ᠨᠦᠭᠦᠳ ᠡ᠄
ᠦᠨᠦᠳᠦᠷ ᠪᠢᠳᠠ ᠠ᠋ᠨᠳᠡ ᠶᠡᠬᠡ ᠬᠤᠷᠠᠯ ᠬᠢᠵᠤ᠂ 2014 ᠤᠨ᠎ᠤ ᠠᠵᠢᠯ ᠵᠶ᠋ᠠᠨ ᠳ᠋ᠦᠩᠨᠡᠨ᠂ ᠲᠡᠷᠢᠬᠦᠨ᠎ᠤ ᠬᠠᠮᠲᠤ ᠨᠡᠢ᠌ᠲᠡ ᠪᠠ ᠬᠣᠪᠢ ᠬᠦᠮᠤᠨ᠎ᠢ ᠰᠠᠢ᠌ᠰᠢᠶᠠᠨ ᠬᠦᠬᠢᠭᠦᠯᠵᠤ᠂ 2015 ᠣᠨ᠎ᠤ ᠠᠵᠢᠯ᠎ᠢ ᠲᠤᠪᠴᠢᠬᠠᠨ ᠪᠠᠢ᠌ᠷᠢᠯᠠᠭᠤᠯᠤᠭᠰᠠᠨ ᠪᠠᠢ᠌ᠨ᠎ᠠ᠃
ᠲᠤᠤᠷ᠎ᠠ ᠪᠢ ᠬᠤᠶᠠᠷ ᠰᠠᠨᠠᠯ ᠶᠡᠷᠢᠶ᠎ᠠ᠃
ᠨᠢᠭᠡ᠂ 2014 ᠤᠨ᠎ᠤ ᠠᠵᠢᠯ᠎ᠤᠨ ᠲᠤᠬᠠᠢ
2014 ᠣᠨ᠎ᠳᠤ ᠪᠢᠳᠠ ᠡᠯ᠎ᠡ ᠵᠦᠢ᠍ᠯ᠎ᠤᠨ ᠬᠠᠷᠠᠯᠲᠠ ᠠ᠋ᠭᠦᠷᠭᠡ ᠵᠢ ᠪᠡᠶᠡᠯᠡᠭᠦᠯᠦᠨ ᠳᠣᠪᠤᠢ᠌ᠮ᠎ᠠ ᠠᠮᠵᠢᠯᠲᠠ ᠤᠯᠵᠤ᠂ ᠠᠷᠠᠳ᠎ᠤᠨ ᠶᠠᠪᠤᠳᠠᠯ᠎ᠤᠨ ᠠᠵᠢᠯ ᠰᠢᠨ᠎ᠡ ᠬᠡᠪ ᠪᠠᠢ᠌ᠳᠠᠯ ᠲᠤᠤᠷ᠎ᠠ ᠰᠢᠨ᠎ᠡ ᠭᠢᠯᠠᠰ ᠴᠡᠭ᠎ᠲᠠᠢ ᠪᠤᠯᠪᠠ᠄
(ᠨᠢᠭᠡ) ᠠᠷᠠᠳ᠎ᠤᠨ ᠶᠠᠪᠤᠳᠠᠯ᠎ᠤᠨ ᠠᠪᠤᠷᠠᠨ ᠲᠤᠰᠠᠯᠠᠭᠳᠠᠬᠤ ᠠ᠋ᠲᠡᠭᠡᠳ᠎ᠲᠤ ᠨᠠᠭ᠋ᠠᠳᠤ ᠵᠠᠬ᠎ᠠ ᠵᠢᠨ ᠪᠠᠲᠤᠯᠠᠪᠤᠷᠢ ᠤᠯᠭᠤᠬᠤ ᠦᠢ᠍ᠯᠡᠳᠦᠯ ᠵᠶ᠋ᠠᠨ ᠬᠦᠢ᠍ᠴᠡᠳ ᠪᠠᠳᠠᠷᠠᠭᠤᠯᠪᠠ
ᠪᠦᠭᠦ ᠤᠷᠤᠨ᠎ᠳᠤ ᠪᠠᠲᠤᠯᠠᠭ᠎ᠠ ᠣᠯᠵᠤ ᠪᠠᠢ᠌ᠭ᠎ᠠ ᠡᠯ᠎ᠡ ᠲᠦᠷᠦᠯ᠎ᠤᠨ ᠭᠦᠴᠢᠷᠳᠡᠯᠲᠠᠢ ᠪᠠ ᠤᠨᠴᠠᠭ᠋ᠠᠢ ᠬᠦᠮᠦᠰ 540 ᠭᠠᠷᠦᠢ ᠲᠦᠮᠡ ᠪᠤᠢ᠃ ᠠ᠋ᠭᠦᠨ᠎ᠳᠤ ᠠ᠋ᠮᠨᠡᠯᠭᠡ ᠵᠢᠨ ᠠᠪᠤᠷᠠᠨ ᠳᠤᠰᠠᠯᠠᠮᠵᠢ ᠣᠯᠤᠭᠰᠠᠨ᠎ᠨᠢ ᠨᠡᠢ᠌ᠲᠡ 133.7 ᠲᠦᠮᠡᠨ ᠬᠦᠮᠦᠨ ᠤᠳᠠᠭ᠎ᠠ᠂ 5.15 ᠲᠦᠮᠡᠨ ᠠ᠋ᠷᠦᠭᠡ᠎ᠳᠤ ᠲᠦᠷ ᠴᠠᠭ᠎ᠤᠨ ᠳᠤᠰᠠᠯᠠᠮᠵᠢ ᠦᠵᠡᠭᠦᠯᠵᠤ᠂ 1.86 ᠲᠦᠮᠡᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠲᠤ ᠭᠡᠷ ᠪᠦᠯᠢ ᠵᠢᠨ ᠭᠦᠴᠢᠷᠳᠡᠯᠲᠡᠢ ᠤᠶᠤᠲᠠᠨᠢ ᠲᠤᠰᠠᠯᠠᠵᠤ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠪᠠ ᠲᠠᠪᠤᠨ ᠪᠠᠲᠤᠯᠠᠭ᠎ᠠ ᠵᠢᠨ ᠠ᠋ᠲᠡᠭᠡᠳ᠎ᠲᠤ 1.19 ᠳ᠋ᠦᠩᠰᠢᠭᠤᠷ ᠲᠦᠭᠦᠷᠢᠭ᠎ᠤᠨ ᠴᠠᠬᠢᠯᠭ᠋ᠠᠨ᠎ᠤ ᠦᠨ᠎ᠡ ᠵᠢᠨ ᠨᠦᠭᠦᠪᠦᠷᠢ ᠮᠦᠩᠭᠦ ᠦᠭᠴᠦ᠂ ᠬᠤᠲᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠠᠵᠢᠯ᠎ᠲᠠᠢ ᠬᠦᠮᠦᠨ ᠦᠭᠡᠢ ᠭᠡᠷ ᠪᠦᠯᠢ ᠵᠢᠨ 4.78 ᠲᠦᠮᠡᠨ ᠬᠦᠮᠦᠨ᠎ᠳᠤ ᠠᠵᠢᠯ ᠤᠯᠭᠤᠨ᠂ ᠬᠤᠲᠠ ᠪᠠᠯᠭ᠋ᠠᠰᠤᠨ᠎ᠤ 12.2 ᠲᠦᠮᠡᠨ ᠭᠦᠴᠢᠷᠲᠡᠯᠲᠦ ᠠ᠋ᠷᠦᠭᠡ ᠵᠢᠨ ᠤᠷᠤᠨ ᠰᠠᠭᠤᠴᠠ ᠵᠢ ᠪᠠᠲᠤᠯᠠᠵᠤ᠂ ᠬᠦᠳᠡᠭᠡ ᠲᠤᠰᠬᠤᠨ ᠮᠠᠯᠵᠢᠬᠤ ᠤᠷᠤᠨ᠎ᠤ 16.7 ᠲᠦᠮᠡᠨ ᠬᠦᠴᠢᠷᠳᠡᠯᠲᠦ ᠤᠯᠠᠨ ᠲᠦᠮᠡᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠵᠠᠰᠠᠵᠤ ᠰᠢᠨᠡᠳᠬᠡᠨ᠂ ᠬᠦᠳᠡᠭᠡ ᠲᠤᠰᠬᠤᠨ ᠮᠠᠯᠵᠢᠬᠤ ᠤᠷᠤᠨ᠎ᠤ 105.3 ᠲᠦᠮᠡᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠲᠤ ᠠ᠋ᠷᠤᠬᠡ ᠪᠠ ᠲᠠᠪᠤᠨ ᠪᠠᠲᠤᠯᠠᠭ᠋ᠠᠲᠤ ᠠ᠋ᠲᠡᠭᠡᠳ᠎ᠤᠨ ᠭᠡᠷ ᠪᠦᠯᠢ᠎ᠳᠤ ᠡᠪᠤᠯ᠎ᠤᠨ ᠤᠯᠠᠷᠢᠯ᠎ᠤᠨ ᠲᠤᠯᠠᠭ᠋ᠠᠮᠵᠢ ᠵᠢᠨ 1 ᠲᠤᠨ ᠨᠡᠭᠦᠷᠡᠰᠤᠨᠤ ᠨᠦᠭᠦᠪᠦᠷᠢ ᠤᠯᠭᠤᠭ᠋ᠠᠳ᠂ ᠪᠦᠭᠦ ᠤᠷᠤᠨ᠎ᠤ ᠬᠦᠴᠢᠷᠳᠡᠯᠲᠦ ᠤᠯᠠᠨ ᠲᠦᠮᠡᠨ᠎ᠳᠤ ᠠ᠋ᠳ᠋ᠯᠠᠭᠦᠯᠬᠦ ᠡᠯ᠎ᠡ ᠵᠦᠢ᠍ᠯ᠎ᠤᠨ ᠠᠰᠢᠭ ᠬᠦᠷᠳᠡᠭᠡᠮᠵᠢ ᠪᠠ ᠪᠠᠲᠤᠯᠠᠭ᠎ᠠ ᠤᠯᠭᠤᠮᠵᠢ ᠵᠢᠨ ᠲᠦᠷᠦ ᠪᠤᠳᠤᠯᠭ᠎ᠠ᠎ᠨᠢ 54 ᠵᠦᠢ᠍ᠯ᠎ᠳᠤ ᠬᠦᠷᠦᠭᠰᠡᠨ ᠪᠠᠢ᠌ᠨ᠎ᠠ᠃
ᠬᠤᠲᠠ ᠬᠦᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠪᠠ ᠲᠠᠪᠤᠨ ᠪᠠᠲᠤᠯᠠᠭ᠋ᠠᠲᠤ ᠠᠰᠠᠷᠠᠮᠵᠢ ᠵᠢᠨ ᠠ᠋ᠲᠡᠭᠡᠳ᠂ ᠬᠤᠲᠠ ᠪᠠᠯᠭ᠋ᠠᠰᠤ ᠵᠢᠨ ᠭᠤᠷᠪᠠ ᠦᠭᠡᠢ ᠬᠦᠮᠦᠰ᠂ ᠦᠨᠦᠴᠢᠨ ᠬᠡᠤᠭᠡᠳ ᠵᠡᠷᠭᠡ ᠵᠢᠨ ᠲᠦᠷᠪᠡᠨ ᠵᠦᠢ᠍ᠯ᠎ᠤᠨ ᠭᠦᠢ᠍ᠴᠡᠳᠬᠡᠬᠦ ᠲᠤᠭ᠎ᠠ᠎ᠨᠢ ᠳᠡᠭᠡᠷ᠎ᠡ ᠵᠢᠯ᠎ᠤᠨ᠎ᠬᠢ᠎ᠠᠴᠠ 12% ᠵᠶ᠋ᠠᠷ ᠨᠡᠮᠡᠭᠳᠡᠵᠤ᠂ ᠬᠦᠨᠳᠦ ᠤᠨᠴᠠ ᠶᠡᠬᠡ ᠡᠪᠡᠳᠴᠢᠨ᠎ᠳᠤ ᠨᠡᠷᠪᠡᠭᠳᠡᠭᠰᠡᠨ ᠬᠦᠴᠢᠷᠳᠡᠯᠲᠦ ᠤᠯᠠᠨ ᠲᠦᠮᠡᠨ᠎ᠤ ᠠ᠋ᠮᠨᠡᠯᠭᠡ᠎ᠳᠤ ᠰᠠᠭᠤᠭᠰᠠᠨ ᠬᠦᠮᠦᠨ ᠪᠦᠷᠢ ᠵᠢᠨ ᠲᠤᠰᠠᠯᠠᠮᠵᠢ᠎ᠨᠢ 2466 ᠲᠦᠭᠦᠷᠢᠭ᠎ᠲᠤ ᠭᠦᠷᠴᠦ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠷᠢ ᠵᠢᠨ ᠨᠦᠭᠦᠴᠡᠯ᠎ᠳᠤ ᠤᠢ᠌ᠷᠠᠲᠦᠵᠤ ᠪᠠᠢ᠌ᠭ᠎ᠠ ᠭᠦᠮᠦᠰ᠎ᠲᠤ ᠲᠦᠷ ᠴᠠᠭ᠎ᠤᠨ ᠲᠤᠰᠠᠯᠠᠮᠵᠢ ᠦᠭᠬᠦᠭᠰᠡᠨ ᠬᠡᠮᠵᠢᠶ᠎ᠡ᠎ᠨᠢ ᠠ᠋ᠷᠦᠭᠡ ᠲᠤᠳᠤᠮ 1087 ᠲᠦᠭᠦᠷᠢᠭ᠎ᠲᠤ ᠭᠦᠷᠦᠭᠰᠡᠨ ᠪᠠᠢ᠌ᠨ᠎ᠠ᠃
ᠪᠦᠭᠦ ᠵᠢᠯ᠎ᠳᠤ ᠨᠡᠢ᠌ᠲᠡ 83.3 ᠳ᠋ᠦᠩᠰᠢᠭᠤᠷ ᠲᠦᠭᠦᠷᠢᠭ᠎ᠤᠨ ᠠᠷᠠᠳ᠎ᠤᠨ ᠶᠠᠪᠤᠳᠠᠯ᠎ᠤᠨ ᠲᠤᠰᠬᠠᠢ ᠪᠠᠲᠤᠯᠠᠪᠤᠷᠢ ᠵᠢᠨ ᠪᠡᠯᠡ ᠮᠦᠩᠭᠦ ᠵᠢᠨ ᠪᠠᠭᠤᠯᠭ᠋ᠠᠨ ᠦᠭᠪᠡ᠃ ᠠ᠋ᠭᠦᠨ᠎ᠳᠤ ᠦᠪᠡᠷᠲᠡᠭᠡᠨ ᠵᠠᠰᠠᠬᠤ ᠤᠷᠤᠨ᠎ᠤ ᠲᠤᠰ ᠱᠠᠲᠤᠨ᠎ᠤ ᠲᠦᠰᠦᠪ᠎ᠤᠨ ᠲᠤᠳᠤᠷᠠᠬᠢ ᠪᠡᠯᠡ ᠮᠦᠩᠭᠦ ᠵᠢᠨ ᠪᠠᠭᠤᠯᠭ᠋ᠠᠨ ᠦᠭᠬᠦᠭᠰᠡᠨ ᠨᠤᠷᠮ᠎ᠠ᠎ᠨᠢ 93.7%᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 12 % ᠵᠶ᠋ᠠᠷ ᠨᠡᠮᠡᠭᠳᠡᠨ᠂ ᠡᠯ᠎ᠡ ᠵᠦᠢ᠍ᠯ᠎ᠤᠨ ᠠᠷᠠᠳ᠎ᠤᠨ ᠠᠮᠢᠳᠤᠷᠠᠯ᠎ᠤᠨ ᠲᠤᠬᠠᠢ ᠲᠦᠷᠦ ᠵᠢᠨ ᠪᠤᠳᠤᠯᠭ᠎ᠠ ᠵᠢᠨ ᠢᠯᠭᠤᠮ ᠭᠡᠷᠡᠭᠵᠢᠭᠦᠯᠦᠭᠳᠡᠬᠦ ᠵᠢ ᠭᠦᠴᠦᠲᠡᠢ ᠪᠠᠲᠤᠯᠠᠪᠠ᠃
(ᠬᠤᠶᠠᠷ) ᠲᠦᠷᠦ ᠵᠢᠨ ᠪᠤᠳᠤᠯᠭ᠎ᠠ ᠵᠢ ᠰᠡᠲᠦᠨ ᠲᠤᠭᠲᠠᠭ᠋ᠠᠬᠤ ᠪᠠ ᠦᠭᠡᠷᠡᠴᠢᠯᠡᠯᠲᠡ ᠰᠢᠨᠡᠴᠢᠯᠡᠯᠲᠡ ᠬᠢᠬᠦ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠤᠯᠪᠠ
ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠲᠠᠯ᠎ᠠ᠎ᠪᠠᠷ᠂ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ ᠲᠦᠷᠦ ᠵᠢᠨ ᠶᠠᠪᠤᠳᠠᠯ᠎ᠤᠨ ᠬᠤᠷᠢᠶᠠᠨ᠎ᠤ 〈ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠲᠦᠷ ᠬᠡᠷᠡᠭᠵᠢᠭᠦᠯᠬᠦ ᠠᠷᠭ᠎ᠠ〉 ᠵᠢ ᠭᠡᠷᠡᠭᠵᠢᠭᠦᠯᠬᠦ ᠰᠠᠨᠠᠯ》᠂ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ 〈ᠲᠦᠷᠭᠡᠨ ᠠᠪᠤᠷᠠᠯᠲᠠ ᠣᠯᠬᠤ〉 ᠲᠤᠷᠰᠢᠯᠲᠠ ᠵᠢᠨ ᠴᠡᠭ᠎ᠤᠨ ᠠᠵᠢᠯ᠎ᠢ ᠦᠷᠨᠢᠭᠦᠯᠬᠦ ᠲᠦᠰᠦᠯ᠎ᠤᠨ ᠲᠤᠬᠠᠢ ᠮᠡᠳᠡᠭᠳᠡᠯ》 ᠵᠡᠷᠭᠡ 17 ᠵᠦᠢ᠍ᠯ᠎ᠤᠨ ᠲᠦᠷᠦ ᠵᠢᠨ ᠪᠤᠳᠤᠯᠭ᠎ᠠ ᠵᠢ ᠲᠤᠭᠲᠠᠭ᠋ᠠᠨ ᠬᠡᠷᠡᠭᠵᠢᠭᠦᠯᠵᠤ᠂ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠰᠠᠯᠠᠭ᠎ᠠ ᠮᠦᠴᠢᠷ᠎ᠤᠨ ᠬᠤᠯᠪᠤᠭ᠋ᠠᠲᠤ ᠬᠤᠷᠠᠯ ᠪᠤᠯᠤᠨ 《ᠨᠢᠭᠡ ᠭᠠᠵᠠᠷ ᠬᠦᠯᠢᠶᠡᠨ ᠠᠪᠴᠤ ᠬᠠᠪᠰᠤᠷᠤᠯᠴᠠᠨ ᠭᠦᠢ᠍ᠴᠡᠳᠬᠡᠬᠦ》᠂ 《ᠲᠦᠷᠭᠡᠨ ᠠᠪᠤᠷᠠᠯᠲᠠ ᠭᠦᠰᠡᠭᠰᠡᠳ》᠎ᠢ ᠢᠳᠡᠪᠬᠢᠲᠡᠢ ᠢᠯᠡᠷᠭᠦᠯᠤᠨ ᠬᠢᠨᠠᠯᠲᠠ ᠲᠠᠯᠪᠢᠨ ᠪᠠᠢ᠌ᠴᠠᠭ᠋ᠠᠬᠤ ᠪᠠ ᠬᠠᠷᠢᠭᠤᠴᠠᠯᠭ᠎ᠠ ᠨᠡᠭᠡᠮᠵᠢᠯᠡᠬᠦ ᠵᠡᠷᠭᠡ 6 ᠵᠦᠢ᠍ᠯ᠎ᠤᠨ ᠠᠵᠢᠯ᠎ᠤᠨ ᠲᠤᠭᠲᠠᠴᠠ ᠵᠢ ᠪᠠᠢ᠌ᠭᠤᠯᠤᠨ᠂ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠢᠨᠠᠨ ᠬᠠᠷᠭᠤᠭᠤᠯᠬᠤ ᠵᠢ ᠠᠬᠢᠭᠤᠯᠵᠤ᠂ 23 ᠬᠤᠰᠢᠭᠤ ᠰᠢᠶᠡᠨ ᠬᠤᠲᠠ ᠲᠤᠭᠤᠷᠢᠭ᠎ᠲᠤ 《ᠲᠦᠷᠭᠡᠨ ᠠᠪᠤᠷᠠᠯᠲᠠ ᠣᠯᠬᠤ》 ᠲᠤᠷᠰᠢᠯᠲᠠ ᠵᠢᠨ ᠴᠡᠭ᠎ᠤᠨ ᠠᠵᠢᠯ᠎ᠢ ᠦᠷᠨᠢᠭᠦᠯᠪᠡ᠃
ᠨᠡᠢ᠌ᠬᠡᠮ᠎ᠤᠨ ᠨᠠᠰᠤᠲᠠᠨ᠎ᠢ ᠠᠰᠠᠷᠠᠬᠤ ᠲᠠᠯ᠎ᠠ᠎ᠪᠠᠷ᠂ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠦᠢ᠍ᠯᠡᠰ᠎ᠤᠨ ᠬᠦᠭᠵᠢᠯᠲᠡ ᠵᠢ ᠲᠦᠷᠭᠡᠳᠭᠡᠬᠦ ᠲᠤᠬᠠᠢ ᠬᠡᠷᠡᠭᠵᠢᠭᠦᠯᠬᠦ ᠰᠠᠨᠠᠯ》᠂ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠰᠤᠲᠠᠨ᠎ᠢ ᠠᠰᠠᠷᠠᠬᠤ ᠪᠠᠢ᠌ᠭᠤᠯᠤᠮᠵᠢ ᠪᠠᠢ᠌ᠭᠤᠯᠬᠤ ᠵᠢ ᠵᠦᠪᠰᠢᠶᠡᠷᠡᠬᠦ ᠪᠠ ᠬᠠᠮᠢᠶᠠᠷᠬᠤ ᠠᠷᠭ᠎ᠠ》 ᠵᠡᠷᠭᠡ 6 ᠵᠦᠢ᠍ᠯ᠎ᠤᠨ ᠲᠦᠷᠦ ᠵᠢᠨ ᠪᠤᠳᠤᠯᠭ᠎ᠠ ᠪᠠ ᠲᠦᠷᠢᠮ ᠲᠤᠭᠲᠠᠭ᠋ᠠᠯ᠎ᠢ ᠲᠤᠭᠲᠠᠭ᠋ᠠᠨ ᠬᠡᠷᠡᠭᠵᠢᠭᠦᠯᠵᠤ᠂ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠡᠰ ᠲᠤᠭᠲᠠᠭ᠋ᠠᠬᠤ ᠲᠦᠷᠢᠮ᠎ᠢ ᠲᠤᠭᠲᠠᠭ᠋ᠠᠨ᠂ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠲᠦᠭᠦᠭᠡᠷᠦᠮᠵᠢ ᠵᠢᠨ ᠲᠦᠯᠦᠪᠵᠢᠭᠦᠯᠬᠡ ᠵᠢ ᠨᠠᠢ᠌ᠲᠠᠪᠤᠷᠢᠵᠢᠭᠤᠯᠵᠤ᠂ ᠭᠠᠵᠠᠷ ᠰᠢᠷᠦᠢ ᠮᠦᠩᠭᠦᠨ ᠬᠦᠢ᠍ᠯᠭᠡᠭᠡ᠎ᠪᠠᠷ ᠳᠡᠳᠭᠦᠬᠦ ᠲᠦᠷᠦ ᠵᠢᠨ ᠪᠤᠳᠤᠯᠭ᠎ᠠ ᠵᠢ ᠬᠡᠷᠡᠭᠵᠢᠭᠦᠯᠤᠨ᠂ ᠨᠠᠰᠤᠲᠠᠨ᠎ᠢ ᠠᠰᠠᠷᠠᠬᠤ ᠪᠠᠢ᠌ᠭᠤᠯᠤᠮᠵᠢ ᠵᠢᠨ ᠨᠦᠭᠦᠪᠤᠷᠢ ᠵᠢ ᠨᠡᠮᠡᠭᠳᠡᠭᠦᠯᠬᠦ ᠵᠡᠷᠭᠡ 9 ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠤᠯᠵᠤ᠂ ᠤᠯᠤᠰ᠎ᠤᠨ ᠠᠷᠠᠳ᠎ᠤᠨ ᠶᠠᠪᠤᠳᠠᠯ᠎ᠤᠨ ᠶᠠᠮᠤᠨ᠎ᠠᠴᠠ ᠴᠤᠬᠤᠯᠠᠪᠤᠷᠢᠯᠠᠨ ᠪᠦᠭᠦ ᠤᠯᠤᠰ᠎ᠲᠤ ᠬᠡᠪ ᠳᠠᠭᠤᠷᠢᠶᠠᠯ ᠪᠣᠯᠭ᠋ᠠᠪᠠ᠃
ᠨᠡᠢ᠌ᠬᠡᠮ᠎ᠤᠨ ᠵᠤᠬᠢᠶᠠᠨ ᠪᠠᠢ᠌ᠭᠤᠯᠤᠯᠲᠠ ᠵᠢ ᠪᠤᠢ᠌ᠵᠢᠭᠤᠯᠤᠨ ᠳᠦᠷᠢᠮᠵᠢᠭᠦᠯᠬᠦ ᠲᠠᠯ᠎ᠠ᠎ᠪᠠᠷ᠂ 《ᠪᠦᠭᠦ ᠤᠷᠤᠨ᠎ᠤ ᠨᠠᠮ ᠵᠠᠰᠠᠭ᠎ᠤᠨ ᠪᠠᠢ᠌ᠭᠤᠯᠭ᠎ᠠ ᠵᠢᠨ ᠺᠠᠳ᠋ᠷ᠎ᠤᠨ ᠨᠡᠢ᠌ᠬᠡᠮ᠎ᠤᠨ ᠵᠤᠬᠢᠶᠠᠨ ᠪᠠᠢ᠌ᠭᠤᠯᠤᠯᠲᠠ᠎ᠳᠤ ᠲᠤᠰᠢᠶᠠᠯ ᠬᠠᠪᠰᠤᠷᠭ᠋ᠠᠨ ᠬᠠᠷᠢᠭᠣᠴᠠᠬᠤ ᠵᠢ ᠴᠡᠪᠡᠷᠯᠡᠨ ᠳᠦᠷᠢᠮᠵᠢᠭᠦᠯᠬᠦ ᠲᠤᠬᠠᠢ ᠮᠡᠳᠡᠭᠳᠡᠯ》᠂ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠡᠢ᠌ᠬᠡᠮ᠎ᠤᠨ ᠵᠤᠬᠢᠶᠠᠨ ᠪᠠᠢ᠌ᠭᠤᠯᠤᠯᠲᠠ ᠵᠢ ᠰᠢᠭᠤᠳ ᠳᠠᠩᠰᠠᠯᠠᠬᠤ ᠠᠷᠭ᠎ᠠ (ᠲᠤᠷᠰᠢᠨ ᠭᠡᠷᠡᠭᠯᠡᠬᠦ)》 ᠵᠡᠷᠭᠡ 4 ᠵᠦᠢ᠍ᠯ᠎ᠤᠨ ᠲᠦᠷᠦ ᠵᠢᠨ ᠪᠤᠳᠤᠯᠭ᠎ᠠ ᠵᠢᠨ ᠪᠢᠴᠢᠭ ᠮᠠᠲᠸᠷᠢᠶᠠᠯ᠎ᠢ ᠲᠤᠭᠲᠠᠭ᠋ᠠᠨ ᠪᠠᠭᠤᠯᠭ᠋ᠠᠵᠤ᠂ ᠨᠡᠢ᠌ᠬᠡᠮ᠎ᠤᠨ ᠵᠤᠬᠢᠶᠠᠨ ᠪᠠᠢ᠌ᠭᠤᠯᠤᠯᠲᠠ ᠵᠢ ᠳᠠᠩᠰᠠᠯᠠᠨ ᠬᠠᠮᠢᠶᠠᠷᠬᠤ ᠲᠦᠷᠢᠮ᠎ᠢ ᠦᠭᠡᠷᠡᠴᠢᠯᠡᠨ᠂ ᠬᠢᠨᠠᠨ ᠵᠦᠪᠰᠢᠶᠡᠷᠡᠬᠦ ᠠ᠋ᠷᠭᠡ ᠵᠢ ᠲᠤᠷᠤᠭᠰᠢ ᠪᠠᠭᠤᠯᠭ᠋ᠠᠪᠠ᠃ ᠨᠠᠮ ᠵᠠᠰᠠᠭ᠎ᠤᠨ ᠪᠠᠢ᠌ᠭᠤᠯᠭ᠎ᠠ ᠵᠢᠨ ᠨᠡᠢ᠌ᠬᠡᠮ᠎ᠤᠨ ᠵᠤᠬᠢᠶᠠᠨ ᠪᠠᠢ᠌ᠭᠤᠯᠤᠯᠲᠠ᠎ᠳᠤ ᠲᠤᠰᠢᠶᠠᠯ ᠬᠠᠪᠰᠤᠷᠭ᠋ᠠᠬᠤ ᠵᠢ ᠴᠡᠪᠡᠷᠯᠡᠨ ᠳᠦᠷᠢᠮᠵᠢᠭᠦᠯᠵᠤ᠂ ᠨᠠᠮ ᠵᠠᠰᠠᠭ᠎ᠤᠨ ᠪᠠᠢ᠌ᠭᠤᠯᠭ᠎ᠠ ᠵᠢᠨ ᠺᠠᠳ᠋ᠷ ᠨᠡᠢ᠌ᠬᠡᠮ᠎ᠤᠨ ᠵᠤᠬᠢᠶᠠᠨ ᠪᠠᠢ᠌ᠭᠤᠯᠤᠲᠠᠳᠤ ᠲᠤᠰᠢᠶᠠᠯ ᠬᠠᠪᠰᠤᠷᠭ᠋ᠠᠨ ᠬᠠᠷᠢᠭᠤᠴᠠᠬᠤ᠎ᠨᠢ ᠬᠡᠲᠦ ᠠᠷᠪᠢᠨ ᠬᠡᠲᠦ ᠲᠤᠷ᠎ᠠ ᠲᠠᠪᠠ᠎ᠪᠠᠷ ᠵᠶ᠋ᠠᠨ ᠪᠤᠯᠵᠤ ᠪᠠᠢ᠌ᠭ᠎ᠠ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠨ᠂ ᠵᠠᠰᠠᠭ᠎ᠤᠨ ᠤᠷᠳᠤᠨ ᠨᠡᠢ᠌ᠬᠡᠮ᠎ᠤᠨ ᠵᠤᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡ ᠵᠢ ᠬᠤᠳᠠᠯᠳᠤᠨ ᠠᠪᠬᠤ ᠵᠢ ᠠᠬᠢᠭᠤᠯᠵᠤ᠂ ᠨᠠᠰᠤᠳᠠᠢ᠌ᠴᠤᠳ᠎ᠢ ᠭᠡᠷ᠎ᠲᠤ᠎ᠨᠢ ᠠᠰᠠᠷᠠᠬᠤ᠂ ᠨᠡᠢ᠌ᠬᠡᠮ᠎ᠤᠨ ᠠᠵᠢᠯᠲᠠᠨ᠎ᠢ ᠪᠤᠯᠪᠠᠰᠤᠷᠠᠭᠤᠯᠬᠤ ᠵᠡᠷᠭᠡ 6 ᠲᠠᠯ᠎ᠠ ᠵᠢᠨ ᠵᠠᠰᠠᠭ᠎ᠤᠨ ᠤᠷᠳᠤᠨ ᠦᠢ᠍ᠯᠡᠴᠢᠯᠡᠭᠡ ᠬᠤᠳᠠᠯᠳᠤᠨ ᠠᠪᠬᠤ ᠲᠤᠷᠰᠢᠯᠲᠠ ᠬᠢᠪᠠ᠃
ᠨᠡᠢ᠌ᠬᠡᠮ ᠲᠤᠭᠤᠷᠢᠭ᠎ᠢ ᠵᠠᠰᠠᠬᠤ ᠪᠠ ᠪᠠᠢ᠌ᠭᠤᠯᠤᠮᠵᠢ ᠵᠢ ᠦᠭᠡᠷᠡᠴᠢᠯᠡᠬᠦ ᠲᠠᠯ᠎ᠠ᠎ᠪᠠᠷ᠂ 《ᠨᠡᠢ᠌ᠬᠡᠮ ᠲᠤᠭᠤᠷᠢᠭ᠎ᠤᠨ ᠠᠵᠢᠯ᠎ᠢ ᠳᠦᠷᠢᠮᠵᠢᠭᠦᠯᠤᠨ ᠴᠤᠮᠬᠠᠳᠬᠠᠬᠤ ᠲᠤᠬᠠᠢ ᠮᠡᠳᠡᠭᠳᠡᠯ》 ᠵᠡᠷᠭᠡ 3 ᠵᠦᠢ᠍ᠯ᠎ᠤᠨ ᠲᠦᠷᠦ ᠵᠢᠨ ᠪᠤᠳᠤᠯᠭ᠎ᠠ ᠵᠢᠨ ᠪᠢᠴᠢᠭ ᠮᠠᠲᠸᠷᠢᠶᠠᠯ᠎ᠢ ᠬᠡᠪᠯᠡᠨ ᠳᠠᠷᠬᠠᠭ᠋ᠠᠵᠤ᠂ ᠪᠦᠭᠦ ᠤᠯᠤᠰ᠎ᠲᠤ ᠲᠦᠷᠦᠭᠦᠯᠦᠨ ᠨᠡᠢ᠌ᠬᠡᠮ ᠲᠤᠭᠤᠷᠢᠭ᠎ᠤᠨ ᠰᠠᠭᠤᠭ᠋ᠠᠯᠢ ᠠᠷᠠᠳ᠎ᠤᠨ ᠵᠦᠪᠯᠡᠯ᠎ᠤᠨ ᠬᠠᠤᠯᠢ ᠶᠤᠰᠤᠭ᠋ᠠᠷ ᠦᠪᠡᠷᠲᠡᠭᠡᠨ ᠵᠠᠰᠠᠵᠤ ᠲᠤᠰᠢᠶᠠᠯ ᠵᠶ᠋ᠠᠨ ᠬᠦᠢ᠍ᠴᠡᠳᠭᠡᠬᠦ ᠤᠴᠢᠷ ᠶᠠᠪᠤᠳᠠᠯ᠎ᠤᠨ ᠨᠠᠷᠢᠨ ᠳᠠᠩᠰᠠ ᠵᠢ ᠲᠤᠳᠤᠷᠬᠠᠢ᠌ᠯᠠᠵᠤ᠂ ᠨᠡᠢ᠌ᠬᠡᠮ ᠲᠤᠭᠤᠷᠢᠭ᠎ᠤᠨ ᠰᠠᠭᠤᠭ᠋ᠠᠯᠢ ᠠᠷᠠᠳ᠎ᠤᠨ ᠵᠦᠪᠯᠡᠯ᠎ᠤᠨ ᠠ᠋ᠭᠦᠷᠭᠡ ᠴᠢᠳᠠᠪᠬᠢ ᠵᠢ ᠪᠠᠢ᠌ᠷᠢᠨ᠎ᠳᠤᠨᠢ ᠪᠤᠴᠠᠭ᠋ᠠᠬᠤ ᠵᠢ ᠠᠬᠢᠭᠤᠯᠤᠭ᠋ᠠᠳ᠂ ᠠᠷᠠᠳ᠎ᠤᠨ ᠶᠠᠪᠤᠳᠠᠯ᠎ᠤᠨ ᠶᠠᠮᠤᠨ᠎ᠤ ᠦᠨᠳᠤᠷ ᠦᠨᠡᠯᠡᠯᠲᠡ ᠵᠢ ᠣᠯᠵᠤ᠂ ᠠᠷᠠᠳ᠎ᠤᠨ ᠶᠠᠪᠤᠳᠠᠯ᠎ᠤᠨ ᠶᠠᠮᠤᠨ ᠬᠦᠨᠵᠡᠭᠡᠢ ᠪᠠᠢ᠌ᠴᠠᠭ᠋ᠠᠨ ᠰᠤᠳᠤᠯᠬᠤ ᠪᠠ ᠳᠡᠯᠭᠡᠷᠡᠭᠦᠯᠬᠦ ᠠᠵᠢᠯ᠎ᠳᠤ᠎ᠪᠠᠨ ᠤᠷᠤᠭᠤᠯᠤᠭᠰᠠᠨ ᠪᠠᠢ᠌ᠨ᠎ᠠ᠃
ᠨᠡᠢ᠌ᠬᠡᠮ᠎ᠤᠨ ᠤᠴᠢᠷ ᠶᠠᠪᠤᠳᠠᠯ᠎ᠤᠨ ᠲᠠᠯ᠎ᠠ᠎ᠪᠠᠷ᠂ 《ᠨᠠᠮ᠎ᠤᠨ ᠭᠡᠰᠢᠭᠦᠨ ᠺᠠᠳ᠋ᠷ᠎ᠤᠨ ᠲᠤᠯᠤᠭ᠋ᠠᠢ᠌ᠯᠠᠬᠤ ᠦᠢ᠍ᠯᠡᠳᠦᠯ᠎ᠢ ᠪᠠᠳᠠᠷᠠᠭᠤᠯᠤᠨ ᠤᠷᠤᠰᠢᠭᠤᠯᠭ᠎ᠠ ᠵᠢᠨ ᠦᠭᠡᠷᠡᠴᠢᠯᠡᠯᠲᠡ ᠵᠢ ᠪᠦᠭᠦ ᠲᠠᠯ᠎ᠠ᠎ᠪᠠᠷ ᠬᠦᠨᠵᠡᠭᠡᠢ᠌ᠷᠡᠭᠦᠯᠬᠦ ᠲᠤᠬᠠᠢ ᠬᠡᠷᠡᠭᠵᠢᠭᠦᠯᠬᠦ ᠰᠠᠨᠠᠯ》 ᠵᠡᠷᠭᠡ 4 ᠵᠦᠢ᠍ᠯ᠎ᠤᠨ ᠲᠦᠷᠦ ᠵᠢᠨ ᠪᠤᠳᠤᠯᠭ᠎ᠠ ᠵᠢᠨ ᠪᠢᠴᠢᠭ ᠮᠠᠲᠸᠷᠢᠶᠠᠯ᠎ᠢ ᠬᠡᠪᠯᠡᠨ ᠳᠠᠷᠬᠠᠭ᠋ᠠᠵᠤ᠂ ᠤᠷᠤᠭ ᠬᠣᠷᠢᠮ᠎ᠤᠨ ᠪᠠᠷᠢᠮᠵᠢᠶᠠᠵᠢᠭᠰᠠᠨ ᠪᠠᠢ᠌ᠭᠤᠯᠤᠯᠲᠠ᠎ᠪᠠᠨ ᠴᠢᠩᠭ᠋ᠠᠳᠬᠠᠵᠤ᠂ ᠤᠷᠤᠭ ᠳᠠᠩᠰᠠᠯᠠᠬᠤ ᠬᠠᠮᠢᠶᠠᠷᠤᠯᠲᠠ ᠵᠢᠨ ᠲᠦᠷᠢᠮ ᠵᠶ᠋ᠠᠨ ᠤᠯᠠᠮ ᠨᠢᠭᠡ ᠠᠯᠬᠤᠮ ᠪᠦᠷᠢᠨᠰᠢᠭᠦᠯᠤᠨ᠂ ᠤᠷᠤᠰᠢᠭᠤᠯᠭ᠎ᠠ ᠵᠢᠨ ᠦᠭᠡᠷᠡᠴᠢᠯᠡᠯᠲᠡ ᠯᠤᠳᠤ ᠶᠡᠬᠡ ᠰᠢᠪᠲᠤᠯᠤᠯᠲᠠ᠎ᠲᠠᠢ ᠪᠤᠯᠵᠤ᠂ ᠨᠡᠢ᠌ᠬᠡᠮ᠎ᠤᠨ ᠤᠴᠢᠷ ᠶᠠᠪᠤᠳᠠᠯ᠎ᠤᠨ ᠬᠠᠮᠢᠶᠠᠷᠤᠯᠲᠠ ᠵᠢᠨ ᠦᠭᠡᠷᠡᠴᠢᠯᠡᠯᠲᠡ ᠰᠢᠨ᠎ᠡ ᠠᠬᠢᠯᠲᠠ᠎ᠲᠠᠢ ᠪᠤᠯᠤᠭᠰᠠᠨ ᠪᠠᠢ᠌ᠨ᠎ᠠ᠃
