ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠤ᠌ ᠴᠦᠨ ᠬᠤᠸᠠ ᠬᠦᠯᠦᠰᠤᠨ ᠠᠵᠢᠯᠲᠠᠨ᠎ᠤ ᠠᠵᠢᠯ᠎ᠢ ᠰᠠᠢ᠌ᠳᠤᠷ ᠬᠢᠵᠤ ᠬᠦᠯᠦᠰᠤᠨ ᠠᠵᠢᠯᠲᠠᠨ᠎ᠳᠤ ᠴᠠᠯᠢᠩ ᠬᠦᠯᠦᠰᠤ ᠦᠷᠢᠳᠤᠵᠤ ᠪᠠᠢ᠌ᠭ᠎ᠠ ᠠᠰᠠᠭᠤᠳᠠᠯ᠎ᠢ ᠬᠦᠴᠦ ᠳᠠᠯᠪᠢᠨ ᠰᠢᠢ᠍ᠳᠪᠤᠷᠢᠯᠡᠬᠦ ᠭᠡᠷᠡᠭᠳᠡᠢ ᠭᠡᠪᠡ
ᠨᠡᠶᠢᠲᠡᠯᠡᠭᠰᠡᠨ ᠴᠠᠭ᠄ 2019-01-16

               
    ᠳᠦᠷᠦ ᠵᠢᠨ ᠶᠠᠪᠤᠳᠠᠯ᠎ᠤᠨ ᠬᠤᠷᠢᠶᠠᠨ᠎ᠤ ᠬᠦᠯᠦᠰᠤᠨ ᠠᠵᠢᠯᠲᠠᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠵᠢᠴᠢ ᠬᠦᠯᠦᠰᠤᠨ ᠠᠵᠢᠯᠲᠠᠨ᠎ᠤ ᠴᠠᠯᠢᠩ ᠤᠯᠭᠤᠮᠵᠢ ᠵᠢ ᠪᠠᠳᠤᠯᠠᠬᠤ ᠲᠸᠯᠸᠢᠰ ᠤᠳᠠᠰᠤᠳᠤ ᠬᠤᠷᠠᠯ 11᠎ᠤ ᠠ᠋ᠳᠤᠷ ᠪᠡᠭᠡᠵᠢᠩ᠎ᠳᠤ ᠬᠤᠷᠠᠯᠳᠤᠵᠤ᠂ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠳᠤᠪᠴᠢᠶᠠᠨ᠎ᠤ ᠭᠡᠰᠢᠬᠦᠨ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠠᠷᠦᠩᠭᠡᠢ ᠰᠠᠢ᠌ᠳ ᠬᠤ᠌ ᠴᠦᠨ ᠬᠤᠸᠠ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠵᠠᠢ᠃
