷᠢᠯᠠᠭᠤᠯᠤᠯᠳᠠ ᠵᠢ ᠳᠤᠭᠤᠰᠢᠯᠠᠭᠤᠯᠤᠨ ᠭᠡᠷᠡᠭᠵᠢᠬᠦᠯᠵᠤ ᠠᠤᠭ᠎ᠠ ᠶᠠᠬᠡ ᠠᠮᠵᠢᠯᠳᠠ ᠤᠯᠤᠭᠰᠠᠨ᠎ᠢ ᠨᠤᠳᠠᠯᠠᠭᠰᠠᠨ ᠮᠦᠷᠳᠡᠭᠡᠨ ᠨᠢᠳᠤᠨᠤᠨ᠎ᠠᠴᠠ ᠨᠠᠭ᠋ᠠᠰᠢᠬᠢ ᠨᠠᠷᠢᠨ ᠪᠤᠳᠤᠯᠢᠶᠠᠨᠳᠠᠢ ᠪᠠᠢ᠌ᠳᠠᠯ᠎ᠳᠤ ᠴᠢᠭᠯᠡᠬᠦᠯᠦᠨ᠂ ᠪᠢᠳᠠ ᠰᠢ ᠵᠢᠨ ᠫᠢᠩ ᠨᠦᠬᠦᠷ ᠵᠶ᠋ᠡᠷ ᠭᠤᠤᠯ ᠪᠤᠯᠭ᠋ᠠᠭᠰᠠᠨ ᠨᠠᠮ᠎ᠤᠨ ᠳᠦᠪ ᠬᠤᠷᠢᠶᠠᠨ᠎ᠤ ᠠ᠋ᠷᠡᠰ ᠪᠠᠳᠤ ᠤᠳᠤᠷᠢᠳᠤᠯᠭ᠎ᠠ ᠳᠤᠤᠷ᠎ᠠ ᠯᠠᠪᠳᠠᠭᠤᠨ ᠳᠤᠭᠳᠠᠭᠤᠨ ᠵᠤᠭᠤᠰᠤᠨ ᠳᠦᠷᠦ ᠵᠢᠨ ᠪᠤᠳᠤᠯᠭ᠎ᠠ ᠵᠢ ᠠ᠋ᠷᠡᠰ ᠭᠡᠷᠡᠭᠵᠢᠬᠦᠯᠵᠤ᠂ ᠵᠤᠭᠤᠰ᠎ᠢ ᠬᠠᠮᠢᠶ᠎ᠠ ᠨᠠᠮᠢᠶ᠎ᠠ ᠦᠭᠡᠢ ᠰᠠᠴᠤᠬᠤ ᠦᠭᠡᠢ᠎ᠪᠠᠷ ᠵᠤᠬᠢᠰᠳᠠᠢ ᠳᠤᠬᠢᠷᠠᠭᠤᠯᠤᠯᠳᠠ ᠬᠢᠵᠤ᠂ ᠪᠣᠯᠬᠤᠢ᠌ᠴᠠ ᠠᠷᠭ᠎ᠠ ᠭᠡᠮᠵᠢᠶ᠎ᠡ ᠳᠤᠭᠳᠠᠭ᠋ᠠᠨ᠂ ᠪᠠᠭ᠎ᠠ ᠵᠢᠵᠢᠭ ᠠᠵᠤ ᠠᠬᠤᠢ᠌ᠯᠠᠯ᠎ᠤᠨ ᠪᠡᠯᠡ ᠴᠤᠭᠯᠠᠭᠤᠯᠬᠤ᠎ᠳᠤ ᠬᠦᠴᠢᠷ᠎ᠲᠠᠢ᠂ ᠪᠠᠯᠠ ᠴᠤᠭᠯᠠᠭᠤᠯᠬᠤ᠎ᠳᠤ ᠦᠨ᠎ᠡ᠎ᠲᠠᠢ ᠠᠰᠠᠭᠤᠳᠠᠯ᠎ᠢ ᠬᠦᠴᠦᠯᠡᠨ ᠰᠢᠢ᠍ᠳᠪᠤᠷᠢᠯᠡᠵᠤ᠂ ᠬᠢᠨᠠᠯᠳᠠ ᠬᠠᠮᠢᠶᠠᠷᠤᠯᠳᠠ ᠵᠢ ᠴᠢᠩᠭ᠋ᠠᠳᠬᠠᠨ᠂ ᠠᠶᠤᠯ ᠳᠦᠭᠰᠢᠬᠦᠷᠢ ᠵᠢ ᠰᠡᠷᠭᠡᠢ᠌ᠯᠡᠭᠡᠳ ᠱᠠᠳᠤᠴᠢ ᠴᠢᠨᠠᠷ᠎ᠲᠠᠢ ᠠᠮᠵᠢᠯᠳᠠ ᠤᠯᠪᠠ᠃ ᠠ᠋ᠨᠡ ᠵᠢᠯ᠎ᠤᠨ ᠠᠵᠤ ᠠᠬᠤᠢ ᠵᠢᠨ ᠬᠦᠭᠵᠢᠯᠳᠡ ᠮᠦᠨ ᠰᠢᠨ᠎ᠠ ᠳᠠᠷᠤᠯᠳᠠ ᠪᠠ ᠤᠯᠠᠨ ᠳᠠᠯ᠎ᠠ ᠵᠢᠨ ᠦᠷᠢᠰᠦᠯᠳᠦᠭᠡᠨ᠎ᠳᠤ ᠳᠤᠯᠭ᠋ᠠᠷᠠᠵᠤ ᠪᠠᠢ᠌ᠨ᠎ᠠ᠃ ᠰᠢ ᠵᠢᠨ ᠫᠢᠩ᠎ᠤᠨ ᠰᠢᠨ᠎ᠠ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠨ᠂ ᠳᠦᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠳᠠ ᠵᠢ ᠵᠢᠷᠤᠮᠯᠠᠵᠤ᠂ ᠳᠤᠭᠳᠠᠭᠤᠨ ᠵᠶ᠋ᠠᠷ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠭᠡᠢ ᠬᠦᠭ ᠠᠶᠠᠰ᠎ᠢ ᠪᠠᠷᠢᠮᠳᠠᠯᠠᠨ᠂ ᠬᠤᠷᠸ᠎ᠠ ᠳᠤᠬᠢᠷᠠᠭᠤᠯᠤᠯᠳᠠ ᠵᠢᠨ ᠳᠦᠷᠦ ᠵᠢᠨ ᠪᠤᠳᠤᠯᠭ᠎ᠠ ᠵᠢᠨ ᠦᠷᠬᠦᠯᠵᠢᠯᠡᠭᠰᠡᠨ ᠴᠢᠨᠠᠷ ᠪᠤᠯᠤᠨ ᠳᠤᠭᠳᠠᠭᠤᠨ ᠴᠢᠨᠠᠷ᠎ᠢ ᠪᠠᠷᠢᠮᠳᠠᠯᠠᠵᠤ᠂ ᠨᠡᠢ᠌ᠳᠡᠮ ᠬᠠᠷᠠᠭ᠋ᠠᠯᠵᠠᠬᠤ ᠴᠢᠨᠠᠷ ᠪᠦᠬᠦᠢ ᠭᠠᠢ᠌ᠯᠢ ᠵᠢ ᠪᠠᠭᠤᠷᠠᠭᠤᠯᠬᠤ ᠪᠠ ᠪᠦᠳᠦᠴᠡ ᠵᠢᠨ ᠴᠢᠨᠠᠷ ᠪᠦᠬᠦᠢ ᠭᠠᠢ᠌ᠯᠢ ᠵᠢ ᠪᠠᠭᠤᠷᠠᠭᠤᠯᠬᠤ ᠵᠢ ᠭᠡᠷᠡᠭᠵᠢᠬᠦᠯᠦᠨ᠂ ᠪᠤᠳᠠᠳᠤ ᠴᠤᠭᠴᠠ ᠵᠢᠨ ᠠᠵᠤ ᠠᠬᠤᠢ ᠢᠯᠠᠩᠭᠤᠶ᠎ᠠ ᠠᠷᠠᠳ᠎ᠠᠴᠠ ᠡᠵᠡᠩᠨᠡᠭᠰᠡᠨ ᠪᠠᠭ᠎ᠠ ᠵᠢᠵᠢᠭ ᠠᠵᠤ ᠠᠬᠤᠢ᠌ᠯᠠᠯ᠎ᠢ ᠳᠡᠮᠵᠢᠬᠦ᠎ᠪᠠᠨ ᠴᠢᠩᠭ᠋ᠠᠳᠬᠠᠵᠤ᠂ ᠠᠵᠤ ᠠᠬᠤᠢ ᠵᠢᠨ ᠳᠤᠭᠳᠠᠭᠤᠨ ᠪᠦᠭᠡᠳ ᠠ᠋ᠷᠡᠬᠦᠯ ᠬᠦᠭᠵᠢᠯᠳᠡ᠎ᠳᠤ ᠳᠤᠯᠭ᠋ᠠᠭᠤᠷᠢᠯᠠᠯ ᠬᠠᠩᠭ᠋ᠠᠬᠤ ᠵᠢ ᠪᠠᠳᠤᠯᠠᠨ᠎ᠠ ᠭᠡᠵᠤ ᠭᠡᠯᠡᠪᠡ᠃


ᠢᠷᠡᠯᠲᠡ᠄
          
