9 ᠰᠠᠷ᠎ᠠ ᠵᠢᠨ 11᠎ᠤ ᠠ᠋ᠳᠦᠷ᠂ ᠪᠦᠬᠦ ᠣᠷᠣᠨ᠎ᠤ ᠨᠠᠰᠤᠲᠠᠢ᠌ᠴᠤᠳ᠎ᠤᠨ ᠠᠵᠢᠯ᠎ᠤᠨ ᠬᠤᠷᠠᠯ ᠬᠦᠭᠡᠬᠤᠲᠠ᠎ᠳᠤ ᠬᠤᠷᠠᠯᠳᠤᠵᠤ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠬᠡᠰᠢᠭᠦᠨ᠂ ᠵᠣᠬᠢᠶᠠᠨ ᠪᠠᠢ᠌ᠭᠤᠯᠬᠤ ᠬᠡᠯᠲᠡᠰ᠎ᠤᠨ ᠳᠠᠷᠤᠭ᠎ᠠ᠂ ᠦᠪᠡᠷᠳᠡᠭᠡᠨ ᠵᠠᠰᠠᠬᠤ ᠤᠷᠤᠨ᠎ᠤ ᠨᠠᠰᠤᠲᠠᠢ᠌ᠴᠤᠳ᠎ᠤᠨ ᠠᠵᠢᠯ᠎ᠤᠨ ᠵᠦᠪᠯᠡᠯ᠎ᠤᠨ ᠠ᠋ᠷᠬᠢᠯᠡᠭᠴᠢ ᠯᠢ ᠫᠸᠩ ᠰᠢᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠪᠠ᠃ ᠲᠡᠷᠡ ᠵᠢᠭ᠋ᠠᠵᠤ ᠭᠠᠷᠭ᠋ᠠᠬᠤ᠎ᠳᠠᠭᠠᠨ᠂ ᠮᠠᠨ᠎ᠤ ᠤᠷᠤᠨ᠎ᠤ ᠬᠦᠮᠦᠨ ᠠᠮᠠ ᠵᠢᠨ ᠬᠦᠭᠰᠢᠷᠡᠯᠲᠡ᠂ ᠦᠨᠳᠦᠷ ᠨᠠᠰᠤᠵᠢᠯᠲᠠ ᠪᠠ ᠭᠡᠷ᠎ᠲᠡᠭᠡᠨ ᠦᠯᠡᠳᠡᠭᠰᠡᠨ ᠨᠠᠰᠤᠲᠠᠢ᠌ᠴᠤᠳ᠎ᠤᠨ ᠲᠦᠷᠭᠡᠨ ᠨᠡᠮᠡᠭᠳᠡᠯ᠎ᠨᠢ ᠠᠵᠤ ᠦᠢ᠍ᠯᠡᠳᠪᠦᠷᠢᠵᠢᠯᠲᠡ᠂ ᠬᠤᠲᠠ ᠪᠠᠯᠭ᠋ᠠᠰᠤᠵᠢᠯᠲᠡ᠂ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠲᠠᠢ ᠵᠡᠷᠭᠡ᠎ᠪᠡᠷ ᠣᠷᠣᠰᠢᠵᠤ᠂ ᠬᠣᠲᠠ ᠬᠦᠳᠡᠭᠡ ᠵᠢᠨ ᠵᠦᠷᠢᠶ᠎ᠡ᠂ ᠣᠷᠣᠨ ᠪᠦᠰᠡ ᠵᠢᠨ ᠵᠦᠷᠢᠶ᠎ᠡ᠂ ᠣᠷᠣᠯᠭ᠎ᠠ ᠵᠢᠨ ᠵᠦᠷᠢᠶ᠎ᠡ ᠵᠢᠨ ᠶᠡᠬᠡᠰᠬᠦᠯᠦᠭᠡ ᠳᠠᠪᠬᠤᠴᠠᠨ᠂ ᠠᠵᠤ ᠠᠬᠤᠢ ᠨᠡᠢ᠌ᠬᠡᠮ᠎ᠤᠨ ᠬᠡᠯᠪᠡᠷᠢ ᠵᠢᠨ ᠬᠣᠪᠢᠷᠠᠯᠯᠤᠭᠠ ᠰᠦᠯᠵᠢᠯᠳᠦᠵᠤ ᠪᠤᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ᠎ᠤᠨ᠎ᠬᠢᠨ ᠪᠠᠢ᠌ᠳᠠᠯ᠎ᠢ ᠲᠣᠳᠣᠷᠬᠠᠢ ᠲᠠᠨᠢᠵᠤ᠂ ᠨᠠᠰᠣᠲᠠᠢ᠌ᠴᠤᠳ᠎ᠤᠨ ᠠᠵᠢᠯ᠎ᠢ ᠰᠠᠢ᠌ᠲᠤᠷ ᠬᠢᠬᠦ ᠬᠠᠷᠢᠭᠤᠴᠠᠯᠭ᠋ᠠᠲᠤ ᠣᠪᠣᠷ ᠵᠶ᠋ᠡᠨ ᠦᠨᠡᠨᠬᠦ ᠴᠢᠩᠭ᠋ᠠᠳᠬᠠᠨ᠂ ᠬᠦᠴᠦ ᠲᠠᠯᠪᠢᠨ ᠦᠵᠡᠯ ᠲᠠᠨᠢᠯᠲᠠ᠎ᠪᠠᠨ ᠤᠯᠠᠮ ᠭᠦᠨᠵᠡᠭᠡᠢ᠌ᠷᠡᠭᠦᠯᠵᠤ᠂ ᠲᠦᠷᠦ ᠵᠢᠨ ᠪᠤᠳᠤᠯᠭ᠎ᠠ ᠠᠷᠭ᠎ᠠ ᠪᠠᠷᠢᠯ ᠪᠤᠯᠤᠨ ᠪᠠᠢ᠌ᠭᠣᠯᠤᠮᠵᠢ ᠵᠢᠨ ᠳᠣᠭᠲᠠᠴᠠ᠎ᠪᠠᠨ ᠲᠡᠭᠦᠯᠳᠡᠷᠵᠢᠭᠦᠯᠦᠨ᠂ ᠬᠦᠮᠦᠨ ᠠᠮᠠ ᠵᠢᠨ ᠭᠦᠭᠰᠢᠷᠡᠯᠲᠡ ᠵᠢᠨ ᠠᠰᠠᠭᠤᠳᠠᠯ᠎ᠢ ᠢᠳᠡᠪᠬᠢᠲᠠᠢ ᠠᠷᠭ᠋ᠠᠴᠠᠬᠤ ᠬᠡᠷᠡᠭᠲᠡᠢ ᠬᠡᠪᠡ᠃
ᠯᠢ ᠫᠸᠩ ᠰᠢᠨ ᠴᠢᠬᠤᠯᠠᠴᠢᠯᠠᠬᠤ᠎ᠳᠠᠭᠠᠨ᠂ ᠨᠠᠰᠤᠲᠠᠢ᠌ᠴᠤᠳ᠎ᠤᠨ ᠦᠢ᠍ᠯᠡᠰ᠎ᠤᠨ ᠬᠦᠭᠵᠢᠯᠲᠡ ᠵᠢᠨ 《12.5》 ᠵᠢᠨ ᠲᠦᠯᠦᠪᠵᠢᠭᠦᠯᠭᠡ᠎ᠳᠤ ᠳᠣᠭᠲᠠᠭ᠋ᠠᠭᠰᠠᠨ ᠬᠠᠷᠠᠯᠲᠠ ᠵᠢ ᠪᠡᠶᠡᠯᠡᠭᠦᠯᠬᠦ᠎ᠳᠡᠭᠡᠨ ᠰᠢᠰᠲᠸᠮᠵᠢᠭᠦᠯᠦᠨ ᠲᠦᠯᠦᠪᠯᠡᠵᠤ᠂ ᠲᠦᠷᠢᠮᠵᠢᠭᠦᠯᠦᠨ ᠳᠣᠬᠢᠷᠠᠭᠤᠯᠵᠤ᠂ ᠵᠢᠷᠤᠮᠵᠢᠭᠤᠯᠤᠨ ᠪᠠᠢ᠌ᠭᠤᠯᠵᠤ᠂ ᠲᠤᠭᠤᠰᠢᠲᠠᠢ ᠨᠠᠢ᠌ᠲᠠᠪᠤᠷᠢᠵᠢᠭᠤᠯᠬᠤ ᠬᠡᠷᠡᠭᠲᠡᠢ᠃ ᠨᠡᠢ᠌ᠬᠡᠮ᠎ᠤᠨ ᠨᠠᠰᠤᠲᠠᠨ᠎ᠢ ᠠᠰᠠᠷᠠᠬᠤ ᠪᠠᠲᠤᠯᠠᠪᠦᠷᠢ ᠵᠢᠨ ᠲᠦᠷᠢᠮ᠎ᠤᠨ ᠲᠡᠭᠦᠯᠳᠡᠷᠵᠢᠯᠲᠡ ᠵᠢ ᠲᠦᠷᠭᠡᠳᠬᠡᠵᠤ᠂ ᠨᠠᠰᠤᠲᠠᠢ᠌ᠴᠤᠳ᠎ᠲᠤ ᠵᠣᠷᠢᠭᠤᠯᠤᠭᠰᠠᠨ ᠦᠢ᠍ᠯᠡᠴᠢᠯᠡᠭᠡᠨ᠎ᠤ ᠰᠢᠰᠲᠸᠮ᠎ᠤᠨ ᠪᠠᠢ᠌ᠭᠤᠯᠤᠯᠲᠠ ᠵᠢᠨ ᠬᠦᠴᠦᠯᠴᠡᠪᠠᠨ ᠴᠢᠩᠭ᠋ᠠᠳᠬᠠᠨ᠂ ᠨᠠᠰᠤᠲᠠᠢ᠌ᠴᠤᠳ᠎ᠢ ᠬᠢᠬᠦ ᠶᠠᠭᠤᠮ᠎ᠠ᠎ᠲᠠᠢ ᠪᠤᠯᠭ᠋ᠠᠬᠤ ᠠᠵᠢᠯ᠎ᠢ ᠢᠳᠡᠪᠬᠢᠲᠠᠢ ᠠᠬᠢᠭᠤᠯᠵᠤ᠂ ᠨᠠᠰᠤᠲᠠᠢ᠌ᠴᠤᠳ᠎ᠢ ᠬᠦᠨᠳᠦᠳᠬᠡᠬᠦ ᠶᠤᠰᠤ ᠮᠤᠷᠠᠯ ᠪᠤᠯᠤᠨ ᠨᠠᠰᠤᠲᠠᠢ᠌ᠴᠤᠳ᠎ᠤᠨ ᠬᠠᠤᠯᠢ ᠲᠦᠷᠢᠮ᠎ᠤᠨ ᠪᠠᠢ᠌ᠭᠤᠯᠤᠯᠲᠠ ᠵᠢ ᠠ᠋ᠷᠴᠢᠮ᠎ᠲᠠᠢ ᠬᠢᠵᠤ᠂ ᠨᠠᠰᠤᠲᠠᠢ᠌ᠴᠤᠳ᠎ᠲᠤ ᠦᠢ᠍ᠯᠡᠴᠢᠯᠡᠬᠦ ᠡᠯ᠎ᠡ ᠲᠦᠷᠦᠯ᠎ᠤᠨ ᠠᠵᠢᠯ᠎ᠤᠨ ᠳᠦᠪᠰᠢᠨ᠎ᠢ ᠪᠦᠬᠦ ᠲᠠᠯ᠎ᠠ᠎ᠪᠠᠷ ᠳᠠᠭᠡᠭᠰᠢᠯᠡᠭᠦᠯᠬᠦ ᠬᠡᠷᠡᠭᠲᠡᠢ ᠬᠡᠰᠡᠨ ᠪᠠᠢ᠌ᠨ᠎ᠠ᠃