ᠬᠤᠶᠠᠷ᠎ᠢ ᠬᠦᠷᠢᠶᠡᠯᠡᠨ ᠤᠨᠴᠠᠯᠠᠨ ᠬᠠᠷᠠᠭ᠋ᠠᠯᠵᠠᠵᠤ ᠲᠦᠪᠬᠢᠨᠡᠭᠦᠯᠬᠦ ᠲᠠᠯ᠎ᠠ᠎ᠪᠠᠷ᠂ 《ᠴᠡᠷᠢᠭ᠎ᠠᠴᠠ ᠬᠠᠯᠠᠭᠳᠠᠭᠰᠠᠳ᠎ᠲᠤ ᠲᠤᠬᠠᠢ᠌ᠯᠠᠭᠰᠠᠨ ᠠᠵᠢᠯ᠎ᠤᠨ ᠬᠦᠮᠦᠵᠢᠯ ᠪᠠ ᠮᠡᠷᠭᠡᠵᠢᠯ ᠴᠢᠳᠠᠪᠤᠷᠢ ᠵᠢᠨ ᠪᠤᠯᠪᠠᠰᠤᠷᠠᠯ᠎ᠤᠨ ᠬᠡᠷᠡᠭᠵᠢᠭᠦᠯᠬᠦ ᠲᠦᠰᠦᠯ》 ᠵᠡᠷᠭᠡ 2 ᠵᠦᠢ᠍ᠯ᠎ᠤᠨ ᠲᠦᠷᠦ ᠵᠢᠨ ᠪᠤᠳᠤᠯᠭ᠎ᠠ ᠵᠢᠨ ᠪᠢᠴᠢᠭ ᠮᠠᠲᠸᠷᠢᠶᠠᠯ᠎ᠢ ᠬᠡᠪᠯᠡᠨ ᠳᠠᠷᠬᠠᠭ᠋ᠠᠵᠤ᠂ 《ᠬᠤᠶᠠᠷ᠎ᠢ ᠭᠦᠷᠢᠶᠡᠯᠡᠬᠦ ᠤᠳᠤᠷᠢᠳᠤᠯᠭ᠎ᠠ ᠬᠢᠯᠢ ᠬᠢᠵᠠᠭ᠋ᠠᠷ ᠵᠶ᠋ᠠᠷ ᠠᠶᠠᠯᠠᠬᠤ》᠂ 《ᠬᠤᠶᠠᠷ᠎ᠢ ᠬᠦᠷᠢᠶᠡᠯᠡᠭᠰᠡᠨ ᠨᠡᠢ᠌ᠬᠡᠮ ᠲᠤᠭᠤᠷᠢᠭ᠎ᠤᠨ ᠪᠠᠢ᠌ᠭᠤᠯᠤᠯᠲᠠ》 ᠵᠢᠨ ᠠᠵᠢᠯᠯᠠᠭ᠎ᠠ ᠦᠷᠨᠢᠭᠦᠯᠵᠤ᠂ ᠴᠡᠷᠢᠭ᠎ᠠᠴᠠ ᠬᠠᠯᠠᠭᠳᠠᠭᠰᠠᠳ᠎ᠤᠨ ᠬᠦᠮᠦᠵᠢᠯ ᠪᠠ ᠪᠤᠯᠪᠠᠰᠤᠷᠠᠯ᠎ᠤᠨ ᠪᠦᠷᠬᠦᠴᠡ ᠵᠢ ᠪᠡᠶᠡᠯᠡᠭᠦᠯᠦᠭᠰᠡᠨ᠎ᠠᠴᠠ ᠬᠤᠶᠠᠷ᠎ᠢ ᠭᠦᠷᠢᠶᠡᠯᠡᠬᠦ ᠤᠨᠴᠠᠯᠠᠨ ᠬᠠᠷᠠᠭ᠋ᠠᠯᠵᠠᠵᠤ ᠲᠦᠪᠬᠢᠨᠡᠭᠦᠯᠬᠦ ᠠᠵᠢᠯ᠎ᠤᠨ ᠬᠢᠷᠢ ᠲᠦᠪᠰᠢᠨ ᠰᠢᠨ᠎ᠡ ᠳᠡᠭᠲᠡᠷ᠎ᠲᠤ ᠭᠠᠷᠪᠠ᠃
(ᠭᠤᠷᠪᠠ) ᠠᠷᠠᠳ᠎ᠤᠨ ᠶᠠᠪᠤᠳᠠᠯ᠎ᠤᠨ ᠰᠠᠭᠤᠷᠢ ᠲᠦᠭᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠯᠠᠪᠳᠠᠭᠤᠨ ᠵᠶ᠋ᠠᠷ ᠬᠦᠭᠵᠢᠪᠡ
ᠨᠠᠰᠤᠲᠠᠨ᠎ᠢ ᠠᠰᠠᠷᠠᠬᠤ ᠲᠦᠭᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ᠂ ᠴᠢᠷᠮᠠᠢ᠌ᠵᠤ ᠪᠠᠢ᠌ᠭ᠋ᠠᠳ ᠠ᠋ᠳ᠋᠎ᠤᠨ ᠵᠠᠰᠠᠭ᠎ᠤᠨ ᠪᠡᠯᠡ ᠤᠷᠤᠭᠤᠯᠤᠯᠲᠠ 2 ᠳ᠋ᠦᠩᠰᠢᠭᠤᠷ ᠲᠦᠭᠦᠷᠢᠭ᠎ᠢ ᠤᠯᠵᠤ᠂ ᠦᠪᠡᠷᠲᠡᠭᠡᠨ ᠵᠠᠰᠠᠬᠤ ᠤᠷᠤᠨ᠎ᠤ ᠳᠡᠰ᠎ᠤᠨ ᠵᠢᠱ᠌ᠢᠶ᠎ᠡ ᠦᠵᠡᠭᠦᠯᠬᠦ ᠨᠠᠰᠤᠲᠠᠨ᠎ᠢ ᠠᠰᠠᠷᠠᠨ ᠰᠤᠪᠢᠯᠠᠬᠤ ᠬᠦᠷᠢᠶᠡᠯᠡᠩ ᠨᠢᠭᠡ ᠵᠢ ᠪᠠᠢ᠌ᠭᠤᠯᠤᠬᠰᠠᠨ ᠪᠦᠭᠡᠳ 《ᠱᠠᠩᠨᠠᠯ ᠵᠶ᠋ᠠᠷ ᠨᠦᠭᠦᠪᠦᠷᠢ ᠵᠢ ᠤᠷᠤᠯᠠᠭᠤᠯᠬᠤ》 ᠬᠡᠯᠪᠡᠷᠢ᠎ᠪᠠᠷ ᠡᠯ᠎ᠡ ᠭᠠᠵᠠᠷ᠎ᠢ ᠳᠡᠮᠵᠢᠨ ᠵᠢᠱ᠌ᠢᠶ᠎ᠡ ᠦᠵᠡᠭᠦᠯᠬᠦ ᠨᠠᠰᠤᠳᠠᠨ᠎ᠢ ᠠᠰᠠᠷᠠᠨ ᠰᠤᠪᠢᠯᠠᠬᠤ ᠬᠦᠷᠢᠶᠡᠯᠡᠩ᠎ᠤᠨ ᠠᠢ᠌ᠮᠠᠭ ᠬᠤᠲᠠ ᠵᠢᠨ ᠱᠠᠲᠤᠨ᠎ᠤ᠎ᠬᠢ ᠵᠢ 6᠂ ᠬᠤᠰᠢᠭᠤ ᠰᠢᠶᠡᠨ᠎ᠤ ᠱᠠᠲᠤᠨ᠎ᠤ᠎ᠬᠢ ᠵᠢ 51 ᠪᠠᠢ᠌ᠭᠤᠯᠪᠠ᠃ ᠨᠡᠢ᠌ᠲᠡ 21.5 ᠳ᠋ᠦᠩᠰᠢᠭᠤᠷ ᠲᠦᠭᠦᠷᠢᠭ᠎ᠤᠨ ᠪᠡᠯᠡ ᠤᠷᠤᠭᠤᠯᠤᠨ ᠬᠦᠳᠡᠭᠡ ᠲᠤᠰᠬᠤᠨ ᠮᠠᠯᠵᠢᠬᠤ ᠤᠷᠤᠨ᠎ᠤ ᠬᠠᠷᠢᠯᠴᠠᠨ ᠬᠠᠪᠰᠤᠷᠤᠯᠴᠠᠬᠤ ᠦᠯᠵᠡᠢ᠌ᠲᠦ ᠬᠦᠷᠢᠶᠡᠯᠠᠩ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠵᠤ᠂ ᠪᠦᠭᠦ ᠤᠷᠤᠨ᠎ᠤ ᠨᠠᠰᠤᠲᠠᠨ᠎ᠢ ᠠᠰᠠᠷᠠᠬᠤ ᠤᠷᠤ ᠵᠢᠨ ᠶᠡᠷᠦᠩᠬᠡᠢ ᠲᠤᠭ᠎ᠠ 20.5 ᠲᠦᠮᠨ᠎ᠳᠤ ᠭᠦᠷᠴᠦ᠂ ᠮᠢᠩᠭ᠋ᠠᠨ ᠨᠠᠰᠤᠲᠠᠨ ᠪᠦᠷᠢ᠎ᠳᠤ 47 ᠤᠷᠤ ᠨᠤᠭᠳᠠᠬᠤ ᠪᠤᠯᠵᠠᠢ᠃ ᠬᠤᠲᠠ ᠵᠢᠨ ᠨᠡᠢ᠌ᠬᠡᠮ ᠲᠤᠭᠤᠷᠢᠭ᠎ᠤᠨ ᠨᠠᠰᠤᠲᠠᠨ᠎ᠢ ᠭᠡᠷ᠎ᠲᠤ᠎ᠨᠢ ᠰᠠᠭᠤᠯᠭ᠋ᠠᠵᠤ ᠠᠰᠠᠷᠠᠬᠤ ᠦᠢ᠍ᠯᠡᠴᠢᠯᠡᠭᠡᠨ᠎ᠤ ᠲᠦᠭᠦᠭᠡᠷᠦᠮᠵᠢ ᠵᠢᠨ ᠪᠦᠷᠭᠦᠴᠡ ᠵᠢ 30%᠎ᠠᠴᠠ ᠳᠡᠭᠡᠭᠰᠢ ᠪᠣᠯᠭ᠋ᠠᠭᠰᠠᠨ ᠪᠠᠢ᠌ᠨ᠎ᠠ᠃
ᠨᠡᠢ᠌ᠬᠡᠮ ᠲᠤᠭᠤᠷᠢᠭ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠦᠩᠭᠦ ᠵᠢ ᠨᠡᠢ᠌ᠲᠡ 5000 ᠢᠯᠡᠭᠦᠤ ᠲᠦᠮᠡᠨ ᠲᠦᠭᠦᠷᠢᠭ ᠪᠠᠭᠤᠯᠭ᠋ᠠᠵᠤ᠂ ᠪᠦᠭᠦ ᠤᠷᠤᠨ᠎ᠤ ᠨᠡᠢ᠌ᠬᠡᠮ ᠲᠤᠭᠤᠷᠢᠭ᠎ᠤᠨ ᠠᠯᠪᠠᠨ ᠭᠡᠷ ᠪᠠ ᠠᠵᠢᠯᠯᠠᠭ᠋ᠠᠨ᠎ᠤ ᠲᠠᠯᠠᠪᠤᠷ᠎ᠤᠨ ᠪᠠᠷᠢᠮᠵᠢᠶᠠᠨ᠎ᠳᠤ ᠬᠦᠷᠦᠭᠰᠡᠨ ᠨᠤᠷᠮ᠎ᠠ 86.4%᠎ᠳᠤ ᠬᠦᠷᠦᠭᠡᠳ᠂ ᠠᠷᠠᠳ᠎ᠤᠨ ᠶᠠᠪᠤᠳᠠᠯ᠎ᠤᠨ ᠶᠠᠮᠤᠨ᠎ᠤ ᠱᠠᠭ᠋ᠠᠷᠳᠠᠯᠭ᠎ᠠ ᠪᠤᠯᠤᠨ ᠪᠦᠭᠦ ᠤᠯᠤᠰ᠎ᠤᠨ ᠳᠡᠭᠰᠢᠳᠭᠡᠭᠰᠡᠨ ᠲᠦᠪᠰᠢᠨ᠎ᠠᠴᠠ ᠳᠠᠪᠠᠭᠰᠠᠨ ᠪᠠᠢ᠌ᠨ᠎ᠠ᠃
ᠭᠠᠮᠰᠢᠭ᠎ᠠᠴᠠ ᠠᠪᠤᠷᠠᠬᠤ ᠠ᠋ᠳ᠋ ᠪᠤᠳᠠᠰ᠎ᠤᠨ ᠬᠠᠳᠠᠭ᠋ᠠᠯᠠᠮᠵᠢ ᠵᠢᠨ ᠬᠦᠮᠦᠷᠭᠡ ᠵᠢᠨ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ᠂ ᠪᠦᠭᠦ ᠵᠢᠯ ᠠᠰᠠᠷᠠᠮᠵᠢ ᠵᠢᠨ ᠯᠤᠲᠲᠸᠷᠢ ᠵᠢᠨ ᠨᠡᠢ᠌ᠲᠡ ᠵᠢᠨ ᠠᠰᠠᠷᠠᠮᠵᠢ ᠵᠢᠨ ᠰᠠᠭᠤᠷᠢ ᠮᠦᠩᠭᠦ᠎ᠠᠴᠠ ᠨᠡᠢ᠌ᠲᠡ 3500 ᠲᠦᠮᠡᠨ ᠲᠦᠭᠦᠷᠢᠭ ᠵᠠᠷᠤᠴᠠᠭᠤᠯᠵᠤ᠂ ᠦᠪᠡᠷᠲᠡᠭᠡᠨ ᠵᠠᠰᠠᠬᠤ ᠤᠷᠤᠨ᠎ᠤ ᠤᠷᠤᠯᠠᠨ ᠬᠠᠳᠠᠭ᠋ᠠᠯᠠᠬᠤ ᠬᠦᠮᠦᠷᠭᠡ 2᠂ ᠠᠢ᠌ᠮᠠᠭ ᠬᠤᠲᠠ ᠵᠢᠨ ᠱᠠᠲᠤᠨ᠎ᠤ ᠬᠠᠳᠠᠭ᠋ᠠᠯᠠᠬᠤ ᠬᠦᠮᠦᠷᠭᠡ 8᠂ ᠬᠤᠰᠢᠭᠤ ᠰᠢᠶᠡᠨ᠎ᠤ ᠱᠠᠲᠤᠨ᠎ᠤ ᠬᠠᠳᠠᠭ᠋ᠠᠯᠠᠬᠤ ᠬᠦᠮᠦᠷᠭᠡ 26 ᠵᠢ ᠪᠠᠢ᠌ᠭᠤᠯᠵᠤ᠂ ᠪᠦᠲᠦᠭᠡᠨ ᠪᠠᠢ᠌ᠭᠤᠯᠤᠯᠲᠠ ᠵᠢᠨ ᠲᠦᠯᠦᠪᠵᠢᠭᠦᠯᠭᠡ ᠵᠢᠨ ᠬᠠᠷᠠᠯᠲᠠᠲᠦ ᠠ᠋ᠭᠦᠷᠭᠡ ᠵᠢᠨ 90% ᠵᠢ ᠪᠡᠶᠡᠯᠡᠭᠦᠯᠦᠭᠰᠡᠨ ᠪᠠᠢ᠌ᠨ᠎ᠠ᠃
3190 ᠲᠦᠮᠡᠨ ᠲᠦᠭᠦᠷᠢᠭ᠎ᠤᠨ ᠪᠡᠯᠡ ᠤᠷᠤᠭᠤᠯᠵᠤ᠂ ᠠᠢ᠌ᠮᠠᠭ ᠬᠤᠲᠠ ᠵᠢ ᠳᠡᠮᠵᠢᠨ ᠤᠷᠤᠰᠢᠭᠤᠯᠭ᠎ᠠ ᠵᠢᠨ ᠭᠠᠵᠠᠷ 8᠂ ᠨᠡᠢ᠌ᠲᠡ ᠵᠢᠨ ᠠᠰᠠᠷᠠᠮᠵᠢ ᠵᠢᠨ ᠴᠢᠨᠠᠷᠲᠠᠢ ᠨᠡᠢ᠌ᠲᠡ ᠵᠢᠨ ᠪᠤᠩᠬᠤᠨ᠎ᠤ ᠭᠠᠵᠠᠷ 6 ᠵᠢ ᠰᠢᠨ᠎ᠡ᠎ᠪᠠᠷ ᠪᠠᠢ᠌ᠭᠤᠯᠤᠨ᠂ ᠤᠷᠤᠰᠢᠭᠤᠯᠭ᠎ᠠ ᠵᠢᠨ ᠲᠦᠭᠦᠭᠡᠷᠦᠮᠵᠢ 10 ᠢᠵᠢ ᠵᠢ ᠰᠢᠨᠡᠳᠭᠡᠨ ᠰᠤᠯᠢᠵᠤ᠂ ᠬᠤᠰᠢᠭᠤ ᠰᠢᠶᠡᠨ᠎ᠤ ᠱᠠᠲᠤᠨ᠎ᠤ ᠲᠡᠨᠦᠭᠦᠴᠢᠯᠡᠵᠤ ᠪᠠᠢ᠌ᠭ᠎ᠠ ᠨᠠᠰᠤᠨ᠎ᠳᠤ ᠦᠯᠦ ᠭᠦᠷᠦᠭᠰᠡᠳ᠎ᠢ ᠠᠪᠤᠷᠠᠨ ᠲᠤᠰᠠᠯᠠᠵᠤ ᠬᠠᠮᠠᠭ᠋ᠠᠯᠠᠬᠤ ᠲᠦᠪ᠎ᠢ ᠰᠢᠨ᠎ᠡ᠎ᠪᠠᠷ 5 ᠪᠠᠢ᠌ᠭᠤᠯᠤᠨ᠂ ᠪᠦᠭᠦ ᠤᠷᠤᠨ᠎ᠤ ᠤᠷᠤᠰᠢᠭᠤᠯᠭ᠎ᠠ ᠪᠠ ᠲᠡᠨᠦᠭᠦᠴᠢᠯᠡᠨ ᠪᠠᠳᠢᠷᠠᠯᠠᠬ᠍ᠴᠢ ᠵᠢ ᠠᠪᠤᠷᠠᠨ ᠲᠤᠰᠠᠯᠠᠬᠤ ᠦᠢ᠍ᠯᠡᠴᠢᠯᠡᠭᠡᠨ᠎ᠤ ᠲᠦᠭᠦᠭᠡᠷᠦᠮᠵᠢ ᠵᠢᠨ ᠲᠦᠪᠰᠢᠨ᠎ᠢ ᠳᠡᠭᠡᠭᠰᠢᠯᠡᠭᠦᠯᠦᠭᠰᠡᠨ ᠪᠠᠢ᠌ᠨ᠎ᠠ᠃
(ᠲᠦᠷᠪᠡ) ᠠᠷᠠᠳ᠎ᠤᠨ ᠶᠠᠪᠤᠳᠠᠯ᠎ᠤᠨ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠴᠢᠳᠠᠪᠤᠷᠢ ᠢᠯᠡᠳᠲᠡ ᠳᠡᠭᠡᠭᠰᠢᠯᠡᠪᠡ
ᠨᠢᠭᠡ᠎ᠳᠤ ᠪᠦᠭᠦ ᠤᠷᠤᠨ᠎ᠤ 1.4 ᠲᠦᠮᠡᠨ ᠬᠦᠴᠢᠷᠳᠡᠯᠲᠦ ᠤᠯᠠᠨ ᠲᠦᠮᠡᠨ᠎ᠤ ᠦᠨᠳᠦᠰᠦᠨ ᠤᠷᠤᠰᠢᠭᠤᠯᠭ᠎ᠠ ᠵᠢᠨ ᠵᠠᠷᠤᠳᠠᠯ᠎ᠢ 1166 ᠲᠦᠮᠡᠨ ᠲᠦᠭᠦᠷᠢᠭ ᠬᠡᠯᠲᠦᠷᠢᠭᠦᠯᠵᠤ᠂ ᠬᠦᠴᠢᠷᠳᠡᠯᠲᠦ ᠤᠯᠠᠨ ᠲᠦᠮᠡᠨ᠎ᠤ ᠳᠠᠷᠤᠭ᠋ᠠᠰᠤ ᠵᠢ ᠬᠦᠩᠭᠡᠷᠡᠭᠦᠯᠦᠭᠰᠡᠨ ᠪᠦᠭᠡᠳ 《ᠬᠠᠬᠢᠷ ᠡᠪᠦᠯ ᠬᠠᠢ᠌ᠷ᠎ᠠ ᠬᠠᠯᠠᠮᠵᠢ ᠬᠦᠷᠭᠡᠬᠦ》 ᠠᠪᠤᠷᠠᠨ ᠲᠤᠰᠠᠯᠠᠬᠤ ᠲᠤᠰᠬᠠᠢ ᠠᠵᠢᠯᠯᠠᠭ᠎ᠠ ᠵᠢ ᠢᠳᠡᠪᠬᠢᠲᠡᠢ ᠦᠷᠨᠢᠭᠦᠯᠤᠬᠡᠳ᠂ ᠲᠡᠨᠦᠭᠦᠴᠢᠯᠡᠨ ᠪᠠᠳᠢᠷᠠᠯᠠᠬ᠍ᠴᠢ ᠵᠢ ᠨᠡᠢ᠌ᠲᠡ 1.6 ᠲᠦᠮᠡᠨ ᠬᠦᠮᠦᠨ ᠤᠳᠠᠭ᠎ᠠ ᠠᠪᠤᠷᠠᠨ ᠲᠤᠰᠠᠯᠠᠪᠠ᠃
ᠬᠤᠶᠠᠷ᠎ᠲᠤ ᠵᠠᠰᠠᠭ ᠵᠠᠬᠢᠷᠭ᠋ᠠᠨ᠎ᠤ ᠵᠠᠭ᠋ᠠᠭ ᠬᠤᠪᠢᠶᠠᠷᠢᠯᠠᠯᠲᠠ ᠵᠢ ᠵᠣᠬᠢᠴᠠᠭᠤᠯᠤᠨ ᠪᠠᠢ᠌ᠴᠠᠭ᠋ᠠᠨᠨ ᠰᠤᠳᠤᠯᠤᠯᠲᠠ ᠬᠢᠨᠠᠨ ᠬᠠᠷᠭᠤᠭᠤᠯᠬᠤ ᠠᠵᠢᠯ᠎ᠢ ᠬᠢᠴᠢᠶᠡᠮᠵᠢᠲᠡᠢ ᠰᠠᠢ᠌ᠨ ᠬᠢᠵᠤ᠂ ᠠᠮᠤᠷ ᠲᠦᠪᠰᠢᠨ ᠵᠠᠭ᠋ᠠᠭ ᠰᠠᠪᠠ ᠵᠢ ᠴᠤᠭᠴᠠᠯᠠᠨ ᠪᠠᠢ᠌ᠭᠤᠯᠬᠤ ᠠᠵᠢᠯᠯᠠᠭ᠎ᠠ ᠦᠷᠨᠢᠭᠦᠯᠦᠨ᠂ ᠵᠠᠭ᠋ᠠᠭ ᠰᠠᠪᠠ ᠵᠢᠨ ᠵᠢᠭᠤᠷᠠᠯᠳᠤᠭ᠋ᠠᠨ᠎ᠢ ᠵᠤᠬᠢᠴᠠᠭᠤᠯᠤᠨ ᠰᠢᠢ᠍ᠳᠪᠦᠷᠢᠯᠡᠬᠦ ᠭᠦᠴᠤᠯᠡᠴᠡ᠎ᠪᠠᠨ ᠴᠢᠩᠭ᠋ᠠᠳᠬᠠᠵᠤ᠂ ᠦᠪᠦᠷ ᠮᠤᠩᠭᠤᠯ ᠱᠠᠨᠰᠢ ᠵᠢᠨ ᠵᠠᠭ᠋ᠠᠭ᠂ ᠦᠪᠦᠷ ᠮᠤᠩᠭᠤᠯ ᠭᠠᠨᠰᠤ ᠵᠢᠨ ᠵᠠᠭ᠋ᠠᠭ᠎ᠤᠨ ᠦᠯᠡᠳᠡᠭᠳᠡᠯ ᠠᠰᠠᠭᠤᠳᠠᠯ᠎ᠢ ᠰᠢᠢ᠍ᠳᠪᠦᠷᠢᠯᠡᠬᠦ ᠲᠠᠯ᠎ᠠ᠎ᠪᠠᠷ ᠰᠢᠪᠲᠤᠯᠤᠯᠲᠠ᠎ᠲᠠᠢ ᠪᠤᠯᠵᠤ᠂ ᠬᠤᠶᠠᠳᠤᠭ᠋ᠠᠷ ᠤᠳᠠᠭ᠋ᠠᠨ᠎ᠤ ᠪᠦᠭᠦ ᠤᠯᠤᠰ᠎ᠤᠨ ᠭᠠᠵᠠᠷ᠎ᠤᠨ ᠨᠡᠷᠡᠰ᠎ᠤᠨ ᠨᠡᠢ᠌ᠲᠡᠮ ᠪᠠᠢ᠌ᠴᠠᠭ᠋ᠠᠯᠲᠠ ᠵᠢ ᠠ᠋ᠬᠢᠯᠡᠨ ᠬᠡᠷᠡᠭᠵᠢᠭᠦᠯᠦᠭᠡᠳ᠂ ᠦᠨᠦ ᠶᠠᠭ ᠤᠷᠤᠭᠰᠢᠲᠠᠢ ᠶᠠᠪᠤᠭᠳᠠᠵᠤ ᠪᠤᠢ᠃
ᠭᠤᠷᠪᠠ᠎ᠳᠤ 《ᠪᠦᠭᠦ ᠤᠯᠤᠰ᠎ᠤᠨ ᠠ᠋ᠶ᠎ᠡ ᠵᠤᠬᠢᠴᠠᠩᠭᠤᠢ ᠨᠡᠢ᠌ᠬᠡᠮ ᠲᠤᠭᠤᠷᠢᠭ᠎ᠤᠨ ᠵᠢᠱ᠌ᠢᠶ᠎ᠡ ᠦᠵᠡᠭᠦᠯᠬᠦ ᠨᠢᠭᠡᠴᠢ ᠵᠢ ᠴᠤᠭᠴᠠᠯᠠᠨ ᠪᠠᠢ᠌ᠭᠤᠯᠬᠤ ᠠᠵᠢᠯᠯᠠᠭ᠎ᠠ》 ᠦᠷᠨᠢᠭᠦᠯᠦᠨ᠂ ᠬᠦᠬᠡᠬᠤᠲᠠ ᠵᠢᠨ ᠢᠦᠢ᠌ᠴᠢᠦᠸᠠᠨ ᠲᠤᠭᠤᠷᠢᠭ ᠵᠡᠷᠭᠡ 12 ᠨᠡᠢ᠌ᠲᠡᠯᠢᠭ ᠵᠢᠱ᠌ᠢᠶ᠎ᠡ ᠨᠢᠭᠡᠴᠡ ᠵᠢᠨ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠵᠤ᠂ ᠬᠤᠲᠠ ᠬᠦᠳᠡᠭᠡ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡ ᠵᠢ ᠠᠬᠢᠭᠤᠯᠪᠠ᠃ ᠬᠦᠬᠡᠬᠤᠲᠠ ᠵᠢᠨ ᠰᠢᠨ᠎ᠡ ᠬᠤᠲᠠ ᠲᠤᠭᠤᠷᠢᠭ ᠵᠡᠷᠭᠡ 5 ᠬᠤᠲᠠ ᠲᠤᠭᠤᠷᠢᠭ᠂ 6 ᠵᠠᠭᠡᠯᠢ ᠭᠤᠳᠤᠮᠵᠢ ᠵᠢᠨ ᠬᠡᠷᠡᠭ ᠠ᠋ᠷᠬᠢᠯᠡᠬᠦ ᠭᠠᠵᠠᠷ᠂ 31 ᠨᠡᠢ᠌ᠬᠡᠮ ᠲᠤᠭᠤᠷᠢᠭ᠎ᠢ ᠤᠯᠤᠰ᠎ᠤᠨ ᠠᠷᠠᠳ᠎ᠤᠨ ᠶᠠᠪᠤᠳᠠᠯ᠎ᠤᠨ ᠶᠠᠮᠤᠨ᠎ᠠᠴᠠ ᠪᠦᠭᠦ ᠤᠯᠤᠰ᠎ᠤᠨ 《ᠠ᠋ᠶ᠎ᠡ ᠵᠤᠬᠢᠴᠠᠩᠭᠤᠢ ᠨᠡᠢ᠌ᠬᠡᠮ ᠲᠤᠭᠤᠷᠢᠭ》᠎ᠤᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠨᠢᠭᠡᠴᠢ᠎ᠪᠠᠷ ᠴᠣᠯᠠᠯᠠᠭᠳᠠᠪᠠ᠃
