ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠢ ᠫᠸᠩ ᠰᠢᠨ ᠪᠦᠬᠦ ᠣᠷᠣᠨ᠎ᠤ ᠨᠠᠰᠤᠲᠠᠢ᠌ᠴᠤᠳ᠎ᠤᠨ ᠠᠵᠢᠯ᠎ᠤᠨ ᠬᠤᠷᠠᠯ᠎ᠳᠤ ᠤᠷᠤᠯᠴᠠᠵᠤ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄ 2014-09-25

    9 ᠰᠠᠷ᠎ᠠ ᠵᠢᠨ 11᠎ᠤ ᠠ᠋ᠳᠦᠷ᠂ ᠪᠦᠬᠦ ᠣᠷᠣᠨ᠎ᠤ ᠨᠠᠰᠤᠲᠠᠢ᠌ᠴᠤᠳ᠎ᠤᠨ ᠠᠵᠢᠯ᠎ᠤᠨ ᠬᠤᠷᠠᠯ ᠬᠦᠭᠡᠬᠤᠲᠠ᠎ᠳᠤ ᠬᠤᠷᠠᠯᠳᠤᠵᠤ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠬᠡᠰᠢᠭᠦᠨ᠂ ᠵᠣᠬᠢᠶᠠᠨ ᠪᠠᠢ᠌ᠭᠤᠯᠬᠤ ᠬᠡᠯᠲᠡᠰ᠎ᠤᠨ ᠳᠠᠷᠤᠭ᠎ᠠ᠂ ᠦᠪᠡᠷᠳᠡᠭᠡᠨ ᠵᠠᠰᠠᠬᠤ ᠤᠷᠤᠨ᠎ᠤ ᠨᠠᠰᠤᠲᠠᠢ᠌ᠴᠤᠳ᠎ᠤᠨ ᠠᠵᠢᠯ᠎ᠤᠨ ᠵᠦᠪᠯᠡᠯ᠎ᠤᠨ ᠠ᠋ᠷᠬᠢᠯᠡᠭᠴᠢ ᠯᠢ ᠫᠸᠩ ᠰᠢᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠪᠠ᠃ ᠲᠡᠷᠡ ᠵᠢᠭ᠋ᠠᠵᠤ ᠭᠠᠷᠭ᠋ᠠᠬᠤ᠎ᠳᠠᠭᠠᠨ᠂ ᠮᠠᠨ᠎ᠤ ᠤᠷᠤᠨ᠎ᠤ ᠬᠦᠮᠦᠨ ᠠᠮᠠ ᠵᠢᠨ ᠬᠦᠭᠰᠢᠷᠡᠯᠲᠡ᠂ ᠦᠨᠳᠦᠷ ᠨᠠᠰᠤᠵᠢᠯᠲᠠ ᠪᠠ ᠭᠡᠷ᠎ᠲᠡᠭᠡᠨ ᠦᠯᠡᠳᠡᠭᠰᠡᠨ ᠨᠠᠰᠤᠲᠠᠢ᠌ᠴᠤᠳ᠎ᠤᠨ ᠲᠦᠷᠭᠡᠨ ᠨᠡᠮᠡᠭᠳᠡᠯ᠎ᠨᠢ ᠠᠵᠤ ᠦᠢ᠍ᠯᠡᠳᠪᠦᠷᠢᠵᠢᠯᠲᠡ᠂ ᠬᠤᠲᠠ ᠪᠠᠯᠭ᠋ᠠᠰᠤᠵᠢᠯᠲᠡ᠂ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠲᠠᠢ ᠵᠡᠷᠭᠡᠪᠡᠷ ᠣᠷᠣᠰᠢᠵᠤ᠂ ᠬᠣᠲᠠ ᠬᠦᠳᠡᠭᠡ ᠵᠢᠨ ᠵᠦᠷᠢᠶ᠎ᠡ᠂ ᠣᠷᠣᠨ ᠪᠦᠰᠡ ᠵᠢᠨ ᠵᠦᠷᠢᠶ᠎ᠡ᠂ ᠣᠷᠣᠯᠭ᠎ᠠ ᠵᠢᠨ ᠵᠦᠷᠢᠶ᠎ᠡ ᠵᠢᠨ ᠶᠡᠬᠡᠰᠬᠦ᠎ᠯᠦᠭᠡ ᠳᠠᠪᠬᠤᠴᠠᠨ᠂ ᠠᠵᠤ ᠠᠬᠤᠢ ᠨᠡᠢ᠌ᠬᠡᠮ᠎ᠤᠨ ᠬᠡᠯᠪᠡᠷᠢ ᠵᠢᠨ ᠬᠣᠪᠢᠷᠠᠯ᠎ᠯᠤᠭ᠎ᠠ ᠰᠦᠯᠵᠢᠯᠳᠦᠵᠤ ᠪᠤᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ᠎ᠤᠨ᠎ᠬᠢᠨ ᠪᠠᠢ᠌ᠳᠠᠯ᠎ᠢ ᠲᠣᠳᠣᠷᠬᠠᠢ ᠲᠠᠨᠢᠵᠤ᠂ ᠨᠠᠰᠣᠲᠠᠢ᠌ᠴᠤᠳ᠎ᠤᠨ ᠠᠵᠢᠯ᠎ᠢ ᠰᠠᠢ᠌ᠲᠤᠷ ᠬᠢᠬᠦ ᠬᠠᠷᠢᠭᠤᠴᠠᠯᠭ᠋ᠠᠲᠤ ᠣᠪᠣᠷ ᠵᠶ᠋ᠡᠨ ᠦᠨᠡᠨᠬᠦ ᠴᠢᠩᠭ᠋ᠠᠳᠬᠠᠨ᠂ ᠬᠦᠴᠦ ᠲᠠᠯᠪᠢᠨ ᠦᠵᠡᠯ ᠲᠠᠨᠢᠯᠲᠠ᠎ᠪᠠᠨ ᠤᠯᠠᠮ ᠭᠦᠨᠵᠡᠭᠡᠢ᠌ᠷᠡᠭᠦᠯᠵᠤ᠂ ᠲᠦᠷᠦ ᠵᠢᠨ ᠪᠤᠳᠤᠯᠭ᠎ᠠ ᠠᠷᠭ᠎ᠠ ᠪᠠᠷᠢᠯ ᠪᠤᠯᠤᠨ ᠪᠠᠢ᠌ᠭᠣᠯᠤᠮᠵᠢ ᠵᠢᠨ ᠳᠣᠭᠲᠠᠴᠠ᠎ᠪᠠᠨ ᠲᠡᠭᠦᠯᠳᠡᠷᠵᠢᠭᠦᠯᠦᠨ᠂ ᠬᠦᠮᠦᠨ ᠠᠮᠠ ᠵᠢᠨ ᠭᠦᠭᠰᠢᠷᠡᠯᠲᠡ ᠵᠢᠨ ᠠᠰᠠᠭᠤᠳᠠᠯ᠎ᠢ ᠢᠳᠡᠪᠬᠢᠲᠠᠢ ᠠᠷᠭ᠋ᠠᠴᠠᠬᠤ ᠬᠡᠷᠡᠭᠲᠡᠢ ᠬᠡᠪᠡ᠃
    ᠯᠢ ᠫᠸᠩ ᠰᠢᠨ ᠴᠢᠬᠤᠯᠠᠴᠢᠯᠠᠬᠤ᠎ᠳᠠᠭᠠᠨ᠂ ᠨᠠᠰᠤᠲᠠᠢ᠌ᠴᠤᠳ᠎ᠤᠨ ᠦᠢ᠍ᠯᠡᠰ᠎ᠤᠨ ᠬᠦᠭᠵᠢᠯᠲᠡ ᠵᠢᠨ 《12.5》 ᠵᠢᠨ ᠲᠦᠯᠦᠪᠵᠢᠭᠦᠯᠭᠡ᠎ᠳᠤ ᠳᠣᠭᠲᠠᠭ᠋ᠠᠭᠰᠠᠨ ᠬᠠᠷᠠᠯᠲᠠ ᠵᠢ ᠪᠡᠶᠡᠯᠡᠭᠦᠯᠬᠦ᠎ᠳᠡᠭᠡᠨ ᠰᠢᠰᠲᠸᠮᠵᠢᠭᠦᠯᠦᠨ ᠲᠦᠯᠦᠪᠯᠡᠵᠤ᠂ ᠲᠦᠷᠢᠮᠵᠢᠭᠦᠯᠦᠨ ᠳᠣᠬᠢᠷᠠᠭᠤᠯᠵᠤ᠂ ᠵᠢᠷᠤᠮᠵᠢᠭᠤᠯᠤᠨ ᠪᠠᠢ᠌ᠭᠤᠯᠵᠤ᠂ ᠲᠤᠭᠤᠰᠢᠲᠠᠢ ᠨᠠᠢ᠌ᠲᠠᠪᠤᠷᠢᠵᠢᠭᠤᠯᠬᠤ ᠬᠡᠷᠡᠭᠲᠡᠢ᠃ ᠨᠡᠢ᠌ᠬᠡᠮ᠎ᠤᠨ ᠨᠠᠰᠤᠲᠠᠨ᠎ᠢ ᠠᠰᠠᠷᠠᠬᠤ ᠪᠠᠲᠤᠯᠠᠪᠦᠷᠢ ᠵᠢᠨ ᠲᠦᠷᠢᠮ᠎ᠤᠨ ᠲᠡᠭᠦᠯᠳᠡᠷᠵᠢᠯᠲᠡ ᠵᠢ ᠲᠦᠷᠭᠡᠳᠬᠡᠵᠤ᠂ ᠨᠠᠰᠤᠲᠠᠢ᠌ᠴᠤᠳ᠎ᠲᠤ ᠵᠣᠷᠢᠭᠤᠯᠤᠭᠰᠠᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢᠨ ᠬᠦᠴᠦᠯᠴᠡ᠎ᠪᠠᠨ ᠴᠢᠩᠭ᠋ᠠᠳᠬᠠᠨ᠂ ᠨᠠᠰᠤᠲᠠᠢ᠌ᠴᠤᠳ᠎ᠢ ᠬᠢᠬᠦ ᠶᠠᠭᠤᠮ᠎ᠠ᠎ᠲᠠᠢ ᠪᠤᠯᠭ᠋ᠠᠬᠤ ᠠᠵᠢᠯ᠎ᠢ ᠢᠳᠡᠪᠬᠢᠲᠠᠢ ᠠᠬᠢᠭᠤᠯᠵᠤ᠂ ᠨᠠᠰᠤᠲᠠᠢ᠌ᠴᠤᠳ᠎ᠢ ᠬᠦᠨᠳᠦᠳᠬᠡᠬᠦ ᠶᠤᠰᠤ ᠮᠤᠷᠠᠯ ᠪᠤᠯᠤᠨ ᠨᠠᠰᠤᠲᠠᠢ᠌ᠴᠤᠳ᠎ᠤᠨ ᠬᠠᠤᠯᠢ ᠲᠦᠷᠢᠮ᠎ᠤᠨ ᠪᠠᠢ᠌ᠭᠤᠯᠤᠯᠲᠠ ᠵᠢ ᠠ᠋ᠷᠴᠢᠮ᠎ᠲᠠᠢ ᠬᠢᠵᠤ᠂ ᠨᠠᠰᠤᠲᠠᠢ᠌ᠴᠤᠳ᠎ᠲᠤ ᠦᠢ᠍ᠯᠡᠴᠢᠯᠡᠬᠦ ᠡᠯ᠎ᠡ ᠲᠦᠷᠦᠯ᠎ᠤᠨ ᠠᠵᠢᠯ᠎ᠤᠨ ᠳᠦᠪᠰᠢᠨ᠎ᠢ ᠪᠦᠬᠦ ᠲᠠᠯ᠎ᠠ᠎ᠪᠠᠷ ᠳᠠᠭᠡᠭᠰᠢᠯᠡᠭᠦᠯᠬᠦ ᠬᠡᠷᠡᠭᠲᠡᠢ ᠬᠡᠰᠡᠨ ᠪᠠᠢ᠌ᠨ᠎ᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠢᠩᠬᠢᠮ᠎ᠤᠨ ᠳᠠᠷᠤᠭ᠎ᠠ ᠯᠠᠠ ᠡᠸᠨ ᠬᠤᠸᠠ ᠵᠢᠨ ᠪᠦᠬᠦ ᠤᠷᠤᠨ᠎ᠤ 《ᠨᠡᠢ᠌ᠬᠡᠮ᠎ᠤᠨ ᠠᠪᠤᠷᠠᠨ ᠳᠤᠰᠠᠯᠠᠯᠳᠠ ᠵᠢᠨ ᠲᠦᠷ ᠬᠡᠷᠡᠭᠵᠢᠭᠦᠯᠬᠦ ᠠᠷᠭ᠎ᠠ》 ᠵᠢ ᠨᠠᠢ᠌ᠲᠠᠪᠤᠷᠢᠵᠢᠭᠤᠯᠤᠨ ᠬᠡᠷᠡᠭᠵᠢᠭᠦᠯᠬᠦ ᠲᠧᠯᠸᠢᠰ ᠤᠲᠠᠰᠤᠲᠤ ᠬᠤᠷᠠᠯ ᠳᠡᠭᠡᠷᠡᠬᠢ ᠶᠠᠷᠢᠶ᠎ᠠ
