3 ᠳ᠋ᠤᠭ᠋ᠠᠷ ᠰᠠᠷ᠎ᠠ ᠵᠢᠨ 28᠎ᠤ ᠠ᠋ᠳᠤᠷ ᠪᠦᠬᠦ ᠤᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠢ ᠪᠦᠬᠦ ᠳᠠᠯ᠎ᠠ᠎ᠪᠠᠷ ᠴᠢᠩᠭ᠎ᠠ ᠵᠠᠰᠠᠵᠤ 《ᠬᠤᠶᠠᠷ ᠬᠠᠷᠢᠭᠤᠴᠠᠯᠭ᠎ᠠ》 ᠵᠢ ᠠᠬᠢᠭᠤᠯᠬᠤ ᠬᠤᠷᠠᠯ ᠬᠢᠵᠤ᠂ ᠬᠤᠷᠠᠯ ᠳᠡᠭᠡᠷ᠎ᠠ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠳᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠳᠢᠩᠬᠢᠮ᠎ᠤᠨ ᠳᠠᠷᠤᠭ᠎ᠠ ᠳ᠋ᠸᠩ ᠶᠦᠸᠸ ᠯᠸᠤ ᠨᠠᠮ᠎ᠢ ᠪᠦᠬᠦ ᠳᠠᠯ᠎ᠠ᠎ᠪᠠᠷ ᠴᠢᠩᠭ᠎ᠠ ᠵᠠᠰᠠᠵᠤ᠂ 《ᠬᠤᠶᠠᠷ ᠬᠠᠷᠢᠭᠤᠴᠠᠯᠭ᠎ᠠ》᠎ᠪᠠᠨ ᠨᠠᠢ᠌ᠳᠠᠪᠤᠷᠢᠵᠢᠭᠤᠯᠤᠨ᠂ 《ᠵᠠᠪᠰᠢᠶᠠᠨ᠎ᠢ ᠠᠮᠵᠢᠨ》 ᠢᠯᠵᠡᠷᠡᠨ ᠳᠤᠷᠤᠢ᠌ᠳᠠᠬᠤ ᠠᠰᠠᠭᠤᠳᠠᠯ᠎ᠢ ᠲᠦᠪᠯᠡᠩᠭᠦᠢ ᠴᠡᠭᠴᠡᠯᠡᠨ ᠵᠠᠰᠠᠬᠤ ᠠᠵᠢᠯ ᠵᠶ᠋ᠠᠨ ᠰᠠᠢ᠌ᠳᠤᠷ ᠦᠷᠨᠢᠬᠦᠯᠬᠦ ᠳᠤᠬᠠᠢ ᠶᠠᠷᠢᠶ᠎ᠠ ᠳᠠᠯᠪᠢᠵᠠᠢ᠃ ᠤᠳᠤ ᠶᠠᠷᠢᠶ᠎ᠠ ᠵᠢ ᠳᠤᠤᠷ᠎ᠠ ᠮᠠᠳᠤ ᠳᠤᠪᠴᠢᠯᠠᠶᠠ᠄
ᠨᠢᠭᠡ᠂ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠵᠢᠷᠭᠤᠳᠤᠭ᠋ᠠᠷ ᠪᠦᠬᠦᠳᠠ ᠬᠤᠷᠡᠯ᠎ᠤᠨ ᠵᠤᠷᠢᠭ ᠰᠠᠨᠠᠭ᠎ᠠ ᠵᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠤᠯᠤᠰ ᠳᠦᠷᠦ ᠵᠢᠨ ᠪᠦᠳᠦᠭᠡᠨ ᠪᠠᠢ᠌ᠭᠤᠯᠤᠯᠳᠠ ᠵᠢ ᠭᠣᠣᠯᠳᠠᠯᠭ᠎ᠠ᠎ᠲᠠᠢ ᠠᠳᠬᠤᠬᠤ ᠬᠡᠷᠡᠭᠲᠠᠢ
ᠨᠢᠭᠡ᠎ᠳᠤ ᠳᠤᠭ ᠳᠡᠮᠳᠡᠭ ᠳᠤᠳᠤᠷᠬᠠᠢ᠎ᠪᠠᠷ ᠤᠯᠤᠰ ᠳᠦᠷᠦ ᠵᠢ ᠠ᠋ᠷᠬᠢᠮᠯᠡᠨᠠ᠃ 《ᠰᠢᠨ᠎ᠠ ᠪᠠᠢ᠌ᠳᠠᠯ ᠳᠤᠤᠷᠠᠬᠢ ᠨᠠᠮ᠎ᠤᠨ ᠳᠤᠳᠤᠭ᠋ᠠᠳᠤ ᠵᠢᠨ ᠤᠯᠤᠰ ᠳᠦᠷᠦ ᠵᠢᠨ ᠠᠮᠢᠳᠤᠷᠠᠯ᠎ᠤᠨ ᠳᠤᠬᠠᠢ ᠪᠠᠷᠢᠮᠵᠢᠶ᠎ᠠ᠎ᠨᠤᠭᠤᠳ》᠎ᠲᠤ 《ᠮᠠᠨ᠎ᠤ ᠨᠠᠮ ᠮᠠᠷᠺᠰ᠎ᠤᠨ ᠦᠵᠡᠯ᠎ᠤᠨ ᠳᠦᠷᠦ ᠵᠢᠨ ᠨᠠᠮ ᠪᠤᠯᠤᠭᠰᠠᠨ᠎ᠤ ᠬᠤᠪᠢ᠎ᠳᠤ ᠠ᠋ᠷᠭᠡᠪᠰᠢ ᠳᠤᠭ ᠳᠡᠮᠳᠡᠭ ᠳᠤᠳᠤᠷᠬᠠᠢ᠎ᠪᠠᠷ ᠤᠯᠤᠰ ᠳᠦᠷᠦ ᠵᠢ ᠠ᠋ᠷᠬᠢᠮᠯᠡᠬᠦ ᠭᠡᠷᠡᠭᠳᠡᠢ》 ᠭᠡᠵᠤ ᠳᠤᠷᠠᠳᠤᠭᠰᠠᠨ ᠪᠠᠢ᠌ᠳᠠᠭ᠃ ᠠ᠋ᠢ᠌ᠮᠤᠠᠴᠠ ᠪᠢᠳᠠ ᠤᠯᠤᠰ ᠳᠦᠷᠦ ᠵᠢᠨ ᠵᠤᠭᠰᠤᠯᠳᠠ᠎ᠪᠠᠨ ᠴᠢᠩᠭ᠎ᠠ ᠪᠠᠷᠢᠮᠳᠠᠯᠠᠨ᠂ ᠤᠯᠤᠰ ᠳᠦᠷᠦ ᠵᠢᠨ ᠪᠤᠯᠪᠠᠰᠤᠷᠠᠯ ᠵᠶ᠋ᠡᠨ ᠦᠨᠡᠨᠬᠦ ᠴᠢᠩᠭ᠋ᠠᠳᠬᠠᠵᠤ᠂ ᠤᠯᠤᠰ ᠳᠦᠷᠦ ᠵᠢᠨ ᠴᠢᠳᠠᠪᠤᠷᠢ᠎ᠪᠠᠨ ᠳᠠᠰᠤᠷᠠᠯᠳᠠ ᠦᠭᠡᠢ ᠳᠡᠭᠡᠭᠰᠢᠯᠡᠬᠦᠯᠦᠨ᠂ ᠤᠯᠤᠰ ᠳᠦᠷᠦ ᠵᠢ ᠤᠮᠳᠤᠭ᠋ᠠᠢ᠌ᠯᠠᠬᠤ᠂ ᠤᠯᠤᠰ ᠳᠦᠷᠦ ᠵᠢ ᠰᠤᠯᠠ ᠲᠠᠯᠪᠢᠬᠤ ᠦᠵᠡᠭᠳᠡᠯ᠎ᠢ ᠠ᠋ᠷᠡᠰ ᠰᠡᠷᠭᠡᠢ᠌ᠯᠡᠵᠤ᠂ ᠢᠮᠡᠭ᠍ᠳᠡ ᠳᠤᠭ ᠳᠡᠮᠳᠡᠭ ᠳᠤᠳᠤᠷᠬᠠᠢ᠎ᠪᠠᠷ ᠤᠯᠤᠰ ᠳᠦᠷᠦ ᠵᠢ ᠠ᠋ᠷᠬᠢᠮᠯᠡᠨᠡ᠃ ᠤᠯᠤᠰ ᠳᠦᠷᠦ ᠵᠢ ᠠ᠋ᠷᠭᠢᠮᠯᠡᠬᠦ ᠵᠢ ᠳᠤᠬᠠᠢ᠌ᠯᠠᠭᠰᠠᠨ ᠠᠵᠢᠯ ᠳᠡᠭᠡᠷ᠎ᠠ᠎ᠪᠠᠨ ᠨᠡᠢ᠌ᠳᠡᠪᠤᠷᠢᠵᠢᠭᠤᠯᠤᠨ᠂ ᠪᠤᠳᠠᠳᠤ ᠦᠢ᠍ᠯᠡᠳᠦᠯᠭᠡ ᠳᠤᠮᠳᠠ᠎ᠪᠠᠨ ᠰᠢᠩᠭᠡᠭᠡᠨ᠂ ᠠᠵᠢᠯ᠎ᠤᠨ ᠦᠷ᠎ᠠ ᠪᠦᠲᠤᠭᠡᠯᠳᠤᠪᠠᠨ ᠢᠯᠡᠷᠡᠬᠦᠯᠵᠤ᠂ ᠨᠠᠮ᠎ᠤᠨ ᠳᠦᠪ ᠬᠤᠷᠢᠶᠠᠨ᠎ᠤ ᠰᠢᠢ᠍ᠳᠪᠤᠷᠢᠳᠤ ᠪᠤᠳᠤᠯᠭ᠎ᠠ ᠵᠢᠨ ᠪᠠᠢ᠌ᠷᠢᠯᠠᠭᠤᠯᠤᠯᠳᠠ ᠵᠢ ᠪᠦᠷᠢᠨ ᠳᠦᠢ᠍ᠯᠪᠤᠷᠢᠳᠠᠢ ᠨᠠᠢ᠌ᠲᠠᠪᠤᠷᠢᠵᠢᠭᠤᠯᠤᠨᠠ᠃
ᠬᠤᠶᠠᠷ᠎ᠲᠤ ᠰᠢ ᠵᠢᠨ ᠫᠢᠩ ᠶᠡᠷᠦᠩᠭᠡᠢ ᠱᠦᠵᠢ ᠵᠢᠨ ᠭᠤᠤᠯᠯᠠᠭᠴᠢ ᠪᠠᠢ᠌ᠷᠢ ᠰᠠᠭᠤᠷᠢ ᠪᠤᠯᠤᠨ ᠨᠠᠮ᠎ᠤᠨ ᠳᠦᠪ ᠬᠤᠷᠢᠶᠠᠨ᠎ᠤ ᠠ᠋ᠷᠭᠡ ᠰᠦᠷ᠎ᠢ ᠠ᠋ᠷᠡᠰ ᠬᠠᠮᠠᠭ᠋ᠠᠯᠠᠨ᠎ᠠ᠃ ᠨᠠᠮ᠎ᠤᠨ ᠭᠡᠰᠢᠭᠦᠨ ᠺᠠᠳ᠋ᠷ ᠠ᠋ᠷᠭᠡᠪᠰᠢ ᠤᠯᠤᠰ ᠳᠦᠷᠦ ᠵᠢ ᠠ᠋ᠷᠬᠢᠮᠯᠡᠵᠤ᠂ ᠶᠤᠰᠤ ᠳᠦᠷᠢᠮ᠎ᠢ ᠰᠠᠬᠢᠨ᠂ ᠶᠡᠭᠡ ᠳᠠᠯ᠎ᠠ ᠵᠢ ᠴᠢᠬᠣᠯᠠᠴᠢᠯᠠᠬᠤ ᠭᠡᠷᠡᠭᠳᠡᠢ᠃ ᠰᠢ ᠵᠢᠨ ᠫᠢᠩ ᠶᠡᠷᠦᠩᠭᠡᠢ ᠱᠦᠵᠢ ᠵᠢᠨ ᠭᠤᠤᠯᠯᠠᠭᠴᠢ ᠪᠠᠢ᠌ᠷᠢ ᠰᠠᠭᠤᠷᠢ ᠵᠢ ᠬᠠᠮᠠᠭ᠋ᠠᠯᠠᠬᠤ᠎ᠨᠢ ᠬᠠᠮᠤᠭ᠎ᠤᠨ ᠶᠡᠭᠡ ᠤᠯᠤᠰ ᠳᠦᠷᠦ᠂ ᠬᠠᠮᠤᠭ᠎ᠤᠨ ᠴᠢᠬᠤᠯᠠ ᠤᠯᠤᠰ ᠳᠦᠷᠦ ᠵᠢᠨ ᠰᠠᠬᠢᠯᠭ᠎ᠠ ᠪᠠᠳᠤ ᠪᠠ ᠤᠯᠤᠰ ᠳᠦᠷᠦ ᠵᠢᠨ ᠶᠤᠰᠤ ᠳᠦᠷᠢᠮ᠂ ᠬᠠᠮᠤᠭ᠎ᠤᠨ ᠴᠢᠬᠤᠯᠠ ᠶᠡᠭᠡ ᠳᠠᠯ᠎ᠠ ᠪᠤᠯᠤᠨ᠎ᠠ᠃ ᠰᠢ ᠵᠢᠨ ᠫᠢᠩ ᠶᠡᠷᠦᠩᠭᠡᠢ ᠱᠦᠵᠢ ᠵᠢᠨ ᠭᠤᠤᠯᠯᠠᠭᠴᠢ ᠪᠠᠢ᠌ᠷᠢ ᠰᠠᠭᠤᠷᠢ ᠵᠢ ᠬᠠᠮᠠᠭ᠋ᠠᠯᠠᠬᠤ᠂ ᠨᠠᠮ᠎ᠤᠨ ᠳᠦᠪ ᠬᠤᠷᠢᠶᠠᠨ᠎ᠤ ᠠ᠋ᠷᠭᠡ ᠰᠦᠷ᠎ᠢ ᠬᠠᠮᠠᠭ᠋ᠠᠯᠠᠬᠤ ᠵᠢᠨ ᠵᠠᠩᠬᠢᠯᠠᠭ᠎ᠠ᠎ᠨᠢ ᠨᠠᠮ᠎ᠳᠤ᠎ᠪᠠᠨ ᠦᠨᠡᠨᠴᠢ ᠰᠢᠳᠤᠷᠭᠤ ᠪᠠᠢ᠌ᠬᠤ᠎ᠳᠤ ᠪᠤᠢ᠃ ᠦᠵᠡᠯ ᠰᠠᠨᠠᠭ᠋ᠠᠨ᠎ᠤ ᠳᠠᠯ᠎ᠠ᠎ᠪᠠᠷ ᠴᠢᠩ ᠰᠡᠳᠬᠢᠯ᠎ᠠᠴᠠ᠎ᠪᠠᠨ ᠬᠦᠷᠢᠶᠡᠯᠡᠨ᠂ ᠤᠯᠤᠰ ᠳᠦᠷᠦ ᠵᠢᠨ ᠳᠠᠯ᠎ᠠ᠎ᠪᠠᠷ ᠠ᠋ᠷᠡᠰ ᠬᠠᠮᠠᠭ᠋ᠠᠯᠠᠵᠤ᠂ ᠵᠤᠬᠢᠶᠠᠨ ᠪᠠᠢ᠌ᠭᠤᠯᠤᠯᠳᠠ ᠪᠡ ᠦᠢ᠍ᠯᠠ ᠠᠵᠢᠯᠯᠠᠭ᠎ᠠ ᠵᠢᠨ ᠳᠠᠯ᠎ᠠ᠎ᠪᠠᠷ ᠰᠠᠯᠤᠯ ᠦᠭᠡᠢ ᠳᠠᠭ᠋ᠠᠵᠤ᠂ ᠨᠠᠮ᠎ᠤᠨ ᠳᠦᠪ ᠬᠤᠷᠢᠶᠠᠨ᠎ᠠᠴᠠ ᠳᠤᠷᠠᠳᠴᠤ ᠰᠠᠨᠠᠭ᠋ᠠᠴᠢᠯᠠᠭᠰᠠᠨ ᠵᠦᠢ᠍ᠯ᠎ᠢ ᠠ᠋ᠷᠡᠰ ᠵᠢᠷᠤᠮᠯᠠᠨ᠂ ᠨᠠᠮ᠎ᠤᠨ ᠳᠦᠪ ᠬᠤᠷᠢᠶᠠᠨ᠎ᠠᠴᠠ ᠳᠤᠭᠳᠠᠭ᠋ᠠᠭᠰᠠᠨ ᠵᠦᠢ᠍ᠯ᠎ᠢ ᠠ᠋ᠷᠡᠰ ᠭᠡᠷᠡᠭᠵᠢᠬᠦᠯᠵᠤ᠂ ᠨᠠᠮ᠎ᠤᠨ ᠳᠦᠪ ᠬᠤᠷᠢᠶ᠎ᠠ᠎ᠠᠴᠠ ᠴᠠᠭ᠋ᠠᠵᠠᠯᠠᠭᠰᠠᠨ ᠵᠦᠢ᠍ᠯ᠎ᠢ ᠠ᠋ᠷᠡᠰ ᠬᠢᠬᠦ ᠦᠭᠡᠢ᠎ᠪᠠᠷ ᠴᠢᠷᠮᠠᠢ᠌ᠨ᠎ᠠ᠃
ᠭᠤᠷᠪᠠ᠎ᠳᠤ ᠤᠯᠤᠰ ᠳᠦᠷᠦ ᠵᠢᠨ ᠰᠠᠬᠢᠯᠭ᠎ᠠ ᠪᠠᠳᠤ ᠪᠤᠯᠤᠨ ᠤᠯᠤᠰ ᠳᠦᠷᠦ ᠵᠢᠨ ᠶᠤᠰᠤ ᠳᠦᠷᠢᠮ ᠵᠶ᠋ᠠᠨ ᠴᠢᠩᠭ᠋ᠠᠳᠬᠠᠨ᠎ᠠ᠃ ᠡᠯ᠎ᠡ ᠱᠠᠳᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ᠎ᠬᠢᠨ 《ᠰᠢᠨ᠎ᠠ ᠪᠠᠢ᠌ᠳᠠᠯ ᠳᠤᠤᠷᠠᠬᠢ ᠨᠠᠮ᠎ᠤᠨ ᠳᠤᠳᠤᠭ᠋ᠠᠳᠤ ᠵᠢᠨ ᠤᠯᠤᠰ ᠳᠦᠷᠦ ᠵᠢᠨ ᠠᠮᠢᠳᠤᠷᠠᠯ᠎ᠤᠨ ᠳᠤᠬᠠᠢ ᠪᠠᠷᠢᠮᠵᠢᠶ᠎ᠠ᠎ᠨᠤᠭᠤᠳ》᠂ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠠᠷᠢᠭᠤᠨ ᠴᠢᠭᠡᠴᠢ᠎ᠪᠠᠷ ᠪᠠᠶ᠎ᠠ᠎ᠪᠠᠨ ᠱᠠᠭ᠋ᠠᠷᠳᠠᠬᠤ ᠪᠠᠷᠢᠮᠵᠢᠶ᠎ᠠ》᠂ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠠᠬᠢᠯᠭ᠎ᠠ ᠪᠠᠳᠤ ᠵᠢᠨ ᠰᠢᠢ᠍ᠳᠭᠡᠯ ᠦᠭᠬᠦ ᠳᠦᠷᠢᠮ》᠂ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠬᠠᠷᠢᠭᠤᠴᠠᠯᠭ᠎ᠠ ᠨᠡᠭᠡᠮᠵᠢᠯᠡᠬᠦ ᠳᠦᠷᠢᠮ》᠂ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠨᠠᠮ᠎ᠤᠨ ᠳᠤᠳᠤᠭ᠋ᠠᠳᠤ ᠵᠢᠨ ᠬᠢᠨᠠᠯᠳᠠ ᠳᠠᠯᠪᠢᠬᠤ ᠳᠦᠷᠢᠮ》᠂ 《ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠳᠤᠭᠤᠷᠢᠨ ᠪᠠᠢ᠌ᠴᠠᠭ᠋ᠠᠬᠤ ᠠᠵᠢᠯ᠎ᠤᠨ ᠳᠦᠷᠢᠮ》 