ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠳᠦᠷᠦ ᠵᠢᠨ ᠶᠠᠪᠤᠳᠠᠯ᠎ᠤᠨ ᠬᠤᠷᠢᠶ᠎ᠠ ᠠ᠋ᠨᠡ ᠵᠢᠯ᠎ᠠᠴᠠ ᠪᠠᠭ᠎ᠠ ᠵᠢᠵᠢᠭ ᠠᠵᠤ ᠠᠬᠤᠢ᠌ᠯᠠᠯ᠎ᠢ ᠨᠡᠢ᠌ᠳᠡᠮ ᠬᠠᠷᠠᠭ᠋ᠠᠯᠵᠠᠬᠤ ᠭᠤᠷᠪᠠᠨ ᠵᠦᠢ᠍ᠯ᠎ᠤᠨ ᠠᠷᠭ᠎ᠠ ᠳᠤᠭᠳᠠᠭ᠋ᠠᠨ ᠭᠡᠷᠡᠭᠵᠢᠬᠦᠯᠬᠦ᠎ᠪᠠᠷ ᠪᠠᠢ᠌ᠨ᠎ᠠ
ᠨᠡᠶᠢᠲᠡᠯᠡᠭᠰᠡᠨ ᠴᠠᠭ᠄ 2019-01-16

             
     1 ᠳ᠋ᠤᠭᠡᠷ ᠰᠠᠷ᠎ᠠ ᠵᠢᠨ 9᠎ᠤ ᠠ᠋ᠳᠤᠷ᠂ ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠤ᠂ ᠤᠷᠤᠨ ᠨᠤᠳᠤᠭ᠎ᠤᠨ ᠵᠠᠰᠠᠭ᠎ᠤᠨ ᠤᠷᠳᠤᠨ᠎ᠤ ᠳᠤᠰᠬᠠᠢ ᠳᠦᠷᠦᠯ᠎ᠤᠨ ᠵᠢᠭᠡᠯᠡᠯᠭᠡ ᠵᠢᠨ ᠳᠡᠮᠳᠡᠭᠳᠤ ᠵᠢᠨ ᠳᠠᠷᠬᠠᠭ᠋ᠠᠯᠳᠠ ᠪᠠ ᠭᠡᠷᠡᠭᠯᠡᠯᠳᠡ ᠵᠢ ᠳᠦᠷᠭᠡᠳᠭᠡᠬᠦ ᠠᠵᠢᠯ᠎ᠢ ᠪᠠᠢ᠌ᠷᠢᠯᠠᠭᠤᠯᠤᠨ᠂ ᠪᠠᠭ᠎ᠠ ᠵᠢᠵᠢᠭ ᠠᠵᠤ ᠠᠬᠤᠢ᠌ᠯᠠᠯ᠎ᠤᠨ ᠨᠡᠢ᠌ᠳᠡᠮ ᠬᠠᠷᠠᠭ᠋ᠠᠯᠵᠠᠯ᠎ᠤᠨ ᠴᠢᠨᠠᠷᠳᠠᠢ ᠭᠠᠢ᠌ᠯᠢ ᠵᠢ ᠬᠠᠰᠤᠬᠤ ᠨᠢᠭᠡ ᠪᠦᠯᠦᠭ ᠠᠷᠭ᠎ᠠ ᠭᠡᠮᠵᠢᠶ᠎ᠡ ᠵᠢ ᠨᠡᠮᠡᠵᠤ ᠳᠤᠭᠳᠠᠭ᠋ᠠᠭᠰᠠᠨ ᠪᠠᠢ᠌ᠨ᠎ᠠ᠃
      ᠠ᠋ᠨᠡ ᠵᠢᠯ᠎ᠤᠨ ᠠ᠋ᠬᠢ᠎ᠪᠠᠷ ᠯᠢ ᠺᠸ ᠴᠢᠶᠠᠩ ᠳᠤᠮᠳᠠᠳᠤ ᠤᠯᠤᠰ᠎ᠤᠨ ᠪᠠᠩᠬᠢ᠂ ᠦᠢ᠍ᠯᠡᠳᠪᠤᠷᠢ ᠬᠤᠳᠠᠯᠳᠤᠭ᠋ᠠᠨ᠎ᠤ ᠪᠠᠩᠬᠢ ᠪᠤᠯᠤᠨ ᠪᠦᠳᠦᠭᠡᠨ ᠪᠠᠢ᠌ᠭᠤᠯᠤᠯᠳᠠ ᠵᠢᠨ ᠪᠠᠩᠬᠢ᠎ᠳᠤ ᠰᠢᠨᠵᠢᠯᠠᠨ ᠪᠠᠢ᠌ᠴᠠᠭ᠋ᠠᠬᠤ ᠵᠢᠨ ᠳᠠᠭ᠋ᠠᠤ ᠪᠠᠩᠬᠢ ᠵᠢᠨ ᠳᠠᠭ᠋ᠠᠳᠬᠠᠯ᠎ᠤᠨ ᠬᠢᠨᠠᠯᠳᠠ ᠵᠢᠨ ᠵᠦᠪᠯᠡᠯ᠎ᠳᠤ ᠶᠠᠷᠢᠯᠴᠠᠬᠤ ᠬᠤᠷᠠᠯ ᠬᠢᠵᠤ᠂ ᠬᠤᠷᠸ᠎ᠠ ᠳᠦᠷᠦ ᠵᠢᠨ ᠪᠤᠳᠤᠯᠭ᠎ᠠ ᠵᠢᠨ ᠰᠦᠷᠭᠡᠤ ᠦᠶᠡᠯᠡᠯ᠎ᠤᠨ ᠬᠤᠭᠤᠴᠠᠭ᠋ᠠᠨ᠎ᠤ ᠳᠤᠬᠢᠷᠠᠭᠤᠯᠤᠯᠳᠠ ᠵᠢ ᠴᠢᠩᠭ᠋ᠠᠳᠬᠠᠨ᠂ ᠭᠠᠢ᠌ᠯᠢ ᠵᠢ ᠬᠠᠰᠤᠨ ᠵᠠᠷᠤᠳᠠᠯ᠎ᠢ ᠪᠠᠭᠤᠷᠠᠭᠤᠯᠬᠤ ᠠᠷᠭ᠎ᠠ ᠠᠪᠴᠤ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠠ ᠪᠠᠭ᠎ᠠ ᠵᠢᠵᠢᠭ ᠠᠵᠤ ᠠᠬᠤᠢ᠌ᠯᠠᠯ᠎ᠤᠨ ᠪᠡᠯᠡ ᠬᠤᠷᠠᠮᠳᠤᠭᠤᠯᠬᠤ ᠵᠢ ᠳᠡᠮᠵᠢᠬᠦ ᠭᠡᠷᠡᠭᠳᠡᠢ ᠭᠡᠵᠤ ᠴᠢᠬᠤᠯᠠᠴᠢᠯᠠᠵᠠᠢ᠃ ᠳᠤᠰ ᠤᠷᠤᠢ ᠠᠷᠠᠳ᠎ᠤᠨ ᠪᠠᠩᠬᠢ ᠵᠢᠨ᠎ᠬᠢᠨ᠂ ᠨᠢᠭᠡᠳᠦᠭᠡᠷ ᠰᠠᠷ᠎ᠠ᠎ᠳᠤ ᠬᠤᠶᠠᠷ ᠬᠤᠭᠤᠴᠠᠭ᠎ᠠ ᠬᠤᠪᠢᠶᠠᠨ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ ᠬᠠᠳᠠᠭ᠋ᠠᠯᠠᠮᠵᠢ ᠵᠢᠨ ᠪᠡᠯᠡᠳᠭᠡᠯ ᠮᠦᠩᠬᠦᠨ᠎ᠤ ᠨᠤᠷᠮ᠎ᠠ ᠵᠢ ᠵᠠᠭᠤᠨ᠎ᠤ ᠬᠠᠷᠢᠴᠠᠯ ᠵᠶ᠋ᠡᠷ ᠨᠢᠭᠡ ᠬᠤᠪᠢ ᠪᠠᠭᠤᠷᠠᠭᠤᠯᠵᠤ᠂ ᠠ᠋ᠬᠦᠨ᠎ᠤ ᠵᠡᠷᠭᠡᠪᠡᠷ 2019 ᠤᠨ᠎ᠤ ᠨᠢᠭᠡᠳᠦᠭᠡᠷ ᠤᠯᠠᠷᠢᠯ᠎ᠳᠤ ᠬᠤᠭᠤᠴᠠᠭ᠎ᠠ᠎ᠨᠢ ᠬᠦᠷᠤᠭ᠌ᠰᠡᠨ ᠳᠤᠮᠳᠠ ᠬᠤᠭᠤᠴᠠᠭ᠋ᠠᠨ᠎ᠤ ᠵᠢᠭᠡᠯᠡᠯᠭᠡ ᠵᠢᠨ ᠠ᠋ᠩ᠎ᠤᠨ ᠬᠦᠤ ᠮᠦᠩᠬᠦ ᠵᠢ ᠳᠠᠬᠢᠨ ᠦᠷᠭᠦᠯᠵᠢᠯᠡᠭᠦᠯᠬᠦ ᠦᠭᠡᠢ ᠭᠡᠵᠤ ᠨᠡᠢ᠌ᠳᠡᠯᠡᠵᠡᠢ᠃
     2018 ᠤᠨ᠎ᠤ ᠳᠤᠤᠷᠠᠳᠤ ᠬᠠᠭ᠋ᠠᠰ ᠵᠢᠯ ᠢᠯᠠᠩᠭᠤᠶ᠎ᠠ 11 ᠳ᠋ᠤᠭᠡᠷ ᠰᠠᠷ᠎ᠠ᠎ᠠᠴᠠ ᠨᠠᠭ᠋ᠠᠰᠢ᠂ ᠤᠯᠤᠰ᠎ᠤᠨ ᠳᠤᠳᠤᠭ᠋ᠠᠳᠤ ᠵᠢᠨ ᠭᠤᠤᠯ ᠪᠤᠯᠬᠤ ᠠᠵᠤ ᠠᠬᠤᠢ ᠵᠢᠨ ᠬᠦᠢ᠍ᠴᠡᠳᠭᠡᠬᠦ ᠳᠤᠭ᠎ᠠ ᠦᠷᠬᠦᠯᠵᠢᠯᠡᠨ ᠪᠠᠭᠤᠷᠠᠵᠤ᠂ ᠪᠡᠯᠡ ᠤᠷᠤᠭᠤᠯᠤᠯᠳᠠ ᠮᠠᠭᠤᠳᠠᠨ᠂ ᠠᠵᠤ ᠠᠬᠤᠢ ᠤᠷᠤᠭᠤᠳᠠᠨ ᠳᠠᠷᠤᠯᠳᠠ ᠨᠡᠮᠡᠭᠳᠡᠪᠡ᠃ ᠳᠦᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ 《ᠳᠤᠭᠳᠠᠭᠤᠨ᠎ᠤ ᠳᠤᠮᠳᠠ ᠬᠤᠪᠢᠷᠠᠯᠳᠠ᠎ᠲᠠᠢ᠂ ᠬᠤᠪᠢᠷᠠᠯᠳᠠ ᠵᠢᠨ ᠳᠤᠮᠳᠠ ᠰᠠᠨᠠᠭ᠋ᠠᠰᠢᠷᠠᠯ᠎ᠲᠠᠢ》 ᠭᠡᠵᠤ ᠮᠠᠭ᠋ᠠᠳᠯᠠᠬᠰᠠᠨ ᠪᠠᠢ᠌ᠨ᠎ᠠ᠃ ᠵᠠᠯᠭ᠎ᠠ ᠵᠠᠯᠭ᠋ᠠᠪᠠᠷ ᠳᠤᠭᠳᠠᠭ᠋ᠠᠭᠰᠠᠨ ᠮᠦᠩᠬᠦᠨ ᠬᠦᠢ᠍ᠯᠭᠡᠭᠡ᠂ ᠠ᠋ᠳ᠋᠎ᠤᠨ ᠵᠠᠰᠠᠭ᠂ ᠭᠠᠢ᠌ᠯᠢ ᠳᠠᠳᠠᠪᠤᠷᠢ ᠵᠢᠨ ᠭᠤᠷᠪᠠᠨ ᠵᠦᠢ᠍ᠯ᠎ᠤᠨ ᠬᠠᠷᠠᠭ᠋ᠠᠯᠵᠠᠯ᠎ᠤᠨ ᠠᠷᠭ᠎ᠠ᠎ᠨᠢ ᠵᠠᠬ᠎ᠠ ᠳᠡᠯᠭᠡᠬᠦᠷ᠎ᠤᠨ ᠳᠠᠭ᠋ᠠᠰᠢᠶᠠᠯ᠎ᠢ ᠤᠯᠵᠠᠢ᠃
