ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠢ ᠺᠸ ᠴᠢᠶᠠᠩ ᠺᠠᠮᠪᠤᠵᠠ ᠵᠢᠨ ᠳᠡᠷᠢᠬᠦᠨ ᠰᠠᠢ᠌ᠳ ᠬᠤᠩᠰᠸᠨ᠎ᠲᠠᠢ ᠠᠭᠤᠯᠵᠠᠨ ᠶᠡᠷᠢᠯᠴᠠᠪᠠ
ᠨᠡᠶᠢᠲᠡᠯᠡᠭᠰᠡᠨ ᠴᠠᠭ᠄ 2019-01-25


      ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ 1 ᠳ᠋ᠤᠭᠡᠷ ᠰᠠᠷ᠎ᠠ ᠵᠢᠨ 22᠎ᠤᠨ ᠠ᠋ᠳᠤᠷ ᠠᠷᠠᠳ᠎ᠤᠨ ᠶᠡᠭᠡ ᠬᠤᠷᠠᠯ᠎ᠤᠨ ᠳᠢᠩᠬᠢᠮ᠎ᠳᠤ ᠳᠤᠮᠳᠠᠳᠤ ᠤᠯᠤᠰ᠎ᠲᠤ ᠳᠦᠷᠦ ᠵᠢᠨ ᠶᠠᠪᠤᠳᠠᠯ᠎ᠤᠨ ᠠᠢ᠌ᠯᠴᠢᠯᠠᠯᠳᠠ ᠬᠢᠬᠦ᠎ᠪᠠᠷ ᠢᠷᠡᠭᠰᠡᠨ ᠺᠠᠮᠪᠤᠵᠠ ᠵᠢᠨ ᠳᠡᠷᠢᠬᠦᠨ ᠰᠠᠢ᠌ᠳ ᠬᠤᠩᠰᠸᠨ᠎ᠲᠠᠢ ᠠᠭᠤᠯᠵᠠᠨ ᠶᠠᠷᠢᠯᠴᠠᠵᠠᠢ᠃
      ᠯᠢ ᠺᠸ ᠴᠢᠶᠠᠩ᠂ ᠳᠤᠮᠳᠠᠳᠤ ᠺᠠᠮᠪᠤᠵᠠ ᠵᠢᠨ ᠤᠯᠠᠮᠵᠢᠯᠠᠯᠳᠤ ᠨᠦᠬᠦᠷᠯᠡᠯ ᠬᠦᠨ ᠵᠤᠵᠠᠭ᠋ᠠᠨ᠂ ᠬᠤᠶᠠᠷ ᠤᠯᠤᠰ᠎ᠤᠨ ᠬᠠᠷᠢᠴᠠᠭ᠎ᠠ ᠬᠢᠭᠡᠳ ᠬᠠᠮᠳᠤᠷᠠᠯᠴᠠᠭ᠎ᠠ ᠤᠷᠳᠤ ᠬᠤᠭᠤᠴᠠᠭ᠎ᠠ᠎ᠪᠠᠷ ᠬᠦᠭᠵᠢᠵᠤ᠂ ᠳᠤᠮᠳᠠᠳᠤ ᠺᠠᠮᠪᠤᠵᠠ ᠵᠢᠨ ᠨᠦᠬᠦᠷᠯᠡᠯ ᠬᠤᠶᠠᠷ ᠤᠯᠤᠰ᠎ᠤᠨ ᠠᠷᠠᠳ ᠳᠦᠮᠡᠨ᠎ᠤ ᠰᠡᠳᠬᠢᠯ᠎ᠳᠤ ᠬᠦᠨ ᠦᠨᠳᠦᠰᠤ ᠬᠠᠳᠬᠤᠭᠰᠠᠨ ᠶᠤᠮ᠃ ᠦᠴᠦᠭᠡᠳᠤᠷ ᠳᠡᠷᠢᠬᠦᠯᠡᠭᠴᠢ ᠰᠢ ᠵᠢᠨ ᠫᠢᠩ ᠳᠠᠠ᠎ᠲᠠᠢ ᠳᠤᠳᠤᠨᠤ᠎ᠪᠠᠷ ᠠᠭᠤᠯᠵᠠᠵᠤ ᠶᠠᠷᠢᠯᠴᠠᠪᠠ᠃ ᠳᠤᠮᠳᠠᠳᠤ ᠵᠢᠨ᠎ᠬᠢᠨ ᠳᠤᠷᠠᠳᠠᠶ᠎ᠠ ᠺᠠᠮᠪᠤᠵᠠ᠎ᠲᠠᠢ ᠬᠠᠮᠳᠤ᠎ᠪᠠᠷ ᠴᠢᠷᠮᠠᠢ᠌ᠵᠤ᠂ ᠬᠠᠷᠢᠯᠴᠠᠨ ᠬᠦᠨᠳᠦᠳᠭᠡᠬᠦ᠂ ᠬᠠᠷᠢᠯᠴᠠᠨ ᠠ᠋ᠷᠭᠡ ᠳᠡᠭᠰᠢ ᠪᠠᠢ᠌ᠬᠤ᠂ ᠬᠠᠷᠢᠯᠴᠠᠨ ᠠᠰᠢᠭ᠎ᠲᠠᠢ ᠬᠠᠮᠳᠤ᠎ᠪᠠᠷ ᠠᠰᠢᠭ ᠬᠦᠷᠳᠡᠬᠦ ᠵᠤᠷᠢᠭ ᠰᠠᠨᠠᠭ᠎ᠠ᠎ᠪᠠᠷ ᠳᠤᠮᠳᠠᠳᠤ ᠺᠠᠮᠪᠤᠵᠠ ᠵᠢᠨ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ᠎ᠳᠤ ᠰᠢᠨ᠎ᠠ ᠬᠦᠴᠦᠨ ᠨᠡᠮᠡᠷᠢᠯᠡᠨ᠎ᠡ ᠭᠡᠵᠤ ᠢᠯᠡᠷᠭᠡᠢ᠌ᠯᠡᠪᠡ᠃
      ᠯᠢ ᠺᠸ ᠴᠢᠶᠠᠩ᠂ ᠳᠤᠮᠳᠠᠳᠤ ᠤᠯᠤᠰ᠎ᠤᠨ᠎ᠬᠢᠨ ᠺᠠᠮᠪᠤᠵᠠ ᠵᠢᠨ ᠤᠯᠤᠰ᠎ᠤᠨ ᠵᠶ᠋ᠡᠨ ᠪᠠᠢ᠌ᠳᠠᠯ᠎ᠳᠤ ᠳᠤᠬᠢᠷᠠᠭᠰᠠᠨ ᠬᠦᠭᠵᠢᠯᠳᠡ ᠵᠢᠨ ᠵᠠᠮ ᠵᠶ᠋ᠡᠷ ᠵᠠᠮᠨᠠᠬᠤ ᠵᠢ ᠳᠡᠮᠵᠢᠨ᠂ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠵᠢ ᠺᠠᠮᠪᠤᠵᠠ ᠵᠢᠨ ᠬᠦᠭᠵᠢᠯᠳᠡ ᠵᠢᠨ ᠪᠠᠢ᠌ᠯᠳᠤᠬᠤ ᠪᠤᠳᠤᠯᠭ᠎ᠠ᠎ᠳᠤ ᠨᠡᠩ ᠰᠠᠢ᠌ᠨ ᠵᠶ᠋ᠡᠷ ᠠᠪᠴᠠᠯᠳᠤᠭᠤᠯᠵᠤ᠂ ᠳᠤᠮᠳᠠᠳᠤ ᠤᠯᠤᠰ᠎ᠤᠨ ᠠᠵᠤ ᠠᠬᠤᠢ᠌ᠯᠠᠯ᠎ᠤᠨ ᠺᠠᠮᠪᠤᠵᠠ ᠵᠢᠨ ᠦᠢ᠍ᠯᠡᠳᠪᠤᠷᠢᠯᠡᠯ᠎ᠤᠨ ᠴᠢᠳᠠᠪᠬᠢ᠂ ᠵᠠᠮ ᠬᠠᠷᠢᠯᠴᠠᠭ᠎ᠠ᠂ ᠴᠠᠬᠢᠯᠭ᠋ᠠᠨ ᠬᠦᠴᠦᠨ ᠵᠡᠷᠭᠡ ᠰᠠᠭᠤᠷᠢ ᠪᠦᠳᠦᠭᠡᠨ ᠪᠠᠢ᠌ᠭᠤᠯᠤᠯᠳᠠ ᠪᠤᠯᠤᠨ ᠡᠵᠡᠩᠨᠡᠯᠳᠡ ᠵᠢᠨ ᠠᠵᠢᠯᠯᠠᠭ᠎ᠠ᠎ᠳᠤ ᠤᠷᠤᠯᠴᠠᠬᠤ ᠵᠢ ᠳᠡᠮᠵᠢᠨ᠎ᠡ᠂ ᠺᠠᠮᠪᠤᠵᠠ ᠵᠢᠨ ᠳᠠᠯ᠎ᠠ᠎ᠠᠴᠠ ᠳᠦᠬᠦᠮ ᠦᠵᠡᠬᠦᠯᠬᠦ ᠵᠢ ᠬᠦᠰᠡᠵᠤ ᠪᠠᠢ᠌ᠨ᠎ᠠ᠃ ᠬᠤᠶᠠᠷ ᠳᠠᠯ᠎ᠠ᠎ᠪᠠᠷ ᠵᠶ᠋ᠡᠨ ᠬᠠᠮᠳᠤ᠎ᠪᠠᠷ ᠴᠢᠷᠮᠠᠢ᠌ᠨ ᠰᠢᠬᠠᠨᠤᠺᠸ ᠭᠠᠷᠠᠮ᠎ᠤᠨ ᠠᠵᠤ ᠠᠬᠤᠢ ᠵᠢᠨ ᠤᠨᠴᠠᠭ᠋ᠠᠢ ᠤᠷᠤᠨ ᠵᠡᠷᠭᠡ ᠭᠤᠤᠯᠳᠠᠯᠭ᠎ᠠ᠎ᠲᠠᠢ ᠳᠦᠷᠦᠯ ᠵᠦᠢ᠍ᠯ᠎ᠢ ᠰᠠᠢ᠌ᠳᠤᠷ ᠪᠦᠳᠦᠭᠡᠨ ᠪᠠᠢ᠌ᠭᠤᠯᠵᠤ᠂ 2019 ᠤᠨ᠎ᠤ 《ᠳᠤᠮᠳᠠᠳᠤ ᠺᠠᠮᠪᠤᠵᠠ ᠵᠢᠨ ᠰᠤᠶᠤᠯ ᠵᠤᠭ᠋ᠠᠴᠠᠯ᠎ᠤᠨ ᠤᠨ》᠎ᠤ ᠠᠵᠢᠯᠯᠠᠭ᠎ᠠ ᠵᠢ ᠰᠠᠢ᠌ᠳᠤᠷ ᠠ᠋ᠷᠬᠢᠯᠡᠨ᠂ ᠳᠤᠮᠳᠠᠳᠤ ᠤᠯᠤᠰ — ᠵᠡᠬᠦᠨ ᠠ᠋ᠮᠤᠨᠡᠳᠤ ᠠᠽᠢᠶ᠎ᠠ ᠵᠢᠨ ᠤᠯᠤᠰ᠎ᠤᠳ᠎ᠤᠨ ᠬᠠᠮᠳᠤᠷᠠᠯᠴᠠᠭ᠎ᠠ᠂ ᠯᠠᠨᠼᠠᠩᠵᠢᠶᠠᠩ ᠮᠦᠷᠡᠨ — ᠮᠸᠢᠭᠤᠩ ᠭᠤᠤᠯ᠎ᠤᠨ ᠬᠠᠮᠳᠤᠷᠠᠯᠴᠠᠭ᠎ᠠ ᠵᠡᠷᠭᠡ ᠳᠤᠭᠳᠠᠴᠠ ᠳᠤᠳᠤᠷᠠᠬᠢ ᠬᠠᠮᠵᠢᠯᠴᠠᠭ᠎ᠠ ᠤᠯᠤᠯᠴᠠᠭ᠎ᠠ᠎ᠪᠠᠨ ᠴᠢᠩᠭ᠋ᠠᠳᠬᠠᠨ᠎ᠠ᠃ ᠳᠤᠮᠳᠠᠳᠤ ᠵᠢᠨ᠎ᠬᠢᠨ ᠳᠤᠷᠠᠳᠠᠶ᠎ᠠ ᠺᠠᠮᠪᠤᠵᠠ ᠵᠢᠨ᠎ᠬᠢᠨ᠎ᠤ ᠬᠦᠭᠵᠢᠯᠳᠡ᠎ᠪᠠᠨ ᠳᠦᠷᠭᠡᠳᠭᠡᠵᠤ᠂ ᠠᠷᠠᠳ᠎ᠤᠨ ᠠᠮᠢᠳᠤᠷᠠᠯ ᠵᠶ᠋ᠡᠨ ᠰᠠᠢ᠌ᠵᠢᠷᠠᠭᠤᠯᠬᠤ᠎ᠳᠤ ᠦᠷᠬᠦᠯᠵᠢᠯᠡᠨ ᠳᠡᠮᠵᠢᠯᠭᠡ ᠦᠵᠡᠬᠦᠯᠦᠨ᠎ᠡ ᠭᠡᠵᠤ ᠵᠢᠭ᠋ᠠᠵᠤ ᠭᠠᠷᠭ᠋ᠠᠪᠠ᠃
