1 ᠳ᠋ᠤᠭᠡᠷ ᠰᠠᠷ᠎ᠡ ᠵᠢᠨ 9᠎ᠤ ᠠ᠋ᠳᠤᠷ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠭᠡᠢ ᠰᠠᠢ᠌ᠳ ᠯᠢ ᠺᠸ ᠴᠢᠶᠠᠩ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠤ ᠪᠠᠭ᠎ᠠ ᠵᠢᠵᠢᠭ ᠠᠵᠤ ᠠᠬᠤᠢ᠌ᠯᠠᠯ᠎ᠳᠤ ᠴᠢᠭᠯᠡᠬᠦᠯᠦᠭᠰᠡᠨ ᠨᠡᠢ᠌ᠳᠡᠮ ᠬᠠᠷᠠᠭ᠋ᠠᠯᠵᠠᠯ᠎ᠤᠨ ᠴᠢᠨᠠᠷᠳᠠᠢ ᠭᠠᠢ᠌ᠯᠢ ᠬᠠᠰᠤᠬᠤ ᠳᠤᠬᠠᠢ ᠨᠢᠭᠡ ᠪᠦᠯᠦᠭ ᠠᠷᠭ᠎ᠠ ᠭᠡᠮᠵᠢᠶ᠎ᠡ ᠵᠢ ᠨᠡᠮᠡᠵᠤ ᠳᠤᠭᠳᠠᠭ᠋ᠠᠨ᠂ ᠵᠠᠰᠠᠭ᠎ᠤᠨ ᠤᠷᠳᠤᠨ᠎ᠤ ᠳᠤᠰᠬᠠᠢ ᠳᠦᠷᠦᠯ᠎ᠤᠨ ᠵᠢᠭᠡᠯᠡᠯᠭᠡ ᠵᠢᠨ ᠳᠡᠮᠳᠡᠭᠳᠤ ᠵᠢᠨ ᠳᠠᠷᠬᠠᠭ᠋ᠠᠯᠳᠠ ᠪᠠ ᠭᠡᠷᠡᠭᠯᠡᠯᠳᠡ ᠵᠢ ᠳᠦᠷᠭᠡᠳᠭᠡᠬᠦ᠂ ᠪᠦᠳᠦᠭᠡᠨ ᠪᠠᠢ᠌ᠭᠤᠯᠵᠤ ᠪᠠᠢ᠌ᠭ᠎ᠠ ᠢᠨᠵᠸᠨ᠋ᠸᠷᠢᠩ ᠵᠢᠴᠢ ᠳᠤᠳᠠᠭᠤᠳᠠᠯ ᠵᠶ᠋ᠡᠨ ᠨᠦᠬᠦᠪᠤᠷᠢᠯᠡᠬᠦ᠂ ᠳᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠳᠠ ᠵᠢ ᠳᠡᠮᠵᠢᠨ ᠭᠡᠷᠡᠭᠯᠡᠭᠡ ᠵᠢ ᠦᠷᠭᠡᠳᠭᠡᠬᠦ ᠵᠢ ᠪᠠᠢ᠌ᠷᠢᠯᠠᠭᠤᠯᠵᠤ᠂ ᠬᠦᠯᠦᠰᠤᠨ ᠳᠠᠷᠢᠶᠠᠴᠢᠨ ᠠᠵᠢᠯᠲᠠᠨ᠎ᠤ ᠴᠠᠯᠢᠩ ᠬᠦᠯᠦᠰᠤ ᠵᠢ ᠪᠠᠳᠤᠯᠠᠬᠤ ᠳᠤᠬᠠᠢ ᠬᠠᠷᠢᠭᠤ ᠮᠡᠳᠡᠬᠦᠯᠤᠯᠳᠡ ᠵᠢ ᠰᠤᠨᠤᠰᠤᠨ᠂ ᠬᠦᠯᠦᠰᠤᠨ ᠳᠠᠷᠢᠶᠠᠴᠢᠨ ᠠᠵᠢᠯᠲᠠᠨ᠎ᠳᠤ ᠦᠷᠢᠳᠤᠵᠤ ᠪᠠᠢ᠌ᠭ᠎ᠠ ᠴᠠᠯᠢᠩ ᠬᠦᠯᠦᠰᠤ ᠵᠢ ᠴᠠᠪᠡᠷᠯᠡᠬᠦ ᠠᠵᠢᠯ᠎ᠢ ᠪᠠᠢ᠌ᠷᠢᠯᠠᠭᠤᠯᠪᠠ᠃
