ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠠᠨ ᠠ᠋ᠸᠨ ᠬᠤᠸᠠ ᠪᠦᠬᠦ ᠣᠷᠣᠨ᠎ᠤ ᠨᠠᠰᠣᠲᠠᠢ᠌ᠴᠣᠳ᠎ᠤᠨ ᠠᠵᠢᠯ᠎ᠤᠨ ᠬᠤᠷᠠᠯ ᠳᠡᠭᠡᠷ᠎ᠡ ᠠᠵᠢᠯ᠎ᠤᠨ ᠮᠡᠳᠡᠭᠦᠯᠦᠯᠲᠡ ᠬᠢᠪᠡ
ᠨᠡᠶᠢᠲᠡᠯᠡᠭᠰᠡᠨ ᠴᠠᠭ᠄ 2014-09-25

     9 ᠰᠠᠷ᠎ᠠ ᠵᠢᠨ 11᠎ᠤ ᠠ᠋ᠳᠦᠷ ᠬᠤᠷᠠᠯᠳᠣᠭᠰᠠᠨ ᠪᠦᠬᠦ ᠣᠷᠣᠨ᠎ᠤ ᠨᠠᠰᠤᠲᠠᠢ᠌ᠴᠤᠳ᠎ᠤᠨ ᠠᠵᠢᠯ᠎ᠤᠨ ᠬᠤᠷᠠᠯ ᠲᠡᠭᠡᠷ᠎ᠡ᠂ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠠᠷᠤᠭ᠎ᠠ᠂ ᠦᠪᠦᠷ ᠮᠣᠩᠭᠣᠯ᠎ᠤᠨ ᠨᠠᠰᠤᠲᠠᠢ᠌ᠴᠣᠳ᠎ᠤᠨ ᠠᠵᠢᠯ᠎ᠤᠨ ᠵᠦᠪᠯᠡᠯ᠎ᠤᠨ ᠲᠡᠳ᠋ ᠠ᠋ᠷᠬᠢᠯᠡᠭᠴᠢ ᠯᠠᠨ ᠠ᠋ᠸᠨ ᠬᠤᠸᠠ ᠦᠪᠡᠷᠳᠡᠭᠡᠨ ᠵᠠᠰᠠᠬᠤ ᠣᠷᠣᠨ᠎ᠤ ᠨᠠᠰᠤᠲᠠᠢ᠌ᠴᠤᠳ᠎ᠤᠨ ᠠᠵᠢᠯ᠎ᠤᠨ ᠠᠯᠪᠠᠨ ᠭᠡᠷ᠎ᠢ ᠲᠦᠯᠦᠭᠡᠯᠡᠨ ᠠᠵᠢᠯ᠎ᠤᠨ ᠮᠡᠳᠡᠭᠦᠯᠦᠯᠲᠡ ᠬᠢᠪᠡ᠃
     ᠯᠠᠨ ᠠ᠋ᠸᠨ ᠬᠤᠸᠠ 《11.5》 ᠵᠢᠨ ᠬᠤᠭᠤᠴᠠᠭ᠋ᠠᠨ᠎ᠳᠤ ᠦᠪᠡᠷᠳᠡᠭᠡᠨ ᠵᠠᠰᠠᠬᠤ ᠣᠷᠣᠨ᠎ᠤ ᠨᠠᠰᠤᠲᠠᠢ᠌ᠴᠤᠳ᠎ᠤᠨ ᠠᠵᠢᠯ᠎ᠨᠢ ᠦᠪᠡᠷᠳᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠤᠷᠳᠤᠨ᠎ᠤ ᠳᠡᠭᠡᠳᠦ ᠬᠡᠮᠵᠢᠶᠡᠨ᠎ᠤ ᠴᠢᠬᠤᠯᠠᠴᠢᠯᠠᠭ᠎ᠠ ᠪᠤᠯᠤᠨ ᠵᠦᠪ ᠤᠳᠤᠷᠢᠳᠤᠯᠭ᠎ᠠ ᠳᠤᠤᠷ᠎ᠠ ᠣᠯᠣᠭᠰᠠᠨ ᠠᠮᠵᠢᠯᠲᠠ ᠵᠢ ᠪᠦᠭᠦ ᠲᠠᠯ᠎ᠠ᠎ᠪᠠᠷ ᠳ᠋ᠦᠩᠨᠡᠪᠡ᠃ ᠲᠡᠷᠠ᠂ 《11.5》 ᠵᠢᠨ ᠬᠤᠭᠤᠴᠠᠭ᠋ᠠᠨ᠎ᠳᠤ᠂ ᠦᠪᠦᠷ ᠮᠤᠩᠭᠤᠯ᠎ᠤᠨ ᠨᠠᠰᠤᠲᠠᠨ᠎ᠢ ᠠᠰᠠᠷᠠᠬᠤ ᠪᠠᠲᠤᠯᠠᠪᠦᠷᠢ ᠵᠢᠨ ᠲᠦᠷᠢᠮ᠎ᠤᠨ ᠪᠠᠢ᠌ᠭᠤᠯᠤᠯᠲᠠ ᠠ᠋ᠷᠴᠢᠮ᠎ᠲᠠᠢ ᠪᠤᠯᠵᠤ᠂ ᠨᠡᠢ᠌ᠬᠡᠮ᠎ᠤᠨ ᠠᠪᠤᠷᠠᠨ ᠳᠤᠰᠠᠯᠠᠯᠲᠠ ᠪᠤᠯᠤᠨ ᠠᠰᠠᠷᠠᠮᠵᠢ ᠵᠢᠨ ᠳᠦᠷᠢᠮ ᠳᠠᠰᠤᠷᠠᠯᠲᠠ ᠦᠭᠡᠢ ᠲᠡᠭᠦᠯᠳᠡᠷᠵᠢᠨ᠂ ᠠ᠋ᠮᠨᠡᠯᠭᠡ ᠵᠢᠨ ᠪᠠᠲᠤᠯᠠᠪᠦᠷᠢ ᠵᠢᠨ ᠪᠦᠷᠬᠦᠴᠡ ᠵᠢᠨ ᠨᠤᠷᠮ᠎ᠠ ᠶᠡᠭᠡᠪᠡᠷ ᠳᠡᠭᠡᠭᠰᠢᠯᠡᠵᠤ᠂ ᠰᠠᠭᠤᠷᠢ ᠦᠢ᠍ᠯᠡᠴᠢᠯᠡᠭᠡᠨ᠎ᠤ ᠳᠦᠬᠦᠭᠡᠷᠦᠮᠵᠢ ᠵᠢᠨ ᠪᠠᠢ᠌ᠭᠤᠯᠤᠯᠲᠠ ᠠ᠋ᠳᠦᠷ ᠢᠷᠡᠭᠦᠶ᠎ᠠ ᠪᠦᠷᠢᠨᠰᠢᠨ᠂ ᠨᠠᠰᠣᠲᠠᠨ᠎ᠢ ᠬᠠᠷᠠᠭ᠋ᠠᠯᠵᠠᠬᠤ ᠲᠦᠷᠦ ᠵᠢᠨ ᠪᠤᠳᠤᠯᠭ᠎ᠠ ᠪᠦᠭᠦ ᠲᠠᠯ᠎ᠠ᠎ᠪᠠᠷ ᠨᠠᠢ᠌ᠲᠠᠪᠤᠷᠢᠵᠢᠭᠳᠠᠵᠤ᠂ ᠠᠯᠢ ᠣᠯᠠᠨ ᠲᠡᠦᠬᠡ ᠵᠢᠨ ᠦᠯᠡᠳᠡᠭᠳᠡᠯ ᠠᠰᠠᠭᠤᠳᠠᠯ ᠰᠢᠢ᠍ᠳᠪᠦᠷᠢᠯᠡᠭᠳᠡᠨ᠂ ᠨᠠᠰᠤᠲᠠᠢ᠌ᠴᠤᠳ᠎ᠤᠨ ᠠᠵᠢᠯ᠎ᠤᠨ ᠳᠣᠭᠲᠠᠴᠠ ᠤᠯᠠᠮ ᠲᠡᠭᠦᠯᠳᠡᠷᠵᠢᠪᠡ ᠭᠡᠵᠡᠢ᠃