      ᠬᠤᠩᠰᠸᠨ᠂ ᠳᠤᠮᠳᠠᠳᠤ ᠤᠯᠤᠰ ᠪᠤᠯ ᠺᠠᠮᠪᠤᠵᠠ ᠵᠢᠨ ᠬᠠᠮᠳᠤᠷᠠᠯᠴᠠᠠᠨ᠎ᠤ ᠬᠠᠨᠢᠳᠠᠨ ᠪᠤᠯᠤᠨ᠎ᠠ᠃ ᠺᠠᠮᠪᠤᠵᠠ ᠵᠢᠨ᠎ᠬᠢᠨ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ᠎ᠳᠤ ᠪᠠᠶᠠᠷ ᠬᠦᠷᠭᠡᠵᠤ ᠪᠠᠢ᠌ᠭ᠎ᠠ ᠪᠦᠭᠡᠳ ᠳᠤᠮᠳᠠᠳᠤ ᠤᠯᠤᠰ᠎ᠤᠨ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ᠎ᠤᠨ ᠳᠤᠷᠰᠢᠬᠢ ᠯᠤᠳᠤ ᠶᠡᠭᠡ ᠠᠮᠵᠢᠯᠳᠠ ᠪᠦᠳᠦᠮᠵᠢ᠎ᠳᠤ ᠤᠮᠤᠭᠰᠢᠵᠤ ᠪᠠᠢ᠌ᠨ᠎ᠠ᠃ ᠺᠠᠮᠪᠤᠵᠠ ᠵᠢᠨ᠎ᠬᠢᠨ ᠳᠤᠷᠠᠳᠠᠶ᠎ᠠ ᠳᠤᠮᠳᠠᠳᠤ ᠤᠯᠤᠰ᠎ᠯᠤᠭ᠎ᠠ ᠵᠢᠨ ᠨᠦᠬᠦᠷᠯᠡᠯ ᠵᠶ᠋ᠡᠨ ᠪᠠᠳᠤᠳᠬᠠᠵᠤ᠂ ᠰᠠᠭᠤᠷᠢ ᠳᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ᠂ ᠦᠢ᠍ᠯᠡᠳᠪᠤᠷᠢᠯᠡᠯ᠎ᠤᠨ ᠴᠢᠳᠠᠪᠬᠢ᠂ ᠠᠵᠤ ᠠᠬᠤᠢ ᠠᠷᠠᠯᠵᠢᠶ᠎ᠠ᠂ ᠳᠠᠷᠢᠶᠠᠯᠠᠩ᠂ ᠠᠷᠠᠳ᠎ᠤᠨ ᠠᠮᠢᠳᠤᠷᠠᠯ ᠵᠡᠷᠭᠡ ᠬᠦᠷᠢᠶ᠎ᠡ ᠴᠠᠷᠠᠭ᠎ᠠ ᠵᠢᠨ ᠬᠠᠮᠳᠤᠷᠠᠯᠴᠠᠭ᠎ᠠ᠎ᠪᠠᠨ ᠴᠢᠩᠭ᠋ᠠᠳᠬᠠᠨ᠂ ᠬᠦᠮᠦᠨ ᠰᠤᠶᠤᠯ᠎ᠤᠨ ᠰᠤᠯᠢᠯᠴᠠᠭ᠎ᠠ ᠶᠠᠪᠤᠯᠴᠠᠭ᠎ᠠ᠎ᠪᠠᠨ ᠦᠷᠭᠡᠳᠭᠡᠵᠤ᠂ ᠳᠡᠯᠡᠭᠡᠢ ᠪᠡ ᠭᠠᠵᠠᠷ ᠤᠷᠤᠨ᠎ᠤᠨ ᠭᠡᠷᠡᠭ ᠤᠴᠢᠷ᠎ᠲᠠᠬᠢ ᠬᠠᠮᠳᠤᠷᠠᠯᠴᠠᠭ᠎ᠠ᠎ᠪᠠᠨ ᠨᠢᠬᠳᠠᠷᠠᠭᠤᠯᠤᠨ᠂ ᠺᠠᠮᠪᠤᠵᠠ ᠳᠤᠮᠳᠠᠳᠤ ᠵᠢᠨ ᠪᠦᠬᠦ ᠳᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠳᠠᠨ᠎ᠤ ᠬᠠᠷᠢᠴᠠᠭ᠎ᠠ᠎ᠪᠠᠨ ᠤᠯᠠᠮ ᠵᠶ᠋ᠡᠷ ᠬᠦᠭᠵᠢᠬᠦᠯᠦᠨ᠎ᠡ ᠭᠡᠵᠤ ᠢᠯᠡᠷᠭᠡᠢ᠌ᠯᠡᠪᠡ᠃
      ᠠᠭᠤᠯᠵᠠᠨ ᠶᠠᠷᠢᠯᠴᠠᠬᠤ᠎ᠠᠴᠠ ᠠ᠋ᠮᠤᠨ᠎ᠠ᠂ ᠯᠢ ᠺᠸ ᠴᠢᠶᠠᠩ ᠠᠷᠠᠳ᠎ᠤᠨ ᠶᠡᠭᠡ ᠬᠤᠷᠠᠯ᠎ᠤᠨ ᠳᠢᠩᠬᠢᠮ᠎ᠤᠨ ᠬᠤᠢ᠌ᠳᠤ ᠶᠡᠭᠡ ᠳᠢᠩᠬᠢᠮ᠎ᠳᠤ ᠬᠤᠩᠰᠸᠨ᠎ᠢ ᠪᠠᠶᠠᠷᠯᠠᠨ ᠤᠭᠳᠤᠬᠤ ᠶᠤᠰᠤᠯᠠᠯ ᠶᠠᠪᠤᠭᠤᠯᠵᠤ᠂ ᠠᠭᠤᠯᠵᠠᠵᠤ ᠶᠠᠷᠢᠯᠴᠠᠭᠰᠠᠨ᠎ᠤ ᠳᠠᠷᠠᠭ᠎ᠠ ᠬᠤᠩᠰᠸᠨ᠎ᠲᠠᠢ ᠬᠠᠮᠳᠤ᠎ᠪᠠᠷ ᠳᠤᠮᠳᠠᠳᠤ ᠺᠠᠮᠪᠤᠵᠠ ᠬᠤᠶᠠᠷ ᠳᠠᠯ᠎ᠠ ᠵᠢᠨ ᠬᠠᠮᠳᠤᠷᠠᠯᠴᠠᠭ᠋ᠠᠨ᠎ᠤ ᠪᠢᠴᠢᠭ ᠮᠠᠲᠸᠷᠢᠶᠠᠯ᠎ᠳᠤ ᠭᠠᠷ᠎ᠤᠨ ᠦᠰᠦᠭ ᠵᠢᠷᠤᠬᠤ ᠵᠢ ᠭᠡᠷᠡᠴᠢᠯᠡᠪᠡ᠃
      ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ᠂ ᠪᠦᠬᠦ ᠤᠯᠤᠰ᠎ᠤᠨ ᠤᠯᠤᠰ ᠳᠦᠷᠦ ᠵᠢᠨ ᠵᠦᠪᠯᠡᠯᠭᠡᠨ᠎ᠤ ᠳᠡᠳ᠋ ᠳᠡᠷᠢᠬᠦᠯᠡᠭᠴᠢ ᠸᠠᠨ ᠭᠠᠩ᠂ ᠪᠦᠬᠦ ᠤᠯᠤᠰ᠎ᠤᠨ ᠤᠯᠤᠰ ᠳᠦᠷᠦ ᠵᠢᠨ ᠵᠦᠪᠯᠡᠯᠭᠡᠨ᠎ᠤ ᠳᠡᠳ᠋ ᠳᠡᠷᠢᠬᠦᠯᠡᠭᠴᠢ᠂ ᠤᠯᠤᠰ᠎ᠤᠨ ᠬᠦᠭᠵᠢᠬᠦᠯᠦᠯᠳᠡ ᠪᠡ ᠦᠭᠡᠷᠡᠴᠢᠯᠡᠯᠳᠡ ᠵᠢᠨ ᠵᠦᠪᠯᠡᠯ᠎ᠤᠨ ᠠ᠋ᠷᠬᠢᠯᠡᠭᠴᠢ ᠠ᠋ᠾᠸ ᠯᠢ ᠹᠸᠩ ᠵᠡᠷᠭᠡ ᠤᠳᠤᠷᠢᠳᠬᠤ ᠬᠦᠮᠤᠰ ᠠᠵᠢᠯᠯᠠᠭ᠎ᠠ᠎ᠳᠤ ᠤᠷᠤᠯᠴᠠᠪᠠ᠃