ᠬᠤᠷᠠᠯ᠎ᠠᠴᠠ᠂ ᠳᠦᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ ᠵᠢ ᠳᠤᠭᠤᠰᠢᠯᠠᠭᠤᠯᠵᠤ᠂ ᠠ᠋ᠨᠡ ᠵᠢᠯ᠎ᠤᠨ ᠠᠵᠤ ᠠᠬᠤᠢ ᠵᠢᠨ ᠠᠵᠢᠯᠯᠠᠭ᠋ᠠᠨ᠎ᠢ ᠵᠤᠬᠢᠰᠳᠠᠢ ᠭᠡᠪᠴᠢᠶᠠᠨ᠎ᠳᠤ ᠪᠠᠢ᠌ᠬᠤ ᠵᠢ ᠪᠠᠳᠤᠯᠠᠨ᠂ ᠨᠢᠭᠡᠳᠦᠭᠡᠷ ᠤᠯᠠᠷᠢᠯ᠎ᠤᠨ ᠳᠤᠭᠳᠠᠭᠤᠨ ᠠ᠋ᠬᠢᠯᠡᠯᠳᠡ ᠵᠢ ᠴᠢᠷᠮᠠᠢ᠌ᠨ ᠪᠡᠶᠡᠯᠡᠬᠦᠯᠬᠦ᠎ᠨᠢ ᠳᠦᠢ᠍ᠯ᠎ᠤᠨ ᠴᠢᠬᠤᠯᠠ ᠶᠤᠮ᠃ ᠪᠠᠭ᠎ᠠ ᠵᠢᠵᠢᠭ ᠠᠵᠤ ᠠᠬᠤᠢ᠌ᠯᠠᠯ᠎ᠢ ᠬᠦᠭᠵᠢᠬᠦᠯᠬᠦ᠎ᠨᠢ ᠠᠵᠤ ᠠᠬᠤᠢ ᠵᠢᠨ ᠳᠤᠭᠳᠠᠭᠤᠨ ᠠᠵᠢᠯᠯᠠᠭ᠋ᠠᠨ ᠪᠤᠯᠤᠨ ᠳᠤᠭᠳᠠᠭᠤᠨ ᠠᠵᠢᠯ ᠤᠯᠭᠤᠯᠳᠠ᠎ᠳᠤ ᠬᠤᠯᠪᠤᠭᠳᠠᠨ᠎ᠠ ᠭᠡᠵᠤ ᠵᠢᠭ᠋ᠠᠵᠤ ᠭᠠᠷᠭ᠋ᠠᠪᠠ᠃ ᠬᠤᠷᠠᠯ᠎ᠠᠴᠠ᠂ ᠪᠠᠭ᠎ᠠ ᠵᠢᠵᠢᠭ ᠠᠵᠤ ᠠᠬᠤᠢ᠌ᠯᠠᠯ᠎ᠳᠤ ᠴᠢᠭᠯᠡᠬᠦᠯᠦᠭᠰᠡᠨ ᠨᠡᠢ᠌ᠳᠡᠮ ᠬᠠᠷᠠᠭ᠋ᠠᠯᠵᠠᠯ᠎ᠤᠨ ᠴᠢᠨᠠᠷᠳᠠᠢ ᠭᠠᠢ᠌ᠯᠢ ᠬᠠᠰᠤᠬᠤ ᠳᠤᠬᠠᠢ ᠨᠢᠭᠡ ᠪᠦᠯᠦᠭ ᠠᠷᠭ᠎ᠠ ᠭᠡᠮᠵᠢᠶ᠎ᠡ ᠵᠢ ᠨᠡᠮᠡᠵᠤ ᠳᠤᠭᠳᠠᠭ᠋ᠠᠵᠠᠢ᠃ ᠨᠢᠭᠡ᠎ᠳᠤ ᠠᠵᠤ ᠠᠬᠤᠢ᠌ᠯᠠᠯ᠎ᠤᠨ ᠤᠯᠵᠠ ᠠᠰᠢᠭ᠎ᠤᠨ ᠭᠠᠢ᠌ᠯᠢ ᠵᠢᠨ ᠬᠠᠷᠠᠭ᠋ᠠᠯᠵᠠᠯ ᠬᠦᠷᠳᠡᠭᠡᠬᠦ ᠪᠠᠭ᠎ᠠ ᠭᠡᠯᠪᠡᠷᠢ ᠵᠢᠨ ᠦᠴᠦᠭᠡᠨ ᠠᠰᠢᠭ ᠬᠤᠨᠵᠢᠪᠤᠷᠢ᠎ᠲᠠᠢ ᠠᠵᠤ ᠠᠬᠤᠢ᠌ᠯᠠᠯ᠎ᠤᠨ ᠭᠡᠪᠴᠢᠶ᠎ᠠ ᠵᠢ ᠶᠡᠭᠡᠪᠡᠷ ᠦᠷᠭᠡᠳᠭᠡᠬᠦ ᠵᠢᠨ ᠬᠠᠮᠳᠤ ᠭᠠᠢ᠌ᠯᠢ ᠳᠠᠳᠠᠪᠤᠷᠢ ᠵᠢᠨ ᠬᠠᠷᠠᠭ᠋ᠠᠯᠵᠠᠯ ᠦᠵᠡᠬᠦᠯᠬᠦ ᠬᠦᠴᠦᠨ ᠵᠶ᠋ᠡᠨ ᠨᠡᠮᠡᠭᠳᠡᠬᠦᠯᠵᠤ᠂ ᠪᠠᠭ᠎ᠠ ᠭᠡᠯᠪᠡᠷᠢ ᠵᠢᠨ ᠦᠴᠦᠭᠡᠨ ᠠᠰᠢᠭ ᠬᠤᠨᠵᠢᠪᠤᠷᠢ᠎ᠲᠠᠢ ᠠᠵᠤ ᠠᠬᠤᠢ᠌ᠯᠠᠯ᠎ᠤᠨ ᠵᠢᠯ᠎ᠤᠨ ᠳᠤᠰᠢᠶᠠᠬᠤ ᠠᠰᠢᠭ ᠤᠯᠵᠠ ᠵᠢᠨ ᠭᠠᠢ᠌ᠯᠢ᠎ᠨᠢ 100 ᠳᠦᠮᠡᠨ ᠳᠦᠬᠦᠷᠢᠭ᠎ᠲᠤ ᠬᠦᠷᠬᠦ ᠦᠭᠡᠢ᠂ 100 ᠳᠦᠮᠡ᠎ᠠᠴᠠ 300 ᠳᠦᠮᠡᠨ ᠳᠦᠬᠦᠷᠢᠭ᠎ᠤᠨ ᠬᠤᠭᠤᠷᠤᠨᠳᠤ ᠪᠤᠯ ᠳᠤᠰ ᠳᠤᠰ 25% ᠪᠠ 50%᠎ᠪᠠᠷ ᠪᠠᠭᠤᠷᠠᠭᠤᠯᠤᠨ ᠪᠤᠳᠤᠵᠤ ᠭᠠᠢ᠌ᠯᠢ ᠳᠤᠰᠢᠶᠠᠯᠭ᠋ᠠᠵᠤ᠂ ᠭᠠᠢ᠌ᠯᠢ ᠵᠢᠨ ᠳᠠᠷᠤᠭ᠋ᠠᠰᠤ ᠵᠢ 5% ᠪᠤᠶᠤ 10%᠎ᠪᠠᠷ ᠪᠠᠭᠤᠷᠠᠭᠤᠯᠤᠨ᠎ᠠ᠃ ᠠ᠋ᠨᠡ ᠬᠦ᠌ ᠳᠤᠬᠢᠷᠠᠭᠤᠯᠤᠯᠳᠠ ᠵᠢᠨ ᠳᠦᠷᠦ ᠵᠢᠨ ᠪᠤᠳᠤᠯᠭ᠎ᠠ ᠵᠢ 95%᠎ᠤᠨ ᠠᠵᠤ ᠠᠬᠤᠢ᠌ᠯᠠᠯ᠎ᠳᠤ ᠪᠦᠷᠬᠦᠬᠦᠯᠵᠤ᠂ ᠠ᠋ᠬᠦᠨ᠎ᠳᠤ 98%᠎ᠨᠢ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠤᠯᠤᠨ᠎ᠠ᠃ ᠬᠤᠶᠠᠷ᠎ᠲᠤ ᠪᠠᠭ᠎ᠠ ᠵᠢᠵᠢᠭ ᠠᠵᠤ ᠠᠬᠤᠢ᠌ᠯᠠᠯ᠂ ᠬᠤᠪᠢ ᠵᠢᠨ ᠦᠢ᠍ᠯᠡᠳᠪᠤᠷᠢ ᠬᠤᠳᠠᠯᠳᠤᠭ᠋ᠠᠨ᠎ᠤ ᠠ᠋ᠷᠦᠭᠡ ᠪᠤᠯᠤᠨ ᠪᠤᠰᠤᠳ ᠭᠠᠢ᠌ᠯᠢ ᠳᠤᠰᠢᠶᠠᠭᠴᠢ ᠬᠤᠪᠢ ᠬᠦᠮᠦᠨ᠎ᠠᠴᠠ ᠨᠡᠮᠡᠭᠳᠡᠯ ᠦᠷᠳᠡᠭ᠎ᠤᠨ ᠭᠠᠢ᠌ᠯᠢ ᠳᠠᠳᠠᠪᠤᠷᠢᠯᠠᠬᠤ ᠪᠠᠷᠢᠮᠵᠢᠶ᠎ᠠ ᠵᠢ ᠤᠤᠯ᠎ᠤᠨ ᠰᠠᠷ᠎ᠠ ᠵᠢᠨ ᠪᠤᠷᠤᠯᠠᠭᠤᠯᠤᠯᠳᠠ ᠵᠢᠨ ᠤᠷᠤᠯᠭ᠎ᠠ 3 ᠳᠦᠮᠡᠨ ᠳᠦᠬᠦᠷᠢᠭ ᠪᠠᠢ᠌ᠭᠰᠠᠨ᠎ᠢ 10 ᠳᠦᠮᠡᠨ ᠳᠦᠬᠦᠷᠢᠭ ᠪᠤᠯᠭ᠋ᠠᠨ ᠳᠡᠭᠡᠭᠰᠢᠯᠡᠬᠦᠯᠦᠨ᠎ᠡ᠃ ᠭᠤᠷᠪᠠ᠎ᠳᠤ ᠡᠯ᠎ᠡ ᠮᠤᠵᠢ ᠤᠷᠤᠨ ᠬᠤᠳᠠ ᠵᠢᠨ ᠵᠠᠰᠠᠭ᠎ᠤᠨ ᠤᠷᠳᠤᠨ᠎ᠤ ᠨᠡᠮᠡᠭᠳᠡᠯ ᠦᠷᠳᠡᠭ᠎ᠤᠨ ᠭᠠᠢ᠌ᠯᠢ ᠳᠠᠳᠠᠪᠤᠷᠢᠯᠠᠬᠤ ᠬᠦᠮᠦᠨ᠎ᠠᠴᠠ ᠠ᠋ᠬᠢ ᠪᠠᠶᠠᠯᠢᠭ᠎ᠤᠨ ᠭᠠᠢ᠌ᠯᠢ᠂ ᠬᠤᠳᠠ ᠵᠢᠨ ᠬᠠᠮᠠᠭ᠋ᠠᠯᠠᠯᠳᠠ ᠪᠦᠳᠦᠭᠡᠨ ᠪᠠᠢ᠌ᠭᠤᠯᠤᠯᠳᠠ ᠵᠢᠨ ᠭᠠᠢ᠌ᠯᠢ᠂ ᠳᠡᠮᠳᠡᠭᠳᠤ ᠵᠢᠨ ᠭᠠᠢ᠌ᠯᠢ᠂ ᠬᠤᠳᠠ ᠪᠠᠯᠭ᠋ᠠᠰᠤᠨ᠎ᠤ ᠭᠠᠵᠠᠷ ᠰᠢᠷᠤᠢ ᠭᠡᠷᠡᠭᠯᠡᠬᠦ ᠭᠠᠢ᠌ᠯᠢ᠂ ᠳᠠᠷᠢᠶᠠᠨ ᠭᠠᠵᠠᠷ᠎ᠢ ᠡᠵᠡᠯᠡᠭᠰᠡᠨ ᠭᠠᠢ᠌ᠯᠢ ᠵᠡᠷᠭᠡ ᠤᠷᠤᠨ ᠨᠤᠳᠤᠭ᠎ᠤᠨ ᠭᠠᠢ᠌ᠯᠢ ᠵᠢᠴᠢ ᠰᠤᠷᠭ᠋ᠠᠨ ᠬᠦᠮᠦᠵᠢᠯ᠎ᠤᠨ ᠨᠡᠮᠡᠯᠳᠡ ᠵᠠᠷᠤᠳᠠᠯ᠂ ᠤᠷᠤᠨ ᠨᠤᠳᠤᠭ᠎ᠤᠨ ᠰᠤᠷᠭ᠋ᠠᠨ ᠬᠦᠮᠦᠵᠢᠯ᠎ᠤᠨ ᠨᠡᠮᠡᠯᠳᠡ ᠵᠠᠷᠤᠳᠠᠯ᠎ᠢ 50% ᠵᠢᠨ ᠳᠤᠳᠤᠷ᠎ᠠ ᠬᠠᠰᠤᠵᠤ ᠪᠠᠭᠤᠷᠠᠭᠤᠯᠬᠤ ᠵᠢ ᠵᠦᠪᠰᠢᠶᠡᠷᠡᠨ᠎ᠡ᠃ ᠳᠦᠷᠪᠡ᠎ᠳᠤ ᠶᠡᠭᠡ ᠭᠡᠮᠵᠢᠶ᠎ᠡ᠎ᠪᠠᠷ ᠭᠠᠢ᠌ᠯᠢ ᠵᠢ ᠬᠠᠰᠤᠨ ᠰᠦᠢ᠍ᠳᠭᠡᠯ᠎ᠢ ᠪᠠᠭᠤᠷᠠᠭᠤᠯᠤᠭᠰᠠᠨ᠎ᠠᠴᠠ ᠪᠤᠯᠤᠭᠰᠠᠨ ᠤᠷᠤᠨ ᠨᠤᠳᠤᠭ᠎ᠤᠨ ᠠ᠋ᠳ᠋᠎ᠤᠨ ᠬᠦᠴᠦᠨ᠎ᠤ ᠳᠤᠳᠠᠭᠤᠳᠠᠯ᠎ᠢ ᠳᠦᠪ᠎ᠤᠨ ᠠ᠋ᠳ᠋᠎ᠤᠨ ᠵᠠᠰᠠᠭ᠎ᠠᠴᠠ ᠠ᠋ᠩ᠎ᠤᠨ ᠰᠢᠯᠵᠢᠬᠦᠯᠦᠨ ᠦᠭᠬᠦ ᠠᠷᠭ᠎ᠠ᠎ᠪᠠᠷ ᠨᠦᠬᠦᠵᠤ ᠦᠭᠬᠦᠨ᠎ᠡ ᠭᠡᠵᠤ ᠳᠤᠭᠳᠠᠭ᠋ᠠᠵᠠᠢ᠃ ᠳᠡᠭᠡᠷᠡᠬᠢ ᠠᠷᠭ᠎ᠠ ᠵᠢ ᠠ᠋ᠨᠡ ᠵᠢᠯ᠎ᠤᠨ 1 ᠳ᠋ᠤᠭᠡᠷ ᠰᠠᠷ᠎ᠠ ᠵᠢᠨ 1᠎ᠤ ᠠ᠋ᠳᠤᠷ᠎ᠠᠴᠠ ᠠ᠋ᠬᠢᠯᠡᠨ ᠭᠤᠷᠪᠠᠨ ᠵᠢᠯ᠎ᠤᠨ ᠬᠤᠭᠤᠴᠠᠭ᠎ᠠ᠎ᠲᠠᠢ ᠭᠡᠷᠡᠭᠵᠢᠬᠦᠯᠵᠤ᠂ ᠪᠠᠷᠤᠭᠯᠠᠪᠠᠯ ᠵᠢᠯ ᠪᠦᠷᠢ ᠪᠠᠭ᠎ᠠ ᠵᠢᠵᠢᠭ ᠠᠵᠤ ᠠᠬᠤᠢ᠌ᠯᠠᠯ᠎ᠤᠨ ᠳᠠᠷᠤᠭ᠋ᠠᠰᠤ ᠵᠢ 2000 ᠳ᠋ᠦᠩᠰᠢᠭᠤᠷ ᠳᠦᠬᠦᠷᠢᠭ ᠬᠦᠩᠭᠡᠷᠡᠬᠦᠯᠬᠦ ᠪᠤᠯᠤᠨ᠎ᠠ᠃
ᠬᠤᠷᠠᠯ᠎ᠠᠴᠠ᠂ ᠪᠦᠳᠦᠴᠡ ᠵᠢ ᠰᠢᠯᠢᠳᠡᠭᠵᠢᠬᠦᠯᠬᠦ᠂ ᠳᠤᠳᠤᠭ᠋ᠠᠳᠤ ᠭᠡᠷᠡᠭᠴᠡᠭᠡ ᠵᠢ ᠳᠤᠭᠳᠠᠪᠤᠷᠢᠵᠢᠭᠤᠯᠬᠤ ᠵᠢᠨ ᠳᠤᠭᠤᠷᠢᠨ᠎ᠳᠤ ᠠ᠋ᠳ᠋᠎ᠤᠨ ᠵᠠᠰᠠᠭ᠎ᠤᠨ ᠵᠤᠭᠤᠰᠤᠨ᠎ᠤ ᠳᠦᠷᠦ ᠵᠢᠨ ᠪᠤᠳᠤᠯᠭ᠎ᠠ ᠵᠢᠨ ᠦᠢ᠍ᠯᠡᠳᠤᠯ᠎ᠢ ᠬᠦᠢ᠍ᠴᠡᠳ ᠪᠠᠳᠠᠷᠠᠭᠤᠯᠬᠤ ᠭᠡᠷᠡᠭᠳᠡᠢ᠃ ᠳᠦᠷᠦᠬᠦᠭᠡᠨ ᠨᠡᠢ᠌ᠳᠡᠯᠡᠭᠰᠡᠨ ᠪᠠᠷᠢᠮᠵᠢᠶ᠎ᠠ ᠵᠢ ᠪᠦᠬᠦ ᠳᠠᠯ᠎ᠠ᠎ᠪᠠᠷ ᠪᠠᠭᠤᠷᠠᠭᠤᠯᠬᠤ ᠵᠢ ᠨᠠᠢ᠌ᠳᠠᠪᠤᠷᠢᠵᠢᠭᠤᠯᠤᠨ᠂ ᠳᠤᠭᠳᠠᠭᠤᠨ ᠵᠤᠭᠤᠰᠤᠨ᠎ᠤ ᠳᠦᠷᠦ ᠵᠢᠨ ᠪᠤᠳᠤᠯᠭ᠎ᠠ ᠵᠢ ᠦᠷᠬᠦᠯᠵᠢᠯᠡᠨ ᠭᠡᠷᠡᠭᠵᠢᠬᠦᠯᠵᠤ᠂ ᠵᠤᠭᠤᠰ ᠮᠦᠩᠬᠦ ᠵᠢ ᠬᠠᠮᠢᠶ᠎ᠠ ᠨᠠᠮᠢᠶ᠎ᠠ ᠦᠭᠡᠢ ᠰᠠᠴᠤᠬᠤ ᠦᠭᠡᠢ ᠪᠠᠢ᠌ᠬᠤ ᠵᠢ ᠪᠠᠷᠢᠮᠳᠠᠯᠠᠨ᠂ ᠵᠤᠬᠢᠰᠳᠠᠢ ᠤᠷᠢᠳᠴᠢᠯᠠᠭᠰᠠᠨ ᠳᠤᠬᠢᠷᠠᠭᠤᠯᠤᠯᠳᠠ ᠬᠢᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠂ ᠪᠠᠭ᠎ᠠ ᠵᠢᠵᠢᠭ ᠠᠵᠤ ᠠᠬᠤᠢ᠌ᠯᠠᠯ᠎ᠤᠨ ᠪᠡᠯᠡ ᠴᠤᠭᠯᠠᠭᠤᠯᠬᠤ᠎ᠳᠤ ᠬᠦᠴᠢᠷ᠎ᠲᠠᠢ ᠪᠡᠯᠡ ᠴᠤᠭᠯᠠᠭᠤᠯᠬᠤ᠎ᠳᠤ ᠦᠨ᠎ᠠ᠎ᠲᠠᠢ ᠠᠰᠠᠭᠤᠳᠠᠯ᠎ᠢ ᠨᠠᠮᠳᠠᠭᠤᠯᠤᠨ᠂ ᠠᠵᠢᠯ ᠤᠯᠭᠤᠯᠳᠠ ᠪᠤᠯᠤᠨ ᠭᠡᠷᠡᠭᠯᠡᠭᠡ ᠵᠢ ᠠᠬᠢᠭᠤᠯᠬᠤ ᠭᠡᠷᠡᠭᠳᠡᠢ᠃ ᠠ᠋ᠬᠦᠨ᠎ᠤ ᠵᠡᠷᠭᠡ᠎ᠪᠡᠷ ᠤᠷᠤᠨ ᠨᠤᠳᠤᠭ᠎ᠤᠨ ᠵᠠᠰᠠᠭ᠎ᠤᠨ ᠤᠷᠳᠤᠨ᠎ᠤ ᠳᠤᠰᠬᠠᠢ ᠳᠦᠷᠦᠯ᠎ᠤᠨ ᠵᠢᠭᠡᠯᠡᠯᠭᠡ ᠵᠢᠨ ᠳᠡᠮᠳᠡᠭᠳᠤ ᠵᠢᠨ ᠳᠠᠷᠬᠠᠭ᠋ᠠᠯᠳᠠ ᠪᠠ ᠭᠡᠷᠡᠭᠯᠡᠯᠳᠡ ᠵᠢ ᠳᠦᠷᠭᠡᠳᠭᠡᠬᠦ ᠭᠡᠷᠡᠭᠳᠡᠢ ᠭᠡᠵᠤ ᠵᠢᠭ᠋ᠠᠵᠤ ᠭᠠᠷᠭ᠋ᠠᠵᠠᠢ᠃ ᠬᠤᠷᠠᠯ᠎ᠠᠴᠠ᠂ ᠨᠢᠭᠡ᠎ᠳᠤ ᠨᠢᠭᠡᠨᠳᠡ ᠪᠦᠬᠦ ᠤᠯᠤᠰ᠎ᠤᠨ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠠ᠋ᠷᠭᠡ ᠤᠯᠭᠤᠯᠳᠠ᠎ᠪᠠᠷ ᠤᠷᠢᠳᠴᠢᠯᠠᠨ ᠪᠠᠭᠤᠯᠭ᠋ᠠᠭᠰᠠᠨ 1.39 ᠳ᠋ᠦᠩᠰᠢᠭᠤᠷ ᠳᠦᠬᠦᠷᠢᠭ᠎ᠤᠨ ᠤᠷᠤᠨ ᠨᠤᠳᠤᠭ᠎ᠤᠨ ᠵᠢᠭᠡᠯᠡᠯᠭᠡ ᠵᠢᠨ ᠳᠡᠮᠳᠡᠭᠳᠤ ᠵᠢ ᠳᠦᠷᠭᠡᠨ ᠳᠠᠷᠬᠠᠭ᠋ᠠᠵᠤ᠂ ᠪᠦᠬᠦ ᠵᠢᠯ᠎ᠤᠨ ᠳᠤᠰᠬᠠᠢ ᠳᠦᠷᠦᠯ᠎ᠤᠨ ᠵᠢᠭᠡᠯᠡᠯᠭᠡ ᠵᠢᠨ ᠳᠡᠮᠳᠡᠭᠳᠤ ᠵᠢ ᠬᠤᠪᠢᠶᠠᠷᠢᠯᠠᠬᠤ ᠳᠦᠰᠦᠯ ᠵᠶ᠋ᠡᠨ ᠳᠦᠷᠭᠡᠪᠴᠢᠯᠠᠨ ᠳᠤᠭᠳᠠᠭ᠋ᠠᠵᠤ᠂ 9 ᠳ᠋ᠤᠭᠡᠷ ᠰᠠᠷ᠎ᠠ ᠵᠢᠨ ᠰᠡᠬᠦᠯᠴᠢ᠎ᠠᠴᠠ ᠠ᠋ᠮᠤᠨ᠎ᠡ ᠦᠨᠳᠦᠰᠤᠨ᠎ᠳᠤ᠎ᠪᠠᠨ ᠳᠠᠷᠬᠠᠭ᠋ᠠᠵᠤ ᠳᠠᠭᠤᠰᠬᠠᠬᠤ ᠭᠡᠷᠡᠭᠳᠡᠢ᠃ ᠬᠤᠶᠠᠷ᠎ᠲᠤ ᠳᠤᠰᠬᠠᠢ ᠳᠦᠷᠦᠯ᠎ᠤᠨ ᠵᠢᠭᠡᠯᠡᠯᠭᠡ ᠵᠢᠨ ᠳᠡᠮᠳᠡᠭᠳᠤ ᠵᠢᠨ ᠤᠳᠤᠬᠠᠨ᠎ᠤ ᠪᠡᠯᠡ ᠤᠷᠤᠭᠤᠯᠤᠯᠳᠠ ᠵᠢ ᠳᠤᠭᠳᠠᠪᠤᠷᠢᠵᠢᠭᠤᠯᠤᠨ ᠭᠡᠷᠡᠭᠯᠡᠭᠡ ᠵᠢ ᠠᠬᠢᠭᠤᠯᠬᠤ ᠴᠢᠬᠤᠯᠠ ᠦᠢ᠍ᠯᠡᠳᠤᠯ᠎ᠢ ᠰᠠᠢ᠌ᠳᠤᠷ ᠪᠠᠳᠠᠷᠠᠭᠤᠯᠤᠨ᠂ ᠳᠤᠰᠬᠠᠢ ᠳᠦᠷᠦᠯ᠎ᠤᠨ ᠵᠢᠭᠡᠯᠡᠯᠭᠡ ᠵᠢᠨ ᠳᠡᠮᠳᠡᠭᠳᠤ ᠳᠠᠷᠬᠠᠭ᠋ᠠᠬᠤ᠎ᠪᠠᠷ ᠳᠠᠮᠵᠢᠨ ᠴᠤᠭᠯᠠᠭᠤᠯᠤᠭᠰᠠᠨ ᠵᠤᠭᠤᠰ᠎ᠢ ᠤᠷᠢᠳᠠᠪᠠᠷ ᠪᠦᠳᠦᠭᠡᠨ ᠪᠠᠢ᠌ᠭᠤᠯᠤᠯᠳᠠ ᠵᠢᠨ ᠳᠦᠷᠦᠯ ᠵᠦᠢ᠍ᠯ᠎ᠳᠤ ᠵᠠᠷᠤᠴᠠᠭᠤᠯᠵᠤ᠂ ᠬᠠᠭ᠋ᠠᠰ ᠳᠤᠳᠠᠭᠤ ᠪᠦᠳᠦᠭᠡᠨ ᠪᠠᠢ᠌ᠭᠤᠯᠤᠯᠳᠠ ᠬᠢᠬᠦ ᠵᠢ ᠬᠤᠷᠢᠭᠯᠠᠨ᠂ ᠳᠦᠯᠦᠪᠵᠢᠬᠦᠯᠭᠡ᠎ᠳᠠᠬᠢ ᠴᠢᠬᠤᠯᠠ ᠶᠡᠭᠡ ᠳᠦᠷᠦᠯ ᠵᠦᠢ᠍ᠯ ᠵᠢᠴᠢ ᠵᠠᠰᠠᠭ᠎ᠤᠨ ᠤᠷᠳᠤᠨ᠎ᠤ ᠳᠦᠷᠦᠯ ᠵᠦᠢ᠍ᠯ᠎ᠤᠨ ᠦᠷᠢᠳᠤᠵᠤ ᠪᠠᠢ᠌ᠭ᠎ᠠ ᠦᠷᠢ ᠦᠭᠴᠡᠭᠡ ᠵᠡᠷᠭᠡ ᠵᠢ ᠰᠢᠢ᠍ᠳᠪᠤᠷᠢᠯᠡᠵᠤ᠂ ᠪᠦᠳᠦᠭᠡᠨ ᠪᠠᠢ᠌ᠭᠤᠯᠤᠯᠳᠠ ᠬᠢᠬᠦ ᠨᠦᠬᠦᠴᠡᠯ ᠪᠦᠷᠢᠯᠳᠦᠭᠰᠡᠨ ᠭᠠᠵᠠᠷ ᠤᠷᠤᠨ᠎ᠳᠤ ᠵᠠᠮ ᠬᠠᠷᠢᠯᠴᠠᠭ᠎ᠠ᠂ ᠤᠰᠤᠨ ᠠᠰᠢᠭᠯᠠᠯᠳᠠ᠂ ᠠᠮᠢ ᠠᠬᠤᠢ ᠵᠢᠨ ᠤᠷᠴᠢᠨ ᠳᠤᠭᠤᠷᠢᠨ᠎ᠢ ᠬᠠᠮᠠᠭ᠋ᠠᠯᠠᠬᠤ ᠵᠡᠷᠭᠡ ᠴᠢᠬᠤᠯᠠ ᠶᠡᠭᠡ ᠳᠦᠷᠦᠯ ᠵᠦᠢ᠍ᠯ᠎ᠢ ᠱᠠᠯᠠᠪᠳᠠᠨ ᠬᠢᠵᠤ᠂ ᠨᠦᠬᠦᠴᠡᠯ ᠪᠦᠷᠢᠳᠦᠭᠡᠳᠦᠢ ᠭᠠᠵᠠᠷ ᠤᠷᠤᠨ᠎ᠳᠤ ᠳᠦᠷᠦᠬᠦᠤ ᠬᠤᠭᠤᠴᠠᠭ᠋ᠠᠨ᠎ᠤ ᠪᠡᠯᠡᠳᠭᠡᠯ ᠠᠵᠢᠯ᠎ᠢ ᠳᠦᠷᠭᠡᠪᠴᠢᠯᠠᠨ ᠬᠢᠬᠦ ᠭᠡᠷᠡᠭᠳᠡᠢ᠃ ᠭᠤᠷᠪᠠ᠎ᠳᠤ ᠵᠤᠭᠤᠰ᠎ᠳᠤ ᠢᠳᠡᠭᠡᠮᠵᠢᠳᠤ ᠵᠢᠭᠡᠯᠡᠯᠭᠡ ᠵᠢᠨ ᠳᠦᠷᠦ ᠵᠢᠨ ᠪᠤᠳᠤᠯᠭ᠎ᠠ ᠵᠢ ᠳᠤᠰᠬᠠᠢ ᠳᠦᠷᠦᠯ᠎ᠤᠨ ᠵᠢᠭᠡᠯᠡᠯᠭᠡ ᠵᠢᠨ ᠳᠡᠮᠳᠡᠭᠳᠤ ᠵᠢᠨ ᠳᠠᠷᠬᠠᠭ᠋ᠠᠯᠳᠠ ᠵᠢᠴᠢ ᠳᠦᠷᠦᠯ ᠵᠦᠢ᠍ᠯ᠎ᠤᠨ ᠵᠤᠬᠢᠴᠠᠭᠤᠯᠭ᠎ᠠ ᠵᠢᠨ ᠪᠡᠯᠡ ᠴᠤᠭᠯᠠᠭᠤᠯᠬᠤ᠎ᠲᠠᠢ ᠠᠪᠴᠠᠯᠳᠤᠭᠤᠯᠤᠨ᠂ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠵᠢᠨ ᠮᠦᠩᠬᠦᠨ ᠬᠦᠢ᠍ᠯᠭᠡᠭᠡᠨ᠎ᠤᠨ ᠦᠢ᠍ᠯᠡᠴᠢᠯᠡᠭᠡ᠎ᠪᠠᠨ ᠴᠢᠩᠭ᠋ᠠᠳᠬᠠᠬᠤ ᠵᠢ ᠵᠢᠯᠤᠭᠤᠳᠤᠨ᠂ ᠴᠢᠬᠤᠯᠠ ᠶᠡᠭᠡ ᠳᠦᠷᠦᠯ ᠵᠦᠢ᠍ᠯ᠎ᠤᠨ ᠵᠠᠯᠭ᠋ᠠᠮᠵᠢ ᠪᠡᠯᠡ ᠴᠤᠭᠯᠠᠭᠤᠯᠬᠤ ᠵᠢ ᠪᠠᠳᠤᠯᠠᠬᠤ ᠭᠡᠷᠡᠭᠳᠡᠢ᠃ ᠳᠦᠷᠪᠡ᠎ᠳᠤ ᠳᠤᠰᠬᠠᠢ ᠳᠦᠷᠦᠯ᠎ᠤᠨ ᠵᠢᠭᠡᠯᠡᠯᠭᠡ ᠵᠢᠨ ᠳᠡᠮᠳᠡᠭᠳᠤ ᠵᠢᠨ ᠬᠠᠮᠢᠶᠠᠷᠤᠯᠳᠠ ᠵᠢ ᠵᠢᠷᠤᠮᠵᠢᠭᠤᠯᠵᠤ᠂ ᠪᠤᠴᠠᠭ᠋ᠠᠨ ᠳᠦᠯᠦᠬᠦ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠤᠷᠤᠨ ᠨᠤᠳᠤᠭ᠎ᠤᠨ ᠵᠠᠰᠠᠭ᠎ᠤᠨ ᠤᠷᠳᠤᠨ᠎ᠤ ᠳᠠᠯᠳᠠ ᠦᠷᠢ ᠦᠭᠴᠡᠭᠡ ᠵᠢ ᠴᠢᠩᠭ᠎ᠠ ᠬᠤᠷᠢᠭᠯᠠᠬᠤ ᠭᠡᠷᠡᠭᠳᠡᠢ ᠭᠡᠵᠤ ᠳᠤᠭᠳᠠᠭ᠋ᠠᠵᠠᠢ᠃
ᠬᠤᠷᠠᠯ᠎ᠠᠴᠠ᠂ ᠬᠦᠯᠦᠰᠤᠨ ᠳᠠᠷᠢᠶᠠᠴᠢᠨ ᠠᠵᠢᠯᠲᠠᠨ᠎ᠳᠤ ᠦᠷᠢᠳᠦᠵᠤ ᠪᠠᠢ᠌ᠭ᠎ᠠ ᠴᠠᠯᠢᠩ ᠬᠦᠯᠦᠰᠤ ᠵᠢ ᠦᠭᠴᠤ ᠴᠡᠪᠡᠷᠯᠡᠬᠦ ᠵᠢ ᠴᠢᠩᠭ᠋ᠠᠳᠬᠠᠬᠤ ᠭᠡᠷᠡᠭᠳᠡᠢ᠃ ᠡᠯ᠎ᠡ ᠭᠠᠵᠠᠷ᠎ᠤᠨ᠎ᠬᠢᠨ ᠵᠠᠰᠠᠭ᠎ᠤᠨ ᠤᠷᠳᠤᠨ᠎ᠠᠴᠠ ᠪᠡᠯᠡ ᠤᠷᠤᠭᠤᠯᠤᠭᠰᠠᠨ ᠳᠦᠷᠦᠯ ᠵᠦᠢ᠍ᠯ᠎ᠤᠨ ᠬᠦᠯᠦᠰᠤᠨ ᠳᠠᠷᠢᠶᠠᠴᠢᠨ ᠠᠵᠢᠯᠲᠠᠨ᠎ᠳᠤ ᠦᠷᠢᠳᠤᠵᠤ ᠪᠠᠢ᠌ᠭ᠎ᠠ ᠴᠠᠯᠢᠩ ᠬᠦᠯᠦᠰᠤ ᠵᠢ ᠤᠷᠢᠳᠠᠪᠠᠷ ᠴᠡᠪᠡᠷᠯᠡᠨ᠂ ᠠᠵᠤ ᠠᠬᠤᠢ᠌ᠯᠠᠯ᠎ᠤᠨ ᠦᠷᠢᠳᠤᠵᠤ ᠪᠠᠢ᠌ᠭ᠎ᠠ ᠦᠷᠢ ᠦᠭᠴᠡᠭᠡ ᠵᠢ ᠬᠤᠭᠤᠴᠠᠭ᠎ᠠ ᠳᠤᠭᠳᠠᠭ᠋ᠠᠨ ᠰᠢᠢ᠍ᠳᠪᠤᠷᠢᠯᠡᠬᠦ᠎ᠪᠠᠷ ᠵᠠᠷᠯᠢᠭᠳᠠᠨ᠂ ᠳᠤᠭᠳᠠᠭᠰᠨᠨ ᠬᠤᠭᠤᠴᠠᠭ᠋ᠠᠨ᠎ᠳᠤ᠎ᠪᠠᠨ ᠦᠭᠴᠤ ᠳᠠᠭᠤᠰᠬᠠᠬᠤ ᠦᠭᠡᠢ ᠪᠤᠯ ᠬᠠᠤᠯᠢ ᠶᠤᠰᠤᠭ᠋ᠠᠷ ᠴᠢᠩᠭ᠎ᠠ ᠳᠤᠷᠭ᠋ᠠᠬᠤ ᠭᠡᠷᠡᠭᠳᠡᠢ ᠭᠡᠵᠤ ᠱᠠᠭ᠋ᠠᠷᠳᠠᠵᠠᠢ᠃