     ᠯᠠᠨ ᠠ᠋ᠸᠨ ᠬᠤᠸᠠ ᠵᠢᠭ᠋ᠠᠵᠤ ᠭᠠᠷᠭ᠋ᠠᠬᠤ᠎ᠳᠠᠭᠠᠨ᠂ 《12.5》 ᠵᠢᠨ ᠬᠤᠭᠤᠴᠠᠭ᠎ᠠ ᠪᠤᠯ ᠮᠠᠨ᠎ᠤ ᠣᠷᠣᠨ ᠴᠢᠨᠡᠭᠡᠯᠢᠭ ᠨᠡᠢ᠌ᠬᠡᠮ᠎ᠢ ᠪᠦᠭᠦ ᠲᠠᠯ᠎ᠠ᠎ᠪᠠᠷ ᠪᠠᠢ᠌ᠭᠤᠯᠵᠤ᠂ ᠠᠵᠤ ᠠᠬᠤᠢ ᠨᠡᠢ᠌ᠬᠡᠮ᠎ᠤᠨ ᠰᠠᠢ᠌ᠨ ᠮᠦᠷᠲᠡᠭᠡᠨ ᠲᠦᠷᠭᠡᠨ ᠬᠦᠭᠵᠢᠯᠲᠡ ᠵᠢ ᠠᠬᠢᠭᠤᠯᠬᠤ ᠵᠠᠩᠭᠢᠯᠠᠭ᠎ᠠ ᠵᠢᠨ ᠬᠤᠭᠤᠴᠠᠭ᠎ᠠ ᠪᠤᠯᠬᠤ ᠪᠦᠭᠡᠳ ᠪᠠᠰᠠᠴᠤ ᠬᠦᠮᠦᠨ ᠠᠮᠠ ᠵᠢᠨ ᠬᠦᠭᠰᠢᠷᠡᠯᠲᠡ ᠵᠢᠨ ᠬᠠᠨᠳᠤᠰᠢ ᠵᠢ ᠢᠳᠡᠪᠬᠢᠲᠠᠢ ᠠᠷᠭ᠋ᠠᠴᠠᠵᠤ᠂ ᠨᠠᠰᠤᠲᠠᠢ᠌ᠴᠤᠳ᠎ᠤᠨ ᠠᠵᠢᠯ᠎ᠤᠨ ᠦᠢ᠍ᠯᠡᠴᠢᠯᠡᠭᠡᠨ᠎ᠤ ᠲᠦᠪᠰᠢᠨ ᠵᠶ᠋ᠠᠨ ᠳᠡᠭᠡᠭᠰᠢᠯᠡᠭᠦᠯᠬᠦ ᠴᠢᠬᠤᠯᠠ ᠬᠤᠭᠤᠴᠠᠭ᠎ᠠ ᠪᠤᠯᠤᠨ᠎ᠠ᠃ ᠬᠦᠮᠦᠨ ᠠᠮᠠ ᠵᠢᠨ ᠬᠦᠭᠰᠢᠷᠡᠯᠲᠡ ᠲᠦᠷᠭᠡᠰᠴᠤ ᠪᠠᠢ᠌ᠭ᠎ᠠ ᠰᠢᠨ᠎ᠡ ᠬᠠᠨᠳᠤᠰᠢ ᠵᠢ ᠭᠡᠷᠬᠢᠨ ᠠᠷᠭ᠋ᠠᠴᠠᠬᠤ᠂ ᠦᠷᠭᠡᠨ ᠤᠯᠠᠨ ᠨᠠᠰᠤᠲᠠᠢ᠌ᠴᠣᠳ᠎ᠤᠨ ᠠᠰᠠᠷᠠᠨ ᠦᠢ᠍ᠯᠡᠴᠢᠯᠡᠭᠦᠯᠬᠦ ᠰᠢᠨ᠎ᠡ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠶᠠᠪᠤᠳᠠᠯ ᠪᠤᠯ᠂ ᠡᠯ᠎ᠡ ᠭᠠᠵᠠᠷ ᠣᠷᠣᠨ ᠰᠠᠯᠠᠭ᠎ᠠ ᠮᠦᠴᠢᠷ᠎ᠤᠨ ᠠ᠋ᠮᠦᠨ᠎ᠡ ᠲᠠᠯᠪᠢᠭᠳᠠᠵᠤ ᠪᠠᠢ᠌ᠭ᠎ᠠ ᠲᠦᠷᠭᠡᠨ ᠰᠢᠢ᠍ᠳᠪᠦᠷᠢᠯᠡᠪᠡᠯ ᠵᠤᠬᠢᠬᠤ ᠴᠢᠬᠤᠯᠠ ᠠᠰᠠᠭᠤᠳᠠᠯ ᠪᠤᠯᠤᠨ᠎ᠠ ᠬᠡᠪᠡ᠃