      ᠶᠡᠷᠦᠩᠭᠡᠢ ᠰᠠᠢ᠌ᠳ ᠯᠢ ᠺᠸ ᠴᠢᠶᠠᠩ 1 ᠳ᠋ᠤᠭᠡᠷ ᠰᠠᠷ᠎ᠠ ᠵᠢᠨ 9᠎ᠤ ᠠ᠋ᠳᠤᠷ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ᠄ 《ᠠ᠋ᠨᠡ ᠵᠢᠯ᠎ᠤᠨ ᠨᠢᠭᠡᠳᠦᠭᠡᠷ ᠤᠯᠠᠷᠢᠯ᠎ᠤᠨ ᠠᠵᠤ ᠠᠬᠤᠢ ᠵᠢᠨ ᠳᠤᠭᠳᠠᠭᠤᠨ ᠠᠵᠢᠯᠯᠠᠭ᠋ᠠᠨ᠎ᠢ ᠪᠠᠳᠤᠯᠠᠬᠤ᠎ᠨᠢ ᠪᠦᠬᠦ ᠵᠢᠯ᠎ᠤᠨ ᠠᠵᠤ ᠠᠬᠤᠢ ᠵᠢᠨ ᠬᠦᠭᠵᠢᠯᠳᠡ᠎ᠳᠤ ᠴᠢᠬᠤᠯᠠ ᠦᠢ᠍ᠯᠡᠳᠤᠯ ᠦᠵᠡᠬᠦᠯᠦᠨ᠎ᠡ》᠂ 《ᠳᠦᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ ᠵᠢ ᠳᠤᠭᠤᠰᠢᠯᠠᠭᠤᠯᠬᠤ᠎ᠪᠠᠷ ᠪᠢᠳᠠ ᠭᠤᠷᠪᠠᠨ ᠵᠦᠢ᠍ᠯ᠎ᠤᠨ ᠠᠷᠭ᠎ᠠ ᠭᠡᠮᠵᠢᠶ᠎ᠡ ᠳᠤᠭᠳᠠᠭ᠋ᠠᠪᠠ᠂ ᠵᠤᠷᠢᠯᠭ᠎ᠠ᠎ᠨᠢ ᠠ᠋ᠨᠡ ᠵᠢᠯ᠎ᠤᠨ ᠠᠵᠤ ᠠᠬᠤᠢ ᠵᠢᠨ ᠠᠵᠢᠯᠯᠠᠭ᠋ᠠᠨ᠎ᠢ ᠵᠤᠬᠢᠰᠳᠠᠢ ᠭᠡᠪᠴᠢᠶᠠᠨ᠎ᠳᠤ ᠪᠠᠢ᠌ᠯᠭ᠋ᠠᠬᠤ ᠵᠢ ᠪᠠᠳᠤᠯᠠᠬᠤ᠎ᠳᠤ ᠪᠠᠢ᠌ᠭ᠎ᠠ ᠶᠤᠮ》 ᠭᠡᠵᠤ ᠭᠡᠯᠡᠪᠡ᠃
      ᠭᠤᠷᠪᠠᠨ ᠵᠦᠢ᠍ᠯ᠎ᠤᠨ ᠠᠷᠭ᠎ᠠ ᠵᠢᠨ ᠨᠢᠭᠡ᠎ᠨᠢ ᠠᠷᠠᠳ᠎ᠤᠨ ᠪᠠᠩᠬᠢ 1 ᠳ᠋ᠤᠭᠡᠷ ᠰᠠᠷ᠎ᠠ ᠵᠢᠨ 4᠎ᠤ ᠠ᠋ᠳᠤᠷ᠎ᠠᠴᠠ ᠠ᠋ᠬᠢᠯᠡᠨ 《ᠪᠦᠬᠦ ᠳᠠᠯ᠎ᠠ᠎ᠪᠠᠷ ᠪᠠᠷᠢᠮᠵᠢᠶ᠎ᠠ ᠵᠢ ᠪᠠᠭᠤᠷᠠᠭᠤᠯᠬᠤ》 ᠵᠢ ᠨᠡᠢ᠌ᠳᠡᠯᠡᠭᠰᠡᠨ ᠶᠠᠪᠤᠳᠠᠯ ᠪᠤᠯᠤᠨ᠎ᠠ᠃ ᠶᠡᠷᠦᠩᠭᠡᠢ ᠰᠠᠢ᠌ᠳ ᠯᠢ ᠺᠸ ᠴᠢᠶᠠᠩ 1 ᠳ᠋ᠤᠭᠡᠷ ᠰᠠᠷ᠎ᠠ ᠵᠢᠨ 9᠎ᠤ ᠠ᠋ᠳᠤᠷ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ᠄ 《ᠪᠠᠷᠢᠮᠵᠢᠶ᠎ᠠ ᠵᠢ ᠪᠠᠭᠤᠷᠠᠭᠤᠯᠬᠤ᠎ᠨᠢ ᠵᠣᠭᠣᠰᠤᠨ ᠮᠦᠩᠭᠦ ᠵᠢᠨ ᠳᠦᠷᠦ ᠵᠢᠨ ᠪᠤᠳᠤᠯᠭ᠎ᠠ ᠵᠢ ᠦᠭᠡᠷᠡᠴᠢᠯᠠᠵᠤ ᠪᠠᠢ᠌ᠭ᠎ᠠ ᠪᠢᠰᠢ᠃ ᠪᠢᠳᠡ ᠳᠤᠭᠳᠠᠭᠤᠨ ᠵᠤᠭᠤᠰᠤᠨ ᠳᠦᠷᠦ ᠵᠢᠨ ᠪᠤᠳᠤᠯᠭ᠎ᠠ ᠵᠢ ᠦᠷᠬᠦᠯᠵᠢᠯᠡᠨ ᠭᠡᠷᠡᠭᠵᠢᠬᠦᠯᠵᠤ᠂ ᠵᠤᠭᠤᠰ ᠮᠦᠩᠬᠦ ᠵᠢ ᠬᠠᠮᠢᠶ᠎ᠠ ᠨᠠᠮᠢᠶ᠎ᠠ ᠦᠭᠡᠢ ᠵᠠᠷᠤᠬᠤ ᠦᠭᠡᠢ᠎ᠪᠠᠷ ᠵᠤᠬᠢᠰᠳᠠᠢ ᠳᠤᠬᠢᠷᠠᠭᠤᠯᠤᠯᠳᠠ ᠬᠢᠵᠤ᠂ ᠵᠠᠬ᠎ᠠ ᠳᠡᠯᠭᠡᠬᠦᠷ᠎ᠤᠨ ᠨᠡᠬᠦᠳᠡᠯ ᠴᠢᠨᠠᠷ᠎ᠢ ᠪᠠᠳᠤᠯᠠᠨ᠂ ᠠᠵᠢᠯ ᠤᠯᠭᠤᠬᠤ ᠪᠠ ᠭᠡᠷᠡᠭᠯᠡᠭᠡ ᠵᠢ ᠦᠷᠭᠡᠳᠭᠡᠬᠦ ᠭᠡᠷᠡᠭᠳᠡᠢ᠃ ᠨᠢᠭᠡᠳᠦᠭᠡᠷ ᠰᠠᠷ᠎ᠠ᠎ᠳᠤ ᠪᠠᠷᠢᠮᠵᠢᠶ᠎ᠠ ᠵᠢ ᠪᠠᠭᠤᠷᠠᠭᠤᠯᠤᠭᠰᠠᠨ ᠶᠠᠪᠤᠳᠠᠯ᠎ᠨᠢ ᠰᠢᠨ᠎ᠠ ᠵᠢᠯ ᠴᠠᠭ᠋ᠠᠨ ᠰᠠᠷ᠎ᠠ ᠵᠢᠨ ᠬᠤᠭᠤᠴᠠᠭ᠋ᠠᠨ᠎ᠤ ᠭᠡᠷᠡᠭᠯᠡᠭᠡ ᠵᠢ ᠠᠬᠢᠭᠤᠯᠬᠤ᠎ᠳᠤ ᠳᠤᠰᠠᠳᠠᠢ ᠶᠤᠮ》 ᠭᠡᠵᠤ ᠭᠡᠯᠡᠪᠡ᠃
      ᠯᠢ ᠺᠸ ᠴᠢᠶᠠᠩ᠎ᠠᠴᠠ ᠠᠷᠠᠳ᠎ᠤᠨ ᠪᠠᠩᠬᠢ ᠪᠤᠯᠤᠨ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ᠎ᠬᠢᠨ 《ᠪᠦᠬᠦ ᠳᠠᠯ᠎ᠠ᠎ᠪᠠᠷ ᠪᠠᠷᠢᠮᠵᠢᠶ᠎ᠠ ᠵᠢ ᠪᠠᠭᠤᠷᠠᠭᠤᠯᠬᠤ》 ᠪᠡ 《ᠴᠢᠭᠯᠡᠯ᠎ᠲᠠᠢ᠎ᠪᠠᠷ ᠪᠠᠷᠢᠮᠵᠢᠶ᠎ᠠ ᠵᠢ ᠪᠠᠭᠤᠷᠠᠭᠤᠯᠬᠤ》 ᠵᠢ ᠤᠶᠠᠯᠳᠤᠭᠤᠯᠤᠨ᠂ ᠪᠠᠷᠢᠮᠵᠢᠶ᠎ᠠ ᠵᠢ ᠪᠠᠭᠤᠷᠠᠭᠤᠯᠬᠤ ᠶᠠᠪᠤᠳᠠᠯ ᠵᠶ᠋ᠡᠷ ᠵᠢᠭᠡᠯᠡᠯᠭᠡ ᠠᠪᠬᠤ᠎ᠳᠤ ᠬᠦᠴᠢᠷ᠎ᠲᠠᠢ᠂ ᠬᠦᠤ ᠮᠦᠩᠬᠦ᠎ᠨᠢ ᠦᠨᠳᠦᠷ ᠪᠠᠢ᠌ᠬᠤ ᠠᠰᠠᠭᠤᠳᠠᠯ᠎ᠢ ᠵᠤᠬᠢᠬᠤ ᠭᠡᠮᠵᠢᠶ᠎ᠡ᠎ᠪᠠᠷ ᠰᠢᠢ᠍ᠳᠪᠤᠷᠯᠡᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠤᠯᠤᠨ ᠪᠠᠭ᠎ᠠ ᠵᠢᠵᠢᠭ ᠠᠵᠤ ᠠᠬᠤᠢ᠌ᠯᠠᠯ᠎ᠤᠨ ᠪᠡᠯᠡ ᠴᠤᠭᠯᠠᠭᠤᠯᠬᠤ᠎ᠳᠤ ᠬᠦᠴᠢᠷ᠎ᠲᠠᠢ ᠪᠡᠯᠡ ᠴᠤᠭᠯᠠᠭᠤᠯᠬᠤ᠎ᠳᠤ ᠦᠨ᠎ᠠ᠎ᠲᠠᠢ ᠠᠰᠠᠭᠤᠳᠠᠯ᠎ᠢ ᠨᠠᠮᠳᠠᠭᠤᠯᠬᠤ ᠭᠡᠷᠡᠭᠳᠡᠢ ᠭᠡᠵᠤ ᠴᠢᠬᠤᠯᠠᠴᠢᠯᠠᠪᠠ᠃