      ᠬᠤ᠌ ᠴᠦᠨ ᠬᠤᠸᠠ᠂ ᠤᠳᠤ᠎ᠠᠴᠠ 2020 ᠤᠨ ᠪᠤᠯᠳᠠᠯ᠎ᠠ ᠬᠦᠯᠦᠰᠤᠨ ᠠᠵᠢᠯᠲᠠᠨ᠎ᠤ ᠴᠠᠯᠢᠩ ᠬᠦᠯᠦᠰᠤ ᠵᠢ ᠦᠨᠳᠦᠰᠤᠨ᠎ᠳᠤ᠎ᠪᠠᠨ ᠦᠷᠢᠳᠦᠬᠦ ᠦᠭᠡᠢ᠎ᠪᠠᠷ ᠬᠠᠷᠠᠯᠳᠠ ᠪᠤᠯᠭ᠋ᠠᠵᠤ᠂ ᠤᠳᠤᠬᠠᠨ᠎ᠤ ᠦᠷᠢᠳᠤᠵᠤ ᠪᠠᠢ᠌ᠭ᠎ᠠ ᠪᠠᠢ᠌ᠳᠠᠯ᠎ᠢ ᠨᠠᠷᠢᠨ ᠨᠢᠮᠪᠠᠢ ᠪᠠᠢ᠌ᠴᠠᠭ᠋ᠠᠨ᠂ ᠭᠤᠤᠯᠳᠠᠯᠭ᠎ᠠ᠎ᠲᠠᠢ ᠪᠦᠳᠦᠭᠡᠨ ᠪᠠᠢ᠌ᠭᠤᠯᠤᠯᠳᠠ ᠵᠢᠨ ᠬᠦᠷᠢᠶ᠎ᠡ ᠴᠠᠷᠠᠭ᠎ᠠ᠎ᠳᠤ ᠬᠠᠤᠯᠢ ᠭᠡᠷᠡᠭᠵᠢᠬᠦᠯᠬᠦ᠎ᠪᠠᠨ ᠴᠢᠩᠭ᠋ᠠᠷᠠᠭᠤᠯᠵᠤ᠂ ᠨᠡᠢ᠌ᠭᠡᠮ᠎ᠤᠨ ᠠᠮᠤᠷ ᠳᠤᠭᠳᠠᠭᠤᠨ᠎ᠢ ᠬᠠᠮᠠᠭ᠋ᠠᠯᠠᠬᠤ ᠭᠡᠷᠡᠭᠳᠡᠢ᠃ ᠴᠠᠭ᠋ᠠᠨ ᠰᠠᠷ᠎ᠠ᠎ᠠᠴᠠ ᠠ᠋ᠮᠤᠨ᠎ᠡ ᠦᠷᠢᠳᠤᠵᠤ ᠪᠠᠢ᠌ᠭ᠎ᠠ ᠴᠠᠯᠢᠩ ᠬᠦᠯᠦᠰᠤ ᠵᠢ᠎ᠨᠢ ᠣᠯᠭᠣᠬᠤ ᠠᠵᠢᠯ᠎ᠢ ᠯᠠᠪᠳᠠᠭᠤᠨ ᠬᠢᠵᠤ᠂ ᠦᠷᠭᠡᠨ ᠤᠯᠠᠨ ᠬᠦᠯᠦᠰᠤᠨ ᠠᠵᠢᠯᠲᠠᠨ᠎ᠢ ᠪᠠᠶᠠᠷ ᠵᠢᠷᠭ᠋ᠠᠯ᠎ᠲᠠᠢ ᠰᠢᠨᠡᠯᠡᠬᠦᠯᠬᠦ ᠭᠡᠷᠡᠭᠳᠡᠢ ᠭᠡᠵᠤ ᠵᠢᠭ᠋ᠠᠵᠤ ᠭᠠᠷᠭ᠋ᠠᠪᠠ᠃
      ᠬᠤ᠌ ᠴᠦᠨ ᠬᠤᠸᠠ᠂ ᠤᠳᠤᠬᠠᠨ᠎ᠳᠤ ᠮᠠᠨ᠎ᠤ ᠤᠯᠤᠰ᠎ᠤᠨ ᠬᠦᠭᠵᠢᠯᠲᠡ ᠳᠦᠢ᠍ᠯ᠎ᠤᠨ ᠪᠤᠳᠤᠯᠢᠶᠠᠨᠳᠠᠢ ᠪᠠᠢ᠌ᠳᠠᠯ᠎ᠳᠤ ᠳᠤᠯᠭ᠋ᠠᠷᠠᠵᠤ᠂ ᠬᠦᠯᠦᠰᠤᠨ ᠠᠵᠢᠯᠲᠠᠨ᠎ᠤ ᠠᠵᠢᠯ᠎ᠢ ᠰᠠᠢ᠌ᠳᠤᠷ ᠬᠢᠬᠦ ᠵᠢᠨ ᠴᠢᠬᠤᠯᠠ ᠴᠢᠨᠠᠷ ᠨᠡᠩ ᠳᠤᠪᠤᠢ᠌ᠮ᠎ᠠ ᠪᠤᠯᠪᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠎ᠤᠨ᠎ᠬᠢᠨ ᠦᠨᠡᠨ ᠬᠦ᠌ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠡᠯ᠎ᠡ ᠵᠦᠢ᠍ᠯ᠎ᠤᠨ ᠪᠠᠢ᠌ᠷᠢᠯᠠᠭᠤᠯᠤᠯᠳᠠ ᠵᠢ ᠦᠨᠡᠨ ᠬᠦ᠌ ᠨᠠᠢ᠌ᠳᠠᠪᠤᠷᠢᠵᠢᠭᠤᠯᠬᠤ ᠭᠡᠷᠡᠭᠳᠡᠢ᠃ ᠨᠡᠩ ᠤᠯᠠᠨ ᠪᠤᠳᠠᠳᠠᠢ ᠠᠷᠭ᠎ᠠ ᠭᠡᠮᠵᠢᠶ᠎ᠡ ᠠᠪᠴᠤ ᠠᠵᠤ ᠠᠬᠤᠢ᠌ᠯᠠᠯ᠎ᠤᠨ ᠦᠢ᠍ᠯᠡᠳᠪᠤᠷᠢᠯᠡᠯ ᠡᠵᠡᠩᠨᠡᠯᠳᠡ ᠵᠢ ᠳᠤᠭᠳᠠᠪᠤᠷᠢᠵᠢᠭᠤᠯᠬᠤ᠂ ᠨᠡᠩ ᠤᠯᠠᠨ ᠬᠦᠮᠦᠨ᠎ᠳᠤ ᠠᠵᠢᠯ ᠤᠯᠬᠤ ᠵᠠᠪᠰᠢᠶᠠᠨ ᠤᠯᠭᠤᠬᠤ᠂ ᠬᠦᠯᠦᠰᠤᠨ ᠠᠵᠢᠯᠲᠠᠨ᠎ᠤ ᠨᠤᠳᠤᠭ᠎ᠲᠤ᠎ᠪᠠᠨ ᠪᠤᠴᠠᠵᠤ ᠦᠢ᠍ᠯᠡᠰ ᠪᠦᠳᠦᠭᠡᠬᠦ ᠵᠢ ᠳᠡᠮᠵᠢᠬᠦ᠂ ᠳᠤᠬᠠᠢ᠌ᠯᠠᠭᠰᠠᠨ ᠠᠵᠢᠯ ᠮᠡᠷᠭᠡᠵᠢᠯ᠎ᠤᠨ ᠪᠤᠯᠪᠠᠰᠤᠷᠠᠯ᠎ᠢ ᠴᠢᠩᠭ᠋ᠠᠳᠬᠠᠬᠤ ᠵᠡᠷᠭᠡ᠎ᠪᠠᠷ ᠳᠠᠮᠵᠢᠭᠤᠯᠤᠨ᠂ ᠬᠦᠯᠦᠰᠤᠨ ᠠᠵᠢᠯᠲᠠᠨ᠎ᠤ ᠠᠵᠢᠯ ᠤᠯᠵᠤ ᠦᠢ᠍ᠯᠡᠰ ᠪᠦᠳᠦᠭᠡᠬᠦ ᠵᠢ ᠠᠬᠢᠭᠤᠯᠵᠤ᠂ ᠳᠤᠭᠳᠠᠭᠤᠨ ᠠᠵᠢᠯ ᠤᠯᠭᠤᠯᠳᠠ᠎ᠳᠤ ᠰᠠᠢ᠌ᠨ ᠰᠠᠭᠤᠷᠢ ᠳᠠᠯᠪᠢᠬᠤ ᠭᠡᠷᠡᠭᠳᠡᠢ᠃ ᠬᠤᠯᠪᠤᠭᠳᠠᠯ ᠪᠦᠬᠦᠢ ᠠᠷᠭ᠎ᠠ ᠭᠡᠮᠵᠢᠶ᠎ᠡ᠎ᠪᠠᠨ ᠳᠡᠬᠦᠯᠳᠡᠷᠵᠢᠬᠦᠯᠦᠨ ᠨᠠᠢ᠌ᠳᠠᠪᠤᠷᠢᠵᠢᠭᠤᠯᠵᠤ᠂ ᠬᠤᠳᠠ ᠪᠠᠯᠭ᠋ᠠᠰᠤᠨ᠎ᠳᠤ ᠠᠵᠢᠯ ᠣᠯᠤᠭᠰᠠᠨ ᠬᠦᠯᠦᠰᠤᠨ ᠠᠵᠢᠯᠲᠠᠨ᠎ᠤ ᠠ᠋ᠷᠦᠭᠡ ᠠᠮᠠᠨ ᠳᠤᠭ᠎ᠠ ᠵᠢ ᠰᠢᠢ᠍ᠳᠪᠤᠷᠢᠯᠡᠬᠦ᠂ ᠬᠦᠯᠦᠰᠤᠨ ᠠᠵᠢᠯᠲᠠᠨ᠎ᠤ ᠦᠷ᠎ᠡ ᠭᠡᠤᠭᠡᠳ᠎ᠢ ᠬᠤᠳᠠ ᠵᠢᠨ ᠭᠡᠤᠭᠡᠳ᠎ᠲᠠᠢ ᠠᠳᠠᠯᠢ ᠳᠡᠭᠰᠢ ᠰᠤᠷᠭ᠋ᠠᠨ ᠬᠦᠮᠦᠵᠢᠯ ᠬᠦᠷᠳᠡᠬᠦ ᠵᠢ ᠪᠠᠳᠤᠯᠠᠬᠤ᠂ ᠬᠦᠯᠦᠰᠤᠨ ᠠᠵᠢᠯᠲᠠᠨ᠎ᠤ ᠨᠡᠢ᠌ᠭᠡᠮ᠎ᠤᠨ ᠪᠠᠳᠤᠯᠠᠪᠤᠷᠢ᠎ᠳᠤ ᠤᠷᠤᠬᠤ ᠵᠢ ᠠᠬᠢᠭᠤᠯᠬᠤ᠂ ᠬᠦᠯᠦᠰᠤᠨ ᠠᠵᠢᠯᠲᠠᠨ᠎ᠢ ᠵᠢᠯᠤᠭᠤᠳᠤᠨ ᠨᠡᠢ᠌ᠭᠡᠮ ᠳᠤᠭᠤᠷᠢᠭ᠎ᠤᠨ ᠠᠵᠢᠯᠯᠠᠭ᠎ᠠ ᠪᠤᠯᠤᠨ ᠨᠡᠢ᠌ᠭᠡᠮ᠎ᠤᠨ ᠵᠠᠰᠠᠯᠳᠠ᠎ᠳᠤ ᠤᠷᠤᠯᠴᠠᠭᠤᠯᠬᠤ ᠵᠡᠷᠭᠡ ᠵᠢ ᠰᠠᠢ᠌ᠳᠤᠷ ᠬᠢᠬᠦ ᠭᠡᠷᠡᠭᠳᠡᠢ ᠭᠡᠵᠤ ᠴᠢᠬᠤᠯᠠᠴᠢᠯᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠳᠦᠷᠦ ᠵᠢᠨ ᠶᠠᠪᠤᠳᠠᠯ᠎ᠤᠨ ᠬᠤᠷᠢᠶ᠎ᠠ ᠠ᠋ᠨᠡ ᠵᠢᠯ᠎ᠠᠴᠠ ᠪᠠᠭ᠎ᠠ ᠵᠢᠵᠢᠭ ᠠᠵᠤ ᠠᠬᠤᠢ᠌ᠯᠠᠯ᠎ᠢ ᠨᠡᠢ᠌ᠳᠡᠮ ᠬᠠᠷᠠᠭ᠋ᠠᠯᠵᠠᠬᠤ ᠭᠤᠷᠪᠠᠨ ᠵᠦᠢ᠍ᠯ᠎ᠤᠨ ᠠᠷᠭ᠎ᠠ ᠳᠤᠭᠳᠠᠭ᠋ᠠᠨ ᠭᠡᠷᠡᠭᠵᠢᠬᠦᠯᠬᠦ᠎ᠪᠠᠷ ᠪᠠᠢ᠌ᠨ᠎ᠠ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠦᠬᠦ ᠭᠡᠰᠢᠬᠦᠳ᠎ᠤᠨ ᠬᠤᠷᠠᠯ ᠬᠢᠵᠤ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ (ᠰᠠᠨᠠᠯ ᠬᠤᠷᠢᠶᠠᠬᠤ ᠨᠤᠤᠷᠠᠭ)》᠎ᠢ ᠶᠠᠷᠢᠯᠴᠠᠪᠠ
ᠯᠢ ᠺᠸ ᠴᠢᠶᠠᠩ᠄ ᠵᠠᠰᠠᠭ᠎ᠤᠨ ᠤᠷᠳᠤᠨ᠎ᠤ ᠪᠡᠯᠡ ᠤᠷᠤᠭᠤᠯᠤᠭᠰᠠᠨ ᠳᠦᠷᠦᠯ ᠵᠦᠢ᠍ᠯ᠎ᠤᠨ ᠬᠦᠯᠦᠰᠤᠨ ᠠᠵᠢᠯᠲᠠᠨ᠎ᠳᠤ ᠦᠷᠢᠳᠦᠭᠰᠡᠨ ᠴᠠᠯᠢᠩ ᠬᠦᠯᠦᠰᠤ ᠵᠢ ᠤᠷᠢᠳᠠᠪᠠᠷ ᠴᠡᠪᠡᠷᠯᠡᠬᠦ ᠭᠡᠷᠡᠭᠳᠡᠢ ᠭᠡᠪᠡ
ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠢᠵᠤ ᠪᠠᠭ᠎ᠠ ᠵᠢᠵᠢᠭ ᠠᠵᠤ ᠠᠬᠤᠢ᠌ᠯᠠᠯ᠎ᠳᠤ ᠴᠢᠭᠯᠡᠬᠦᠯᠦᠭᠰᠡᠨ ᠨᠡᠢ᠌ᠳᠡᠮ ᠬᠠᠷᠠᠭ᠋ᠠᠯᠵᠠᠯ᠎ᠤᠨ ᠴᠢᠨᠠᠷᠳᠠᠢ ᠭᠠᠢ᠌ᠯᠢ ᠬᠠᠰᠤᠬᠤ ᠳᠤᠬᠠᠢ ᠨᠢᠭᠡ ᠪᠦᠯᠦᠭ ᠠᠷᠭ᠎ᠠ ᠭᠡᠮᠵᠢᠶ᠎ᠡ ᠵᠢ ᠨᠡᠮᠡᠵᠤ ᠳᠤᠭᠳᠠᠭ᠋ᠠᠵᠠᠢ
ᠠᠷᠠᠳ᠎ᠤᠨ ᠶᠠᠪᠤᠳᠠᠯ᠎ᠤᠨ ᠳᠤᠭ᠎ᠠ ᠪᠦᠷᠢᠳᠭᠡᠯ᠎ᠤᠨ ᠠᠵᠢᠯ᠎ᠤᠨ ᠦᠭᠡᠷᠡᠴᠢᠯᠡᠯᠳᠡ ᠬᠢᠭᠡᠳ ᠰᠢᠨ᠎ᠠ ᠵᠢ ᠠ᠋ᠬᠦᠳᠤᠨ ᠬᠦᠭᠵᠢᠬᠦᠯᠬᠦ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠰᠤᠭ᠋ᠠᠢ
 
            