     ᠯᠠᠨ ᠠ᠋ᠸᠨ ᠬᠤᠸᠠ ᠴᠢᠬᠤᠯᠠᠴᠢᠯᠠᠬᠤ᠎ᠳᠠᠭᠠᠨ᠂ 《12.5》 ᠵᠢᠨ ᠬᠤᠭᠤᠴᠠᠭ᠋ᠠᠨ᠎ᠳᠤ᠂ ᠨᠠᠰᠤᠲᠠᠢ᠌ᠴᠣᠳ᠎ᠤᠨ ᠨᠡᠢ᠌ᠬᠡᠮ᠎ᠤᠨ ᠪᠠᠲᠤᠯᠠᠪᠦᠷᠢ ᠵᠢᠨ ᠰᠢᠰᠲᠸᠮ᠎ᠤᠨ ᠴᠣᠭᠴᠠᠯᠠᠯᠲᠠ ᠵᠢ ᠲᠦᠷᠭᠡᠳᠭᠡᠬᠦ ᠲᠠᠯ᠎ᠠ᠎ᠪᠠᠷ᠂ ᠦᠪᠡᠷᠳᠡᠭᠡᠨ ᠵᠠᠰᠠᠬᠤ ᠣᠷᠣᠨ᠎ᠠᠴᠠ ᠨᠠᠰᠤᠲᠠᠢ᠌ᠴᠤᠳ᠎ᠤᠨ ᠨᠡᠢ᠌ᠬᠡᠮ᠎ᠤᠨ ᠪᠠᠲᠤᠯᠠᠪᠤᠷᠢ ᠵᠢᠨ ᠪᠠᠷᠢᠮᠵᠢᠶ᠎ᠠ ᠪᠤᠯᠤᠨ ᠠ᠋ᠮᠨᠡᠯᠭᠡ ᠵᠢᠨ ᠪᠠᠲᠤᠯᠠᠪᠦᠷᠢ ᠵᠢᠨ ᠬᠦᠷᠲᠡᠭᠡᠮᠵᠢ ᠵᠢ ᠦᠷᠬᠦᠯᠵᠢᠯᠡᠨ ᠳᠡᠭᠡᠭᠰᠢᠯᠡᠭᠦᠯᠵᠤ᠂ ᠬᠤᠲᠠ ᠬᠦᠳᠡᠭᠡ ᠵᠢᠨ ᠨᠠᠰᠣᠲᠠᠨ᠎ᠢ ᠠᠰᠠᠷᠠᠬᠤ ᠪᠠᠲᠤᠯᠠᠪᠦᠷᠢ ᠵᠢᠨ ᠨᠢᠭᠡ ᠴᠣᠭᠴᠠᠵᠢᠯᠲᠠ ᠵᠢ ᠳᠦᠯᠬᠢᠨ ᠠᠬᠢᠭᠤᠯᠤᠨ᠂ ᠭᠦᠴᠢᠷᠳᠡᠯᠲᠠᠢ ᠨᠠᠰᠤᠲᠠᠢ᠌ᠴᠤᠳ᠎ᠢ ᠵᠠᠰᠠᠭ᠎ᠤᠨ ᠤᠷᠳᠤᠨ᠎ᠠᠴᠠ ᠠᠰᠠᠷᠠᠨ ᠲᠡᠵᠢᠭᠡᠬᠦ ᠪᠠ ᠨᠦᠭᠦᠪᠦᠷᠢ ᠤᠯᠭᠤᠬᠤ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠦᠨ᠎ᠡ᠃ ᠨᠡᠢ᠌ᠬᠡᠮ᠎ᠤᠨ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠰᠢᠰᠲᠸᠮ᠎ᠢ ᠴᠣᠭᠴᠠᠯᠠᠬᠤ ᠲᠠᠯ᠎ᠠ᠎ᠪᠠᠷ᠂ ᠭᠡᠷ᠎ᠲᠡᠭᠡᠨ ᠰᠠᠭᠤᠭ᠎ᠠ ᠨᠠᠰᠤᠲᠠᠢ᠌ᠴᠤᠳ᠎ᠲᠤ ᠦᠢ᠍ᠯᠡᠴᠢᠯᠡᠬᠦ ᠲᠦᠪ᠎ᠤᠨ ᠪᠠᠢ᠌ᠭᠤᠯᠤᠯᠲᠠ᠂ ᠨᠠᠰᠣᠲᠠᠨ᠎ᠢ ᠠᠰᠠᠷᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠪᠠᠢ᠌ᠭᠤᠯᠤᠯᠲᠠ᠂ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠰᠦᠯᠵᠢᠶᠡᠨ᠎ᠤ ᠳᠠᠪᠴᠠᠩ᠎ᠤᠨ ᠪᠠᠢ᠌ᠭᠤᠯᠤᠯᠲᠠ ᠪᠤᠯᠤᠨ ᠬᠦᠳᠡᠭᠡ ᠳᠤᠰᠬᠤᠨ᠎ᠤ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠳᠦᠭᠦᠭᠡᠷᠦᠮᠵᠢ ᠵᠢᠨ ᠪᠠᠢ᠌ᠭᠤᠯᠤᠯᠲᠠ ᠵᠢ ᠲᠦᠷᠭᠡᠳᠭᠡᠨ᠎ᠡ᠃ ᠨᠠᠰᠤᠲᠠᠢ᠌ᠴᠤᠳ᠎ᠤᠨ ᠠ᠋ᠷᠡᠭᠦᠯ ᠮᠡᠨᠳᠦ᠎ᠳᠤ ᠳᠤᠰᠠᠯᠠᠬᠤ ᠰᠢᠰᠲᠸᠮ᠎ᠤᠨ ᠴᠣᠭᠴᠠᠯᠠᠯᠲᠠ ᠵᠢᠨ ᠲᠠᠯ᠎ᠠ᠎ᠪᠠᠷ᠂ ᠨᠠᠰᠤᠲᠠᠢ᠌ᠴᠣᠳ᠎ᠤᠨ ᠠ᠋ᠮᠨᠡᠯᠭᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠢᠳᠡᠪᠬᠢᠲᠠᠢ ᠳᠡᠭᠡᠭᠰᠢᠯᠡᠭᠦᠯᠵᠤ᠂ ᠨᠠᠰᠤᠲᠠᠢ᠌ᠴᠤᠳ᠎ᠤᠨ ᠡᠪᠡᠳᠴᠢᠨ ᠠ᠋ᠮᠬᠡᠭ᠎ᠢ ᠤᠷᠢᠳᠴᠢᠯᠠᠨ ᠰᠡᠷᠭᠡᠢ᠌ᠯᠡᠬᠦ ᠠᠵᠢᠯ᠎ᠢ ᠢᠳᠡᠪᠬᠢᠲᠠᠢ ᠬᠢᠵᠤ᠂ ᠨᠠᠰᠤᠲᠠᠢ᠌ᠴᠤᠳ᠎ᠤᠨ ᠠ᠋ᠷᠡᠭᠦᠯ ᠮᠡᠨᠳᠦ ᠵᠢᠨ ᠬᠦᠮᠦᠵᠢᠯ᠂ ᠬᠠᠮᠢᠶᠠᠷᠤᠯᠲᠠ ᠪᠤᠯᠤᠨ ᠦᠢ᠍ᠯᠡᠴᠢᠯᠡᠭᠡ ᠵᠢ ᠴᠢᠩᠭ᠋ᠠᠳᠬᠠᠨ᠎ᠠ᠃ ᠨᠠᠰᠣᠲᠠᠢ᠌ᠴᠤᠳ᠎ᠤᠨ ᠨᠡᠢ᠌ᠬᠡᠮ᠎ᠤᠨ ᠬᠠᠮᠢᠶᠠᠷᠤᠯᠲᠠ ᠦᠢ᠍ᠯᠡᠴᠢᠯᠡᠭᠡᠨ᠎ᠤ ᠰᠢᠰᠲᠸᠮ᠎ᠤᠨ ᠴᠣᠭᠴᠠᠯᠠᠯᠲᠠ ᠵᠢᠨ ᠲᠠᠯ᠎ᠠ᠎ᠪᠠᠷ᠂ ᠨᠠᠰᠤᠲᠠᠢ᠌ᠴᠣᠳ᠎ᠢ ᠨᠡᠢ᠌ᠬᠡᠮᠴᠢᠯᠡᠨ ᠬᠠᠮᠢᠶᠠᠷᠬᠤ ᠳᠦᠪᠰᠢᠨ ᠵᠶ᠋ᠠᠨ ᠳᠡᠭᠡᠭᠰᠢᠯᠡᠭᠦᠯᠵᠤ᠂ ᠨᠠᠰᠤᠲᠠᠢ᠌ᠴᠤᠳ᠎ᠤᠨ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠵᠢᠷᠤᠮᠵᠢᠭᠤᠯᠤᠨ᠂ ᠨᠠᠰᠣᠲᠠᠢ᠌ᠴᠤᠳ᠎ᠤᠨ ᠬᠠᠤᠯᠢ ᠶᠤᠰᠤᠨ᠎ᠤ ᠠ᠋ᠷᠬᠡ ᠠᠰᠢᠭ᠎ᠢ ᠬᠠᠮᠠᠭ᠋ᠠᠯᠠᠵᠤ᠂ ᠨᠠᠰᠤᠲᠠᠢ᠌ᠴᠤᠳ᠎ᠤᠨ ᠨᠡᠢ᠌ᠬᠡᠮ᠎ᠤᠨ ᠠᠵᠢᠯᠯᠠᠭ᠋ᠠᠨ᠎ᠳᠤ ᠣᠷᠣᠯᠴᠠᠬᠤ ᠵᠢ ᠠᠬᠢᠭᠤᠯᠤᠨ᠎ᠠ ᠬᠡᠰᠡᠨ ᠪᠠᠢ᠌ᠨ᠎ᠠ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠫᠸᠩ ᠰᠢᠨ ᠪᠦᠬᠦ ᠣᠷᠣᠨ᠎ᠤ ᠨᠠᠰᠤᠲᠠᠢ᠌ᠴᠤᠳ᠎ᠤᠨ ᠠᠵᠢᠯ᠎ᠤᠨ ᠬᠤᠷᠠᠯ᠎ᠳᠤ ᠤᠷᠤᠯᠴᠠᠵᠤ ᠴᠢᠬᠤᠯᠠ ᠶᠠᠷᠢᠶ᠎ᠠ ᠲᠠᠯᠪᠢᠪᠠ