ᠬᠠᠮᠢᠶ᠎ᠡ ᠪᠦᠬᠦᠢ ᠰᠣᠨᠢᠨ
ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠬᠢᠬᠦᠯᠦᠨ ᠱᠠᠩᠨᠠᠬᠤ ᠶᠡᠭᠡ ᠬᠤᠷᠠᠯ ᠳᠡᠭᠡᠷᠡᠬᠢ ᠶᠠᠷᠢᠶ᠎ᠠ (ᠳᠦᠬᠦᠮᠴᠢᠯᠠᠪᠠ)
ᠯᠢ ᠺᠸ ᠴᠢᠶᠠᠩ ᠪᠦᠬᠦ ᠤᠯᠤᠰ᠎ᠤᠨ ᠠᠶᠤᠯᠬᠦᠢ ᠦᠢ᠍ᠯᠡᠳᠪᠤᠷᠢᠯᠡᠯ᠎ᠤᠨ ᠲᠸᠯᠸᠢᠰ ᠤᠳᠠᠰᠤᠳᠤ ᠬᠤᠷᠠᠯ᠎ᠳᠤ ᠴᠢᠬᠤᠯᠠ ᠴᠤᠬᠤᠯᠠᠪᠤᠷᠢ ᠬᠢᠪᠡ
ᠰᠢᠶᠤᠤ ᠵᠢᠶᠸ ᠳᠤᠮᠳᠠᠳᠤ ᠤᠯᠤᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠢᠨᠵᠢᠯᠡᠭᠡᠨ᠎ᠤ ᠨᠡᠢ᠌ᠭᠡᠮᠯᠢᠭ᠎ᠤᠨ ᠳᠤᠯᠤᠳᠤᠭ᠋ᠠᠷ ᠤᠳᠠᠭ᠋ᠠᠨ᠎ᠤ ᠳᠦᠯᠦᠭᠡᠯᠡᠭᠴᠢ ᠵᠢᠨ ᠬᠤᠷᠠᠯ᠎ᠳᠤ ᠣᠷᠣᠯᠴᠠᠵᠤ ᠶᠠᠷᠢᠶ᠎ᠠ ᠳᠠᠯᠪᠢᠪᠠ
ᠬᠤ᠌ ᠴᠦᠨ ᠬᠤᠸᠠ ᠬᠦᠯᠦᠰᠤᠨ ᠠᠵᠢᠯᠲᠠᠨ᠎ᠤ ᠠᠵᠢᠯ᠎ᠢ ᠰᠠᠢ᠌ᠳᠤᠷ ᠬᠢᠵᠤ ᠬᠦᠯᠦᠰᠤᠨ ᠠᠵᠢᠯᠲᠠᠨ᠎ᠳᠤ ᠴᠠᠯᠢᠩ ᠬᠦᠯᠦᠰᠤ ᠦᠷᠢᠳᠤᠵᠤ ᠪᠠᠢ᠌ᠭ᠎ᠠ ᠠᠰᠠᠭᠤᠳᠠᠯ᠎ᠢ ᠬᠦᠴᠦ ᠳᠠᠯᠪᠢᠨ ᠰᠢᠢ᠍ᠳᠪᠤᠷᠢᠯᠡᠬᠦ ᠭᠡᠷᠡᠭᠳᠡᠢ ᠭᠡᠪᠡ
ᠳᠦᠷᠦ ᠵᠢᠨ ᠶᠠᠪᠤᠳᠠᠯ᠎ᠤᠨ ᠬᠤᠷᠢᠶ᠎ᠠ ᠠ᠋ᠨᠡ ᠵᠢᠯ᠎ᠠᠴᠠ ᠪᠠᠭ᠎ᠠ ᠵᠢᠵᠢᠭ ᠠᠵᠤ ᠠᠬᠤᠢ᠌ᠯᠠᠯ᠎ᠢ ᠨᠡᠢ᠌ᠳᠡᠮ ᠬᠠᠷᠠᠭ᠋ᠠᠯᠵᠠᠬᠤ ᠭᠤᠷᠪᠠᠨ ᠵᠦᠢ᠍ᠯ᠎ᠤᠨ ᠠᠷᠭ᠎ᠠ ᠳᠤᠭᠳᠠᠭ᠋ᠠᠨ ᠭᠡᠷᠡᠭᠵᠢᠬᠦᠯᠬᠦ᠎ᠪᠠᠷ ᠪᠠᠢ᠌ᠨ᠎ᠠ
 
            