ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠲᠢᠩᠬᠢᠮ᠎ᠤᠨ ᠳᠠᠷᠤᠭ᠎ᠠ ᠯᠠᠨ ᠠ᠋ᠸᠨ ᠬᠤᠸᠠ ᠵᠢᠨ ᠪᠦᠭᠦ ᠤᠷᠤᠨ᠎ᠤ ᠠᠷᠠᠳ᠎ᠤᠨ ᠶᠠᠪᠤᠳᠠᠯ᠎ᠤᠨ ᠤᠬᠠᠭᠤᠯᠭ᠎ᠠ ᠪᠤᠯᠤᠨ ᠮᠡᠳᠡᠭᠡ ᠵᠠᠩᠭᠢᠵᠢᠯᠲᠠ ᠵᠢᠨ ᠠᠵᠢᠯ᠎ᠤᠨ ᠬᠤᠷᠠᠯ ᠳᠡᠭᠡᠷᠡᠬᠢ ᠶᠠᠷᠢᠶ᠎ᠠ (ᠲᠤᠪᠴᠢᠯᠠᠯ)
ᠨᠡᠶᠢᠲᠡᠯᠡᠭᠰᠡᠨ ᠴᠠᠭ᠄ 2015-09-06

ᠨᠦᠭᠦᠳ ᠡ᠄
     ᠠ᠋ᠨ᠋ᠨ ᠤᠳᠠᠭ᠋ᠠᠨ᠎ᠤ ᠬᠤᠷᠠᠯ᠎ᠤᠨ ᠭᠤᠤᠯ ᠠ᠋ᠭᠦᠷᠭᠡ ᠪᠤᠯ᠄ ᠤᠢ᠌ᠷ᠎ᠠ ᠵᠢᠨ ᠵᠢᠯ᠎ᠤᠨ ᠪᠦᠭᠦ ᠤᠷᠤᠨ᠎ᠤ ᠠᠷᠠᠳ᠎ᠤᠨ ᠶᠠᠪᠤᠳᠠᠯ᠎ᠤᠨ ᠰᠤᠨᠢᠨ ᠮᠡᠳᠡᠭᠡᠨ᠎ᠤ ᠤᠬᠠᠭᠤᠯᠭ᠎ᠠ ᠵᠢᠨ ᠠᠵᠢᠯ ᠪᠤᠯᠤᠨ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢᠨ ᠪᠠᠢ᠌ᠳᠠᠯ᠎ᠢ ᠵᠠᠳᠠᠯᠤᠨ ᠳ᠋ᠦᠩᠨᠡᠵᠤ᠂ ᠤᠳᠤᠬᠠᠨ᠎ᠤ ᠪᠠ ᠬᠤᠵᠢᠮ᠎ᠤᠨ ᠨᠢᠭᠡᠨ ᠬᠤᠭᠤᠴᠠᠭ᠋ᠠᠨ᠎ᠤ ᠠᠷᠠᠳ᠎ᠤᠨ ᠶᠠᠪᠤᠳᠠᠯ᠎ᠤᠨ ᠰᠤᠨᠢᠨ ᠮᠡᠳᠡᠭᠡ ᠤᠬᠠᠭᠤᠯᠭ᠎ᠠ ᠵᠢᠨ ᠠᠵᠢᠯ ᠵᠶ᠋ᠠᠨ ᠰᠠᠢ᠌ᠵᠢᠷᠠᠭᠤᠯᠤᠨ ᠴᠢᠩᠭ᠋ᠠᠳᠬᠠᠬᠤ ᠵᠢ ᠰᠤᠳᠤᠯᠤᠨ ᠪᠠᠢ᠌ᠷᠢᠯᠠᠭᠤᠯᠵᠤ᠂ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢᠨ ᠰᠡᠳᠬᠢᠴᠡ ᠪᠠ ᠠᠷᠭ᠎ᠠ ᠪᠤᠳᠤᠯᠭ᠎ᠠ ᠵᠢ ᠳᠦᠯᠬᠢᠨ ᠤᠷᠤᠭᠰᠢᠯᠠᠭᠤᠯᠬᠤ᠎ᠳᠤ ᠤᠷᠤᠰᠢᠨ᠎ᠠ᠃ ᠲᠤᠤᠷ᠎ᠠ ᠪᠢ ᠭᠤᠷᠪᠠᠨ ᠰᠠᠨᠠᠯ ᠲᠤᠷᠠᠳᠤᠶ᠎ᠠ᠄
     ᠨᠢᠭᠡ᠂ ᠤᠢ᠌ᠷ᠎ᠠ ᠵᠢᠨ ᠵᠢᠯ᠎ᠤᠨ ᠮᠠᠨ᠎ᠤ ᠤᠷᠤᠨ᠎ᠤ ᠠᠷᠠᠳ᠎ᠤᠨ ᠶᠠᠪᠤᠳᠠᠯ᠎ᠤᠨ ᠰᠤᠨᠢᠨ ᠮᠡᠳᠡᠭᠡ ᠤᠬᠠᠭᠤᠯᠭ᠎ᠠ ᠵᠢᠨ ᠠᠵᠢᠯ ᠪᠤᠯᠤᠨ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢᠨ ᠲᠠᠯ᠎ᠠ᠎ᠪᠠᠷ ᠤᠯᠤᠭᠰᠠᠨ ᠠᠮᠵᠢᠯᠲᠠ ᠵᠢ ᠬᠦᠢ᠍ᠴᠡᠳ ᠲᠠᠨᠢᠬᠤ ᠭᠡᠷᠡᠭᠲᠡᠢ
     ᠤᠢ᠌ᠷ᠎ᠠ ᠵᠢᠨ ᠵᠢᠯ᠎ᠳᠤ ᠪᠦᠭᠦ ᠤᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ ᠨᠠᠮ ᠪᠤᠯᠤᠨ ᠵᠠᠰᠠᠭ᠎ᠤᠨ ᠤᠷᠳᠤᠨ᠎ᠤ ᠠᠷᠠᠳ᠎ᠲᠤ ᠬᠠᠷᠠᠭ᠋ᠠᠯᠵᠠᠯ ᠬᠦᠷᠲᠡᠭᠡᠬᠦ ᠲᠦᠷᠦ ᠵᠢᠨ ᠪᠤᠳᠤᠯᠭ᠎ᠠ ᠵᠢ ᠶᠡᠬᠡᠪᠡᠷ ᠤᠬᠠᠭᠤᠯᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠠᠮᠵᠢᠯᠲᠠ ᠪᠦᠲᠦᠮᠵᠢ ᠵᠢ ᠴᠠᠭ ᠲᠤᠬᠠᠢ᠎ᠳᠤ᠎ᠨᠢ ᠮᠡᠳᠡᠭᠡᠯᠡᠬᠦ᠎ᠪᠠᠷ ᠳᠠᠮᠵᠢᠭᠤᠯᠤᠨ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠰᠠᠢ᠌ᠨ ᠰᠠᠢ᠌ᠬᠠᠨ ᠲᠦᠷᠢ ᠲᠦᠷᠭᠦ ᠵᠢ ᠪᠤᠢ ᠪᠤᠯᠭ᠋ᠠᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠨᠡᠢ᠌ᠬᠡᠮ᠎ᠤᠨ ᠨᠦᠯᠦᠭᠡᠯᠡᠬᠦ ᠬᠦᠴᠦᠨ ᠵᠶ᠋ᠠᠨ ᠨᠡᠮᠡᠭᠳᠡᠭᠦᠯᠦᠭᠰᠡᠨ ᠪᠠᠢ᠌ᠨ᠎ᠠ᠃
     ᠨᠢᠭᠡ᠎ᠳᠤ ᠰᠤᠨᠢᠨ ᠮᠡᠳᠡᠭᠡ ᠤᠬᠠᠭᠤᠯᠭ᠎ᠠ ᠵᠢᠨ ᠲᠦᠷᠢᠮ᠎ᠤᠨ ᠪᠠᠢ᠌ᠭᠤᠯᠤᠯᠲᠠ ᠳᠠᠰᠤᠷᠠᠯᠲᠠ ᠦᠭᠡᠢ ᠴᠢᠩᠭ᠋ᠠᠷᠠᠪᠠ᠃ ᠠᠷᠠᠳ᠎ᠤᠨ ᠶᠠᠪᠤᠳᠠᠯ᠎ᠤᠨ ᠲᠢᠩᠬᠢᠮ ᠰᠤᠨᠢᠨ ᠮᠡᠳᠡᠭᠡ ᠤᠬᠠᠭᠤᠯᠭ᠎ᠠ ᠵᠢᠨ ᠠᠵᠢᠯ᠎ᠤᠨ ᠤᠳᠤᠷᠢᠳᠬᠤ ᠲᠤᠭᠤᠢ᠌ᠯᠠᠩ ᠪᠠᠢ᠌ᠭᠤᠯᠵᠤ᠂ ᠤᠷᠢᠳ ᠬᠤᠵᠢᠳ 《ᠲᠦᠷᠦ ᠵᠢᠨ ᠪᠤᠳᠤᠯᠭ᠎ᠠ ᠤᠨᠤᠯ᠎ᠤᠨ ᠰᠤᠳᠤᠯᠤᠯ ᠪᠤᠯᠤᠨ ᠰᠤᠨᠢᠨ ᠮᠡᠳᠡᠭᠡ ᠤᠬᠠᠭᠤᠯᠭ᠎ᠠ ᠵᠢᠨ ᠠᠵᠢᠯ ᠵᠶ᠋ᠠᠨ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ》᠂ 《ᠠᠷᠠᠳ᠎ᠤᠨ ᠶᠠᠪᠤᠳᠠᠯ᠎ᠤᠨ ᠮᠡᠳᠡᠭᠡ ᠵᠠᠩᠭᠢ ᠤᠬᠠᠭᠤᠯᠭ᠎ᠠ ᠵᠢᠨ ᠠᠵᠢᠯ᠎ᠤᠨ ᠬᠢᠨᠠᠨ ᠰᠢᠯᠭ᠋ᠠᠬᠤ ᠲᠦᠷ ᠭᠡᠷᠡᠭᠵᠢᠭᠦᠯᠬᠦ ᠠᠷᠭ᠎ᠠ》 ᠵᠡᠷᠭᠡ ᠲᠦᠷᠢᠮ ᠲᠤᠭᠲᠠᠭ᠋ᠠᠯ᠎ᠤᠨ ᠪᠢᠴᠢᠭ ᠮᠠᠲᠸᠷᠢᠶᠠᠯ᠎ᠢ ᠨᠡᠢ᠌ᠲᠡᠯᠡᠵᠤ ᠬᠡᠷᠡᠭᠵᠢᠭᠦᠯᠦᠨ᠂ ᠰᠤᠨᠢᠨ ᠮᠡᠳᠡᠭᠡ ᠤᠬᠠᠭᠤᠯᠭ᠎ᠠ ᠵᠢᠨ ᠠᠵᠢᠯ ᠵᠶ᠋ᠠᠨ ᠤᠯᠠᠷᠢᠯ ᠵᠶ᠋ᠠᠷ ᠵᠠᠳᠠᠯᠬᠤ ᠪᠠ ᠬᠤᠭᠤᠴᠠᠭ᠎ᠠ ᠲᠤᠭᠲᠠᠭ᠋ᠠᠨ ᠨᠡᠢ᠌ᠲᠡᠯᠡᠬᠦ ᠠᠵᠢᠯ᠎ᠤᠨ ᠲᠤᠭᠲᠠᠴᠠ ᠵᠢ ᠪᠦᠷᠢᠯᠳᠦᠭᠦᠯᠪᠡ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠰᠤᠨᠢᠨ ᠮᠡᠳᠡᠭᠡ ᠤᠬᠠᠭᠤᠯᠭ᠎ᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠵᠢᠷᠤᠮᠵᠢᠯ᠎ᠤᠨ ᠴᠢᠨᠠᠷᠲᠠᠢ ᠪᠢᠴᠢᠭ ᠮᠠᠲᠸᠷᠢᠶᠠᠯ ᠲᠤᠭᠲᠠᠭ᠋ᠠᠨ᠂ ᠠᠷᠠᠳ᠎ᠤᠨ ᠶᠠᠪᠤᠳᠠᠯ᠎ᠤᠨ ᠰᠤᠨᠢᠨ ᠮᠡᠳᠡᠭᠡ ᠤᠬᠠᠭᠤᠯᠭ᠎ᠠ ᠵᠢᠨ ᠠᠵᠢᠯ᠎ᠳᠤ ᠪᠦᠲᠦᠮᠵᠢᠲᠠᠢ ᠰᠠᠢ᠌ᠨ ᠲᠦᠷᠢᠮ ᠲᠤᠭᠲᠠᠭ᠋ᠠᠬᠤ ᠲᠠᠯ᠎ᠠ᠎ᠪᠠᠷ ᠮᠠᠰᠢ ᠶᠡᠭᠡ ᠳᠠᠪᠰᠢᠯᠲᠠ᠎ᠲᠠᠢ ᠪᠤᠯᠤᠭᠰᠠᠨ ᠪᠠᠢ᠌ᠨ᠎ᠠ᠃
     ᠬᠤᠶᠠᠷ᠎ᠲᠤ ᠪᠦᠭᠦ ᠲᠠᠯ᠎ᠠ ᠵᠢᠨ ᠰᠤᠨᠢᠨ ᠮᠡᠳᠡᠭᠡ ᠤᠬᠠᠭᠤᠯᠭ᠎ᠠ ᠵᠢᠨ ᠳᠠᠪᠴᠠᠩ᠎ᠢ ᠢᠳᠡᠭ ᠢᠳᠡᠭ ᠵᠶ᠋ᠠᠷ ᠴᠤᠭᠴᠠᠯᠠᠨ ᠪᠠᠢ᠌ᠭᠤᠯᠵᠤ᠂ ᠭᠤᠤᠯ ᠵᠠᠭᠤᠴᠢᠯᠠᠭᠤᠷ᠂ ᠲᠤᠳᠤᠭ᠋ᠠᠳᠤ ᠵᠢᠨ ᠵᠠᠭᠤᠴᠢᠯᠠᠭᠤᠷ ᠪᠤᠯᠤᠨ ᠰᠢᠨ᠎ᠡ ᠵᠠᠭᠤᠴᠢᠯᠠᠭᠤᠷ᠎ᠢ ᠬᠦᠢ᠍ᠴᠡᠳ ᠠᠰᠢᠭᠯᠠᠨ᠂ ᠠᠷᠠᠳ᠎ᠤᠨ ᠶᠠᠪᠤᠳᠠᠯ᠎ᠤᠨ ᠰᠤᠨᠢᠨ ᠮᠡᠳᠡᠭᠡ ᠤᠬᠠᠭᠤᠯᠭ᠎ᠠ ᠵᠢᠨ ᠠᠵᠢᠯ ᠵᠶ᠋ᠠᠨ ᠬᠢᠪᠡ᠃ 2014 ᠣᠨ᠎ᠳᠤ ᠪᠦᠭᠦ ᠤᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ ᠤᠷᠢᠳ ᠬᠤᠵᠢᠳ ᠭᠤᠤᠯ ᠵᠠᠭᠤᠴᠢᠯᠠᠭᠤᠷ ᠳᠡᠭᠡᠷ᠎ᠡ 857 ᠬᠣᠪᠢ ᠰᠤᠨᠢᠨ ᠮᠡᠳᠡᠭᠡᠨ᠎ᠤ ᠠ᠋ᠭᠡ ᠪᠢᠴᠢᠭ ᠨᠡᠢ᠌ᠲᠡᠯᠡᠵᠤ᠂ 《ᠦᠪᠦᠷ ᠮᠤᠩᠭᠤᠯ᠎ᠤᠨ ᠠᠷᠠᠳ᠎ᠤᠨ ᠶᠠᠪᠤᠳᠠᠯ》 ᠪᠤᠯᠤᠨ ᠠᠷᠠᠳ᠎ᠤᠨ ᠶᠠᠪᠤᠳᠠᠯ᠎ᠤᠨ ᠪᠠᠢ᠌ᠭᠤᠯᠭ᠎ᠠ ᠨᠢᠭᠡᠴᠢ ᠵᠢᠨ ᠰᠦᠯᠵᠢᠶᠡᠨ ᠦᠷᠲᠡᠭᠡ᠎ᠨᠢ ᠴᠤ᠌ ᠪᠦᠭᠦ ᠤᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠲᠤᠳᠤᠭ᠋ᠠᠳᠤ᠎ᠳᠤ ᠮᠡᠳᠡᠭᠡ ᠵᠠᠩᠭᠢ ᠨᠡᠢ᠌ᠲᠡᠯᠡᠬᠦ᠂ ᠲᠤᠷᠰᠢᠯᠭ᠎ᠠ ᠰᠤᠯᠢᠯᠴᠠᠬᠤ᠂ ᠬᠠᠷᠠᠭ᠋ᠠᠰᠤ ᠵᠢ ᠦᠷᠭᠡᠳᠭᠡᠬᠦ ᠲᠠᠯ᠎ᠠ ᠵᠢᠨ ᠦᠢ᠍ᠯᠡᠳᠦᠯ ᠵᠶ᠋ᠠᠨ ᠰᠠᠢ᠌ᠲᠤᠷ ᠪᠠᠳᠠᠷᠠᠭᠤᠯᠪᠠ; ᠠᠷᠠᠳ᠎ᠤᠨ ᠶᠠᠪᠤᠳᠠᠯ᠎ᠤᠨ ᠮᠤᠩᠭᠤᠯ ᠰᠦᠯᠵᠢᠶᠡᠨ ᠦᠷᠲᠡᠭᠡ ᠵᠢ ᠪᠠᠢ᠌ᠭᠤᠯᠤᠨ᠂ ᠦᠪᠦᠷ ᠮᠤᠩᠭᠤᠯ᠎ᠤᠨ ᠠᠷᠠᠳ᠎ᠤᠨ ᠶᠠᠪᠤᠳᠠᠯ᠎ᠤᠨ ᠤᠬᠠᠭᠤᠯᠭ᠎ᠠ ᠵᠢᠨ ᠸᠢᠴᠠᠲ᠎ᠤᠨ ᠤᠯᠠᠨ ᠨᠡᠢ᠌ᠲᠡ ᠵᠢᠨ ᠲᠠᠪᠴᠠᠩ᠎ᠢ ᠲᠤᠷᠰᠢᠨ ᠨᠡᠪᠲᠡᠷᠡᠭᠦᠯᠦᠭᠡᠳ᠂ ᠤᠯᠠᠮᠵᠢᠯᠠᠯᠲᠤ ᠵᠠᠭᠤᠴᠢᠯᠠᠭᠤᠷ ᠪᠤᠯᠤᠨ ᠰᠢᠨ᠎ᠡ ᠵᠠᠭᠤᠴᠢᠯᠠᠭᠤᠷ᠎ᠢ ᠪᠦᠲᠦᠮᠵᠢᠲᠡᠢ ᠵᠣᠯᠭ᠋ᠠᠭᠤᠯᠪᠠ᠃ ᠡᠯ᠎ᠡ ᠠᠢ᠌ᠮᠠᠭ ᠬᠤᠲᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠴᠤ᠌ ᠤᠯᠠᠨ ᠶᠠᠩᠵᠤ ᠬᠡᠯᠪᠡᠷᠢ ᠵᠢᠨ ᠤᠬᠠᠭᠤᠯᠭ᠎ᠠ ᠵᠢᠨ ᠳᠠᠪᠴᠠᠩ᠎ᠢ ᠵᠠᠯᠭ᠋ᠠᠪᠡᠷ ᠴᠤᠭᠴᠠᠯᠠᠨ ᠪᠠᠢ᠌ᠭᠤᠯᠤᠭ᠋ᠠᠳ᠂ ᠠᠷᠠᠳ᠎ᠤᠨ ᠶᠠᠪᠤᠳᠠᠯ᠎ᠤᠨ ᠤᠬᠠᠭᠤᠯᠭ᠎ᠠ ᠵᠢᠨ ᠪᠦᠷᠬᠦᠴᠡ ᠵᠢ ᠪᠡᠶᠡᠯᠡᠭᠦᠯᠪᠡ᠃
     ᠭᠤᠷᠪᠠ᠎ᠳᠤ ᠶᠠᠷᠢᠶ᠎ᠠ ᠭᠡᠯᠡᠯᠴᠡᠭᠡᠨ᠎ᠤ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠤᠷᠢᠯᠡᠬᠦ ᠠᠵᠢᠯ᠎ᠤᠨ ᠲᠤᠭᠲᠠᠴᠠ ᠠ᠋ᠳᠦᠷ ᠢᠷᠡᠭᠦᠶ᠎ᠠ ᠲᠡᠭᠦᠯᠳᠡᠷᠵᠢᠪᠡ᠃ ᠪᠦᠭᠦ ᠤᠷᠤᠨ᠎ᠤ ᠡᠯ᠎ᠡ ᠱᠠᠲᠤᠨ᠎ᠤ ᠰᠠᠯᠠᠭ᠎ᠠ ᠮᠦᠴᠢᠷ᠎ᠨᠢ ᠶᠠᠷᠢᠶ᠎ᠠ ᠭᠡᠯᠡᠯᠴᠡᠭᠡᠨ᠎ᠤ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠤᠷᠢᠯᠡᠬᠦ ᠪᠠ ᠠᠵᠢᠯ᠎ᠤᠨ ᠵᠶ᠋ᠠᠨ ᠤᠪᠤᠷ ᠰᠤᠷᠲᠠᠯ ᠵᠶ᠋ᠠᠨ ᠰᠠᠢ᠌ᠵᠢᠷᠠᠭᠤᠯᠬᠤ ᠵᠢ ᠤᠶᠠᠯᠳᠤᠭᠤᠯᠵᠤ᠂ ᠶᠠᠷᠢᠶ᠎ᠠ ᠭᠡᠯᠡᠯᠴᠡᠭᠡᠨ᠎ᠤ ᠪᠠᠢ᠌ᠳᠠᠯ᠎ᠢ ᠮᠡᠳᠡᠭᠦᠯᠬᠦ᠂ ᠳᠠᠮᠵᠢᠭᠤᠯᠤᠨ ᠬᠦᠢ᠍ᠴᠠᠳᠭᠡᠬᠦ᠂ ᠰᠢᠢ᠍ᠳᠪᠤᠷᠢᠯᠡᠬᠦ ᠠᠵᠢᠯ᠎ᠤᠨ ᠲᠤᠭᠲᠠᠴᠠ ᠵᠢ ᠪᠠᠢ᠌ᠭᠤᠯᠤᠨ᠂ ᠠᠷᠠᠳ᠎ᠤᠨ ᠶᠠᠪᠤᠳᠠᠯ᠎ᠤᠨ ᠲᠦᠷᠦ ᠵᠢᠨ ᠪᠤᠳᠤᠯᠭ᠎ᠠ ᠵᠢᠨ ᠨᠠᠢ᠌ᠲᠠᠪᠦᠷᠢᠵᠢᠭᠤᠯᠤᠯᠲᠠ ᠵᠢ ᠤᠯᠠᠮ ᠨᠢᠭᠡ ᠠᠯᠬᠤᠮ ᠲᠦᠯᠬᠢᠨ ᠤᠷᠤᠭᠰᠢᠯᠠᠭᠤᠯᠵᠤ᠂ ᠦᠢ᠍ᠯᠡᠴᠢᠯᠡᠬᠦ ᠠ᠋ᠲᠡᠭᠡᠳ᠎ᠤᠨ ᠵᠶ᠋ᠠᠨ ᠠ᠋ᠷᠭᠡ ᠠᠰᠢᠭ᠎ᠢ ᠬᠠᠮᠠᠭ᠋ᠠᠯᠠᠨ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠤᠯᠠᠨ ᠲᠦᠮᠡᠨ᠎ᠤ ᠲᠤᠮᠳᠠᠬᠢ ᠰᠠᠢ᠌ᠨ ᠰᠠᠢ᠌ᠬᠠᠨ ᠲᠦᠷᠢ ᠲᠦᠷᠬᠦ ᠵᠢ ᠱᠤᠭᠤᠭᠰᠠᠨ ᠪᠠᠢ᠌ᠨ᠎ᠠ᠃
     ᠲᠦᠷᠪᠡ᠎ᠳᠤ ᠠᠷᠠᠳ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠰᠠᠭᠤᠷᠢ ᠲᠦᠭᠦᠭᠡᠷᠦᠮᠵᠢ ᠵᠢ ᠦᠨᠡᠨᠬᠦ ᠰᠠᠢ᠌ᠵᠢᠷᠠᠭᠤᠯᠪᠠ᠃ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠡᠯ᠎ᠡ ᠠᠢ᠌ᠮᠠᠭ ᠬᠤᠲᠠ ᠬᠦᠷᠲᠡᠯᠡᠬᠢ ᠳᠡᠭᠡᠳᠦ ᠲᠣᠳᠣᠴᠠᠲᠤ ᠸᠢᠳᠢᠤ᠋ ᠬᠤᠷᠠᠯ᠎ᠤᠨ ᠰᠢᠰᠲᠸᠮ ᠪᠤᠯᠤᠨ 101 ᠨᠢᠭᠡᠴᠢ ᠵᠢ ᠪᠦᠷᠭᠦᠭᠰᠡᠨ ᠳᠠᠭ᠋ᠠᠭᠤᠯᠢ ᠤᠳᠤᠨ᠎ᠤ ᠸᠢᠳᠢᠤ᠋ ᠰᠢᠰᠲᠸᠮ᠎ᠢ ᠪᠠᠢ᠌ᠭᠤᠯᠪᠠ᠃ ᠤᠤᠯ᠎ᠤᠨ ᠪᠠᠢ᠌ᠭᠰᠠᠨ ᠰᠦᠯᠵᠢᠶᠡᠨ᠎ᠤ ᠲᠦᠭᠦᠭᠡᠷᠦᠮᠵᠢ᠎ᠪᠠᠨ ᠨᠢᠭᠡᠳᠭᠡᠨ᠂ ᠨᠢᠭᠡ ᠰᠦᠯᠵᠢᠶ᠎ᠡ᠂ ᠨᠢᠭᠡ ᠳᠠᠪᠴᠠᠩ᠂ ᠨᠢᠭᠡ ᠳ᠋ᠠᠢ᠌ᠲ᠋ᠠ ᠬᠦᠮᠦᠷᠭᠡ᠎ᠪᠠᠷ ᠭᠤᠤᠯ ᠪᠣᠯᠭ᠋ᠠᠭᠰᠠᠨ ᠡᠯ᠎ᠡ ᠲᠤᠬᠠᠢ᠌ᠯᠠᠭᠰᠠᠨ ᠠᠵᠢᠯ᠎ᠤᠨ ᠰᠢᠰᠲᠸᠮ᠎ᠤᠨ ᠬᠠᠮᠲᠤ᠎ᠪᠠᠷ ᠭᠡᠷᠡᠭᠯᠡᠬᠦ ᠶᠡᠷᠤᠩᠬᠡᠢ᠌ᠯᠡᠭᠰᠡᠨ ᠠᠵᠢᠯ᠎ᠤᠨ ᠳᠠᠪᠴᠠᠩ᠎ᠢ ᠪᠠᠢ᠌ᠭᠤᠯᠪᠠ᠃ 2014 ᠣᠨ᠎ᠳᠤ ᠰᠦᠯᠵᠢᠶᠡᠨ᠎ᠳᠤ ᠨᠡᠢ᠌ᠲᠡ 1.6 ᠲᠦᠮᠡᠨ ᠵᠤᠷᠪᠤᠰ ᠮᠡᠳᠡᠭᠡ ᠵᠠᠩᠭᠢ ᠨᠡᠢ᠌ᠲᠡᠯᠡᠨ᠂ ᠠ᠋ᠨᠡ᠎ᠨᠢ 2013 ᠣᠨ᠎ᠤ 3.3 ᠳᠠᠬᠢᠨ ᠪᠤᠯᠤᠭᠰᠠᠨ ᠵᠶ᠋ᠠᠷ ᠪᠦᠭᠦ ᠤᠯᠤᠰ᠎ᠤᠨ ᠡᠯ᠎ᠡ ᠮᠤᠵᠢ ᠬᠤᠲᠠ ᠵᠢᠨ ᠠᠷᠠᠳ᠎ᠤᠨ ᠶᠠᠪᠤᠳᠠᠯ᠎ᠤᠨ ᠲᠢᠩᠬᠢᠮ (ᠲᠤᠪᠴᠢᠶ᠎ᠠ)᠎ᠤᠨ 5 ᠳ᠋ᠤᠭ᠋ᠠᠷ᠎ᠲᠤ ᠤᠷᠤᠭᠰᠠᠨ ᠪᠠᠢ᠌ᠨ᠎ᠠ᠃
     ᠬᠤᠶᠠᠷ᠂ ᠰᠢᠨ᠎ᠡ ᠪᠠᠢ᠌ᠳᠠᠯ ᠲᠤᠤᠷᠠᠬᠢ ᠠᠷᠠᠳ᠎ᠤᠨ ᠶᠠᠪᠤᠳᠠᠯ᠎ᠤᠨ ᠰᠤᠨᠢᠨ ᠮᠡᠳᠡᠭᠡ ᠤᠬᠠᠭᠤᠯᠭ᠎ᠠ ᠵᠢᠨ ᠠᠵᠢᠯ ᠵᠶ᠋ᠠᠨ ᠨᠠᠷᠢᠨ ᠬᠢᠨᠠᠮᠠᠭ᠋ᠠᠢ ᠰᠠᠢ᠌ᠨ ᠬᠢᠬᠦ ᠭᠡᠷᠡᠭᠲᠡᠢ
     ᠣᠳᠣᠬᠠᠨ᠎ᠳᠤ ᠪᠠ ᠬᠤᠵᠢᠮ᠎ᠤᠨ ᠨᠢᠭᠡᠨ ᠬᠤᠭᠤᠴᠠᠭ᠋ᠠᠨ᠎ᠳᠤ ᠮᠠᠨ᠎ᠤ ᠤᠷᠤᠨ᠎ᠤ ᠠᠷᠠᠳ᠎ᠤᠨ ᠶᠠᠪᠤᠳᠠᠯ᠎ᠤᠨ ᠰᠤᠨᠢᠨ ᠮᠡᠳᠡᠭᠡ ᠤᠬᠠᠭᠤᠯᠭ᠎ᠠ ᠵᠢᠨ ᠠᠵᠢᠯ᠎ᠳᠤ ᠲᠤᠤᠷᠠᠬᠢ ᠮᠠᠳᠤ ᠲᠦᠷᠪᠡᠨ ᠵᠦᠢ᠍ᠯ᠎ᠤᠨ ᠠᠵᠢᠯ᠎ᠢ ᠰᠠᠢ᠌ᠲᠤᠷ ᠬᠢᠬᠦ ᠭᠡᠷᠡᠭᠲᠡᠢ᠃