ᠵᠡᠷᠭᠡ ᠵᠢ ᠨᠠᠷᠢᠨ ᠬᠢᠨᠠᠮᠠᠭ᠋ᠠᠢ᠎ᠪᠠᠷ ᠰᠤᠷᠤᠯᠴᠠᠨ ᠨᠠᠢ᠌ᠲᠠᠪᠤᠷᠢᠵᠢᠭᠤᠯᠵᠤ᠂ ᠨᠠᠮ᠎ᠤᠨ ᠤᠯᠤᠰ ᠳᠦᠷᠦ ᠵᠢᠨ ᠰᠠᠬᠢᠯᠭ᠎ᠠ ᠪᠠᠳᠤ ᠪᠠ ᠤᠯᠤᠰ ᠳᠦᠷᠦ ᠵᠢᠨ ᠶᠤᠰᠤ ᠳᠦᠷᠢᠮ᠎ᠤᠨ 《ᠶᠢᠰᠤᠨ ᠪᠤᠯᠬᠤ ᠦᠭᠡᠢ》 (ᠨᠠᠮ᠎ᠤᠨ ᠤᠨᠤᠯ ᠪᠤᠯᠤᠨ ᠱᠤᠭᠤᠮ ᠴᠢᠭᠯᠡᠯᠳᠡ ᠳᠦᠷᠦ ᠵᠢᠨ ᠪᠤᠳᠤᠯᠭ᠎ᠠ᠎ᠠᠴᠠ ᠵᠦᠷᠢᠴᠡᠭᠰᠡᠨ ᠦᠭᠡ ᠶᠠᠷᠢᠶ᠎ᠠ ᠳᠠᠷᠬᠠᠭ᠋ᠠᠵᠤ ᠪᠤᠯᠬᠤ ᠦᠭᠡᠢ᠂ ᠨᠠᠮ᠎ᠤᠨ ᠳᠦᠪ ᠬᠤᠷᠢᠶᠠᠨ᠎ᠤ ᠪᠠᠢ᠌ᠯᠳᠤᠬᠤ ᠪᠤᠳᠤᠯᠭ᠎ᠠ᠎ᠠᠴᠠ ᠵᠦᠷᠢᠴᠡᠭᠰᠡᠨ ᠦᠭᠡ ᠶᠡᠷᠢᠶ᠎ᠡ ᠵᠢ ᠢᠯᠠ᠎ᠪᠠᠷ ᠨᠠᠢ᠌ᠳᠠᠯᠠᠵᠤ ᠪᠤᠯᠬᠤ ᠦᠭᠡᠢ᠂ ᠨᠠᠮ ᠪᠠ ᠤᠯᠤᠰ᠎ᠤᠨ ᠨᠢᠭᠤᠴᠠ ᠵᠢ ᠵᠠᠳᠠᠷᠠᠭᠤᠯᠵᠤ ᠪᠤᠯᠬᠤ ᠦᠭᠡᠢ᠂ ᠬᠠᠤᠯᠢ ᠪᠤᠰᠤ ᠵᠢᠨ ᠵᠤᠬᠢᠶᠠᠨ ᠪᠠᠢ᠌ᠭᠤᠯᠤᠯᠳᠠ ᠪᠤᠶᠤ ᠬᠠᠤᠯᠢ ᠪᠤᠰᠤ ᠵᠢᠨ ᠠᠵᠢᠯᠯᠠᠭ᠎ᠠ᠎ᠳᠤ ᠤᠷᠤᠯᠴᠠᠵᠤ ᠪᠤᠯᠬᠤ ᠦᠭᠡᠢ᠂ ᠤᠯᠤᠰ ᠳᠦᠷᠦ ᠵᠢᠨ ᠴᠤᠤᠷᠬᠠᠯ ᠵᠢᠴᠢ ᠨᠠᠮ ᠪᠤᠯᠤᠨ ᠤᠯᠤᠰ᠎ᠤᠨ ᠨᠡᠷ᠎ᠠ ᠳᠦᠷᠦ ᠵᠢ ᠭᠤᠲᠤᠭ᠋ᠠᠨ ᠳᠠᠭ᠋ᠠᠷᠢᠭᠰᠠᠨ ᠦᠭᠡ ᠶᠡᠷᠢᠶ᠎ᠠ ᠵᠢ ᠵᠤᠬᠢᠶᠠᠨ ᠳᠠᠮᠵᠢᠭᠤᠯᠵᠤ ᠪᠤᠯᠬᠤ ᠦᠭᠡᠢ᠂ ᠹᠸᠤᠳᠠᠯ ᠮᠤᠬᠤᠷ ᠰᠦᠰᠦᠭ᠎ᠤᠨ ᠠᠵᠢᠯᠯᠠᠭ᠎ᠠ ᠬᠢᠵᠤ ᠪᠤᠯᠬᠤ ᠦᠭᠡᠢ᠂ ᠱᠠᠰᠢᠨ ᠰᠤᠷᠳᠠᠬᠤᠨ᠎ᠢ ᠰᠢᠳᠤᠵᠤ ᠪᠤᠯᠬᠤ ᠦᠭᠡᠢ᠂ ᠭᠠᠵᠢᠭᠤ ᠨᠤᠮᠯᠠᠯ᠎ᠳᠤ ᠤᠷᠤᠵᠤ ᠪᠤᠯᠬᠤ ᠦᠭᠡᠢ᠂ ᠱᠠᠰᠢᠨ ᠰᠤᠷᠳᠠᠬᠤᠨ᠎ᠤ ᠭᠡᠲᠡᠷᠡᠭᠦᠤ ᠬᠦᠴᠤᠨ᠂ ᠦᠨᠳᠦᠰᠦᠳᠡᠨᠢ ᠬᠠᠭ᠋ᠠᠴᠠᠭᠤᠯᠬᠤ ᠬᠦᠴᠤᠨ᠂ ᠬᠦᠴᠦᠷᠭᠡᠭᠯᠡᠯ ᠰᠦᠷᠳᠡᠬᠦᠯᠦᠯ᠎ᠤᠨ ᠬᠦᠴᠤᠨ᠎ᠳᠤ ᠢᠯᠲᠠᠷ ᠬᠠᠶᠠᠬᠤ ᠪᠤᠶᠤ ᠳᠡᠮᠵᠢᠵᠤ ᠪᠤᠯᠬᠤ ᠦᠭᠡᠢ᠃) ᠵᠢᠨ ᠱᠠᠭ᠋ᠠᠷᠳᠠᠯᠭ᠎ᠠ ᠵᠢ ᠠ᠋ᠷᠡᠰ ᠵᠢᠷᠤᠮᠯᠠᠨ ᠭᠡᠷᠡᠭᠵᠢᠬᠦᠯᠵᠤ᠂ ᠤᠬᠠᠮᠰᠠᠷ᠎ᠠᠴᠠ᠎ᠪᠠᠨ ᠤᠯᠤᠰ ᠳᠦᠷᠦ ᠵᠢᠨ ᠤᠯᠠᠭ᠋ᠠᠨ ᠱᠤᠭᠤᠮ ᠪᠤᠯᠤᠨ ᠦᠢ᠍ᠯᠡ ᠠᠵᠢᠯᠯᠠᠭ᠎ᠠ ᠵᠢᠨ ᠬᠤᠷᠢᠭ᠎ᠠ ᠴᠡᠭᠡᠷ᠎ᠤᠨ ᠱᠤᠭᠤᠮ ᠵᠶ᠋ᠠᠨ ᠳᠤᠭᠳᠠᠭ᠋ᠠᠨ᠂ ᠰᠠᠬᠢᠯᠭ᠎ᠠ ᠪᠠᠳᠤ ᠪᠤᠯᠤᠨ ᠶᠤᠰᠤ ᠳᠦᠷᠢᠮ ᠵᠶ᠋ᠡᠷ ᠠᠵᠢᠯᠯᠠᠵᠤ᠂ ᠤᠯᠤᠰ ᠳᠦᠷᠦ ᠵᠢᠨ ᠳᠠᠯ᠎ᠠ᠎ᠪᠠᠷ ᠶᠤᠰᠤ ᠤᠴᠢᠷ ᠮᠡᠳᠡᠳᠡᠭ ᠬᠦᠮᠦᠨ ᠪᠣᠯᠤᠨ᠎ᠠ᠃
ᠳᠦᠷᠪᠡ᠎ᠳᠤ ᠨᠠᠮ᠎ᠤᠨ ᠳᠤᠳᠤᠭ᠋ᠠᠳᠤ ᠵᠢᠨ ᠤᠯᠤᠰ ᠳᠦᠷᠦ ᠵᠢᠨ ᠠᠮᠢᠳᠤᠷᠠᠯ ᠵᠶ᠋ᠠᠨ ᠴᠢᠩᠭ᠋ᠠᠳᠬᠠᠨ ᠳᠦᠷᠢᠮᠵᠢᠬᠦᠯᠦᠨᠠ᠃ ᠰᠢ ᠵᠢᠨ ᠫᠢᠩ ᠶᠡᠷᠦᠩᠭᠡᠢ ᠱᠦᠵᠢ᠎ᠠᠴᠠ 《ᠨᠠᠮ᠎ᠤᠨ ᠳᠤᠳᠤᠭ᠋ᠠᠳᠤ ᠵᠢᠨ ᠤᠯᠤᠰ ᠳᠦᠷᠦ ᠵᠢᠨ ᠠᠮᠢᠳᠤᠷᠠᠯ᠎ᠢ ᠴᠢᠩᠭ᠋ᠠᠳᠬᠠᠨ᠂ ᠨᠠᠮ᠎ᠤᠨ ᠳᠤᠳᠤᠭ᠋ᠠᠳᠤ ᠵᠢᠨ ᠤᠯᠤᠰ ᠳᠦᠷᠦ ᠵᠢᠨ ᠤᠷᠴᠢᠨ ᠳᠤᠭᠤᠷᠢᠨ᠎ᠢ ᠴᠡᠪᠡᠷᠰᠢᠬᠦᠯᠬᠦ᠎ᠨᠢ ᠨᠠᠮ᠎ᠤᠨ ᠪᠠᠢ᠌ᠭᠤᠯᠤᠯᠳᠠ᠎ᠳᠠᠬᠢ ᠦᠨᠳᠦᠰᠤᠨ ᠰᠢᠨᠵᠢ ᠴᠢᠨᠠᠷ᠂ ᠰᠠᠭᠤᠷᠢ ᠵᠢᠨ ᠴᠢᠨᠠᠷᠲᠠᠢ ᠬᠣᠯᠪᠣᠭᠳᠠᠬᠤ ᠠᠰᠠᠭᠤᠳᠠᠯ ᠪᠤᠯᠤᠨ᠎ᠠ᠂ ᠠ᠋ᠨᠡ᠎ᠨᠢ ᠨᠠᠮ᠎ᠤᠨ ᠪᠦᠯᠬᠦᠮᠳᠡᠯ ᠨᠢᠭᠡᠳᠤᠯ᠂ ᠨᠠᠮ᠎ᠤᠨ ᠮᠠᠨᠳᠤᠵᠤ ᠮᠦᠬᠦᠬᠦ᠎ᠳᠤ ᠬᠤᠯᠪᠤᠭᠳᠠᠨ᠎ᠠ》 ᠭᠡᠰᠡᠨ ᠪᠠᠢ᠌ᠨ᠎ᠠ᠃ ᠡᠯ᠎ᠡ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ᠎ᠨᠢ ᠳᠤᠭᠳᠠᠭ᠋ᠠᠯ ᠶᠤᠰᠤᠭ᠋ᠠᠷ ᠨᠠᠮ᠎ᠤᠨ ᠳᠤᠳᠤᠭ᠋ᠠᠳᠤ ᠵᠢᠨ ᠠᠵᠢᠯᠯᠠᠭ᠎ᠠ ᠦᠷᠨᠢᠭᠦᠯᠬᠦ ᠦᠭᠡᠢ᠂ ᠵᠤᠬᠢᠶᠠᠨ ᠪᠠᠢ᠌ᠭᠤᠯᠤᠯᠳᠠ ᠵᠢᠨ ᠠᠮᠢᠳᠤᠷᠠᠯ᠎ᠤᠨ ᠴᠢᠨᠠᠷ ᠠᠨᠠᠢ᠂ ᠭᠡᠯᠪᠡᠷᠢ ᠵᠢᠨ ᠳᠡᠳᠤᠢ ᠬᠢᠵᠤ᠂ ᠦᠢ᠍ᠯᠡᠳᠤᠯ ᠵᠶ᠋ᠡᠨ ᠪᠠᠳᠠᠷᠠᠭᠤᠯᠵᠤ ᠳᠡᠢ᠌ᠯᠬᠦ ᠦᠭᠡᠢ ᠵᠡᠷᠭᠡ ᠠᠰᠠᠭᠤᠳᠠᠯ᠎ᠢ ᠨᠠᠷᠢᠨ ᠬᠢᠨᠠᠮᠠᠭ᠋ᠠᠢ ᠴᠡᠭᠴᠡᠯᠡᠵᠤ᠂ ᠨᠠᠮ᠎ᠤᠨ ᠳᠤᠳᠤᠭ᠋ᠠᠳᠤ ᠵᠢᠨ ᠤᠯᠤᠰ ᠳᠦᠷᠦ ᠵᠢᠨ ᠠᠮᠢᠳᠤᠷᠠᠯ᠎ᠤᠨ ᠤᠯᠤᠰ ᠲᠦᠷᠤᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠴᠢ ᠴᠢᠨᠠᠷ ᠵᠶ᠋ᠠᠨ ᠴᠢᠩᠭ᠋ᠠᠳᠬᠠᠬᠤ ᠭᠡᠷᠡᠭᠳᠡᠢ᠃ ᠰᠢᠬᠦᠮᠵᠢᠯᠡᠯ ᠪᠡ ᠦᠪᠡᠷ᠎ᠤᠨ ᠰᠢᠬᠦᠮᠵᠢᠯᠡᠯ᠎ᠤᠨ ᠵᠡᠪᠰᠡᠭ᠎ᠢ ᠰᠠᠢ᠌ᠳᠤᠷ ᠠᠰᠢᠭᠯᠠᠨ᠂ ᠦᠪᠡᠷ᠎ᠤᠨ ᠪᠡᠶ᠎ᠡ ᠳᠡᠭᠡᠷ᠎ᠠ ᠤᠷᠤᠰᠢᠵᠤ ᠪᠠᠢ᠌ᠭ᠎ᠠ ᠠᠰᠠᠭᠤᠳᠠᠯ ᠵᠶ᠋ᠠᠨ ᠢᠯᠡᠷᠡᠬᠦᠯᠬᠦ ᠪᠡ ᠰᠢᠢ᠍ᠳᠪᠤᠷᠢᠯᠡᠬᠦ ᠴᠢᠳᠠᠪᠤᠷᠢ᠎ᠪᠠᠨ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠳᠡᠢ᠃
ᠳᠠᠪᠤ᠎ᠳᠤ 《ᠬᠤᠶᠠᠷ᠎ᠢ ᠰᠤᠷᠤᠯᠴᠠᠨ ᠬᠢᠷᠢ ᠳᠡᠩᠴᠡᠭᠰᠡᠨ ᠨᠠᠮ᠎ᠤᠨ ᠭᠡᠰᠢᠬᠦᠨ ᠪᠤᠯᠬᠤ》 ᠰᠤᠷᠤᠯᠴᠠᠯᠭ᠎ᠠ ᠬᠦᠮᠦᠵᠢᠯ᠎ᠢ ᠪᠠᠢ᠌ᠩᠭᠤᠵᠢᠭᠤᠯᠤᠨ ᠳᠦᠷᠢᠮᠵᠢᠬᠦᠯᠬᠦ ᠵᠢ ᠯᠠᠪᠳᠠᠭᠤᠨ ᠪᠠᠳᠤᠳᠠᠢ ᠠᠬᠢᠭᠤᠯᠤᠨ᠎ᠠ᠃ ᠤᠢ᠌ᠷ᠎ᠠ᠎ᠳᠤ᠂ ᠨᠠᠮ᠎ᠤᠨ ᠳᠦᠪ ᠬᠤᠷᠢᠶ᠎ᠠ᠎ᠠᠴᠠ 《ᠬᠤᠶᠠᠷ᠎ᠢ ᠰᠤᠷᠤᠯᠴᠠᠨ ᠬᠢᠷᠢ ᠳᠡᠩᠴᠡᠭᠰᠡᠨ ᠨᠠᠮ᠎ᠤᠨ ᠭᠡᠰᠢᠬᠦᠨ ᠪᠤᠯᠬᠤ》 ᠰᠤᠷᠤᠯᠴᠠᠯᠭ᠎ᠠ ᠬᠦᠮᠦᠵᠢᠯ᠎ᠢ ᠪᠠᠢ᠌ᠩᠭᠤᠵᠢᠭᠤᠯᠤᠨ ᠳᠦᠷᠢᠮᠵᠢᠬᠦᠯᠬᠦ ᠠᠵᠢᠯ᠎ᠢ ᠪᠦᠬᠦ ᠳᠠᠯ᠎ᠠ᠎ᠪᠠᠷ ᠪᠠᠢ᠌ᠷᠢᠯᠠᠭᠤᠯᠵᠠᠢ᠃ ᠡᠯ᠎ᠡ ᠱᠠᠳᠤᠨ᠎ᠤ ᠨᠠᠮ᠎ᠤᠨ ᠵᠤᠬᠢᠶᠠᠨ ᠪᠠᠢ᠌ᠭᠤᠯᠤᠯᠳᠠ᠎ᠨᠢ ᠦᠵᠡᠯ ᠰᠠᠨᠠᠭ᠋ᠠᠨ᠎ᠤ ᠬᠦᠮᠦᠵᠢᠯ᠎ᠢ ᠨᠢᠭᠡᠳᠦᠭᠡᠷ ᠴᠢᠬᠤᠯᠠ ᠠ᠋ᠬᠦᠷᠭᠡ ᠪᠤᠯᠭ᠋ᠠᠨ ᠠᠳᠬᠤᠵᠤ᠂ ᠨᠠᠮ᠎ᠤᠨ ᠳᠦᠷᠢᠮ ᠳᠤᠭᠳᠠᠭ᠋ᠠᠯ ᠵᠶ᠋ᠡᠷ ᠨᠠᠮ᠎ᠤᠨ ᠵᠤᠬᠢᠶᠠᠨ ᠪᠠᠢ᠌ᠭᠤᠯᠤᠯᠳᠠ ᠪᠤᠯᠤᠨ ᠨᠠᠮ᠎ᠤᠨ ᠭᠡᠰᠢᠬᠦᠨ᠎ᠤ ᠦᠢ᠍ᠯᠡ ᠠᠵᠢᠯᠯᠠᠭ᠎ᠠ ᠵᠢ ᠳᠦᠷᠢᠮᠵᠢᠬᠦᠯᠦᠨ᠂ ᠰᠢ ᠵᠢᠨ ᠫᠢᠩ ᠶᠡᠷᠦᠩᠭᠡᠢ ᠱᠦᠵᠢ ᠵᠢᠨ ᠰᠢᠷᠢᠰ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠪᠠᠷ ᠳᠠᠷᠢᠬᠢ ᠳᠤᠯᠤᠭ᠋ᠠᠢ᠎ᠪᠠᠨ ᠵᠡᠪᠰᠡᠭᠯᠡᠵᠤ᠂ ᠦᠢ᠍ᠯᠡᠳᠦᠯᠭᠡ᠎ᠪᠠᠨ ᠵᠢᠯᠤᠭᠤᠳᠤᠭᠤᠯᠤᠨ᠂ ᠠᠵᠢᠯ ᠵᠶ᠋ᠡᠨ ᠠᠬᠢᠭᠤᠯᠵᠤ᠂ ᠤᠯᠤᠰ ᠳᠦᠷᠦ ᠵᠢᠨ ᠤᠬᠠᠮᠰᠠᠷ᠂ ᠶᠡᠭᠡ ᠳᠠᠯ᠎ᠠ ᠵᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠤᠯᠳᠡᠢ ᠪᠠᠢ᠌ᠬᠤ ᠤᠬᠠᠮᠰᠠᠷ ᠵᠶ᠋ᠡᠨ ᠳᠠᠰᠤᠷᠠᠯᠳᠠ ᠦᠭᠡᠢ ᠴᠢᠩᠭ᠋ᠠᠳᠬᠠᠨ᠂ ᠤᠯᠤᠰ ᠳᠦᠷᠦ ᠵᠢᠨ ᠳᠠᠯ᠎ᠠ᠎ᠪᠠᠷ᠂ ᠰᠠᠬᠢᠯᠭ᠎ᠠ ᠪᠠᠳᠤ ᠵᠢ ᠭᠡᠷᠡᠭᠵᠢᠬᠦᠯᠬᠦ ᠳᠡᠯ᠎ᠡ᠎ᠪᠠᠷ᠂ ᠶᠤᠰᠤ ᠮᠤᠷᠠᠯ᠎ᠤᠨ ᠳᠠᠯ᠎ᠠ᠎ᠪᠠᠷ᠂ ᠦᠢ᠍ᠯᠡᠳᠤᠯ ᠵᠶ᠋ᠡᠨ ᠪᠠᠳᠠᠷᠠᠭᠤᠯᠬᠤ ᠳᠡᠯ᠎ᠠ᠎ᠪᠠᠷ ᠪᠦᠷ ᠬᠢᠷᠢ ᠳᠡᠩᠴᠡᠬᠦ ᠭᠡᠷᠡᠭᠳᠡᠢ᠃ ᠰᠤᠷᠤᠯᠴᠠᠯᠭ᠎ᠠ ᠬᠦᠮᠤᠵᠢᠯ ᠵᠶ᠋ᠠᠨ ᠨᠠᠷᠢᠨ ᠨᠢᠮᠪᠡᠢ ᠳᠣᠬᠢᠷᠠᠭᠤᠯᠤᠨ ᠦᠷᠭᠦᠯᠵᠢ ᠵᠢᠨ ᠴᠢᠨᠠᠷᠲᠠᠢ ᠰᠠᠢ᠌ᠲᠤᠷ ᠠᠳᠬᠤᠵᠤ᠂ ᠠ᠋ᠳᠤᠷ ᠳᠤᠳᠤᠮ᠎ᠤᠨ ᠠᠵᠢᠯ᠎ᠳᠤ ᠠᠭᠤᠰᠬᠠᠨ᠂ ᠠᠰᠠᠭᠤᠳᠠᠯ᠎ᠢ ᠰᠢᠢ᠍ᠳᠪᠤᠷᠢᠯᠡᠬᠦ ᠳᠡᠭᠡᠷ᠎ᠠ ᠬᠦᠴᠤ ᠳᠠᠯᠪᠢᠬᠤ ᠭᠡᠷᠡᠭᠳᠡᠢ᠃
ᠵᠢᠷᠭᠤᠭ᠎ᠠ᠎ᠳᠤ ᠦᠵᠡᠯ ᠤᠬᠠᠮᠰᠠᠷ᠎ᠤᠨ ᠠᠵᠢᠯ᠎ᠤᠨ ᠬᠠᠷᠢᠭᠤᠴᠯᠠᠭ᠎ᠠ ᠵᠢᠨ ᠳᠦᠷᠢᠮ᠎ᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠤᠨ᠎ᠠ᠃ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠤᠨᠤᠯ᠎ᠤᠨ ᠰᠠᠭᠤᠷᠢᠨ ᠭᠠᠵᠠᠷ᠎ᠤᠨ ᠦᠵᠡᠯ ᠤᠬᠠᠮᠰᠠᠷ᠎ᠤᠨ ᠠᠵᠢᠯ᠎ᠤᠨ ᠬᠠᠷᠢᠭᠤᠴᠯᠠᠭ᠎ᠠ ᠵᠢᠨ ᠳᠦᠷᠢᠮ᠎ᠤᠨ ᠬᠠᠮᠢᠶᠠᠷᠤᠯᠳᠠ ᠵᠢ ᠨᠠᠢ᠌ᠳᠠᠪᠤᠷᠢᠵᠢᠭᠤᠯᠬᠤ ᠳᠤᠬᠠᠢ ᠳᠤᠭᠳᠠᠭ᠋ᠠᠯ (ᠳᠤᠷᠰᠢᠨ ᠭᠡᠷᠡᠭᠵᠢᠬᠦᠯᠬᠦ)》᠎ᠤᠨ ᠵᠤᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠡᠢ᠌ᠳᠡᠪᠤᠷᠢᠵᠢᠭᠤᠯᠤᠨ᠂ ᠦᠵᠡᠯ ᠰᠠᠨᠠᠭ᠎ᠠ ᠰᠤᠶᠤᠯ᠎ᠤᠨ ᠳᠦᠷᠦᠯ᠎ᠤᠨ ᠡᠪᠯᠡᠯ ᠨᠡᠢ᠌ᠭᠡᠮᠯᠢᠭ ᠵᠡᠷᠭᠡ ᠨᠡᠢ᠌ᠭᠡᠮ᠎ᠤᠨ ᠪᠦᠯᠬᠦᠮ᠎ᠢ ᠳᠠᠩᠰᠠᠯᠠᠵᠤ ᠬᠠᠮᠢᠶᠠᠷᠬᠤ ᠠᠵᠢᠯ᠎ᠢ ᠰᠠᠢ᠌ᠳᠤᠷ ᠬᠢᠬᠦ ᠭᠡᠷᠡᠭᠳᠡᠢ᠃ 《ᠦᠪᠦᠷ ᠮᠤᠩᠭᠤᠯ᠎ᠤᠨ ᠠᠷᠠᠳ᠎ᠤᠨ ᠶᠠᠪᠤᠳᠠᠯ》 ᠰᠡᠳᠬᠦᠯ ᠪᠤᠯᠤᠨ ᠠᠷᠠᠳ᠎ᠤᠨ ᠶᠠᠪᠤᠳᠠᠯ᠎ᠤᠨ ᠰᠦᠯᠵᠢᠶ᠎ᠠ᠂ ᠵᠢᠷᠬᠢᠶ᠎ᠡ ᠵᠢᠨ ᠳᠠᠪᠴᠠᠩ ᠵᠡᠷᠭᠡ ᠤᠯᠠᠨ ᠨᠡᠢ᠌ᠳᠡ ᠵᠢᠨ ᠦᠵᠡᠯ ᠤᠬᠠᠮᠰᠠᠷ᠎ᠤᠨ ᠬᠦᠷᠢᠶ᠎ᠠ ᠴᠠᠷᠠᠭ᠎ᠠ ᠵᠢᠨ ᠬᠠᠮᠢᠶᠠᠷᠤᠯᠳᠠ ᠪᠠ ᠪᠦᠳᠦᠭᠡᠨ ᠪᠠᠢ᠌ᠭᠤᠯᠤᠯᠳᠠ ᠵᠢ ᠴᠢᠩᠭ᠋ᠠᠳᠬᠠᠨ᠂ ᠳᠤᠤᠷ ᠰᠦᠯᠵᠢᠶᠡᠨ᠎ᠤ ᠴᠢᠬᠤᠯᠠ ᠶᠡᠭᠡ ᠶᠠᠷᠢᠶ᠎ᠠ ᠭᠡᠯᠡᠯᠴᠡᠭᠡᠨ᠎ᠤ ᠮᠡᠳᠡᠬᠦᠯᠦᠯᠳᠡ ᠵᠢᠨ ᠳᠦᠷᠢᠮ ᠪᠤᠯᠤᠨ ᠪᠠᠴᠢᠮ ᠪᠠᠢ᠌ᠳᠠᠯ᠎ᠢ ᠠᠷᠭ᠋ᠠᠴᠠᠬᠤ ᠳᠤᠭᠳᠠᠴᠠ᠎ᠪᠠᠨ ᠳᠡᠬᠦᠯᠳᠡᠷᠵᠢᠬᠦᠯᠵᠤ᠂ ᠦᠵᠡᠯ ᠤᠬᠠᠮᠰᠠᠷ᠎ᠤᠨ ᠬᠦᠷᠢᠶ᠎ᠡ ᠴᠠᠷᠠᠭ᠎ᠠ ᠵᠢᠨ ᠠᠰᠠᠭᠤᠳᠠᠯ᠎ᠢ ᠴᠠᠭ ᠳᠠᠷᠤᠢ᠎ᠳᠤ᠎ᠨᠢ ᠰᠢᠢ᠍ᠳᠪᠤᠷᠢᠯᠡᠬᠦ ᠭᠡᠷᠡᠭᠳᠡᠢ᠃
ᠬᠤᠶᠠᠷ᠂ ᠰᠠᠭᠤᠷᠢ᠎ᠪᠠᠨ ᠳᠠᠰᠤᠷᠠᠯᠳᠠ ᠦᠭᠡᠢ ᠪᠡᠬᠢᠵᠢᠭᠦᠯᠤᠨ᠂ ᠦᠨᠳᠦᠰᠤᠨ ᠱᠠᠳᠤᠨ᠎ᠤ ᠵᠤᠬᠢᠶᠠᠨ ᠪᠠᠢ᠌ᠭᠤᠯᠤᠯᠳᠠ ᠵᠢᠨ ᠪᠦᠳᠦᠭᠡᠨ ᠪᠠᠢ᠌ᠭᠤᠯᠤᠯᠳᠠ ᠵᠢ ᠨᠠᠷᠢᠨ ᠬᠢᠨᠠᠮᠠᠭ᠋ᠠᠢ ᠠᠳᠬᠤᠬᠤ ᠬᠡᠷᠡᠭᠲᠠᠢ