ᠲᠦᠷᠪᠡ᠎ᠳᠤ ᠪᠦᠭᠦ ᠵᠢᠯ ᠮᠤᠵᠢ ᠶᠠᠮᠤᠨ᠎ᠤ ᠱᠠᠲᠤᠨ᠎ᠠᠴᠠ ᠮᠠᠨ᠎ᠤ ᠤᠷᠤᠨ᠎ᠤ ᠨᠡᠢ᠌ᠬᠡᠮ᠎ᠤᠨ ᠠᠵᠢᠯ᠎ᠤᠨ ᠴᠢᠳᠠᠪᠤᠷᠢᠲᠠᠨ᠎ᠢ ᠳᠡᠮᠵᠢᠭᠰᠡᠨ 6 ᠲᠦᠷᠦᠯ ᠵᠦᠢ᠍ᠯ᠎ᠢ ᠨᠠᠢ᠌ᠲᠠᠪᠤᠷᠢᠵᠢᠭᠤᠯᠵᠤ᠂ 《ᠲᠠᠯ᠎ᠠ ᠨᠤᠲᠤᠭ᠎ᠤᠨ ᠭᠠᠷᠮᠠᠭ᠋ᠠᠢ ᠴᠢᠳᠠᠪᠤᠷᠢᠲᠠᠨ》᠎ᠤ ᠢᠨᠵᠸᠨ᠋ᠸᠷᠢᠩ ᠪᠠ ᠨᠡᠢ᠌ᠬᠡᠮ᠎ᠤᠨ ᠠᠵᠢᠯ᠎ᠤᠨ ᠴᠢᠳᠠᠪᠤᠷᠢᠲᠠᠨ᠎ᠤ 《ᠲᠦᠮᠡᠨ ᠬᠦᠮᠦᠨ᠎ᠤ ᠲᠦᠯᠦᠪᠯᠡᠭᠡ》᠎ᠪᠠᠨ ᠠᠮᠵᠢᠯᠲᠠ᠎ᠲᠠᠢ ᠪᠡᠶᠡᠯᠡᠭᠦᠯᠵᠤ᠂ ᠪᠦᠭᠦ ᠤᠷᠤᠨ᠎ᠤ 209 ᠬᠦᠮᠦᠨ ᠨᠡᠢ᠌ᠬᠡᠮ᠎ᠤᠨ ᠠᠵᠢᠯ᠎ᠤᠨ ᠲᠤᠰᠠᠯᠠᠭᠴᠢ ᠪᠠᠭᠰᠢ ᠪᠠ ᠨᠡᠢ᠌ᠬᠡᠮ᠎ᠤᠨ ᠠᠵᠢᠯ᠎ᠤᠨ ᠪᠠᠭᠰᠢ ᠵᠢᠨ ᠠᠵᠢᠯ ᠮᠡᠷᠭᠡᠵᠢᠯ᠎ᠤᠨ ᠰᠢᠯᠭ᠋ᠠᠯᠲᠠ᠎ᠳᠤ ᠬᠢᠷᠢ ᠲᠡᠩᠴᠡᠪᠡ᠃
ᠲᠠᠪᠤ᠎ᠳᠤ 《ᠬᠠᠤᠯᠢ ᠴᠠᠭ᠋ᠠᠵᠠ ᠵᠢ ᠪᠠᠢ᠌ᠭᠤᠯᠭ᠎ᠠ᠎ᠳᠤ ᠤᠷᠤᠭᠤᠯᠬᠤ》 ᠭᠤᠤᠯ ᠰᠡᠲᠦᠪᠲᠦ ᠠᠵᠢᠯᠯᠠᠭ᠎ᠠ ᠦᠷᠨᠢᠭᠦᠯᠦᠨ᠂ ᠵᠠᠰᠠᠭ ᠵᠠᠬᠢᠷᠭ᠋ᠠᠨ᠎ᠤ ᠵᠦᠪᠰᠢᠶᠡᠷᠡᠯ᠎ᠤᠨ ᠲᠦᠷᠢᠮ᠎ᠤᠨ ᠦᠭᠡᠷᠡᠴᠢᠯᠡᠯᠲᠡ ᠵᠢ ᠢᠳᠡᠪᠬᠢᠲᠡᠢ ᠬᠢᠵᠤ᠂ ᠵᠠᠰᠠᠭ ᠵᠠᠬᠢᠷᠭ᠋ᠠᠨ᠎ᠤ ᠠ᠋ᠷᠬᠡ ᠵᠢᠨ ᠨᠠᠷᠢᠨ ᠳᠠᠩᠰᠠ ᠵᠢᠨ ᠲᠦᠷᠢᠮ᠎ᠢ ᠪᠠᠢ᠌ᠭᠤᠯᠤᠭ᠋ᠠᠳ᠂ ᠦᠪᠡᠷᠲᠡᠭᠡᠨ ᠵᠠᠰᠠᠬᠤ ᠤᠷᠤᠨ᠎ᠤ ᠬᠠᠤᠯᠢ ᠲᠦᠷᠢᠮ᠎ᠤᠨ ᠠᠯᠪᠠᠨ ᠭᠡᠷ᠎ᠠᠴᠠ ᠮᠠᠨ᠎ᠤ ᠲᠢᠩᠬᠢᠮ᠎ᠢ ᠬᠠᠤᠯᠢ ᠶᠤᠰᠤᠭ᠋ᠠᠷ ᠵᠠᠰᠠᠭ ᠶᠠᠪᠤᠭᠤᠯᠤᠭᠰᠠᠨ ᠰᠢᠯᠭ᠋ᠠᠨ ᠬᠢᠨᠠᠯᠲᠠ ᠵᠢᠨ ᠪᠤᠳᠠᠲᠤ ᠠᠮᠵᠢᠯᠲᠠ ᠲᠤᠪᠤᠢ᠌ᠮ᠎ᠠ ᠨᠢᠭᠡᠴᠢ᠎ᠪᠠᠷ ᠰᠤᠩᠭᠣᠪᠠ᠃
ᠠ᠋ᠭᠦᠨ᠎ᠠᠴᠠ ᠭᠠᠳᠠᠨ᠎ᠠ᠂ 《ᠦᠪᠦᠷ ᠮᠤᠩᠭᠤᠯ᠎ᠤᠨ ᠠᠷᠠᠳ᠎ᠤᠨ ᠶᠠᠪᠤᠳᠠᠯ》 ᠰᠡᠳᠭᠦᠯ᠎ᠳᠤ ᠬᠡᠪᠯᠡᠯ᠎ᠤᠨ ᠦᠭᠡᠷᠡᠴᠢᠯᠡᠯᠲᠡ ᠬᠢᠭᠰᠡᠨ ᠪᠦᠭᠡᠳ ᠮᠤᠩᠭᠤᠯ ᠰᠦᠯᠵᠢᠶᠡᠨ ᠦᠷᠲᠡᠭᠡ ᠨᠡᠪᠲᠡᠷᠡᠭᠡᠳ᠂ ᠠᠷᠠᠳ᠎ᠤᠨ ᠶᠠᠪᠤᠳᠠᠯ᠎ᠤᠨ ᠰᠤᠨᠢᠨ ᠮᠡᠳᠡᠭᠡ ᠤᠬᠠᠭᠤᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠪᠠ᠃ ᠠᠰᠠᠷᠠᠮᠵᠢ ᠵᠢᠨ ᠯᠤᠲᠲᠸᠷᠢ ᠵᠢᠨ ᠪᠤᠷᠤᠯᠠᠭᠤᠯᠤᠯᠲᠠ ᠵᠢᠨ ᠠ᠋ᠭᠦᠷᠭᠡ᠎ᠪᠠᠨ ᠳᠠᠪᠠᠭᠤᠯᠤᠨ ᠪᠡᠶᠡᠯᠡᠭᠦᠯᠵᠤ᠂ 《ᠪᠤᠶᠠᠨ᠎ᠤ ᠠ᠋ᠷᠡᠭᠦᠯᠵᠢᠯ᠎ᠤᠨ ᠢᠨᠵᠸᠨ᠋ᠸᠷᠢᠩ》᠂ 《ᠠ᠋ᠷᠡᠭᠦᠯᠵᠢᠯᠢ ᠲᠤᠰᠠᠯᠠᠬᠤ ᠢᠨᠵᠸᠨ᠋ᠸᠷᠢᠩ》 ᠠᠮᠵᠢᠯᠲᠠ ᠪᠦᠲᠤᠮᠵᠢᠲᠠᠢ ᠶᠠᠪᠤᠭᠳᠠᠵᠤ᠂ ᠵᠡᠮᠳᠡᠭᠴᠦᠳ᠎ᠤᠨ ᠠᠵᠢᠯ ᠣᠯᠬᠤ ᠪᠣᠯᠪᠠᠰᠤᠷᠠᠯ᠂ ᠠᠵᠢᠯ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ ᠪᠤᠯᠤᠨ ᠪᠠᠢ᠌ᠭᠤᠯᠭ᠎ᠠ ᠵᠢᠨ ᠭᠡᠷᠡᠭ ᠶᠠᠪᠤᠳᠠᠯ᠎ᠤᠨ ᠦᠢ᠍ᠯᠡᠴᠢᠯᠡᠭᠡ ᠵᠡᠷᠭᠡ ᠡᠯ᠎ᠡ ᠵᠦᠢ᠍ᠯ᠎ᠤᠨ ᠦᠢ᠍ᠯᠡᠰ ᠠ᠋ᠷᠡᠭᠦᠯ ᠵᠶ᠋ᠠᠷ ᠭᠦᠭᠵᠢᠭᠰᠡᠨ ᠪᠠᠢ᠌ᠨ᠎ᠠ᠃
(ᠲᠠᠪᠤ) ᠠᠷᠠᠳ᠎ᠤᠨ ᠶᠠᠪᠤᠳᠠᠯ᠎ᠤᠨ ᠪᠠᠢ᠌ᠭᠤᠯᠭ᠎ᠠ ᠵᠢᠨ ᠰᠤᠷᠲᠠᠯ ᠰᠢᠨ᠎ᠡ ᠬᠤᠪᠢᠷᠠᠯᠲᠠ᠎ᠲᠠᠢ ᠪᠤᠯᠪᠠ
ᠨᠢᠭᠡ᠎ᠳᠤ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠬᠠᠷᠢᠭᠤᠴᠠᠯᠭ᠎ᠠ ᠵᠢ ᠪᠦᠲᠦᠮᠵᠢᠲᠡᠢ ᠨᠠᠢ᠌ᠲᠠᠪᠤᠷᠢᠵᠢᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠲᠤᠭᠤᠢ᠌ᠯᠠᠩ᠎ᠢ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠳᠡᠰ᠎ᠠᠴᠠ 《ᠤᠨᠤᠯ ᠰᠤᠷᠤᠯᠴᠠᠬᠤ ᠲᠤᠭᠤᠢ᠌ᠯᠠᠩ᠎ᠤᠨ ᠰᠤᠷᠤᠯᠴᠠᠬᠤ ᠨᠡᠢ᠌ᠲᠡᠯᠢᠭ ᠵᠢᠱ᠌ᠢᠶ᠎ᠡ》᠎ᠪᠠᠷ ᠱᠠᠩᠨᠠᠨ ᠭᠦᠬᠢᠭᠦᠯᠵᠡᠢ᠃
ᠬᠤᠶᠠᠷ᠎ᠲᠤ ᠨᠠᠮ᠎ᠤᠨ ᠰᠤᠷᠲᠠᠯ ᠪᠤᠯᠤᠨ ᠠᠷᠢᠭᠤᠨ ᠴᠢᠭᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢᠨ ᠠᠵᠢᠯ᠎ᠤᠨ ᠲᠤᠭᠲᠠᠴᠠ ᠵᠢ ᠤᠯᠠᠮ ᠨᠢᠭᠡ ᠠᠯᠬᠤᠮ ᠰᠢᠯᠤᠭᠤᠳᠬᠠᠪᠠ᠃ ᠨᠠᠮ᠎ᠤᠨ ᠰᠤᠷᠲᠠᠯ ᠪᠠ ᠠᠷᠢᠭᠤᠨ ᠴᠢᠭᠡᠴᠢ᠎ᠪᠠᠷ ᠵᠠᠰᠠᠭ ᠪᠠᠷᠢᠬᠤ ᠪᠤᠯᠤᠨ ᠢᠯᠵᠢᠷᠡᠯ᠎ᠢ ᠠ᠋ᠰᠡᠷᠭᠦᠴᠡᠬᠦ ᠠᠵᠢᠯ᠎ᠤᠨ ᠤᠳᠤᠷᠢᠳᠬᠤ ᠲᠤᠭᠤᠢ᠌ᠯᠠᠩ ᠪᠠᠢ᠌ᠭᠤᠯᠵᠤ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠲᠤᠭᠤᠢ᠌ᠯᠠᠩ᠎ᠤᠨ ᠬᠢᠨᠠᠨ ᠪᠠᠢ᠌ᠴᠠᠭ᠋ᠠᠬᠤ ᠳᠠᠰᠤᠭ᠎ᠨᠢ 《ᠭᠤᠷᠪᠠ ᠵᠢ ᠰᠢᠯᠵᠢᠭᠦᠯᠬᠦ》 ᠱᠠᠭ᠋ᠠᠷᠳᠠᠯᠭ᠎ᠠ ᠶᠤᠰᠤᠭ᠋ᠠᠷ 10 ᠤᠳᠤᠷᠢᠳᠬᠤ ᠲᠤᠭᠤᠢ᠌ᠯᠠᠩ᠎ᠤᠨ ᠪᠠᠢ᠌ᠭᠤᠯᠤᠮᠵᠢ᠎ᠠᠴᠠ ᠤᠬᠤᠷᠢᠨ ᠭᠠᠷᠴᠤ᠂ ᠰᠠᠬᠢᠯᠭ᠎ᠠ ᠪᠠᠲᠤ ᠵᠢ ᠬᠡᠷᠡᠭᠵᠢᠭᠦᠯᠦᠨ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠭᠡᠮᠵᠢᠯᠡᠬᠦ ᠠ᠋ᠭᠦᠷᠭᠡ ᠬᠠᠷᠢᠭᠤᠴᠠᠯᠭ᠎ᠠ᠎ᠪᠠᠨ ᠬᠦᠢ᠍ᠴᠠᠳᠭᠡᠬᠦ ᠵᠢ ᠪᠠᠲᠤᠯᠠᠪᠠ᠃ 14 ᠠᠢ᠌ᠮᠠᠭ ᠬᠤᠲᠠ ᠵᠢᠨ ᠠᠷᠠᠳ᠎ᠤᠨ ᠶᠠᠪᠤᠳᠠᠯ᠎ᠤᠨ ᠭᠤᠤᠯᠳᠠᠯᠭ᠎ᠠ᠎ᠲᠠᠢ ᠠᠵᠢᠯ᠎ᠳᠤ ᠲᠤᠰᠬᠠᠢ ᠪᠠᠢ᠌ᠴᠠᠭ᠋ᠠᠯᠲᠠ ᠬᠢᠵᠤ᠂ ᠠᠷᠠᠳ᠎ᠤᠨ ᠶᠠᠪᠤᠳᠠᠯ᠎ᠤᠨ ᠠᠵᠢᠯ᠎ᠳᠤ ᠪᠦᠲᠦᠮᠵᠢᠲᠡᠢ ᠬᠢᠨᠠᠯᠲᠠ ᠲᠠᠯᠪᠢᠬᠤ ᠵᠢ ᠪᠡᠶᠡᠯᠡᠭᠦᠯᠪᠡ᠃