     ᠨᠢᠭᠡ᠎ᠳᠤ ᠪᠠᠢ᠌ᠳᠠᠯ᠎ᠢ ᠡᠵᠡᠮᠰᠢᠨ᠂ ᠲᠠᠨᠢᠯᠲᠠ᠎ᠪᠠᠨ ᠳᠡᠭᠡᠭᠰᠢᠯᠡᠭᠦᠯᠵᠤ᠂ ᠤᠬᠠᠭᠤᠯᠭ᠎ᠠ ᠵᠢᠨ ᠠᠵᠢᠯ ᠵᠶ᠋ᠠᠨ ᠰᠠᠢ᠌ᠲᠤᠷ ᠬᠢᠬᠦ ᠬᠠᠷᠢᠭᠤᠴᠠᠯᠭ᠋ᠠᠲᠤ ᠤᠪᠤᠷ ᠪᠠ ᠲᠤᠯᠭ᠋ᠠᠮ᠎ᠠ ᠰᠡᠳᠬᠢᠯᠭᠡ᠎ᠪᠠᠨ ᠦᠨᠡᠨᠬᠦ ᠲᠡᠭᠦᠯᠳᠡᠷᠵᠢᠭᠦᠯᠬᠦ ᠭᠡᠷᠡᠭᠲᠡᠢ᠃ ᠤᠳᠤᠬᠠᠨ᠎ᠳᠤ ᠤᠯᠤᠰ ᠪᠤᠯᠤᠨ ᠦᠪᠡᠷᠲᠡᠭᠡᠨ ᠵᠠᠰᠠᠬᠤ ᠤᠷᠤᠨ ᠨᠢᠭᠡᠨᠲᠡ ᠠᠵᠤ ᠠᠬᠤᠢ ᠵᠢᠨ ᠭᠦᠭᠵᠢᠯᠲᠡ ᠵᠢᠨ ᠰᠢᠨ᠎ᠡ ᠬᠡᠪ ᠪᠠᠢ᠌ᠳᠠᠯ᠎ᠳᠤ ᠣᠷᠣᠭ᠋ᠠᠳ ᠪᠠᠢ᠌ᠨ᠎ᠠ᠃ ᠦᠪᠡᠷᠲᠡᠭᠡᠨ ᠵᠠᠰᠠᠬᠤ ᠤᠷᠤᠨ ᠴᠤ᠌ ᠶᠠᠭ ᠰᠠᠢ᠌ᠬᠠᠨ ᠴᠢᠨᠡᠭᠡᠯᠢᠭ ᠨᠡᠢ᠌ᠬᠡᠮ᠎ᠢ ᠪᠦᠭᠦ ᠲᠠᠯ᠎ᠠ᠎ᠪᠠᠷ ᠪᠠᠢ᠌ᠭᠤᠯᠬᠤ ᠪᠠ ᠦᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠰᠢᠢ᠍ᠳᠪᠤᠷᠢᠲᠦ ᠴᠠᠭ ᠬᠤᠭᠤᠴᠠᠭ᠋ᠠᠨ᠎ᠳᠤ᠎ᠪᠠᠨ ᠪᠠᠢ᠌ᠭ᠎ᠠ ᠪᠤᠯᠬᠤᠷ ᠵᠦᠪ ᠲᠠᠯ᠎ᠠ ᠵᠢᠨ ᠤᠬᠠᠭᠤᠯᠭ᠎ᠠ ᠵᠢᠨ ᠠᠵᠢᠯ ᠵᠶ᠋ᠠᠨ ᠴᠢᠩᠭ᠋ᠠᠳᠬᠠᠵᠤ᠂ ᠵᠦᠪ ᠲᠠᠯ᠎ᠠ ᠵᠢᠨ ᠬᠦᠲᠤᠯᠤᠮᠵᠢ᠎ᠪᠠᠨ ᠠ᠋ᠷᠴᠢᠮᠵᠢᠭᠦᠯᠦᠨ᠂ ᠭᠤᠤᠯ ᠬᠦᠭ ᠠᠶᠠᠰ᠎ᠢ ᠳᠠᠭᠤᠷᠢᠰᠬᠠᠵᠤ᠂ ᠢᠳᠡᠪᠬᠢ ᠬᠦᠴᠦᠨ ᠵᠶ᠋ᠠᠨ ᠤᠯᠠᠮᠵᠢᠯᠠᠨ ᠳᠡᠯᠭᠡᠷᠡᠭᠦᠯᠬᠦ ᠶᠠᠪᠤᠳᠠᠯ ᠲᠤᠯᠭ᠋ᠠᠮ᠎ᠠ ᠱᠠᠭ᠋ᠠᠷᠳᠠᠭᠳᠠᠵᠤ ᠪᠤᠢ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠰᠤᠨᠢᠨ ᠮᠡᠳᠡᠭᠡ ᠤᠬᠠᠭᠤᠯᠭ᠎ᠠ ᠵᠢᠨ ᠠᠵᠢᠯ ᠵᠶ᠋ᠠᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠭᠦᠭᠵᠢᠯᠲᠠ ᠵᠢ ᠲᠦᠯᠬᠢᠨ ᠤᠷᠤᠭᠰᠢᠯᠠᠭᠤᠯᠬᠤ ᠢᠳᠡᠲᠡᠢ ᠪᠠᠲᠤᠯᠠᠭ᠎ᠠ ᠪᠤᠯᠭ᠋ᠠᠵᠤ᠂ ᠠ᠋ᠳᠦᠷ ᠲᠤᠳᠤᠮ᠎ᠤᠨ ᠴᠢᠬᠤᠯᠠ ᠵᠦᠪᠯᠡᠬᠦ ᠵᠦᠢ᠍ᠯ᠎ᠳᠤ᠎ᠪᠠᠨ ᠤᠷᠤᠭᠤᠯᠤᠨ᠂ ᠠᠷᠠᠳ᠎ᠤᠨ ᠶᠠᠪᠤᠳᠠᠯ᠎ᠤᠨ ᠦᠢ᠍ᠯᠡᠰ᠎ᠢ ᠬᠦᠭᠵᠢᠭᠦᠯᠬᠦ ᠶᠡᠷᠦᠩᠬᠡᠢ ᠲᠦᠯᠦᠪᠵᠢᠭᠦᠯᠭᠡ ᠪᠤᠯᠤᠨ ᠵᠢᠯ᠎ᠤᠨ ᠲᠦᠯᠦᠪᠯᠡᠭᠡᠨ᠎ᠳᠤ᠎ᠪᠠᠨ ᠤᠷᠤᠭᠤᠯᠵᠤ᠂ ᠭᠤᠤᠯ ᠤᠳᠤᠷᠢᠳᠤᠯᠭ᠎ᠠ ᠲᠦᠷᠦᠭᠦᠯᠦᠨ ᠠᠳᠬᠤᠵᠤ᠂ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ ᠦᠷᠭᠦᠯᠵᠢᠳᠡ ᠪᠤᠳᠠᠲᠠᠢ ᠠᠳᠬᠤᠬᠤ ᠵᠢ ᠦᠨᠡᠨᠬᠦ ᠪᠤᠢ ᠪᠤᠯᠭ᠋ᠠᠬᠤ ᠬᠡᠷᠡᠭᠲᠡᠢ᠃ ᠰᠤᠨᠢᠨ ᠮᠡᠳᠡᠭᠡ ᠤᠬᠠᠭᠤᠯᠭ᠎ᠠ ᠵᠢᠨ ᠠᠵᠢᠯ ᠵᠶ᠋ᠠᠨ ᠳᠠᠰᠤᠷᠠᠯᠲᠠ ᠦᠭᠡᠢ ᠴᠢᠩᠭ᠋ᠠᠳᠬᠠᠵᠤ ᠠᠷᠠᠳ᠎ᠤᠨ ᠶᠠᠪᠤᠳᠠᠯ᠎ᠤᠨ ᠰᠤᠨᠢᠨ ᠮᠡᠳᠡᠭᠡ ᠤᠬᠠᠭᠤᠯᠭ᠎ᠠ ᠵᠢᠨ ᠠ᠋ᠩᠨᠡᠭᠡ᠎ᠪᠠᠨ ᠪᠤᠵᠠᠭ᠋ᠠᠢ᠌ᠷᠠᠭᠤᠯᠤᠨ᠂ ᠠᠵᠢᠯ᠎ᠤᠨ ᠴᠢᠳᠠᠪᠤᠷᠢ ᠪᠤᠯᠤᠨ ᠬᠢᠷᠢ ᠲᠦᠪᠰᠢᠨ᠎ᠢ᠎ᠨᠢ ᠳᠠᠰᠤᠷᠠᠯᠲᠠ ᠦᠭᠡᠢ ᠳᠡᠭᠡᠭᠰᠢᠯᠡᠭᠦᠯᠬᠦ ᠭᠡᠷᠡᠭᠲᠡᠢ᠃
     ᠬᠤᠶᠠᠷ᠎ᠲᠤ ᠭᠤᠤᠯᠳᠠᠯᠭ᠎ᠠ᠎ᠪᠠᠨ ᠲᠤᠪᠤᠢ᠌ᠯᠭ᠋ᠠᠨ᠂ ᠰᠤᠨᠢᠨ ᠮᠡᠳᠡᠭᠡ ᠤᠬᠠᠭᠤᠯᠭ᠎ᠠ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠭᠦᠭᠵᠢᠯᠲᠡ ᠵᠢ ᠲᠦᠯᠬᠢᠨ ᠤᠷᠤᠭᠰᠢᠯᠠᠭᠤᠯᠬᠤ ᠪᠠᠳᠤᠯᠠᠭ᠎ᠠ ᠵᠢᠨ ᠦᠢ᠍ᠯᠡᠳᠦᠯ᠎ᠢ ᠦᠨᠡᠨᠬᠦ ᠪᠠᠳᠠᠷᠠᠭᠤᠯᠬᠤ ᠭᠡᠷᠡᠭᠲᠡᠢ᠃ ᠰᠤᠨᠢᠨ ᠮᠡᠳᠡᠭᠡ ᠤᠬᠠᠭᠤᠯᠭ᠎ᠠ᠎ᠨᠢ ᠠᠷᠠᠳ᠎ᠤᠨ ᠶᠠᠪᠤᠳᠠᠯ᠎ᠤᠨ ᠠᠵᠢᠯ᠎ᠤᠨ ᠭᠤᠤᠯᠳᠠᠯᠭ᠎ᠠ ᠵᠢᠨ ᠲᠤᠭᠤᠷᠢᠨ᠎ᠳᠤ᠂ ᠨᠠᠮ᠎ᠤᠨ ᠲᠦᠪ ᠬᠣᠷᠢᠶᠠᠨ᠎ᠤ 《ᠦᠨᠳᠤᠰᠤ ᠵᠢ᠎ᠨᠢ ᠪᠠᠲᠤᠯᠠᠨ᠂ ᠳᠤᠲᠠᠭᠤ ᠵᠢ᠎ᠨᠢ ᠨᠦᠬᠦᠵᠤ᠂ ᠳᠣᠣᠷᠠᠬᠢ ᠵᠢ᠎ᠨᠢ ᠳᠠᠭ᠋ᠠᠭ᠋ᠠᠬᠤ》 ᠪᠠ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠰᠢᠰᠲᠸᠮ᠎ᠢ ᠳᠡᠭᠦᠯᠳᠡᠷᠵᠢᠭᠦᠯᠦᠨ᠂ ᠰᠢᠨ᠎ᠡ ᠮᠠᠶᠢᠭ᠎ᠤᠨ ᠬᠤᠲᠠ ᠪᠠᠯᠭ᠋ᠠᠰᠤᠵᠢᠯᠲᠠ ᠵᠢ ᠲᠦᠯᠬᠢᠨ ᠤᠷᠤᠭᠰᠢᠯᠠᠭᠤᠯᠵᠤ᠂ ᠨᠠᠰᠤᠲᠠᠨ᠎ᠢ ᠠᠰᠠᠷᠠᠬᠤ ᠦᠢ᠍ᠯᠡᠴᠢᠯᠡᠭᠡᠨ᠎ᠤ ᠦᠢ᠍ᠯᠡᠰ᠎ᠤᠨ ᠭᠦᠭᠵᠢᠯᠲᠡ ᠵᠢ ᠲᠦᠷᠭᠡᠳᠭᠡᠬᠦ ᠵᠡᠷᠭᠡ ᠠᠯᠢ ᠤᠯᠠᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠠ ᠪᠠᠢ᠌ᠷᠢᠯᠠᠭᠤᠯᠤᠯᠲᠠ ᠵᠢ ᠠᠳᠬᠤᠨ᠂ ᠠᠷᠠᠳ᠎ᠤᠨ ᠶᠠᠪᠤᠳᠠᠯ᠎ᠤᠨ ᠠᠵᠢᠯ᠎ᠤᠨ ᠭᠢᠯᠠᠰ ᠴᠡᠭ᠎ᠢ ᠢᠯᠡᠷᠡᠭᠦᠯᠬᠦ ᠭᠡᠷᠡᠭᠲᠡᠢ᠃ ᠠ᠋ᠳᠡᠭᠡᠷ ᠭᠢᠯᠠᠰ ᠴᠡᠭ᠎ᠲᠤ᠎ᠬᠢ ᠡᠯ᠎ᠡ ᠲᠠᠯ᠎ᠠ ᠵᠢᠨ ᠰᠢᠨ᠎ᠡ ᠠᠮᠵᠢᠯᠲᠠ᠂ ᠰᠢᠨ᠎ᠡ ᠳᠤᠷᠰᠢᠯᠭ᠎ᠠ᠂ ᠰᠢᠨ᠎ᠡ ᠬᠤᠪᠢᠷᠠᠯᠲᠠ᠂ ᠰᠢᠨ᠎ᠡ ᠤᠨᠴᠠᠯᠢᠭ᠎ᠨᠢ ᠴᠦᠮ ᠰᠤᠨᠢᠨ ᠮᠡᠳᠡᠭᠡ ᠤᠬᠠᠭᠤᠯᠭ᠎ᠠ ᠵᠢᠨ ᠠᠵᠢᠯᠳᠠᠨ᠎ᠤ ᠴᠠᠭ ᠲᠤᠬᠠᠢ᠎ᠳᠤ᠎ᠨᠢ ᠪᠤᠯᠪᠠᠰᠤᠷᠠᠭᠤᠯᠤᠨ ᠲᠤᠰᠬᠠᠵᠤ ᠤᠬᠠᠭᠤᠯᠬᠤ ᠵᠢ ᠱᠠᠭ᠋ᠠᠷᠳᠠᠵᠤ ᠪᠠᠢ᠌ᠭ᠎ᠠ ᠪᠤᠯᠬᠤᠷ ᠴᠢᠭᠯᠡᠭᠦᠯᠬᠦ ᠴᠢᠨᠠᠷᠲᠠᠢ᠎ᠪᠠᠷ ᠤᠬᠠᠭᠤᠯᠭ᠎ᠠ ᠵᠢᠨ ᠠᠵᠢᠯ ᠵᠶ᠋ᠠᠨ ᠰᠠᠢ᠌ᠲᠤᠷ ᠬᠢᠬᠦ ᠭᠡᠷᠡᠭᠲᠡᠢ᠃
     ᠭᠣᠷᠪᠠ᠎ᠳᠤ ᠳᠠᠪᠴᠠᠩ ᠵᠶ᠋ᠠᠨ ᠰᠠᠢ᠌ᠲᠤᠷ ᠪᠠᠢ᠌ᠭᠤᠯᠤᠨ᠂ ᠢᠳᠡᠪᠬᠢᠲᠡᠢ ᠠᠵᠢᠯᠯᠠᠵᠤ᠂ ᠠᠷᠠᠳ᠎ᠤᠨ ᠶᠠᠪᠤᠳᠠᠯ᠎ᠤᠨ ᠰᠤᠨᠢᠨ ᠮᠡᠳᠡᠭᠡ ᠤᠬᠠᠭᠤᠯᠭ᠎ᠠ ᠵᠢᠨ ᠠᠵᠢᠯ᠎ᠤᠨ ᠶᠠᠰᠤ ᠴᠢᠨᠠᠷ ᠪᠠ ᠬᠢᠷᠢ ᠬᠡᠮᠵᠢᠶ᠎ᠡ᠎ᠪᠠᠨ ᠳᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠤᠯ ᠵᠠᠭᠤᠴᠢᠯᠠᠭᠤᠷ᠎ᠯᠤᠭ᠎ᠠ ᠵᠢᠨ ᠠᠵᠢᠯ᠎ᠤᠨ ᠬᠠᠷᠢᠴᠠᠭ᠎ᠠ᠎ᠪᠠᠨ ᠴᠢᠩᠭ᠋ᠠᠳᠬᠠᠵᠤ᠂ ᠲᠡᠳᠡᠨ᠎ᠳᠤ ᠠᠯᠢ ᠴᠢᠳᠠᠬᠣᠢ᠌ᠴᠠ ᠠᠷᠪᠢᠨ ᠰᠤᠨᠢᠨ ᠮᠡᠳᠡᠭᠡᠨ᠎ᠤ ᠪᠤᠷᠤ ᠮᠠᠲᠸᠷᠢᠶᠠᠯ᠎ᠢ ᠬᠠᠩᠭ᠋ᠠᠨ᠂ ᠮᠠᠨ᠎ᠤ ᠤᠷᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠤᠨᠴᠠᠯᠢᠭ᠂ ᠭᠢᠯᠠᠰ ᠴᠡᠭ ᠪᠤᠯᠤᠨ ᠤᠯᠤᠭᠰᠠᠨ ᠠᠮᠵᠢᠯᠲᠠ ᠵᠢ ᠴᠠᠭ ᠳᠤᠬᠠᠢ᠎ᠳᠤ᠎ᠨᠢ ᠣᠢ᠌ᠯᠠᠭ᠋ᠠᠭᠤᠯᠵᠤ᠂ ᠮᠠᠨ᠎ᠤ ᠤᠷᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠨᠦᠯᠦᠭᠡᠯᠡᠬᠦ ᠬᠦᠴᠦᠨ᠎ᠢ ᠳᠠᠰᠤᠷᠠᠯᠲᠠ ᠦᠭᠡᠢ ᠳᠡᠭᠡᠭᠰᠢᠯᠡᠭᠦᠯᠬᠦ ᠭᠡᠷᠡᠭᠲᠡᠢ᠃ ᠲᠤᠰ ᠱᠠᠲᠤᠨ᠎ᠤ᠎ᠪᠠᠨ ᠵᠠᠭᠤᠴᠢᠯᠠᠭᠤᠷ᠎ᠢ ᠬᠦᠢ᠍ᠴᠠᠳ ᠠᠰᠢᠭᠯᠠᠨ᠂ ᠠ᠋ᠭᠡ ᠪᠢᠴᠢᠭ ᠶᠠᠪᠤᠭᠤᠯᠬᠤ ᠨᠤᠷᠮ᠎ᠠ ᠪᠠ ᠮᠡᠳᠡᠭᠡ ᠵᠠᠩᠭᠢ ᠳᠠᠮᠵᠢᠭᠤᠯᠬᠤ ᠲᠤᠭ᠎ᠠ᠎ᠪᠠᠨ ᠨᠡᠮᠡᠭᠳᠡᠭᠦᠯᠬᠦ ᠭᠡᠷᠡᠭᠲᠡᠢ᠃ 《ᠦᠪᠦᠷ ᠮᠤᠩᠭᠤᠯ᠎ᠤᠨ ᠠᠷᠠᠳ᠎ᠤᠨ ᠶᠠᠪᠤᠳᠠᠯ》 ᠪᠤᠯᠤᠨ ᠠᠷᠠᠳ᠎ᠤᠨ ᠶᠠᠪᠤᠳᠠᠯ᠎ᠤᠨ ᠪᠠᠢ᠌ᠭᠤᠯᠭ᠎ᠠ ᠵᠢᠨ ᠰᠦᠯᠵᠢᠶᠡᠨ᠎ᠤ ᠦᠷᠲᠡᠭᠡᠨ᠎ᠤ ᠦᠢ᠍ᠯᠡᠳᠦᠯ ᠵᠶ᠋ᠠᠨ ᠬᠦᠢ᠍ᠴᠡᠳ ᠪᠠᠳᠠᠷᠠᠭᠤᠯᠤᠨ᠂ ᠠᠷᠠᠳ᠎ᠤᠨ ᠶᠠᠪᠤᠳᠠᠯ᠎ᠤᠨ ᠮᠡᠳᠡᠭᠡ ᠵᠠᠩᠭᠢ ᠨᠡᠢ᠌ᠲᠡᠯᠡᠬᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ᠂ ᠤᠯᠠᠨ ᠲᠦᠮᠡᠨ᠎ᠤ ᠤᠴᠢᠷ ᠶᠠᠪᠤᠳᠠᠯ ᠵᠶ᠋ᠠᠨ ᠬᠦᠢ᠍ᠴᠡᠳᠭᠡᠬᠦ ᠪᠠ ᠵᠠᠬᠢᠳᠠᠯ ᠰᠤᠷᠪᠤᠯᠵᠢᠯᠠᠭ᠎ᠠ ᠵᠢ᠎ᠨᠢ ᠬᠦᠯᠢᠶᠡᠨ ᠠᠪᠬᠤ ᠭᠦᠭᠦᠷᠭᠡ ᠵᠢᠨ ᠦᠢ᠍ᠯᠡᠳᠦᠯ ᠵᠶ᠋ᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠨᠦᠯᠦᠭᠡᠯᠡᠬᠦ ᠬᠦᠴᠦᠨ ᠪᠤᠯᠤᠨ ᠪᠦᠷᠬᠦᠴᠡ᠎ᠪᠠᠨ ᠳᠠᠰᠤᠷᠠᠯᠲᠠ ᠦᠭᠡᠢ ᠦᠷᠭᠡᠳᠭᠡᠬᠦ ᠬᠡᠷᠡᠭᠲᠡᠢ᠃
