ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠸᠠᠩ ᠢ᠄ ᠳᠡᠯᠡᠭᠡᠢ ᠵᠢᠨ ᠠᠷᠠᠯᠵᠢᠶ᠎ᠠ ᠵᠢᠨ ᠵᠤᠬᠢᠶᠠᠨ ᠪᠠᠢ᠌ᠭᠤᠯᠤᠯᠳᠠ ᠵᠢᠨ ᠪᠦᠬᠦ ᠪᠦᠮᠪᠦᠷᠴᠡᠭ᠎ᠤᠨ ᠠᠵᠤ ᠠᠬᠤᠢ ᠵᠢᠨ ᠵᠠᠰᠠᠯᠳᠠ᠎ᠳᠠᠬᠢ ᠦᠢ᠍ᠯᠡᠳᠤᠯ᠎ᠢ ᠨᠡᠩ ᠰᠠᠢ᠌ᠨ ᠪᠠᠳᠠᠷᠠᠭᠤᠯᠬᠤ ᠭᠡᠷᠡᠭᠳᠡᠢ ᠭᠡᠪᠡ
ᠨᠡᠶᠢᠲᠡᠯᠡᠭᠰᠡᠨ ᠴᠠᠭ᠄ 2019-01-30

           
     1 ᠳ᠋ᠤᠭᠡᠷ ᠰᠠᠷ᠎ᠠ ᠵᠢᠨ 24᠎ᠤ ᠠ᠋ᠳᠤᠷ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠫᠡᠷᠢᠰ᠎ᠲᠤ ᠬᠢᠭᠰᠡᠨ ᠠᠷᠪᠠᠨ ᠨᠠᠢ᠍ᠮᠠᠳᠤᠭ᠋ᠠᠷ ᠤᠳᠠᠭ᠋ᠠᠨ᠎ᠤ ᠳᠤᠮᠳᠠᠳᠤ ᠹᠷᠡᠨᠼᠢ ᠵᠢᠨ ᠪᠠᠢ᠌ᠯᠳᠤᠬᠤ ᠪᠤᠳᠤᠯᠭ᠎ᠠ ᠵᠢᠨ ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠵᠢᠨ᠎ᠬᠢᠨ ᠤᠯᠠᠨ ᠳᠡᠯᠡᠳᠤ ᠦᠵᠡᠯ᠎ᠢ ᠪᠠᠷᠢᠮᠳᠠᠯᠠᠨ᠂ ᠳᠡᠯᠡᠭᠡᠢ ᠵᠢᠨ ᠠᠷᠠᠯᠵᠢᠶ᠎ᠠ ᠵᠢᠨ ᠵᠤᠬᠢᠶᠠᠨ ᠪᠠᠢ᠌ᠭᠤᠯᠤᠯᠳᠠ᠎ᠪᠠᠷ ᠭᠤᠤᠯ ᠪᠤᠯᠭ᠋ᠠᠭᠰᠠᠨ᠂ ᠳᠦᠷᠢᠮ ᠵᠶ᠋ᠡᠷ ᠰᠠᠭᠤᠷᠢ ᠪᠤᠯᠭ᠋ᠠᠭᠰᠠᠨ ᠤᠯᠠᠨ ᠳᠡᠯᠡᠳᠤ ᠠᠷᠠᠯᠵᠢᠶᠠᠨ᠎ᠤ ᠳᠦᠷᠢᠮ᠎ᠢ ᠳᠡᠮᠵᠢᠨ᠎ᠡ᠃ ᠳᠤᠮᠳᠠᠳᠤ ᠵᠢᠨ᠎ᠬᠢᠨ ᠳᠡᠯᠡᠭᠡᠢ ᠵᠢᠨ ᠠᠷᠠᠯᠵᠢᠶ᠎ᠠ ᠵᠢᠨ ᠵᠤᠬᠢᠶᠠᠨ ᠪᠠᠢ᠌ᠭᠤᠯᠤᠯᠳᠠ᠎ᠳᠤ ᠵᠤᠬᠢᠰᠳᠠᠢ ᠦᠭᠡᠷᠡᠴᠢᠯᠡᠯᠳᠡ ᠬᠢᠬᠦ᠂ ᠪᠠᠢ᠌ᠳᠠᠯ᠎ᠳᠤ᠎ᠪᠠᠨ ᠵᠤᠬᠢᠴᠠᠭᠤᠯᠤᠨ ᠬᠦᠭᠵᠢᠬᠦᠯᠬᠦ᠂ ᠳᠡᠯᠡᠭᠡᠢ ᠵᠢᠨ ᠠᠷᠠᠯᠵᠢᠶ᠎ᠠ ᠵᠢᠨ ᠵᠤᠬᠢᠶᠠᠨ ᠪᠠᠢ᠌ᠭᠤᠯᠤᠯᠳᠠ ᠵᠢᠨ ᠠ᠋ᠷᠭᠡ ᠰᠦᠷᠳᠤ ᠴᠢᠨᠠᠷ ᠪᠤᠯᠤᠨ ᠪᠦᠳᠦᠮᠵᠢᠳᠤ ᠴᠢᠨᠠᠷ᠎ᠢ ᠴᠢᠩᠭ᠋ᠠᠳᠬᠠᠬᠤ ᠵᠢ ᠳᠡᠮᠵᠢᠨ᠎ᠡ᠃ ᠦᠭᠡᠷᠡᠴᠢᠯᠡᠯᠳᠡ ᠬᠢᠬᠦ᠎ᠳᠤ᠎ᠪᠠᠨ ᠳᠤᠤᠷᠠᠬᠢ ᠵᠠᠷᠴᠢᠮ᠎ᠢ ᠵᠢᠷᠤᠮᠯᠠᠪᠠᠯ ᠵᠤᠬᠢᠨ᠎ᠠ ᠭᠡᠵᠤ ᠦᠵᠡᠨ᠎ᠡ᠄ ᠨᠢᠭᠡ᠎ᠳᠤ᠂ ᠳᠡᠯᠡᠭᠡᠢ ᠵᠢᠨ ᠠᠷᠠᠯᠵᠢᠶ᠎ᠠ ᠵᠢᠨ ᠵᠤᠬᠢᠶᠠᠨ ᠪᠠᠢ᠌ᠭᠤᠯᠤᠯᠳᠠ ᠵᠢᠨ ᠭᠤᠤᠯᠯᠠᠭᠴᠢ ᠦᠷᠳᠡᠭ ᠪᠤᠯᠤᠨ ᠦᠨᠳᠦᠰᠤᠨ ᠵᠠᠷᠴᠢᠮ᠎ᠢ ᠬᠠᠮᠠᠭ᠋ᠠᠯᠠᠵᠤ᠂ ᠴᠢᠯᠦᠭᠡᠳᠤ ᠠᠷᠠᠯᠵᠢᠶᠠᠨ᠎ᠤ ᠴᠢᠭᠯᠡᠯᠳᠡ ᠵᠢ ᠬᠤᠪᠢᠷᠠᠭᠤᠯᠵᠤ ᠪᠤᠯᠬᠤ ᠦᠭᠡᠢ; ᠬᠤᠶᠠᠷ᠎ᠲᠤ᠂ ᠵᠦᠪᠳᠡᠯᠴᠡᠵᠤ ᠨᠢᠭᠡᠳᠭᠡᠬᠦ ᠵᠠᠷᠴᠢᠮ᠎ᠢ ᠪᠠᠷᠢᠮᠳᠠᠯᠠᠨ᠂ ᠵᠢᠵᠢᠭ ᠪᠦᠯᠦᠭ᠎ᠤᠨ ᠦᠵᠡᠯ ᠭᠠᠷᠭ᠋ᠠᠵᠤ ᠪᠤᠯᠬᠤ ᠦᠭᠡᠢ; ᠭᠤᠷᠪᠠ᠎ᠳᠤ᠂ ᠬᠦᠭᠵᠢᠵᠤ ᠪᠠᠢ᠌ᠭ᠎ᠠ ᠪᠦᠷᠢᠯᠳᠦᠬᠦᠨ ᠤᠯᠤᠰ᠎ᠤᠨ ᠤᠨᠴᠠᠭ᠋ᠠᠢ ᠪᠠ ᠵᠦᠷᠢᠶᠡᠳᠤ ᠤᠯᠭᠤᠮᠵᠢ ᠵᠢ ᠬᠠᠮᠠᠭ᠋ᠠᠯᠠᠬᠤ ᠭᠡᠷᠡᠭᠳᠡᠢ᠂ ᠹᠷᠡᠨᠼᠢ ᠵᠢᠨ᠎ᠬᠢᠨ᠎ᠤ ᠳᠤᠮᠳᠠᠳᠤ ᠤᠯᠤᠰ᠎ᠤᠨ ᠬᠦᠭᠵᠢᠵᠤ ᠪᠠᠢ᠌ᠭ᠎ᠠ ᠤᠯᠤᠰ ᠪᠤᠯᠬᠤ ᠪᠠᠢ᠌ᠷᠢ ᠰᠠᠭᠤᠷᠢ᠎ᠳᠤ ᠪᠤᠰᠤᠳᠴᠢ᠎ᠪᠠᠷ ᠬᠠᠨᠳᠤᠬᠤ ᠵᠢ ᠬᠦᠰᠡᠨ᠎ᠡ; ᠳᠦᠷᠪᠡ᠎ᠳᠤ᠂ ᠳᠡᠭᠡᠭᠰᠢ ᠵᠠᠭ᠋ᠠᠯᠳᠤᠵᠤ ᠪᠠᠢ᠌ᠭ᠎ᠠ ᠠᠰᠠᠭᠤᠳᠠᠯ᠎ᠢ ᠤᠷᠢᠳ ᠵᠶ᠋ᠡᠷ ᠰᠢᠢ᠍ᠳᠪᠤᠷᠢᠯᠡᠬᠦ ᠭᠡᠷᠡᠭᠳᠡᠢ ᠭᠡᠵᠤ ᠴᠢᠬᠤᠯᠠᠴᠢᠯᠠᠪᠠ᠃
      ᠸᠠᠩ ᠢ᠂ ᠹᠷᠡᠨᠼᠢ ᠵᠢᠨ᠎ᠬᠢᠨ ᠠ᠋ᠨᠡ ᠠ᠋ᠳᠤᠷ᠎ᠤᠨ ᠶᠠᠷᠢᠯᠴᠠᠭ᠎ᠠ ᠳᠡᠭᠡᠷ᠎ᠡ ᠭᠠᠭᠴᠠ ᠳᠠᠯᠠᠳᠤ ᠦᠵᠡᠯ᠎ᠢ ᠠ᠋ᠰᠡᠷᠬᠦᠴᠡᠵᠤ᠂ ᠤᠯᠠᠨ ᠳᠡᠯᠡᠳᠤ ᠠᠷᠠᠯᠵᠢᠶᠠᠨ᠎ᠤ ᠳᠦᠷᠢᠮ᠎ᠢ ᠬᠠᠮᠠᠭ᠋ᠠᠯᠠᠬᠤ ᠳᠤᠬᠠᠢ ᠪᠠᠷᠢᠮᠳᠠᠯᠠᠯ ᠵᠶ᠋ᠡᠨ ᠳᠠᠬᠢᠨᠳᠠ ᠢᠯᠡᠷᠭᠡᠢ᠌ᠯᠡᠪᠡ᠂ ᠳᠤᠮᠳᠠᠳᠤ ᠵᠢᠨ᠎ᠬᠢᠨ ᠯᠠᠪᠳᠠᠢ ᠴᠢᠬᠤᠯᠠᠴᠢᠯᠠᠨ᠎ᠠ᠃ ᠳᠤᠮᠳᠠᠳᠤ ᠵᠢᠨ᠎ᠬᠢᠨ ᠳᠤᠷᠠᠳᠠᠶ᠎ᠠ ᠬᠠᠷᠢᠯᠴᠠᠨ ᠬᠦᠨᠳᠦᠳᠭᠡᠬᠦ᠂ ᠠ᠋ᠷᠭᠡ ᠳᠡᠭᠰᠢ ᠬᠠᠷᠢᠯᠴᠠᠨ ᠠᠰᠢᠭ᠎ᠲᠠᠢ ᠪᠠᠢ᠌ᠬᠤ᠎ᠳᠤ ᠰᠠᠭᠤᠷᠢᠯᠠᠨ᠂ ᠹᠷᠡᠨᠼᠢ ᠪᠤᠯᠤᠨ ᠠ᠋ᠸᠦᠢ᠍ᠷᠦᠫᠠ ᠵᠢᠨ ᠬᠤᠯᠪᠤᠭ᠎ᠠ᠎ᠲᠠᠢ ᠤᠯᠤᠯᠴᠠᠭ᠎ᠠ ᠬᠠᠮᠳᠤᠷᠠᠯᠴᠠᠭ᠎ᠠ᠎ᠪᠠᠨ ᠴᠢᠩᠭ᠋ᠠᠳᠬᠠᠵᠤ᠂ ᠤᠯᠠᠨ ᠳᠡᠯᠡᠳᠤ ᠠᠷᠠᠯᠵᠢᠶ᠎ᠠ ᠵᠢᠨ ᠳᠦᠷᠢᠮ᠎ᠢ ᠬᠠᠮᠳᠤ᠎ᠪᠠᠷ ᠪᠡᠬᠢᠵᠢᠬᠦᠯᠦᠨ᠂ ᠳᠡᠯᠡᠭᠡᠢ ᠵᠢᠨ ᠠᠷᠠᠯᠵᠢᠶ᠎ᠠ ᠵᠢᠨ ᠵᠤᠬᠢᠶᠠᠨ ᠪᠠᠢ᠌ᠭᠤᠯᠤᠯᠳᠠ ᠵᠢᠨ ᠪᠦᠬᠦ ᠪᠦᠮᠪᠦᠷᠴᠡᠭ᠎ᠤᠨ ᠠᠵᠤ ᠠᠬᠤᠢ ᠵᠢᠨ ᠵᠠᠰᠠᠯᠳᠠ᠎ᠳᠠᠬᠢ ᠦᠢ᠍ᠯᠡᠳᠤᠯ᠎ᠢ ᠨᠡᠩ ᠰᠠᠢ᠌ᠨ ᠵᠶ᠋ᠡᠷ ᠪᠠᠳᠠᠷᠠᠭᠤᠯᠤᠨ᠎ᠠ ᠭᠡᠵᠤ ᠢᠯᠡᠷᠭᠡᠢ᠌ᠯᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠸᠠᠩ ᠢ ᠹᠷᠡᠨᠼᠢ ᠵᠢᠨ ᠶᠡᠷᠦᠩᠭᠡᠢ᠌ᠯᠡᠭᠴᠢ ᠵᠢᠨ ᠭᠠᠳᠠᠭ᠋ᠠᠳᠤ ᠶᠠᠪᠤᠳᠠᠯ᠎ᠤᠨ ᠵᠦᠪᠯᠡᠭᠴᠢ ᠠ᠋ᠸᠳᠢᠠᠠᠨ᠎ᠲᠠᠢ ᠵᠦᠪᠳᠡᠨ ᠶᠠᠷᠢᠯᠴᠠᠪᠠ
ᠰᠦᠨ ᠴᠦᠨ ᠯᠠᠨ ᠰᠤᠷᠭ᠋ᠠᠨ ᠬᠦᠮᠦᠵᠢᠯ᠎ᠤᠨ ᠶᠠᠮᠤᠨ᠎ᠤ ᠰᠢᠭᠤᠳ ᠬᠠᠷᠢᠶ᠎ᠠ ᠶᠡᠭᠡ ᠳᠡᠭᠡᠳᠤ ᠰᠤᠷᠭ᠋ᠠᠭᠤᠯᠢ ᠵᠢᠨ ᠠᠵᠢᠯ᠎ᠤᠨ ᠯᠠᠪᠯᠠᠯᠲᠠ ᠵᠢᠨ ᠵᠦᠪᠯᠡᠯ᠎ᠤᠨ ᠪᠦᠬᠦᠳᠡ ᠬᠤᠷᠠᠯ᠎ᠳᠤ ᠤᠷᠤᠯᠴᠠᠪᠠ
ᠬᠠᠨ ᠵᠸᠩ ᠭ᠋ᠸᠷᠮᠠᠨ᠎ᠤ ᠳᠡᠳ᠋ ᠶᠡᠷᠦᠩᠭᠡᠢ ᠰᠠᠢ᠌ᠳ ᠪᠦᠭᠡᠳ ᠠ᠋ᠳ᠋᠎ᠤᠨ ᠵᠠᠰᠠᠭ᠎ᠤᠨ ᠶᠠᠮᠤᠨ᠎ᠤ ᠰᠠᠢ᠌ᠳ ᠱᠤᠷᠽᠢ᠎ᠲᠠᠢ ᠠᠭᠤᠯᠵᠠᠪᠠ
ᠵᠤᠤ ᠺᠸ ᡁᠢ ᠪᠦᠬᠦ ᠤᠯᠤᠰ᠎ᠤᠨ ᠳᠤᠳᠤᠭ᠋ᠠᠳᠤ ᠵᠢ ᠬᠠᠮᠠᠭ᠋ᠠᠯᠠᠬᠤ ᠤᠨᠴᠠ ᠴᠠᠭᠳᠠᠭ᠎ᠠ ᠵᠢᠨ ᠳᠤᠭᠳᠠᠭᠤᠨ᠎ᠢ ᠬᠠᠮᠠᠭ᠋ᠠᠯᠠᠬᠤ ᠭᠠᠵᠠᠷ᠎ᠤᠨ ᠬᠠᠷᠢᠭᠤ ᠮᠡᠳᠡᠬᠦᠯᠦᠯᠳᠡ ᠵᠢᠨ ᠰᠤᠷᠢᠯᠳᠠ ᠵᠢ ᠰᠤᠨᠢᠷᠬᠠᠪᠠ
ᠬᠤ᠌ ᠴᠦᠨ ᠬᠤᠸᠠ ᠳᠡᠭᠡᠳᠤ ᠵᠡᠷᠭᠡ ᠵᠢᠨ ᠮᠡᠷᠭᠡᠵᠢᠯ᠎ᠤᠨ ᠴᠢᠳᠠᠪᠤᠷᠢᠳᠠᠨ᠎ᠤ ᠶᠠᠷᠢᠯᠴᠠᠬᠤ ᠬᠤᠷᠠᠯ᠎ᠳᠤ ᠤᠷᠤᠯᠴᠠᠭᠰᠠᠨ ᠪᠦᠭᠡᠳ ᠶᠠᠷᠢᠶ᠎ᠠ ᠳᠠᠯᠪᠢᠵᠠᠢ
 
            