ᠭᠤᠷᠪᠠ᠎ᠳᠤ ᠰᠤᠷᠲᠠᠯ᠎ᠤᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠪᠠ᠃ ᠲᠦᠪ᠎ᠤᠨ ᠨᠠᠢ᠍ᠮᠠᠨ ᠵᠤᠷᠪᠤᠰ ᠲᠤᠭᠲᠠᠭ᠋ᠠᠯ ᠪᠠ ᠦᠪᠡᠷᠲᠡᠭᠡᠨ ᠵᠠᠰᠠᠬᠤ ᠤᠷᠤᠨ᠎ᠤ 28 ᠵᠤᠷᠪᠤᠰ ᠪᠤᠳᠠᠲᠠᠢ ᠲᠤᠭᠲᠠᠭ᠋ᠠᠯ᠎ᠢ ᠴᠢᠩᠭ᠎ᠠ ᠨᠡᠢ᠌ᠲᠡᠪᠤᠷᠢᠵᠢᠭᠤᠯᠤᠨ᠂ ᠲᠢᠩᠬᠢᠮ᠎ᠤᠨ ᠨᠠᠮ᠎ᠤᠨ ᠤᠳᠤᠷᠢᠳᠬᠤ ᠲᠤᠭᠤᠢ᠌ᠯᠠᠩ᠎ᠠᠴᠠ 《ᠰᠤᠷᠤᠯᠴᠠᠯᠭ᠎ᠠ᠂ ᠵᠤᠬᠢᠶᠠᠯ᠂ ᠬᠤᠷᠠᠯ᠎ᠤᠨ ᠰᠤᠷᠲᠠᠯ᠎ᠢ ᠤᠯᠠᠮ ᠨᠢᠭᠡ ᠠᠯᠬᠤᠮ ᠰᠠᠢ᠌ᠵᠢᠷᠠᠭᠣᠯᠬᠤ ᠳᠤᠬᠠᠢ ᠬᠡᠷᠡᠭᠵᠢᠭᠦᠯᠬᠦ ᠰᠠᠨᠠᠯ》᠎ᠢ ᠲᠤᠭᠲᠠᠭ᠋ᠠᠨ ᠬᠡᠷᠡᠭᠵᠢᠭᠦᠯᠵᠤ᠂ ᠬᠤᠷᠠᠯ᠎ᠤᠨ ᠪᠢᠴᠢᠭ ᠮᠠᠲᠸᠷᠢᠶᠠᠯ᠂ ᠪᠤᠯᠪᠠᠰᠤᠷᠠᠯ ᠪᠤᠯᠤᠨ ᠠᠯᠪᠠᠨ ᠵᠤᠴᠢᠯᠠᠯᠲᠠ᠂ ᠵᠠᠮ᠎ᠤᠨ ᠵᠠᠷᠤᠳᠠᠯ᠎ᠤᠨ ᠬᠠᠮᠢᠶᠠᠷᠤᠯᠲᠠ ᠵᠡᠷᠭᠡ ᠲᠦᠷᠢᠮ ᠲᠤᠭᠲᠠᠭ᠋ᠠᠯ᠎ᠢ ᠤᠯᠠᠮ ᠴᠢᠨᠠᠭᠰᠢᠳᠠ ᠲᠡᠭᠦᠯᠳᠡᠷᠵᠢᠭᠦᠯᠪᠡ᠃ 11 ᠳ᠋ᠤᠭᠡᠷ ᠰᠠᠷ᠎ᠠ ᠵᠢᠨ ᠡᠴᠦᠰ ᠪᠤᠯᠲᠠᠯ᠎ᠠ ᠪᠦᠭᠦ ᠲᠢᠩᠬᠢᠮ᠎ᠤᠨ ᠠᠯᠪᠠᠨ ᠶᠠᠪᠤᠳᠠᠯ ᠵᠶ᠋ᠠᠷ ᠭᠠᠳᠠᠭ᠋ᠠᠳᠤ᠎ᠳᠤ ᠭᠠᠷᠤᠭᠰᠠᠨ ᠵᠠᠷᠤᠳᠠᠯ 3.85 ᠲᠦᠮᠡᠨ ᠲᠦᠭᠦᠷᠢᠭ ᠪᠠᠢ᠌ᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠠᠴᠠ 72.2% ᠵᠶ᠋ᠠᠷ ᠬᠠᠰᠤᠭᠳᠠᠵᠤ᠂ ᠠᠯᠪᠠᠨ ᠵᠤᠴᠢᠯᠠᠯᠲᠠ ᠵᠢᠨ ᠵᠠᠷᠤᠳᠠᠯ 2.92 ᠲᠦᠮᠡᠨ ᠲᠦᠭᠦᠷᠢᠭ ᠪᠠᠢ᠌ᠵᠤ᠂ ᠨᠢᠳᠣᠨᠣᠨᠤ ᠠᠳᠠᠯᠢ ᠬᠤᠭᠤᠴᠠᠭ᠋ᠠᠨ᠎ᠠᠴᠠ 72.8%᠎ᠪᠠᠷ ᠪᠠᠭᠤᠷᠠᠭᠰᠠᠨ ᠪᠦᠭᠡᠳ ᠠᠯᠪᠠᠨ᠎ᠳᠤ ᠬᠡᠷᠡᠭᠯᠡᠬᠦ ᠮᠠᠰᠢᠨ ᠲᠡᠷᠭᠡᠨ᠎ᠤ ᠵᠠᠷᠤᠳᠠᠯ 84.33 ᠲᠦᠮᠡᠨ ᠲᠦᠭᠦᠷᠢᠭ ᠪᠠᠢ᠌ᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠠᠴᠠ 57.4%᠎ᠪᠠᠷ ᠪᠠᠭᠤᠷᠠᠭᠰᠠᠨ ᠪᠠᠢ᠌ᠨ᠎ᠠ᠃
ᠠᠮᠵᠢᠯᠲᠠ᠎ᠪᠠᠨ ᠨᠤᠲᠠᠯᠠᠬᠤ ᠵᠢᠨ ᠳᠠᠭ᠋ᠠᠤ ᠪᠢᠳᠠ ᠪᠠᠰᠠ ᠮᠠᠨ᠎ᠤ ᠠᠵᠢᠯ᠎ᠤᠨ ᠲᠤᠮᠳᠠ ᠠᠯᠢ ᠤᠯᠠᠨ ᠠᠰᠠᠭᠤᠳᠠᠯ ᠤᠷᠤᠰᠢᠵᠤ ᠪᠠᠢ᠌ᠭ᠎ᠠ ᠵᠢ ᠲᠤᠳᠤᠷᠬᠠᠢ ᠤᠯᠵᠤ ᠦᠵᠡᠬᠦ ᠬᠡᠷᠡᠭᠲᠡᠢ ᠪᠠᠢ᠌ᠨ᠎ᠠ᠃ ᠠ᠋ᠭᠦᠨ᠎ᠳᠤ᠄ ᠦᠵᠡᠯ ᠲᠠᠨᠢᠯᠲᠠ᠎ᠨᠢ ᠦᠳᠲᠡᠷ ᠲᠦᠷᠭᠡᠨ ᠬᠦᠭᠵᠢᠵᠤ ᠪᠠᠢ᠌ᠭ᠎ᠠ ᠠᠷᠠᠳ᠎ᠤᠨ ᠶᠠᠪᠤᠳᠠᠯ᠎ᠤᠨ ᠶᠡᠭᠡ ᠪᠠᠢ᠌ᠳᠠᠯ᠎ᠲᠠᠢ ᠵᠤᠬᠢᠴᠠᠬᠤ ᠦᠭᠡᠢ ᠪᠠᠢ᠌ᠨ᠎ᠠ᠃ ᠠᠵᠢᠯ᠎ᠤᠨ ᠠᠷᠭ᠎ᠠ ᠪᠠᠷᠢᠯ᠎ᠨᠢ ᠪᠠᠰᠠ ᠨᠡᠯᠢᠶᠡᠳ ᠬᠤᠴᠤᠷᠤᠩᠭᠤᠢ ᠪᠠᠢ᠌ᠵᠤ᠂ ᠨᠡᠢ᠌ᠬᠡᠮ᠎ᠤᠨ ᠨᠠᠰᠤᠲᠠᠨ᠎ᠢ ᠠᠰᠠᠷᠠᠬᠤ ᠦᠢ᠍ᠯᠡᠴᠢᠯᠡᠭᠡᠨ ᠵᠡᠷᠭᠡ ᠵᠠᠷᠢᠮ ᠭᠤᠤᠯᠳᠠᠯᠭ᠎ᠠ᠎ᠲᠠᠢ ᠠᠵᠢᠯ᠎ᠤᠨ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠨᠠᠢ᠌ᠲᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠦᠭᠡᠢ ᠪᠠᠢ᠌ᠭᠰᠠᠭ᠋ᠠᠷ᠃ ᠭᠠᠵᠠᠷ ᠤᠷᠤᠨ ᠪᠠ ᠰᠠᠯᠠᠭ᠎ᠠ ᠮᠦᠴᠢᠷ᠎ᠤᠨ ᠬᠤᠭᠤᠷᠤᠨᠳᠤᠬᠢ ᠠᠵᠢᠯ᠎ᠤᠨ ᠠᠬᠢᠴᠠ᠎ᠨᠢ ᠳᠡᠩᠴᠡᠭᠦᠷᠢ ᠦᠭᠡᠢ᠂ ᠵᠤᠬᠢᠴᠠᠩᠭᠤᠢ ᠪᠤᠰᠤ ᠠᠰᠠᠭᠤᠳᠠᠯ ᠨᠡᠯᠢᠶᠡᠳ ᠲᠤᠪᠤᠢ᠌ᠮ᠎ᠠ ᠣᠷᠣᠰᠢᠵᠤ ᠪᠠᠢ᠌ᠨ᠎ᠠ᠃ ᠠ᠋ᠳᠡᠭᠡᠷ ᠠᠰᠠᠭᠤᠳᠠᠯ᠎ᠢ ᠪᠢᠳᠠ ᠬᠤᠵᠢᠮ᠎ᠤᠨ ᠠᠵᠢᠯ᠎ᠤᠨ ᠲᠤᠮᠳᠠ᠎ᠪᠠᠨ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃
ᠬᠤᠶᠠᠷ᠂ 2015 ᠣᠨ᠎ᠤ ᠠᠵᠢᠯ ᠵᠶ᠋ᠠᠨ ᠨᠠᠷᠢᠨ ᠬᠢᠨᠠᠮᠠᠭ᠋ᠠᠢ ᠰᠠᠢ᠌ᠨ ᠬᠢᠬᠦ ᠬᠡᠷᠡᠭᠲᠡᠢ
(ᠨᠢᠭᠡ) ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠰᠢᠰᠲᠸᠮ᠎ᠤᠨ ᠪᠠᠢ᠌ᠭᠤᠯᠤᠯᠲᠠ᠎ᠪᠠᠨ ᠤᠯᠠᠮ ᠨᠢᠭᠡ ᠠᠯᠬᠤᠮ ᠴᠢᠩ᠊ ᠊ᠭ᠋ᠠᠳᠬᠠᠬᠤ ᠬᠡᠷᠡᠭᠲᠡᠢ᠃ ᠲᠦᠪ᠎ᠤᠨ 《ᠨᠠᠭ᠋ᠠᠳᠤ ᠵᠠᠬ᠎ᠠ ᠵᠢᠨ ᠪᠠᠲᠤᠯᠠᠭ᠎ᠠ ᠤᠯᠭᠤᠬᠤ ᠵᠢ ᠵᠢᠷᠤᠮᠯᠠᠵᠤ᠂ ᠭᠤᠤᠯᠳᠠᠯᠭ᠎ᠠ᠎ᠪᠠᠨ ᠲᠤᠪᠤᠢ᠌ᠯᠭ᠋ᠠᠨ᠂ ᠲᠦᠷᠢᠮ ᠵᠶ᠋ᠠᠨ ᠲᠡᠭᠦᠯᠳᠡᠷᠵᠢᠭᠦᠯᠵᠤ᠂ ᠶᠠᠷᠢᠶ᠎ᠠ ᠬᠡᠯᠡᠯᠴᠡᠭᠡ ᠵᠢ ᠳᠠᠭ᠋ᠠᠭᠤᠯᠬᠤ》 ᠱᠠᠭ᠋ᠠᠷᠳᠠᠯᠭ᠎ᠠ ᠶᠤᠰᠤᠭ᠋ᠠᠷ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠤᠤᠷ᠎ᠢ ᠰᠠᠢ᠌ᠲᠤᠷ ᠪᠠᠢ᠌ᠭᠤᠯᠤᠨ ᠪᠡᠬᠢᠵᠢᠭᠦᠯᠬᠦ ᠬᠡᠷᠡᠭᠲᠡᠢ᠃
(ᠬᠤᠶᠠᠷ) ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠦᠢ᠍ᠯᠡᠰ᠎ᠤᠨ ᠭᠦᠭᠵᠢᠯᠲᠡ᠎ᠪᠠᠨ ᠲᠦᠷᠭᠡᠳᠭᠡᠬᠦ ᠬᠡᠷᠡᠭᠲᠡᠢ᠃ ᠦᠪᠡᠷᠲᠡᠭᠡᠨ ᠵᠠᠰᠠᠬᠤ ᠤᠷᠤᠨ᠎ᠤ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠦᠢ᠍ᠯᠡᠰ᠎ᠤᠨ ᠭᠦᠭᠵᠢᠯᠲᠡ᠎ᠪᠠᠨ ᠲᠦᠷᠭᠡᠳᠭᠡᠨ᠂ ᠨᠡᠢ᠌ᠬᠡᠮ᠎ᠤᠨ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ᠎ᠪᠠᠨ ᠰᠢᠨᠡᠴᠢᠯᠡᠨ ᠬᠦᠭᠵᠢᠭᠦᠯᠬᠦ ᠬᠡᠷᠡᠭᠲᠡᠢ᠃
(ᠭᠤᠷᠪᠠ) ᠨᠡᠢ᠌ᠬᠡᠮ᠎ᠤᠨ ᠵᠤᠬᠢᠶᠠᠨ ᠪᠠᠢ᠌ᠭᠤᠯᠤᠯᠲᠠ᠎ᠪᠠᠨ ᠢᠳᠡᠪᠬᠢᠲᠡᠢ ᠪᠤᠢ᠌ᠵᠢᠭᠤᠯᠤᠨ ᠬᠦᠭᠵᠢᠭᠦᠯᠬᠦ ᠬᠡᠷᠡᠭᠲᠡᠢ᠃ ᠰᠢᠨ᠎ᠡ ᠬᠡᠪ ᠪᠠᠢ᠌ᠳᠠᠯ ᠲᠤᠤᠷ᠎ᠠ ᠨᠡᠢ᠌ᠬᠡᠮ᠎ᠤᠨ ᠵᠤᠬᠢᠶᠠᠨ ᠪᠠᠢ᠌ᠭᠤᠯᠤᠯᠲᠠ ᠵᠢᠨ ᠠᠮᠢᠵᠢᠷᠠᠯ᠎ᠤᠨ ᠬᠦᠴᠦᠨ ᠵᠶ᠋ᠠᠨ ᠬᠦᠭᠵᠢᠭᠡᠨ ᠪᠠᠳᠠᠷᠠᠭ᠋ᠠᠵᠤ᠂ ᠠᠵᠤ ᠠᠬᠤᠢ ᠵᠢᠨ ᠭᠦᠭᠵᠢᠯᠲᠡ ᠵᠢ ᠠᠬᠢᠭᠤᠯᠬᠤ ᠶᠡᠭᠡ ᠰᠠᠢ᠌ᠨ ᠠᠵᠠ ᠲᠤᠬᠢᠶᠠᠯ᠎ᠢ ᠵᠠᠪᠳᠤᠨ᠂ ᠬᠠᠮᠢᠶᠠᠷᠤᠯᠲᠠ ᠵᠢᠨ ᠲᠦᠷᠢᠮ᠎ᠳᠤ ᠦᠭᠡᠷᠡᠴᠢᠯᠡᠯᠲᠡ ᠬᠢᠵᠤ᠂ ᠦᠢ᠍ᠯᠡᠴᠢᠯᠡᠬᠦ ᠠᠷᠭ᠎ᠠ ᠬᠡᠯᠪᠡᠷᠢ᠎ᠪᠠᠨ ᠰᠠᠢ᠌ᠵᠢᠷᠠᠭᠤᠯᠤᠨ᠂ ᠨᠡᠢ᠌ᠬᠡᠮ᠎ᠤᠨ ᠵᠤᠬᠢᠶᠠᠨ ᠪᠠᠢ᠌ᠭᠤᠯᠤᠯᠲᠠ ᠵᠢᠨ ᠲᠤᠳᠤᠭ᠋ᠠᠳᠤ ᠠᠮᠢᠵᠢᠷᠠᠯ᠎ᠤᠨ ᠬᠦᠴᠦᠨ᠎ᠢ ᠪᠠᠳᠠᠷᠠᠭ᠋ᠠᠵᠤ᠂ ᠨᠡᠢ᠌ᠬᠡᠮ᠎ᠤᠨ ᠵᠤᠬᠢᠶᠠᠨ ᠪᠠᠢ᠌ᠭᠤᠯᠤᠯᠲᠠ ᠵᠢᠨ ᠨᠡᠢ᠌ᠬᠡᠮ᠎ᠤᠨ ᠵᠠᠰᠠᠠ ᠰᠢᠨᠡᠴᠢᠯᠡᠬᠦ ᠢᠳᠡᠪᠬᠢ ᠦᠢ᠍ᠯᠡᠳᠦᠯ᠎ᠢ ᠬᠦᠢ᠍ᠴᠡᠳ ᠪᠠᠳᠠᠷᠠᠭᠤᠯᠬᠤ ᠬᠡᠷᠡᠭᠲᠡᠢ᠃
(ᠲᠦᠷᠪᠡ) ᠨᠡᠢ᠌ᠬᠡᠮ᠎ᠤᠨ ᠵᠠᠰᠠᠯᠲᠠ ᠪᠠ ᠨᠡᠢ᠌ᠬᠡᠮ᠎ᠤᠨ ᠨᠡᠢ᠌ᠲᠡ ᠵᠢᠨ ᠭᠡᠷᠡᠭ ᠶᠠᠪᠤᠳᠠᠯ᠎ᠤᠨ ᠬᠠᠮᠢᠶᠠᠷᠠᠬᠤ ᠦᠢ᠍ᠯᠡᠴᠢᠯᠡᠭᠡ᠎ᠪᠠᠨ ᠲᠡᠭᠦᠯᠳᠡᠷᠵᠢᠭᠦᠯᠬᠦ ᠬᠡᠷᠡᠭᠲᠡᠢ᠃ ᠨᠡᠢ᠌ᠬᠡᠮ ᠲᠤᠭᠤᠷᠢᠭ᠎ᠤᠨ ᠦᠢ᠍ᠯᠡᠴᠢᠯᠡᠭᠡᠨ᠎ᠤ ᠠᠭᠤᠯᠭ᠎ᠠ ᠬᠡᠯᠪᠡᠷᠢ᠂ ᠬᠦᠷᠢᠶ᠎ᠡ ᠬᠡᠪᠴᠢᠶ᠎ᠡ᠂ ᠠᠷᠭ᠎ᠠ ᠪᠠᠷᠢᠯ᠂ ᠵᠠᠮ ᠮᠥᠷ ᠵᠶ᠋ᠡᠨ ᠤᠯᠠᠮ ᠨᠢᠭᠡ ᠠᠯᠬᠤᠮ ᠲᠠᠯᠠᠨ ᠦᠷᠭᠡᠳᠭᠡᠵᠤ᠂ ᠨᠡᠢ᠌ᠬᠡᠮ ᠲᠤᠭᠤᠷᠢᠭ᠎ᠤᠨ ᠪᠠᠢ᠌ᠭᠤᠯᠤᠯᠲᠠ ᠵᠢᠨ ᠬᠢᠷᠢ ᠲᠦᠪᠰᠢᠨ ᠵᠶ᠋ᠠᠨ ᠪᠦᠭᠦ ᠲᠠᠯ᠎ᠠ᠎ᠪᠠᠷ ᠲᠡᠭᠡᠭᠰᠢᠯᠡᠭᠦᠯᠬᠦ ᠬᠡᠷᠡᠭᠲᠡᠢ; ᠤᠨᠴᠠᠯᠠᠨ ᠬᠠᠷᠠᠭ᠋ᠠᠯᠵᠠᠵᠤ ᠲᠦᠪᠬᠢᠨᠡᠭᠦᠯᠬᠦ ᠠᠵᠢᠯ᠎ᠤᠨ ᠳᠤᠬᠠᠢ ᠲᠦᠷᠦ ᠵᠢᠨ ᠪᠤᠳᠤᠯᠭ᠎ᠠ᠎ᠪᠠᠨ ᠨᠠᠢ᠌ᠲᠠᠪᠤᠷᠢᠵᠢᠭᠤᠯᠵᠤ᠂ ᠴᠡᠷᠢᠭ᠎ᠠᠴᠠ ᠬᠠᠯᠠᠭᠳᠠᠭᠰᠠᠳ᠎ᠢ ᠲᠦᠪᠬᠢᠨᠡᠬᠦᠯᠬᠦ ᠦᠭᠡᠷᠡᠴᠢᠯᠡᠯᠲᠡ᠎ᠪᠠᠨ ᠭᠦᠨᠵᠡᠭᠡᠢ᠌ᠷᠡᠭᠦᠯᠤᠨ᠂ ᠬᠤᠶᠠᠷ᠎ᠢ ᠬᠦᠷᠢᠶᠡᠯᠡᠨ ᠬᠠᠮᠲᠤᠪᠡᠷ ᠪᠠᠢ᠌ᠭᠤᠯᠬᠤ ᠬᠡᠪ ᠵᠠᠭᠪᠤᠷ᠎ᠤᠨ ᠲᠠᠯ᠎ᠠ᠎ᠪᠠᠷ ᠰᠢᠨᠡᠴᠢᠯᠡᠯᠲᠡ ᠬᠢᠬᠦ ᠬᠡᠷᠡᠭᠲᠡᠢ; ᠤᠷᠤᠭ ᠳᠠᠩᠰᠠᠯᠠᠬᠤ᠂ ᠦᠷᠡᠴᠢᠯᠡᠨ ᠲᠡᠵᠢᠭᠡᠬᠦ᠂ ᠤᠷᠤᠰᠢᠭᠤᠯᠭ᠎ᠠ ᠵᠢᠨ ᠦᠭᠡᠷᠡᠴᠢᠯᠡᠯᠲᠡ ᠬᠢᠬᠦ᠂ ᠲᠡᠨᠦᠭᠦᠯᠴᠢᠳᠢ ᠠᠪᠤᠷᠠᠨ ᠲᠤᠰᠠᠯᠠᠬᠤ᠂ ᠵᠠᠭ᠋ᠠᠭ ᠬᠣᠪᠢᠶᠠᠷᠢᠯᠠᠯᠲᠠ ᠭᠠᠵᠠᠷ᠎ᠤᠨ ᠨᠡᠷᠡᠰ ᠵᠡᠷᠭᠡ ᠲᠤᠰᠬᠠᠢ ᠲᠦᠷᠦᠯ᠎ᠤᠨ ᠨᠡᠢ᠌ᠬᠡᠮ᠎ᠤᠨ ᠭᠡᠷᠡᠭ ᠶᠠᠪᠤᠳᠠᠯ᠎ᠤᠨ ᠬᠠᠮᠢᠶᠠᠷᠤᠯᠲᠠ᠎ᠪᠠᠨ ᠳᠦᠯᠬᠢᠨ ᠤᠷᠤᠭᠰᠢᠯᠠᠭᠤᠯᠵᠤ᠂ ᠠᠷᠠᠳ᠎ᠤᠨ ᠶᠠᠪᠤᠳᠠᠯ᠎ᠤᠨ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃
(ᠲᠠᠪᠤ) ᠪᠠᠢ᠌ᠭᠤᠯᠭ᠎ᠠ ᠵᠢᠨ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠬᠤ ᠬᠡᠷᠡᠭᠲᠡᠢ᠃ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠰᠠᠭᠤᠷᠢ ᠢᠨᠵᠸᠨ᠋ᠸᠷᠢᠩ ᠪᠤᠯᠭ᠋ᠠᠬᠤ᠎ᠪᠠᠨ ᠪᠠᠷᠢᠮᠲᠠᠯᠠᠨ᠂ ᠨᠢᠭᠡ ᠲᠠᠯ᠎ᠠ᠎ᠪᠠᠷ ᠨᠠᠮ᠎ᠤᠨ ᠰᠤᠷᠲᠠᠯ ᠪᠠ ᠠᠷᠢᠭᠤᠨ ᠴᠢᠭᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠢ ᠠᠳᠬᠤᠵᠤ᠂ ᠨᠦᠭᠦᠭᠡ ᠲᠠᠯ᠎ᠠ᠎ᠪᠠᠷ ᠰᠤᠷᠲᠠᠯ᠎ᠤᠨ ᠪᠠᠢ᠌ᠭᠤᠯᠤᠯᠲᠠ ᠵᠢ ᠠᠳᠬᠤᠬᠤ᠎ᠪᠠᠷ ᠳᠠᠮᠵᠢᠭᠤᠯᠤᠨ᠂ ᠪᠠᠢ᠌ᠭᠤᠯᠭ᠎ᠠ ᠵᠢᠨ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠳᠠᠰᠤᠷᠠᠯᠲᠠ ᠦᠭᠡᠢ ᠲᠦᠯᠬᠢᠨ ᠤᠷᠤᠭᠰᠢᠯᠠᠭᠤᠯᠵᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠰᠢᠨᠡᠴᠢᠯᠡᠯᠲᠡ ᠬᠦᠭᠵᠢᠯᠲᠡ ᠵᠢ ᠪᠡᠶᠡᠯᠡᠭᠦᠯᠬᠦ᠎ᠳᠤ ᠪᠠᠲᠤ ᠪᠡᠬᠢ ᠵᠤᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠬᠠᠩᠭ᠋ᠠᠬᠤ ᠬᠡᠷᠡᠭᠲᠡᠢ᠃