      ᠭᠤᠷᠪᠠᠨ ᠵᠦᠢ᠍ᠯ᠎ᠤᠨ ᠠᠷᠭ᠎ᠠ ᠵᠢᠨ ᠬᠤᠶᠠᠳᠤᠭ᠋ᠠᠷ᠎ᠨᠢ 《ᠤᠷᠤᠨ ᠨᠤᠳᠤᠭ᠎ᠤᠨ ᠵᠠᠰᠠᠭ᠎ᠤᠨ ᠤᠷᠳᠤᠨ᠎ᠤ ᠳᠤᠰᠬᠠᠢ ᠵᠢᠭᠡᠯᠡᠯᠭᠡ ᠵᠢᠨ ᠳᠡᠮᠳᠡᠭᠳᠤ ᠵᠢᠨ ᠳᠠᠷᠬᠠᠭ᠋ᠠᠯᠳᠠ ᠪᠠ ᠭᠡᠷᠡᠭᠯᠡᠯᠳᠡ ᠵᠢ ᠳᠦᠷᠭᠡᠳᠭᠡᠬᠦ》 ᠪᠤᠯᠤᠨ᠎ᠠ᠂ ᠠ᠋ᠨᠡ᠎ᠨᠢ ᠭᠤᠤᠯᠳᠠᠭᠤ 《ᠪᠡᠯᠡ ᠤᠷᠤᠭᠤᠯᠤᠯᠳᠠ ᠵᠢ ᠳᠤᠭᠳᠠᠭᠤᠨ ᠪᠤᠯᠭ᠋ᠠᠬᠤ》 ᠳᠡᠭᠡᠷ᠎ᠡ ᠳᠦᠪᠯᠡᠷᠡᠵᠤ ᠪᠤᠢ᠃ 1 ᠳ᠋ᠤᠭᠡᠷ ᠰᠠᠷ᠎ᠠ ᠵᠢᠨ 9᠎ᠤ ᠠ᠋ᠳᠤᠷ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠠᠴᠠ᠂ ᠨᠢᠭᠡᠨᠳᠡ ᠪᠦᠬᠦ ᠤᠯᠤᠰ᠎ᠤᠨ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠠ᠋ᠷᠭᠡ ᠤᠯᠭᠤᠯᠳᠠ᠎ᠪᠠᠷ ᠤᠷᠢᠳᠴᠢᠯᠠᠨ ᠳᠠᠷᠬᠠᠭ᠋ᠠᠬᠤ 1.39 ᠳ᠋ᠦᠩᠰᠢᠭᠤᠷ ᠳᠦᠬᠦᠷᠢᠭ᠎ᠤᠨ ᠤᠷᠤᠨ ᠨᠤᠳᠤᠭ᠎ᠤᠨ ᠵᠢᠭᠡᠯᠡᠯᠭᠡ ᠵᠢᠨ ᠳᠡᠮᠳᠡᠭᠳᠤ ᠵᠢᠨ ᠳᠠᠷᠬᠠᠭ᠋ᠠᠯᠳᠠ ᠵᠢ ᠳᠦᠷᠭᠡᠳᠭᠡᠨ᠂ ᠪᠦᠬᠦ ᠵᠢᠯ᠎ᠤᠨ ᠳᠤᠰᠬᠠᠢ ᠳᠦᠷᠦᠯ᠎ᠤᠨ ᠵᠢᠭᠡᠯᠡᠯᠭᠡ ᠵᠢᠨ ᠳᠡᠮᠳᠡᠭᠳᠤ ᠵᠢᠨ ᠬᠤᠪᠢᠶᠠᠷᠢᠯᠠᠯᠳᠠ ᠵᠢᠨ ᠳᠦᠰᠦᠯ᠎ᠢ ᠳᠦᠷᠭᠡᠨ ᠳᠤᠭᠳᠠᠭ᠋ᠠᠵᠤ᠂ 9 ᠳ᠋ᠤᠭᠡᠷ ᠰᠠᠷ᠎ᠠ ᠵᠢᠨ ᠰᠡᠬᠦᠯᠴᠢ᠎ᠠᠴᠠ ᠠ᠋ᠮᠤᠨ᠎ᠡ ᠦᠨᠳᠦᠰᠤᠨ᠎ᠳᠤ᠎ᠪᠠᠨ ᠳᠠᠷᠬᠠᠭ᠋ᠠᠵᠤ ᠳᠠᠭᠤᠰᠬᠠᠬᠤ ᠭᠡᠷᠡᠭᠳᠡᠢ ᠭᠡᠵᠤ ᠳᠤᠭᠳᠠᠭ᠋ᠠᠵᠠᠢ᠃
      ᠯᠢ ᠺᠸ ᠴᠢᠶᠠᠩ᠂ ᠠ᠋ᠨᠡ ᠤᠳᠠᠭ᠋ᠠᠨ᠎ᠤ ᠳᠤᠰᠬᠠᠢ ᠳᠦᠷᠦᠯ᠎ᠤᠨ ᠵᠢᠭᠡᠯᠡᠯᠭᠡ ᠵᠢᠨ ᠳᠡᠮᠳᠡᠭᠳᠤ ᠳᠠᠷᠬᠠᠭ᠋ᠠᠬᠤ᠎ᠪᠠᠷ ᠳᠠᠮᠵᠢᠭᠤᠯᠤᠨ ᠴᠤᠭᠯᠠᠭᠤᠯᠤᠭᠰᠠᠨ ᠵᠤᠭᠤᠰ᠎ᠢ ᠶᠠᠭᠤᠨ᠎ᠤ ᠤᠷᠢᠳ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ᠎ᠳᠤ ᠵᠠᠷᠤᠴᠠᠭᠤᠯᠵᠤ᠂ ᠬᠠᠭ᠋ᠠᠰ ᠳᠤᠳᠠᠭᠤ᠎ᠪᠠᠷ ᠵᠤᠭᠰᠤᠭ᠋ᠠᠬᠤ ᠵᠢ ᠰᠡᠷᠭᠡᠢ᠌ᠯᠡᠨ ᠬᠤᠷᠢᠭᠯᠠᠬᠤ ᠭᠡᠷᠡᠭᠳᠡᠢ᠃ ᠳᠦᠯᠦᠪᠵᠢᠬᠦᠯᠭᠡ᠎ᠳᠠᠬᠢ ᠴᠢᠬᠤᠯᠠ ᠶᠡᠭᠡ ᠳᠦᠷᠦᠯ ᠵᠦᠢ᠍ᠯ ᠵᠢᠴᠢ ᠵᠠᠰᠠᠭ᠎ᠤᠨ ᠤᠷᠳᠤᠨ᠎ᠤ ᠳᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠳᠠ ᠵᠢᠨ ᠦᠷᠢᠳᠤᠵᠤ ᠪᠠᠢ᠌ᠭ᠎ᠠ ᠦᠷᠢ ᠦᠭᠴᠡᠭᠡ ᠵᠢ ᠰᠢᠢ᠍ᠳᠪᠤᠷᠢᠯᠡᠬᠦ ᠵᠢ ᠭᠤᠤᠯᠳᠠᠯᠭ᠎ᠠ᠎ᠲᠠᠢ ᠳᠡᠮᠵᠢᠬᠦ ᠭᠡᠷᠡᠭᠳᠡᠢ ᠭᠡᠵᠤ ᠴᠢᠬᠤᠯᠠᠴᠢᠯᠠᠪᠠ᠃
      ᠯᠢ ᠺᠸ ᠴᠢᠶᠠᠩ᠄ 《ᠳᠤᠰᠬᠠᠢ ᠳᠦᠷᠦᠯ᠎ᠤᠨ ᠵᠢᠭᠡᠯᠡᠯᠭᠡ ᠵᠢᠨ ᠳᠡᠮᠳᠡᠭᠳᠤ ᠵᠢ ᠳᠠᠷᠬᠠᠭ᠋ᠠᠬᠤ᠎ᠳᠤ ᠨᠠᠷᠢᠨ ᠤᠨᠤᠪᠴᠢᠳᠠᠢ ᠪᠠᠢ᠌ᠬᠤ ᠭᠡᠷᠡᠭᠳᠡᠢ》᠂ 《ᠠ᠋ᠨᠡ᠎ᠨᠢ ᠪᠡᠯᠡ ᠤᠷᠤᠭᠤᠯᠤᠯᠳᠠ ᠵᠢ ᠪᠦᠳᠦᠮᠵᠢᠳᠡᠢ ᠠᠬᠢᠭᠤᠯᠬᠤ ᠮᠦᠷᠳᠡᠭᠡᠨ ᠭᠡᠷᠡᠭᠯᠡᠭᠡ ᠵᠢ ᠠᠬᠢᠭᠤᠯᠬᠤ᠎ᠳᠤ ᠴᠤ᠌ ᠳᠤᠰᠠᠳᠠᠢ ᠶᠤᠮ》 ᠭᠡᠵᠤ ᠭᠡᠯᠡᠪᠡ᠃
      ᠭᠤᠷᠪᠠᠨ ᠵᠦᠢ᠍ᠯ᠎ᠤᠨ ᠠᠷᠭ᠎ᠠ ᠵᠢᠨ ᠭᠤᠷᠪᠠᠳᠤᠭ᠋ᠠᠷ᠎ᠨᠢ 《ᠪᠠᠭ᠎ᠠ ᠵᠢᠵᠢᠭ ᠠᠵᠤ ᠠᠬᠤᠢ᠌ᠯᠠᠯ᠎ᠳᠤ ᠨᠡᠢ᠌ᠳᠡᠮ ᠬᠠᠷᠠᠭ᠋ᠠᠯᠵᠠᠯ᠎ᠤᠨ ᠴᠢᠨᠠᠷ᠎ᠲᠠᠢ ᠭᠠᠢ᠌ᠯᠢ ᠵᠢ ᠬᠠᠰᠤᠬᠤ》 ᠶᠠᠪᠤᠳᠠᠯ ᠪᠤᠯᠤᠨ᠎ᠠ᠃ ᠠ᠋ᠨᠡ ᠬᠦ᠌ ᠳᠦᠷᠦ ᠵᠢᠨ ᠪᠤᠳᠤᠯᠭ᠎ᠠ ᠵᠢ 《ᠳᠡᠤᠭᠡᠨ ᠳᠡᠭᠡᠷᠡᠬᠢ ᠬᠠᠮᠤᠭ᠎ᠤᠨ ᠶᠡᠬᠡ ᠭᠡᠪᠴᠢᠶᠠᠨ᠎ᠤ ᠭᠠᠢ᠌ᠯᠢ ᠵᠢ ᠬᠠᠰᠤᠭᠰᠠᠨ ᠶᠠᠪᠤᠳᠠᠯ》 ᠭᠡᠵᠤ ᠪᠠᠢ᠌ᠨ᠎ᠠ᠃ ᠠ᠋ᠨᠡ᠎ᠨᠢ ᠵᠠᠬ᠎ᠠ ᠳᠡᠯᠭᠡᠬᠦᠷ᠎ᠤᠨ ᠠᠮᠢᠵᠢᠷᠠᠯ᠎ᠤᠨ ᠬᠦᠴᠦᠨ᠎ᠢ ᠬᠦᠭᠵᠢᠭᠡᠵᠤ᠂ ᠠᠵᠢᠯ ᠤᠯᠭᠤᠯᠳᠠ ᠵᠢ ᠠᠬᠢᠭᠤᠯᠬᠤ᠎ᠨᠢ ᠳᠠᠮᠵᠢᠭ ᠦᠭᠡᠢ᠃ 1 ᠳ᠋ᠤᠭᠡᠷ ᠰᠠᠷ᠎ᠠ ᠵᠢᠨ 9᠎ᠤ ᠠ᠋ᠳᠤᠷ᠎ᠤᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠠᠴᠠ᠂ ᠠᠵᠤ ᠠᠬᠤᠢ᠌ᠯᠠᠯ᠎ᠤᠨ ᠤᠯᠵᠠ ᠠᠰᠢᠭ᠎ᠤᠨ ᠭᠠᠢ᠌ᠯᠢ ᠵᠢᠨ ᠬᠠᠷᠠᠭ᠋ᠠᠯᠵᠠᠯ᠎ᠢ ᠠᠭᠤᠵᠢᠮ ᠪᠤᠯᠭ᠋ᠠᠵᠤ᠂ ᠬᠠᠷᠠᠭ᠋ᠠᠯᠵᠠᠯ᠎ᠤᠨ ᠳᠦᠷᠦ ᠵᠢᠨ ᠪᠤᠳᠤᠯᠭ᠎ᠠ ᠵᠢ 95% ᠵᠢᠨ ᠠᠵᠤ ᠠᠵᠤ ᠠᠬᠤᠢ᠌ᠯᠠᠯ᠎ᠳᠤ ᠪᠦᠷᠬᠦᠬᠦᠯᠪᠡᠯ᠂ ᠵᠢᠯ ᠪᠦᠷᠢ ᠪᠠᠭ᠎ᠠ ᠵᠢᠵᠢᠭ ᠠᠵᠤ ᠠᠬᠤᠢ᠌ᠯᠠᠯ᠎ᠤᠨ ᠳᠠᠷᠤᠭ᠋ᠠᠰᠤ ᠵᠢ 2000 ᠳ᠋ᠦᠩᠰᠢᠭᠤᠷ ᠳᠦᠬᠦᠷᠢᠭ ᠪᠠᠭᠤᠷᠠᠭᠤᠯᠬᠤ ᠶᠤᠮ ᠭᠡᠵᠤ ᠳᠤᠭᠳᠠᠭ᠋ᠠᠵᠠᠢ᠃
      ᠯᠢ ᠺᠸ ᠴᠢᠶᠠᠩ᠄ 《ᠭᠠᠢ᠌ᠯᠢ ᠵᠢᠨ ᠰᠠᠯᠠᠭ᠎ᠠ ᠮᠦᠴᠢᠷ ᠠ᠋ᠨᠡ ᠬᠦ᠌ ᠠᠵᠢᠯ᠎ᠢ ᠳᠠᠷᠤᠢ ᠳᠦᠷᠭᠡᠨ ᠨᠠᠢ᠌ᠳᠠᠪᠤᠷᠢᠵᠢᠭᠤᠯᠵᠤ᠂ ᠵᠠᠬ᠎ᠠ ᠳᠡᠯᠭᠡᠬᠦᠷ᠎ᠤᠨ ᠭᠤᠤᠯ ᠴᠤᠭᠴᠠ᠎ᠳᠤ ᠢᠯᠡ ᠳᠤᠳᠤᠷᠬᠠᠢ ᠢᠳᠡᠪᠬᠢᠳᠡᠢ ᠳᠤᠬᠢᠶ᠎ᠠ ᠦᠭᠬᠦ ᠭᠡᠷᠡᠭᠳᠡᠢ》 ᠭᠡᠵᠤ ᠭᠡᠯᠡᠪᠡ᠃
      ᠯᠢ ᠺᠸ ᠴᠢᠶᠠᠩ᠂ ᠡᠯ᠎ᠡ ᠰᠠᠯᠠᠭ᠎ᠠ ᠮᠦᠴᠢᠷ᠂ ᠡᠯ᠎ᠡ ᠭᠠᠵᠠᠷ᠎ᠤᠨ᠎ᠬᠢᠨ ᠳᠤᠰ ᠳᠤᠰ᠎ᠤᠨ ᠬᠠᠷᠢᠭᠤᠴᠠᠯᠭ᠎ᠠ᠎ᠪᠠᠨ ᠬᠦᠢ᠍ᠴᠡᠳᠭᠡᠨ᠂ ᠬᠠᠮᠵᠢᠯᠴᠠᠵᠤ ᠪᠠᠢ᠌ᠭ᠋ᠠᠳ ᠠ᠋ᠨᠡ ᠵᠢᠯ᠎ᠤᠨ ᠠᠵᠤ ᠠᠬᠤᠢ ᠵᠢᠨ ᠠᠵᠢᠯᠯᠠᠭ᠋ᠠᠨ᠎ᠢ ᠵᠤᠬᠢᠬᠤ ᠭᠡᠮᠵᠢᠶᠡᠨ᠎ᠳᠤ ᠪᠠᠢ᠌ᠬᠤ ᠵᠢ ᠪᠠᠳᠤᠯᠠᠵᠤ᠂ ᠠᠯᠢᠪᠠ 《ᠤᠳᠠᠭ᠋ᠠᠰᠢᠷᠠᠭᠤᠯᠬᠤ》᠂ 《ᠬᠢᠬᠦ ᠦᠭᠡᠢ》 ᠪᠤᠶᠤ 《ᠬᠠᠮᠢᠶ᠎ᠠ ᠨᠠᠮᠢᠶ᠎ᠠ ᠦᠭᠡᠢ ᠦᠢ᠍ᠯᠡᠳᠦᠭᠰᠡᠳ》᠎ᠠᠴᠠ ᠬᠠᠷᠢᠭᠤᠴᠠᠯᠭ᠎ᠠ ᠨᠡᠭᠡᠮᠵᠢᠯᠡᠬᠦ ᠭᠡᠷᠡᠭᠳᠡᠢ᠃ ᠠ᠋ᠨᠡ ᠵᠢᠯ᠎ᠳᠤ ᠡᠯ᠎ᠡ ᠱᠠᠳᠤᠨ᠎ᠤ ᠵᠠᠰᠠᠭ᠎ᠤᠨ ᠤᠷᠳᠤᠨ᠎ᠤ᠎ᠬᠢᠨ ᠠ᠋ᠩ᠎ᠤᠨ ᠵᠠᠷᠤᠳᠠᠯ ᠵᠶ᠋ᠠᠨ ᠠᠷᠪᠢᠯᠠᠵᠤ᠂ ᠳᠦᠰᠦᠪ᠎ᠠᠴᠠ ᠳᠠᠪᠠᠭᠤᠯᠬᠤ ᠦᠭᠡᠢ ᠪᠠᠢ᠌ᠬᠤ ᠵᠢ ᠪᠠᠳᠤᠯᠠᠬᠤ ᠭᠡᠷᠡᠭᠳᠡᠢ᠃ ᠠ᠋ᠨᠡ ᠬᠦ᠌ ᠠᠰᠠᠭᠤᠳᠠᠯ ᠳᠡᠭᠡᠷ᠎ᠡ ᠠ᠋ᠳ᠋᠎ᠤᠨ ᠵᠠᠰᠠᠭ᠎ᠤᠨ ᠰᠠᠯᠠᠭ᠎ᠠ ᠮᠦᠴᠢᠷ᠎ᠨᠢ ᠠ᠋ᠷᠭᠡᠪᠰᠢ ᠠ᠋ᠷᠡᠰ ᠴᠢᠩᠭ᠎ᠠ ᠬᠠᠷᠢᠭᠤᠴᠠᠨ᠂ ᠬᠠᠷᠠᠮᠨᠠᠬᠤ ᠭᠠᠵᠠᠷ᠎ᠲᠤ᠎ᠨᠢ ᠬᠠᠷᠠᠮᠨᠠᠵᠤ᠂ ᠠᠷᠪᠢᠯᠠᠬᠤ ᠭᠠᠵᠠᠷ᠎ᠲᠤ᠎ᠨᠢ ᠰᠤᠬᠤᠷ ᠵᠤᠭᠤᠰ ᠴᠤ᠌ ᠭᠠᠷᠭ᠋ᠠᠬᠤ ᠦᠭᠡᠢ ᠪᠠᠢ᠌ᠬᠤ ᠭᠡᠷᠡᠭᠳᠡᠢ ᠭᠡᠵᠤ ᠭᠡᠯᠡᠪᠡ᠃


ᠢᠷᠡᠯᠲᠡ᠄
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠦᠬᠦ ᠭᠡᠰᠢᠬᠦᠳ᠎ᠤᠨ ᠬᠤᠷᠠᠯ ᠬᠢᠵᠤ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ (ᠰᠠᠨᠠᠯ ᠬᠤᠷᠢᠶᠠᠬᠤ ᠨᠤᠤᠷᠠᠭ)》᠎ᠢ ᠶᠠᠷᠢᠯᠴᠠᠪᠠ
ᠯᠢ ᠺᠸ ᠴᠢᠶᠠᠩ᠄ ᠵᠠᠰᠠᠭ᠎ᠤᠨ ᠤᠷᠳᠤᠨ᠎ᠤ ᠪᠡᠯᠡ ᠤᠷᠤᠭᠤᠯᠤᠭᠰᠠᠨ ᠳᠦᠷᠦᠯ ᠵᠦᠢ᠍ᠯ᠎ᠤᠨ ᠬᠦᠯᠦᠰᠤᠨ ᠠᠵᠢᠯᠲᠠᠨ᠎ᠳᠤ ᠦᠷᠢᠳᠦᠭᠰᠡᠨ ᠴᠠᠯᠢᠩ ᠬᠦᠯᠦᠰᠤ ᠵᠢ ᠤᠷᠢᠳᠠᠪᠠᠷ ᠴᠡᠪᠡᠷᠯᠡᠬᠦ ᠭᠡᠷᠡᠭᠳᠡᠢ ᠭᠡᠪᠡ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠢᠵᠤ ᠪᠠᠭ᠎ᠠ ᠵᠢᠵᠢᠭ ᠠᠵᠤ ᠠᠬᠤᠢ᠌ᠯᠠᠯ᠎ᠳᠤ ᠴᠢᠭᠯᠡᠬᠦᠯᠦᠭᠰᠡᠨ ᠨᠡᠢ᠌ᠳᠡᠮ ᠬᠠᠷᠠᠭ᠋ᠠᠯᠵᠠᠯ᠎ᠤᠨ ᠴᠢᠨᠠᠷᠳᠠᠢ ᠭᠠᠢ᠌ᠯᠢ ᠬᠠᠰᠤᠬᠤ ᠳᠤᠬᠠᠢ ᠨᠢᠭᠡ ᠪᠦᠯᠦᠭ ᠠᠷᠭ᠎ᠠ ᠭᠡᠮᠵᠢᠶ᠎ᠡ ᠵᠢ ᠨᠡᠮᠡᠵᠤ ᠳᠤᠭᠳᠠᠭ᠋ᠠᠵᠠᠢ
ᠠᠷᠠᠳ᠎ᠤᠨ ᠶᠠᠪᠤᠳᠠᠯ᠎ᠤᠨ ᠳᠤᠭ᠎ᠠ ᠪᠦᠷᠢᠳᠭᠡᠯ᠎ᠤᠨ ᠠᠵᠢᠯ᠎ᠤᠨ ᠦᠭᠡᠷᠡᠴᠢᠯᠡᠯᠳᠡ ᠬᠢᠭᠡᠳ ᠰᠢᠨ᠎ᠠ ᠵᠢ ᠠ᠋ᠬᠦᠳᠤᠨ ᠬᠦᠭᠵᠢᠬᠦᠯᠬᠦ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠰᠤᠭ᠋ᠠᠢ
ᠬᠦᠯᠦᠨ ᠨᠦᠬᠦᠷ᠎ᠤᠨ ᠪᠦᠬᠦ ᠣᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ 《ᠬᠤᠶᠠᠷ ᠬᠠᠷᠢᠭᠤᠴᠠᠯᠭ᠎ᠠ》 ᠵᠢ ᠠᠬᠢᠭᠤᠯᠬᠤ ᠬᠤᠷᠠᠯ ᠲᠡᠭᠡᠷᠡᠬᠢ ᠶᠠᠷᠢᠶ᠎ᠠ (ᠳᠣᠪᠴᠢᠯᠠᠯ)
 
            