ᠨᠢᠭᠡ᠎ᠳᠤ ᠦᠨᠳᠦᠰᠤᠨ ᠱᠠᠳᠤᠨ᠎ᠤ ᠵᠤᠬᠢᠶᠠᠨ ᠪᠠᠢ᠌ᠭᠤᠯᠤᠯᠳᠠ ᠵᠢ ᠰᠢᠪᠠᠳᠠᠨ ᠵᠢᠯᠤᠭᠤᠳᠴᠤ ᠪᠠᠢ᠌ᠭ᠋ᠠᠳ ᠨᠠᠮ᠎ᠤᠨ ᠪᠠᠢ᠌ᠭᠤᠯᠤᠯᠳᠠ ᠵᠢᠨ ᠠᠵᠢᠯ᠎ᠤᠨ ᠳᠤᠭᠳᠠᠴᠠ ᠵᠢ᠎ᠨᠢ ᠳᠡᠬᠦᠯᠳᠡᠷᠵᠢᠬᠦᠯᠦᠨ᠂ ᠬᠠᠷᠢᠭᠤᠴᠠᠯᠭ᠎ᠠ ᠵᠢ᠎ᠨᠢ ᠬᠢᠨᠠᠨ ᠰᠢᠯᠭ᠋ᠠᠬᠤ ᠪᠤᠯᠤᠨ ᠳᠤᠰᠢᠶᠠᠯ᠎ᠤᠨ ᠮᠡᠳᠡᠬᠦᠯᠦᠯᠳᠡ ᠵᠢᠨ ᠠᠵᠢᠯ᠎ᠢ᠎ᠨᠢ ᠴᠢᠩᠭ᠋ᠠᠳᠬᠠᠬᠤ ᠭᠡᠷᠡᠭᠳᠡᠢ; ᠬᠤᠶᠠᠷ᠎ᠲᠤ ᠦᠨᠳᠤᠰᠤᠨ ᠱᠠᠳᠤᠨ᠎ᠤ ᠵᠤᠬᠢᠶᠠᠨ ᠪᠠᠢ᠌ᠭᠤᠯᠤᠯᠳᠠ ᠵᠢ ᠰᠢᠪᠠᠳᠠᠨ ᠵᠢᠯᠤᠭᠤᠳᠴᠤ ᠪᠠᠢ᠌ᠭ᠋ᠠᠳ ᠬᠤᠭᠤᠴᠠᠭ᠎ᠠ ᠰᠤᠯᠢᠬᠤ ᠰᠤᠩᠭᠤᠭᠤᠯᠢ ᠵᠢᠨ ᠠᠵᠢᠯ᠎ᠢ ᠰᠠᠢ᠌ᠳᠤᠷ ᠬᠢᠯᠭᠡᠵᠤ᠂ ᠨᠠᠮ᠎ᠤᠨ ᠠ᠋ᠬᠦᠷ᠎ᠤᠨ ᠪᠦᠷᠢᠯᠳᠦᠬᠦᠨ᠎ᠢ ᠰᠤᠩᠭᠤᠨ ᠳᠤᠬᠢᠷᠠᠭᠤᠯᠬᠤ ᠭᠡᠷᠡᠭᠳᠡᠢ; ᠭᠤᠷᠪᠠ᠎ᠳᠤ 《ᠬᠤᠶᠠᠷ ᠪᠠᠢ᠌ᠭᠤᠯᠤᠯᠳᠠ ᠬᠤᠶᠠᠷ ᠠ᠋ᠬᠦᠳᠦᠯᠳᠡ》 ᠵᠢᠨ ᠠᠵᠢᠯᠯᠠᠭ᠎ᠠ ᠵᠢ ᠬᠦᠨᠵᠡᠭᠡᠢ ᠦᠷᠨᠢᠬᠦᠯᠵᠤ᠂ ᠠᠷᠠᠳ᠎ᠤᠨ ᠶᠠᠪᠤᠳᠠᠯ᠎ᠤᠨ ᠤᠨᠴᠠᠯᠢᠭ ᠪᠦᠬᠦᠢ ᠨᠠᠮ᠎ᠤᠨ ᠪᠠᠢ᠌ᠭᠤᠯᠤᠯᠳᠠ ᠵᠢᠨ ᠳᠦᠷᠦᠯ ᠳᠡᠮᠳᠡᠭ᠎ᠢ ᠠ᠋ᠬᠦᠳᠬᠦ ᠭᠡᠷᠡᠭᠳᠡᠢ; ᠳᠦᠷᠪᠡ᠎ᠳᠤ 《ᠭᠤᠷᠪᠠᠨ ᠬᠤᠷᠠᠯ ᠨᠢᠭᠡ ᠬᠢᠴᠢᠶᠠᠯ》᠎ᠤᠨ ᠳᠦᠷᠢᠮ᠎ᠢ ᠪᠠᠷᠢᠮᠳᠠᠯᠠᠵᠤ᠂ 《ᠭᠤᠷᠪᠠᠨ ᠬᠤᠷᠠᠯ ᠨᠢᠭᠡ ᠬᠢᠴᠢᠶᠠᠯ》 ᠵᠡᠷᠭᠡ ᠵᠢᠨ ᠠᠷᠭ᠎ᠠ ᠵᠢ ᠠᠰᠢᠭᠯᠠᠨ᠂ 《ᠬᠤᠶᠠᠷ᠎ᠢ ᠰᠤᠷᠤᠯᠴᠠᠨ ᠬᠢᠷᠢ ᠳᠡᠩᠴᠡᠭᠰᠡᠨ ᠨᠠᠮ᠎ᠤᠨ ᠭᠡᠰᠢᠬᠦᠨ ᠪᠤᠯᠬᠤ》 ᠰᠤᠷᠤᠯᠴᠠᠯᠭ᠎ᠠ ᠬᠦᠮᠦᠵᠢᠯ᠎ᠤᠨ ᠠᠵᠢᠯᠯᠠᠭ᠎ᠠ ᠵᠢ ᠠᠳᠬᠤᠵᠤ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠵᠤᠬᠢᠶᠠᠨ ᠪᠠᠢ᠌ᠭᠤᠯᠤᠯᠳᠠ ᠵᠢᠨ ᠠᠮᠢᠳᠤᠷᠠᠯ᠎ᠤᠨ ᠬᠤᠷᠠᠯ᠎ᠢ ᠰᠠᠢ᠌ᠲᠤᠷ ᠬᠢᠬᠦ ᠭᠡᠷᠡᠭᠳᠡᠢ; ᠳᠠᠪᠤ᠎ᠳᠤ ᠨᠠᠮ᠎ᠤᠨ ᠭᠡᠰᠢᠬᠦᠨ᠎ᠤ ᠬᠦᠮᠦᠵᠢᠯ᠂ ᠬᠠᠮᠢᠶᠠᠷᠤᠯᠳᠠ ᠪᠤᠯᠤᠨ ᠦᠢ᠍ᠯᠡᠴᠢᠯᠡᠭᠡ ᠵᠢ ᠴᠢᠩᠭ᠋ᠠᠳᠬᠠᠨ᠂ ᠨᠠᠮ᠎ᠤᠨ ᠭᠡᠰᠢᠬᠦᠨ ᠠ᠋ᠯᠰᠡᠬᠦ ᠠᠵᠢᠯ᠎ᠢ ᠰᠠᠢ᠌ᠳᠤᠷ ᠬᠢᠵᠤ᠂ ᠠᠵᠢᠯ᠎ᠠᠴᠠ᠎ᠪᠠᠨ ᠳᠠᠷᠬᠠᠯᠠᠬᠳᠠᠵᠤ ᠠᠮᠠᠷᠠᠭᠰᠠᠨ ᠨᠠᠮ᠎ᠤᠨ ᠭᠡᠰᠢᠬᠦᠨ᠂ ᠨᠡᠬᠦᠳᠡᠯ ᠨᠡᠮ᠎ᠤᠨ ᠭᠡᠰᠢᠬᠦᠨ᠎ᠳᠤ ᠰᠠᠢ᠌ᠳᠤᠷ ᠦᠢ᠍ᠯᠡᠴᠢᠯᠡᠬᠦ ᠭᠡᠷᠡᠭᠳᠡᠢ᠃