ᠢᠷᠡᠯᠲᠡ᠄
          
ᠬᠠᠮᠢᠶ᠎ᠡ ᠪᠦᠬᠦᠢ ᠰᠣᠨᠢᠨ
ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ 2019 ᠤᠨ᠎ᠤ ᠴᠠᠭ᠋ᠠᠨ ᠰᠠᠷ᠎ᠠ ᠵᠢ ᠤᠭᠳᠤᠬᠤ ᠳᠠᠢ᠌ᠯᠠᠯᠭ᠎ᠠ ᠬᠢᠵᠡᠢ
ᠢᠲ᠋ᠠᠯᠢ ᠵᠢᠨ ᠶᠡᠷᠦᠩᠭᠡᠢ ᠰᠠᠢ᠌ᠳ ᠺᠦᠩᠲᠸ ᠸᠠᠩ ᠢ᠎ᠲᠠᠢ ᠠᠭᠤᠯᠵᠠᠪᠠ
ᠵᠤᠤ ᠺᠸ ᡁᠢ᠄ ᠤᠯᠤᠰ ᠳᠦᠷᠦ ᠵᠢᠨ ᠰᠡᠷᠡᠮᠵᠢᠯᠡᠬᠦᠯᠦᠯ᠎ᠢ ᠪᠠᠷᠢᠮᠳᠠᠯᠠᠨ ᠰᠤᠷᠳᠠᠯ᠎ᠢ ᠳᠦᠪ ᠪᠤᠯᠭ᠋ᠠᠨ ᠰᠠᠬᠢᠯᠭ᠎ᠠ ᠪᠠᠳᠤ ᠵᠢ ᠴᠢᠩᠭ᠋ᠠᠳᠬᠠᠵᠤ ᠰᠢᠨ᠎ᠠ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ᠎ᠳᠤ ᠠᠮᠤᠷ ᠳᠦᠪᠰᠢᠨ᠎ᠤ ᠪᠠᠳᠤᠯᠠᠭ᠎ᠠ ᠬᠠᠩᠭ᠋ᠠᠬᠤ ᠭᠡᠷᠡᠭᠳᠡᠢ ᠭᠡᠪᠡ
ᠸᠸᠢ ᠹᠸᠩ ᠠ᠋ᠾᠸ ᠹᠢᠯᠢᠫᠢᠨ᠎ᠤ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ᠎ᠤ ᠳᠡᠳ᠋ ᠰᠠᠢ᠌ᠳ᠎ᠲᠠᠢ ᠠᠭᠤᠯᠵᠠᠪᠠ
ᠸᠠᠩ ᠢ ᠳᠤᠮᠳᠠᠳᠤ ᠹᠷᠡᠨᠼᠢ ᠵᠢᠨ ᠭᠠᠳᠠᠭ᠋ᠠᠳᠤ ᠬᠠᠷᠢᠴᠠᠭ᠎ᠠ ᠪᠠᠢ᠌ᠭᠤᠯᠤᠭᠰᠠᠨ 55 ᠵᠢᠯ᠎ᠤᠨ ᠤᠢ ᠵᠢ ᠳᠤᠷᠠᠰᠬᠠᠬᠤ ᠠᠵᠢᠯᠯᠠᠭ᠎ᠠ ᠠ᠋ᠬᠢᠯᠡᠬᠦ ᠶᠤᠰᠤᠯᠠᠯ᠎ᠳᠤ ᠤᠷᠤᠯᠴᠠᠪᠠ
 
            