ᠠᠷᠠᠳ᠎ᠤᠨ ᠶᠠᠪᠤᠳᠠᠯ᠎ᠤᠨ ᠳᠤᠭ᠎ᠠ ᠪᠦᠷᠢᠳᠭᠡᠯ᠎ᠤᠨ ᠠᠵᠢᠯ᠎ᠤᠨ ᠦᠭᠡᠷᠡᠴᠢᠯᠡᠯᠳᠡ ᠬᠢᠭᠡᠳ ᠰᠢᠨ᠎ᠠ ᠵᠢ ᠠ᠋ᠬᠦᠳᠤᠨ ᠬᠦᠭᠵᠢᠬᠦᠯᠬᠦ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠰᠤᠭ᠋ᠠᠢ
ᠬᠦᠯᠦᠨ ᠨᠦᠬᠦᠷ᠎ᠤᠨ ᠪᠦᠬᠦ ᠣᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ 《ᠬᠤᠶᠠᠷ ᠬᠠᠷᠢᠭᠤᠴᠠᠯᠭ᠎ᠠ》 ᠵᠢ ᠠᠬᠢᠭᠤᠯᠬᠤ ᠬᠤᠷᠠᠯ ᠲᠡᠭᠡᠷᠡᠬᠢ ᠶᠠᠷᠢᠶ᠎ᠠ (ᠳᠣᠪᠴᠢᠯᠠᠯ)
ᠲᠢᠩᠬᠢᠮ᠎ᠤᠨ ᠳᠠᠷᠤᠭ᠎ᠠ ᠳ᠋ᠸᠩ ᠶᠦᠸᠸ ᠯᠸᠤ ᠵᠢᠨ ᠪᠦᠬᠦ ᠤᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠢ ᠪᠦᠬᠦ ᠳᠠᠯ᠎ᠠ᠎ᠪᠠᠷ ᠴᠢᠩᠭ᠎ᠠ ᠵᠠᠰᠠᠵᠤ 《ᠬᠤᠶᠠᠷ ᠬᠠᠷᠢᠭᠤᠴᠠᠯᠭ᠎ᠠ》 ᠵᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ᠎ᠤ ᠳᠤᠪᠴᠢᠯᠠᠯ
ᠯᠠᠨ ᠠ᠋ᠸᠨ ᠬᠤᠸᠠ ᠵᠢᠨ ᠪᠦᠭᠦ ᠤᠷᠤᠨ᠎ᠤ ᠠᠷᠠᠳ᠎ᠤᠨ ᠶᠠᠪᠤᠳᠠᠯ᠎ᠤᠨ ᠲᠦᠷᠦ ᠵᠢᠨ ᠪᠤᠳᠤᠯᠭ᠎ᠠ ᠤᠨᠤᠯ ᠰᠤᠳᠤᠯᠤᠯ᠎ᠤᠨ ᠰᠤᠯᠢᠯᠴᠠᠭ᠋ᠠᠨ᠎ᠤ ᠬᠤᠷᠠᠯ ᠳᠡᠭᠡᠷᠡᠬᠢ ᠶᠡᠷᠢᠶ᠎ᠠ (ᠲᠤᠪᠴᠢᠯᠠᠯ)
 
            