     ᠲᠦᠷᠪᠡ᠎ᠳᠤ ᠲᠤᠭᠲᠠᠴᠠ᠎ᠪᠠᠨ ᠲᠡᠭᠦᠯᠳᠡᠷᠵᠢᠭᠦᠯᠦᠨ᠂ ᠪᠠᠲᠤᠯᠠᠭ᠎ᠠ᠎ᠪᠠᠨ ᠴᠢᠩᠭ᠋ᠠᠳᠬᠠᠵᠤ᠂ ᠠᠷᠠᠳ᠎ᠤᠨ ᠶᠠᠪᠤᠳᠠᠯ᠎ᠤᠨ ᠰᠤᠨᠢᠨ ᠮᠡᠳᠡᠭᠡ ᠤᠬᠠᠭᠤᠯᠭ᠎ᠠ ᠵᠢᠨ ᠠᠵᠢᠯ᠎ᠤᠨ ᠠ᠋ᠷᠡᠭᠦᠯ ᠵᠶ᠋ᠠᠷ ᠬᠦᠭᠵᠢᠬᠦ ᠵᠢ ᠦᠷᠬᠦᠯᠵᠢᠯᠡᠨ ᠲᠦᠯᠬᠢᠨ ᠤᠷᠤᠭᠰᠢᠯᠠᠭᠤᠯᠬᠤ ᠭᠡᠷᠡᠭᠲᠡᠢ᠃ ᠨᠢᠭᠡ᠎ᠳᠤ ᠬᠡᠨᠡᠳᠲᠡ ᠠ᠋ᠭᠦᠰᠦᠭᠰᠡᠨ ᠤᠯᠠᠨ ᠨᠡᠢ᠌ᠲᠡ ᠵᠢᠨ ᠬᠡᠷᠡᠭ᠎ᠢ ᠠᠷᠭ᠋ᠠᠴᠠᠬᠤ ᠲᠤᠭᠲᠠᠴᠠ᠎ᠪᠠᠨ ᠲᠡᠭᠦᠯᠳᠡᠷᠵᠢᠭᠦᠯᠵᠤ᠂ ᠰᠦᠯᠵᠢᠶ᠎ᠡ᠂ ᠭᠠᠷ ᠤᠲᠠᠰᠤ᠂ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ᠎ᠢ ᠠᠷᠭ᠋ᠠᠴᠠᠭ᠋ᠠᠬᠤ ᠠᠷᠭ᠎ᠠ ᠪᠠᠷᠢᠯ ᠵᠶ᠋ᠠᠨ ᠴᠢᠩᠭ᠋ᠠᠳᠬᠠᠨ᠂ ᠦᠨᠳᠤᠰᠤᠨ ᠪᠣᠯᠪᠠᠰᠤᠷᠠᠯ ᠵᠶ᠋ᠠᠨ ᠰᠠᠢ᠌ᠨ ᠬᠢᠵᠤ ᠴᠢᠳᠠᠮᠠᠭ᠋ᠠᠢ᠌ᠵᠢᠬᠤ ᠭᠡᠷᠡᠭᠲᠡᠢ᠃ ᠬᠤᠶᠠᠷ᠎ᠲᠤ ᠰᠢᠨ᠎ᠡ ᠵᠠᠭᠤᠴᠢᠯᠠᠭᠤᠷ᠎ᠤᠨ ᠬᠡᠷᠡᠭᠯᠡᠯᠲᠡ ᠵᠢᠨ ᠲᠤᠭᠲᠠᠴᠠ᠎ᠪᠠᠨ ᠲᠡᠭᠦᠯᠳᠡᠷᠵᠢᠭᠦᠯᠵᠤ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠢᠨᠲᠸᠷ ᠰᠦᠯᠵᠢᠶ᠎ᠡ᠎ᠪᠠᠨ ᠠ᠋ᠷᠭᠡ ᠳᠡᠭᠰᠢ᠎ᠪᠠᠷ ᠬᠠᠷᠢᠯᠴᠠᠨ ᠤᠢ᠌ᠯᠡᠳᠤᠯᠴᠡᠵᠤ ᠰᠤᠯᠢᠯᠴᠠᠳᠠᠭ ᠤᠨᠴᠠᠯᠢᠭ᠎ᠲᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠪᠢᠴᠢᠯ ᠪᠦᠷᠭᠡ᠂ ᠸᠢᠴᠠᠲ ᠪᠤᠯᠤᠨ ᠬᠡᠷᠡᠭᠯᠡᠭᠴᠢ ᠵᠢᠨ ᠲᠠᠯ᠎ᠠ ᠵᠢ ᠠᠰᠢᠭᠯᠠᠨ ᠤᠬᠠᠭᠤᠯᠭ᠎ᠠ ᠵᠢᠨ ᠠᠵᠢᠯ ᠵᠶ᠋ᠠᠨ ᠢᠳᠡᠪᠬᠢᠳᠠᠢ ᠦᠷᠨᠢᠭᠦᠯᠬᠦ ᠦᠢ᠍ᠯᠡᠳᠦᠯᠭᠡ ᠰᠦᠪᠡᠭᠴᠢᠯᠡᠯᠲᠡ ᠬᠢᠬᠦ ᠭᠡᠷᠡᠭᠲᠡᠢ᠃ ᠭᠤᠷᠪᠡ᠎ᠳᠤ ᠬᠢᠨᠠᠨ ᠰᠢᠯᠭ᠋ᠠᠵᠤ ᠦᠨᠡᠯᠡᠬᠦ ᠲᠤᠭᠲᠠᠴᠠ᠎ᠪᠠᠨ ᠪᠠᠢ᠌ᠭᠤᠯᠤᠨ᠂ ᠭᠤᠤᠯᠳᠠᠯᠭ᠎ᠠ᠎ᠲᠠᠢ ᠠᠵᠢᠯ ᠵᠶ᠋ᠠᠨ ᠦᠨᠡᠯᠡᠬᠦ ᠵᠡᠷᠭᠡ ᠠᠷᠭ᠎ᠠ ᠪᠠᠷᠢᠯ ᠵᠶ᠋ᠠᠷ ᠰᠤᠨᠢᠨ ᠮᠡᠳᠡᠭᠡ ᠤᠬᠠᠭᠤᠯᠭ᠎ᠠ ᠵᠢᠨ ᠠᠵᠢᠯ᠎ᠤᠨ ᠲᠤᠬᠠᠢ ᠬᠢᠨᠠᠨ ᠪᠠᠢ᠌ᠴᠠᠭ᠋ᠠᠯᠲᠠ ᠵᠢ ᠴᠢᠩᠭ᠋ᠠᠳᠬᠠᠨ᠂ ᠰᠤᠨᠢᠨ ᠮᠡᠳᠡᠭᠡ ᠤᠬᠠᠭᠤᠯᠭ᠎ᠠ ᠵᠢᠨ ᠠᠵᠢᠯ᠎ᠤᠨ ᠱᠠᠩᠨᠠᠵᠤ ᠲᠤᠷᠭ᠋ᠠᠬᠤ ᠠᠷᠭ᠎ᠠ ᠬᠡᠮᠵᠢᠶ᠎ᠡ᠎ᠪᠠᠨ ᠰᠤᠳᠤᠯᠤᠨ ᠲᠤᠭᠲᠠᠭ᠋ᠠᠵᠤ᠂ ᠰᠤᠨᠢᠨ ᠮᠡᠳᠡᠭᠡ ᠤᠬᠠᠭᠤᠯᠭ᠎ᠠ ᠵᠢᠨ ᠠᠵᠢᠯ᠎ᠳᠤ ᠬᠦᠮᠦᠨ ᠪᠦᠭᠦᠨ ᠤᠷᠤᠯᠴᠠᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠬᠦᠮᠦᠨ ᠪᠦᠭᠦᠳᠡ ᠮᠡᠳᠡᠭᠡᠯᠡᠬᠦ ᠰᠠᠢ᠌ᠨ ᠰᠠᠢ᠌ᠬᠠᠨ ᠠᠬᠤᠢ ᠪᠠᠢ᠌ᠳᠠᠯ᠎ᠢ ᠪᠤᠢ ᠪᠤᠯᠭ᠋ᠠᠬᠤ᠎ᠪᠠᠷ ᠴᠢᠷᠮᠠᠢ᠌ᠬᠤ ᠭᠡᠷᠡᠭᠲᠡᠢ᠃
     ᠭᠤᠷᠪᠠ᠂ ᠠᠷᠠᠳ᠎ᠤᠨ ᠶᠠᠪᠤᠳᠠᠯ᠎ᠤᠨ ᠮᠡᠳᠡᠭᠡ ᠵᠠᠩᠬᠢᠵᠢᠯᠲᠠ ᠵᠢᠨ ᠪᠠᠢ᠌ᠭᠤᠯᠤᠯᠲᠠ ᠵᠢᠨ ᠬᠢᠷᠢ ᠲᠦᠪᠰᠢᠨ᠎ᠢ ᠳᠠᠰᠤᠷᠠᠯᠲᠠ ᠦᠭᠡᠢ ᠳᠡᠭᠡᠭᠰᠢᠯᠡᠬᠦᠯᠬᠦ ᠬᠡᠷᠡᠭᠲᠡᠢ
     2015 ᠤᠨ᠎ᠳᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠮᠡᠳᠡᠭᠡ ᠵᠠᠩᠬᠢᠵᠢᠯᠲᠠ ᠵᠢᠨ ᠪᠠᠢ᠌ᠭᠤᠯᠤᠯᠲᠠ ᠵᠢᠨ ᠦᠷ᠎ᠡ ᠠᠰᠢᠭ ᠵᠶ᠋ᠠᠨ ᠳᠡᠭᠡᠭᠰᠢᠯᠡᠭᠦᠯᠬᠦ᠎ᠪᠠᠷ ᠬᠠᠷᠠᠯᠲᠠ ᠪᠤᠯᠭ᠋ᠠᠵᠤ᠂ ᠲᠤᠤᠷᠠᠬᠢ ᠬᠡᠳᠦᠨ ᠲᠠᠯ᠎ᠠ ᠵᠢᠨ ᠠᠵᠢᠯ ᠵᠶ᠋ᠠᠨ ᠰᠠᠢ᠌ᠲᠤᠷ ᠠᠳᠬᠤᠬᠤ ᠭᠡᠷᠡᠭᠲᠡᠢ᠃