ᠲᠢᠩᠬᠢᠮ᠎ᠤᠨ ᠳᠠᠷᠤᠭ᠎ᠠ ᠯᠠᠠ ᠡᠸᠨ ᠬᠤᠸᠠ ᠵᠢᠨ ᠪᠦᠬᠦ ᠤᠷᠤᠨ᠎ᠤ 《ᠨᠡᠢ᠌ᠬᠡᠮ᠎ᠤᠨ ᠠᠪᠤᠷᠠᠨ ᠳᠤᠰᠠᠯᠠᠯᠳᠠ ᠵᠢᠨ ᠲᠦᠷ ᠬᠡᠷᠡᠭᠵᠢᠭᠦᠯᠬᠦ ᠠᠷᠭ᠎ᠠ》 ᠵᠢ ᠨᠠᠢ᠌ᠲᠠᠪᠤᠷᠢᠵᠢᠭᠤᠯᠤᠨ ᠬᠡᠷᠡᠭᠵᠢᠭᠦᠯᠬᠦ ᠲᠧᠯᠸᠢᠰ ᠤᠲᠠᠰᠤᠲᠤ ᠬᠤᠷᠠᠯ ᠳᠡᠭᠡᠷᠡᠬᠢ ᠶᠠᠷᠢᠶ᠎ᠠ
ᠠᠷᠠᠳ᠎ᠤᠨ ᠶᠠᠪᠤᠳᠠᠯ᠎ᠤᠨ ᠳᠤᠭ᠎ᠠ ᠪᠦᠷᠢᠳᠭᠡᠯ᠎ᠤᠨ ᠠᠵᠢᠯ᠎ᠤᠨ ᠦᠭᠡᠷᠡᠴᠢᠯᠡᠯᠳᠡ ᠬᠢᠭᠡᠳ ᠰᠢᠨ᠎ᠠ ᠵᠢ ᠠ᠋ᠬᠦᠳᠤᠨ ᠬᠦᠭᠵᠢᠬᠦᠯᠬᠦ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠰᠤᠭ᠋ᠠᠢ
ᠬᠦᠯᠦᠨ ᠨᠦᠬᠦᠷ᠎ᠤᠨ ᠪᠦᠬᠦ ᠣᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ 《ᠬᠤᠶᠠᠷ ᠬᠠᠷᠢᠭᠤᠴᠠᠯᠭ᠎ᠠ》 ᠵᠢ ᠠᠬᠢᠭᠤᠯᠬᠤ ᠬᠤᠷᠠᠯ ᠲᠡᠭᠡᠷᠡᠬᠢ ᠶᠠᠷᠢᠶ᠎ᠠ (ᠳᠣᠪᠴᠢᠯᠠᠯ)
ᠲᠢᠩᠬᠢᠮ᠎ᠤᠨ ᠳᠠᠷᠤᠭ᠎ᠠ ᠳ᠋ᠸᠩ ᠶᠦᠸᠸ ᠯᠸᠤ ᠵᠢᠨ ᠪᠦᠬᠦ ᠤᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠢ ᠪᠦᠬᠦ ᠳᠠᠯ᠎ᠠ᠎ᠪᠠᠷ ᠴᠢᠩᠭ᠎ᠠ ᠵᠠᠰᠠᠵᠤ 《ᠬᠤᠶᠠᠷ ᠬᠠᠷᠢᠭᠤᠴᠠᠯᠭ᠎ᠠ》 ᠵᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ᠎ᠤ ᠳᠤᠪᠴᠢᠯᠠᠯ
 
            