1 ᠳ᠋ᠤᠭᠡᠷ ᠰᠠᠷ᠎ᠠ ᠵᠢᠨ 25᠎ᠤ ᠠ᠋ᠳᠤᠷ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ᠎ᠤ ᠰᠠᠢ᠌ᠳ ᠸᠸᠢ ᠹᠸᠩ ᠠ᠋ᠾᠸ 《8.1》 ᠶᠡᠭᠡ ᠠᠰᠠᠷ᠎ᠲᠤ ᠹᠢᠯᠢᠫᠢᠨ᠎ᠤ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ᠎ᠤ ᠳᠡᠳ᠋ ᠰᠠᠢ᠌ᠳ ᠯᠤ᠌ ᠨᠠᠲᠠᠢ ᠠᠭᠤᠯᠵᠠᠪᠠ᠃
ᠸᠸᠢ ᠹᠸᠩ ᠠ᠋ᠾᠸ᠂ ᠤᠢ᠌ᠷ᠎ᠠ ᠵᠢᠨ ᠵᠢᠯ᠎ᠠᠴᠠ ᠳᠤᠮᠳᠠᠳᠤ ᠹᠢᠯᠢᠫᠢᠨ᠎ᠤ ᠬᠠᠷᠢᠴᠠᠭ᠎ᠠ ᠤᠯᠠᠮ ᠵᠶ᠋ᠡᠷ ᠪᠡᠬᠢᠵᠢᠨ ᠬᠦᠭᠵᠢᠪᠡ᠃ ᠳᠤᠮᠳᠠᠳᠤ ᠤᠯᠤᠰ᠎ᠤᠨ ᠴᠡᠷᠢᠭ ᠠᠩᠬᠢ ᠳᠤᠷᠠᠳᠠᠶ᠎ᠠ ᠹᠢᠯᠢᠫᠢᠨ᠎ᠲᠠᠢ ᠬᠠᠮᠳᠤ᠎ᠪᠠᠷ ᠬᠤᠶᠠᠷ ᠤᠯᠤᠰ᠎ᠤᠨ ᠤᠳᠤᠷᠢᠳᠬᠤ ᠬᠦᠮᠦᠨ᠎ᠤ ᠬᠠᠮᠳᠤ ᠵᠢᠨ ᠳᠠᠨᠢᠯᠳᠠ ᠵᠢ ᠨᠠᠢ᠌ᠳᠠᠪᠤᠷᠢᠵᠢᠭᠤᠯᠤᠨ᠂ ᠵᠦᠪ ᠴᠢᠭᠯᠡᠯ᠎ᠢ ᠪᠠᠷᠢᠮᠳᠠᠯᠠᠵᠤ᠂ ᠪᠤᠳᠠᠳᠠᠢ ᠵᠢ ᠠ᠋ᠷᠬᠢᠮᠯᠡᠭᠰᠡᠨ ᠬᠠᠮᠳᠤᠷᠠᠯᠴᠠᠭ᠎ᠠ ᠵᠢ ᠠᠬᠢᠭᠤᠯᠤᠨ᠂ ᠤᠯᠠᠨ ᠳᠠᠯ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠵᠦᠷᠢᠴᠡᠯ ᠮᠦᠷᠬᠦᠯᠳᠦᠭᠡᠨᠢ ᠳᠤᠬᠢᠳᠠᠢ ᠰᠢᠢ᠍ᠳᠪᠤᠷᠢᠯᠡᠨ᠂ ᠬᠤᠶᠠᠷ ᠤᠯᠤᠰ᠎ᠤᠨ ᠴᠡᠷᠢᠭ᠎ᠤᠨ ᠶᠠᠪᠤᠳᠠᠯ᠎ᠤᠨ ᠬᠠᠮᠳᠤᠷᠠᠯᠴᠠᠭ᠎ᠠ ᠵᠢ ᠬᠦᠨᠵᠡᠭᠡᠢ᠌ᠷᠡᠬᠦᠯᠦᠨ ᠬᠦᠭᠵᠢᠬᠦᠯᠵᠤ᠂ ᠭᠠᠵᠠᠷ ᠤᠷᠤᠨ᠎ᠤ ᠠᠮᠤᠷ ᠳᠦᠪᠰᠢᠨ᠎ᠢ ᠬᠠᠮᠠᠭ᠋ᠠᠯᠠᠬᠤ᠎ᠳᠤ ᠬᠤᠪᠢ ᠨᠡᠮᠡᠷᠢ ᠦᠵᠡᠬᠦᠯᠦᠨ᠎ᠡ ᠭᠡᠵᠤ ᠭᠡᠯᠡᠪᠡ᠃
ᠯᠤ᠌ ᠨᠠ᠂ ᠹᠢᠯᠢᠫᠢᠨ᠎ᠤ᠎ᠬᠢᠨ ᠳᠤᠮᠳᠠᠳᠤ᠎ᠯᠤᠭ᠎ᠠ ᠬᠠᠷᠢᠴᠠᠭ᠎ᠠ᠎ᠪᠠᠨ ᠬᠦᠭᠵᠢᠬᠦᠯᠬᠦ ᠵᠢ ᠴᠢᠬᠤᠯᠠᠴᠢᠯᠠᠳᠠᠭ᠃ ᠳᠤᠷᠠᠳᠠᠶ᠎ᠠ ᠳᠤᠮᠳᠠᠳᠤ ᠵᠢᠨ᠎ᠬᠢᠨ᠎ᠲᠠᠢ ᠬᠠᠷᠢᠴᠠᠭ᠎ᠠ ᠶᠠᠪᠤᠯᠴᠠᠭ᠎ᠠ᠎ᠪᠠᠨ ᠴᠢᠩᠭ᠋ᠠᠳᠬᠠᠵᠤ ᠬᠤᠶᠠᠷ ᠤᠯᠤᠰ᠎ᠤᠨ ᠴᠡᠷᠢᠭ᠎ᠤᠨ ᠶᠠᠪᠤᠳᠠᠯ᠎ᠤᠨ ᠬᠠᠷᠢᠴᠠᠭ᠎ᠠ᠎ᠪᠠᠨ ᠠ᠋ᠷᠡᠬᠦᠯ ᠳᠤᠭᠳᠠᠭᠤᠨ ᠵᠶ᠋ᠡᠷ ᠬᠦᠭᠵᠢᠬᠦᠯᠦᠨ᠎ᠠ ᠭᠡᠵᠤ ᠭᠡᠯᠡᠪᠡ᠃