     ᠨᠢᠭᠡ᠎ᠳᠤ ᠵᠤᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠭᠡᠷᠡᠭᠲᠡᠢ᠃ ᠬᠤᠭᠤᠴᠠᠭ᠎ᠠ ᠲᠤᠭᠲᠠᠭ᠋ᠠᠨ ᠵᠠᠳᠠᠯᠬᠤ ᠪᠠ ᠴᠢᠬᠤᠯᠠ ᠶᠡᠬᠡ ᠠᠰᠠᠭᠤᠳᠠᠯ᠎ᠳᠤ ᠰᠢᠢ᠍ᠳᠪᠤᠷᠢ ᠳᠣᠭᠳᠠᠭ᠋ᠠᠯ ᠭᠠᠷᠭ᠋ᠠᠬᠤ ᠲᠤᠭᠲᠠᠴᠠ᠎ᠪᠠᠨ ᠪᠠᠢ᠌ᠭᠤᠯᠤᠨ ᠲᠡᠭᠦᠯᠳᠡᠷᠵᠢᠭᠦᠯᠵᠤ᠂ ᠮᠡᠳᠡᠭᠡ ᠵᠠᠩᠬᠢᠵᠢᠯᠲᠠ ᠵᠢᠨ ᠪᠠᠢ᠌ᠭᠤᠯᠤᠯᠲᠠ ᠵᠢᠨ ᠲᠤᠮᠳᠠᠬᠢ ᠠᠰᠠᠭᠤᠳᠠᠯ᠎ᠢ ᠰᠤᠳᠤᠯᠵᠤ ᠰᠢᠢ᠍ᠳᠪᠦᠷᠢᠯᠡᠨ᠂ ᠮᠡᠳᠡᠭᠡ ᠵᠠᠩᠬᠢᠵᠢᠯᠲᠠ ᠵᠢᠨ ᠪᠠᠢ᠌ᠭᠤᠯᠤᠯᠲᠠ᠎ᠪᠠᠨ ᠲᠦᠷᠭᠡᠳᠭᠡᠬᠦ ᠭᠡᠷᠡᠭᠲᠡᠢ᠃
     ᠬᠤᠶᠠᠷ᠎ᠲᠤ ᠤᠳᠤᠬᠢ ᠠ᠋ᠬᠢ ᠪᠠᠶᠠᠯᠢᠭ ᠵᠶ᠋ᠠᠨ ᠨᠢᠭᠡᠳᠬᠡᠬᠦ ᠭᠡᠷᠡᠭᠲᠡᠢ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠨᠢ ᠦᠢ᠍ᠯᠡᠴᠢᠯᠡᠭᠡᠨ᠎ᠤ ᠴᠢᠳᠠᠪᠤᠷᠢ ᠪᠤᠯᠤᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠵᠢᠨ ᠲᠤᠭᠤᠷᠢᠨ᠎ᠳᠤ᠂ ᠠᠷᠠᠳ᠎ᠤᠨ ᠶᠠᠪᠤᠳᠠᠯ᠎ᠤᠨ ᠡᠯ᠎ᠡ ᠬᠡᠪᠴᠢᠶᠡᠨ᠎ᠳᠤ᠎ᠬᠢ ᠮᠡᠳᠡᠭᠡ ᠵᠠᠩᠬᠢᠵᠢᠯᠲᠠ ᠵᠢᠨ ᠪᠠᠢ᠌ᠭᠤᠯᠤᠯᠲᠠ᠎ᠪᠠᠨ ᠨᠢᠭᠡᠳᠦᠯᠲᠡᠢ ᠲᠦᠯᠦᠪᠵᠢᠭᠦᠯᠵᠤ᠂ ᠤᠳᠤᠬᠢ ᠠ᠋ᠬᠢ ᠪᠠᠶᠠᠯᠢᠭ ᠵᠶ᠋ᠠᠨ ᠠᠮᠢᠳᠤᠯᠢᠭᠵᠢᠭᠤᠯᠤᠨ᠂ ᠬᠡᠷᠡᠭᠯᠡᠯᠲᠡ ᠵᠢᠨ ᠦᠷ᠎ᠡ ᠠᠰᠢᠭ ᠵᠶ᠋ᠠᠨ ᠶᠡᠬᠡᠬᠡᠨ ᠳᠡᠭᠡᠭᠰᠢᠯᠡᠭᠦᠯᠬᠦ ᠭᠡᠷᠡᠭᠲᠡᠢ᠃
     ᠭᠤᠷᠪᠠ᠎ᠳᠤ ᠰᠦᠯᠵᠢᠶᠡᠨ᠎ᠤ ᠲᠦᠷᠢᠮ᠎ᠤᠨ ᠦᠭᠡᠷᠡᠴᠢᠯᠡᠯᠲᠡ ᠵᠢᠨ ᠠ᠋ᠭᠦᠷᠭᠡ᠎ᠪᠠᠨ ᠨᠠᠢ᠌ᠲᠠᠪᠤᠷᠢᠵᠢᠭᠤᠯᠬᠤ ᠬᠡᠷᠡᠭᠲᠡᠢ᠃ ᠠᠷᠠᠳ᠎ᠤᠨ ᠶᠠᠪᠤᠳᠠᠯ᠎ᠤᠨ ᠶᠠᠮᠤᠨ᠎ᠤ ᠰᠦᠯᠵᠢᠶᠡᠨ᠎ᠤ ᠬᠠᠮᠢᠶᠠᠷᠤᠯᠲᠠ ᠵᠢᠨ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ᠎ᠪᠠᠷ ᠡᠯ᠎ᠡ ᠠᠢ᠌ᠮᠠᠭ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠰᠦᠯᠵᠢᠶᠡᠨ᠎ᠤ ᠦᠷᠲᠡᠭᠡ ᠵᠢ ᠤᠷᠤᠨ ᠨᠤᠲᠤᠭ᠎ᠤᠨ ᠵᠠᠰᠠᠭ᠎ᠤᠨ ᠤᠷᠳᠤᠨ᠎ᠤ ᠳᠠᠪᠴᠠᠩ᠎ᠳᠤ ᠳᠠᠷᠤᠢ ᠲᠦᠷᠭᠡᠨ ᠰᠢᠯᠵᠢᠭᠦᠯᠵᠤ᠂ ᠠᠷᠠᠳ᠎ᠤᠨ ᠶᠠᠪᠤᠳᠠᠯ᠎ᠤᠨ ᠶᠠᠮᠤᠨ᠎ᠤ ᠰᠦᠯᠵᠢᠶᠡᠨ᠎ᠠᠴᠠ ᠰᠠᠯᠭ᠋ᠠᠬᠤ ᠬᠡᠷᠡᠭᠲᠡᠢ᠃ ᠬᠤᠰᠢᠭᠤ ᠰᠢᠶᠡᠨ᠎ᠤ ᠠᠷᠠᠳ᠎ᠤᠨ ᠶᠠᠪᠤᠳᠠᠯ᠎ᠤᠨ ᠰᠦᠯᠵᠢᠶᠡᠨ ᠦᠷᠲᠡᠭᠡ ᠵᠢ ᠪᠦᠭᠦᠨ᠎ᠢ ᠬᠠᠰᠤᠨ᠂ ᠠᠰᠲᠠᠭ᠋ᠠᠨ ᠰᠦᠯᠵᠢᠶᠡᠨ ᠦᠷᠲᠡᠭᠡ ᠭᠠᠷᠭ᠋ᠠᠭᠤᠯᠬᠤ ᠦᠭᠡᠢ ᠪᠤᠯᠭ᠋ᠠᠵᠤ᠂ ᠲᠤᠬᠠᠢ ᠵᠢᠨ ᠭᠠᠵᠠᠷ᠎ᠤᠨ ᠵᠠᠰᠠᠭ᠎ᠤᠨ ᠤᠷᠳᠤᠨ᠎ᠤ ᠰᠦᠯᠵᠢᠶᠡᠨ ᠦᠷᠲᠡᠭᠡ᠎ᠳᠤ ᠵᠤᠬᠢᠬᠤ ᠪᠤᠯᠤᠩ ᠪᠠ ᠰᠤᠪᠠᠭ ᠭᠠᠷᠭ᠋ᠠᠭᠤᠯᠬᠤ ᠵᠡᠷᠭᠡ ᠬᠡᠯᠪᠡᠷᠢ᠎ᠪᠠᠷ ᠰᠦᠯᠵᠢᠶᠡᠨ᠎ᠤ ᠤᠬᠠᠭᠤᠯᠭ᠎ᠠ ᠬᠢᠯᠭᠡᠨ᠎ᠡ᠃ ᠬᠤᠵᠢᠮ ᠰᠦᠯᠵᠢᠶᠡᠨ ᠦᠷᠲᠡᠭᠡᠨ᠎ᠤ ᠮᠡᠳᠡᠭᠡ ᠵᠠᠩᠭᠢ ᠵᠢᠨ ᠠᠭᠤᠯᠭ᠎ᠠ ᠪᠦᠲᠤᠴᠡ ᠪᠤᠯᠤᠨ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠰᠢᠢ᠍ᠳᠪᠦᠷᠢᠯᠡᠬᠦ ᠠᠵᠢᠯ᠎ᠢ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠠᠯᠪᠠᠨ ᠭᠡᠷ᠎ᠲᠤ ᠨᠢᠭᠡᠳᠦᠯᠲᠡᠢ ᠬᠠᠷᠢᠭᠤᠴᠠᠭᠤᠯᠵᠤ᠂ ᠲᠦᠷᠦ ᠵᠢᠨ ᠪᠤᠳᠤᠯᠭ᠎ᠠ᠎ᠳᠤ ᠲᠠᠢ᠌ᠯᠤᠮᠵᠢ ᠬᠢᠬᠦ ᠭᠦᠴᠤᠯᠡᠴᠡ᠎ᠪᠠᠨ ᠨᠡᠮᠡᠭᠳᠡᠭᠦᠯᠦᠨ᠂ ᠨᠡᠢ᠌ᠬᠡᠮ᠎ᠤᠨ ᠬᠠᠯᠠᠮᠰᠢᠯ ᠴᠡᠭ᠎ᠤᠨ ᠲᠤᠬᠠᠢ ᠰᠠᠢ᠌ᠲᠤᠷ ᠬᠠᠷᠢᠭᠤᠯᠲᠠ ᠦᠭᠴᠦ᠂ ᠮᠡᠳᠡᠭᠡ ᠵᠠᠩᠭᠢ᠎ᠪᠠᠨ ᠴᠠᠭ ᠳᠠᠷᠦᠢ᠎ᠳᠤ᠎ᠨᠢ ᠰᠢᠨᠡᠳᠭᠡᠨ᠂ ᠰᠤᠨᠢᠨ ᠮᠡᠳᠡᠭᠡᠨ᠎ᠤ ᠵᠠᠭᠤᠴᠢᠯᠠᠭᠤᠷ᠎ᠯᠤᠭ᠎ᠠ ᠵᠢᠨ ᠬᠤᠷᠰᠢᠯᠴᠠᠭ᠎ᠠ᠎ᠪᠠᠨ ᠴᠢᠩᠭ᠋ᠠᠳᠬᠠᠨ᠂ ᠰᠦᠯᠵᠢᠶᠡᠨ ᠦᠷᠲᠡᠭᠡᠨ᠎ᠤ ᠤᠯᠠᠮᠵᠢᠯᠠᠨ ᠳᠠᠷᠬᠠᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠬᠦ ᠭᠡᠷᠡᠭᠲᠡᠢ᠃
     ᠲᠦᠷᠪᠡ᠎ᠳᠤ ᠸᠢᠳᠢᠤ᠋ ᠬᠤᠷᠠᠯ᠎ᠤᠨ ᠰᠢᠰᠲᠸᠮ᠎ᠤᠨ ᠪᠠᠢ᠌ᠭᠤᠯᠤᠯᠲᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠬᠤ ᠭᠡᠷᠡᠭᠲᠡᠢ᠃ ᠠ᠋ᠨᠡ ᠵᠢᠯ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠪᠦᠬᠦ ᠬᠤᠰᠢᠭᠤ ᠰᠢᠶᠡᠨ᠎ᠤ ᠠᠷᠠᠳ᠎ᠤᠨ ᠶᠠᠪᠤᠳᠠᠯ᠎ᠤᠨ ᠲᠤᠪᠴᠢᠶ᠎ᠠ ᠵᠢ ᠬᠠᠮᠤᠷᠤᠭᠰᠠᠨ ᠳᠡᠭᠡᠳᠦ ᠲᠣᠳᠣᠴᠠᠳᠤ ᠸᠢᠳᠢᠤ᠋ ᠬᠤᠷᠠᠯ᠎ᠤᠨ ᠰᠢᠰᠲᠸᠮ᠎ᠢ ᠪᠠᠢ᠌ᠭᠤᠯᠵᠤ᠂ ᠭᠤᠷᠪᠠᠨ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠠᠳᠠᠯᠢ ᠪᠤᠰᠤ ᠬᠦᠷᠢᠶ᠎ᠡ ᠬᠡᠪᠴᠢᠶᠡᠨ᠎ᠤ ᠸᠢᠳᠢᠤ᠋ ᠬᠤᠷᠠᠯ᠎ᠢ ᠵᠤᠬᠢᠶᠠᠨ ᠪᠠᠢ᠌ᠭᠤᠯᠵᠤ ᠬᠢᠬᠦ ᠭᠡᠷᠡᠭᠴᠡᠭᠡ᠎ᠪᠠᠨ ᠬᠠᠩᠭ᠋ᠠᠨ᠎ᠠ ᠬᠡᠵᠤ ᠲᠤᠭᠲᠠᠭ᠋ᠠᠪᠠ᠃ ᠠ᠋ᠨᠡᠬᠦ ᠢᠨᠵᠸᠨ᠋ᠸᠷᠢᠩ᠎ᠢ ᠦᠪᠡᠷᠲᠡᠭᠡᠨ ᠵᠠᠰᠠᠬᠤ ᠤᠷᠤᠨ᠎ᠤ ᠠᠰᠠᠷᠠᠮᠵᠢ ᠵᠢᠨ ᠯᠤᠲᠲᠸᠷᠢ ᠵᠢᠨ ᠲᠦᠪ᠎ᠠᠴᠠ ᠨᠢᠭᠡᠳᠦᠯᠲᠡᠢ ᠪᠡᠯᠡ ᠤᠷᠤᠭᠤᠯᠤᠨ ᠪᠦᠲᠦᠭᠡᠨ ᠪᠠᠢ᠌ᠭᠤᠯᠬᠤ ᠪᠤᠯᠤᠨ᠎ᠠ᠂ ᠡᠯ᠎ᠡ ᠠᠢ᠌ᠮᠠᠭ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠎ᠨᠢ ᠬᠠᠷᠢᠶᠠᠨ᠎ᠳᠤ᠎ᠬᠢ ᠬᠤᠰᠢᠭᠤ ᠰᠢᠶᠡᠨ᠎ᠲᠠᠢ᠎ᠪᠠᠨ ᠵᠦᠪᠳᠡᠯᠴᠡᠨ ᠬᠤᠷᠠᠯ᠎ᠤᠨ ᠲᠠᠯᠠᠪᠠᠢ ᠵᠢ ᠨᠡᠢ᠌ᠲᠡᠪᠤᠷᠢᠵᠢᠭᠤᠯᠵᠤ᠂ ᠲᠤᠰᠬᠠᠢ ᠬᠦᠮᠦᠨ ᠵᠶ᠋ᠠᠷ ᠬᠠᠮᠢᠶᠠᠷᠠᠭᠤᠯᠤᠨ᠂ ᠠᠰᠠᠷᠠᠮᠵᠢ ᠵᠢᠨ ᠯᠤᠲᠲᠸᠷᠢ ᠵᠢᠨ ᠲᠦᠪ᠎ᠲᠠᠢ ᠢᠳᠡᠪᠬᠢᠲᠠᠢ ᠬᠠᠮᠵᠢᠯᠴᠠᠨ ᠲᠤᠨᠤᠭ ᠲᠦᠭᠦᠭᠡᠷᠦᠮᠵᠢ ᠵᠢ ᠤᠭᠰᠠᠷᠠᠭᠤᠯᠵᠤ ᠲᠠᠭ᠋ᠠᠷᠠᠭᠤᠯᠬᠤ ᠪᠠ ᠲᠤᠷᠰᠢᠨ ᠵᠤᠬᠢᠴᠠᠭᠤᠯᠬᠤ ᠠᠵᠢᠯ᠎ᠢ ᠰᠠᠢ᠌ᠲᠤᠷ ᠬᠢᠵᠤ᠂ ᠸᠢᠳᠢᠤ᠋ ᠬᠤᠷᠠᠯ᠎ᠤᠨ ᠰᠢᠰᠲᠸᠮ᠎ᠤᠨ ᠬᠡᠪ᠎ᠤᠨ ᠬᠡᠷᠡᠭᠯᠡᠯᠲᠡ ᠵᠢ ᠪᠠᠲᠤᠯᠠᠬᠤ ᠬᠡᠷᠡᠭᠲᠡᠢ᠃
     ᠲᠠᠪᠤ᠎ᠳᠤ ᠬᠡᠷᠡᠭᠯᠡᠯᠲᠡ᠎ᠪᠠᠨ ᠶᠡᠭᠡᠪᠡᠷ ᠲᠡᠭᠡᠭᠰᠢᠯᠡᠭᠦᠬᠦ ᠬᠡᠷᠡᠭᠲᠡᠢ᠃ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠤᠨᠴᠠᠯᠠᠨ ᠬᠠᠷᠠᠭ᠋ᠠᠯᠵᠠᠬᠤ᠂ ᠤᠷᠤᠭ ᠳᠠᠩᠰᠠᠯᠠᠬᠤ᠂ ᠨᠡᠢ᠌ᠬᠡᠮ᠎ᠤᠨ ᠵᠤᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠰᠢᠰᠲᠸᠮ᠎ᠤᠨ ᠲᠤᠭ᠎ᠠ ᠪᠠᠷᠢᠮᠲᠠ ᠵᠢ ᠨᠦᠭᠦᠵᠤ ᠰᠢᠩᠭᠡᠭᠡᠬᠦ ᠠᠵᠢᠯ ᠵᠶ᠋ᠠᠨ ᠱᠠᠯᠠᠪᠳᠠᠭᠤᠯᠵᠤ᠂ ᠰᠦᠯᠵᠢᠶᠡᠨ ᠳᠡᠭᠡᠷ᠎ᠡ ᠲᠤᠬᠠᠢ᠌ᠯᠠᠭᠰᠠᠨ ᠠᠵᠢᠯ ᠵᠶ᠋ᠠᠨ ᠪᠦᠭᠦᠨ᠎ᠢ ᠬᠦᠢ᠍ᠴᠠᠳᠭᠡᠬᠦ᠎ᠪᠠᠷ ᠴᠢᠷᠮᠠᠢ᠌ᠬᠤ ᠬᠡᠷᠡᠭᠲᠡᠢ᠃ ᠨᠡᠢ᠌ᠬᠡᠮ᠎ᠤᠨ ᠠᠰᠠᠷᠠᠮᠵᠢ ᠵᠢᠨ ᠪᠠᠢ᠌ᠭᠤᠯᠤᠮᠵᠢ᠂ ᠠᠰᠠᠷᠠᠮᠵᠢ ᠵᠢᠨ ᠠᠵᠤ ᠠᠬᠤᠢ᠌ᠯᠠᠯ᠂ ᠨᠡᠢ᠌ᠬᠡᠮ ᠲᠤᠭᠤᠷᠢᠭ᠎ᠤᠨ ᠬᠠᠮᠢᠶᠠᠷᠤᠯᠲᠠ ᠵᠡᠷᠭᠡ ᠰᠢᠨ᠎ᠡ᠎ᠪᠠᠷ ᠰᠦᠯᠵᠢᠶᠡᠨ᠎ᠳᠤ ᠭᠠᠷᠤᠭᠰᠠᠨ ᠰᠢᠰᠲᠸᠮ᠎ᠢ ᠲᠦᠷᠭᠡᠨ ᠠ᠋ᠬᠢᠯᠡᠨ ᠬᠡᠷᠡᠭᠯᠡᠭᠦᠯᠵᠤ᠂ ᠦᠷ᠎ᠡ ᠪᠦᠲᠦᠮᠵᠢᠲᠡᠢ ᠪᠤᠯᠭ᠋ᠠᠬᠤ ᠬᠡᠷᠡᠭᠲᠡᠢ᠃ ᠦᠨᠳᠦᠰᠦᠨ ᠱᠠᠲᠤᠨ᠎ᠤ ᠰᠦᠯᠵᠢᠶᠡᠨ᠎ᠤ ᠰᠢᠰᠲᠸᠮ᠎ᠤᠨ ᠠᠵᠢᠯᠲᠠᠨ᠎ᠤ ᠪᠤᠯᠪᠠᠰᠤᠷᠠᠭᠤᠯᠤᠯᠲᠠ ᠵᠢ ᠳᠡᠭᠡᠳᠦ ᠬᠡᠮᠵᠢᠶ᠎ᠡ᠎ᠪᠠᠷ ᠬᠦᠨᠳᠦᠳᠭᠡᠬᠦ ᠬᠡᠷᠡᠭᠲᠡᠢ᠃ ᠡᠯ᠎ᠡ ᠠᠢ᠌ᠮᠠᠭ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠎ᠨᠢ ᠲᠢᠩᠬᠢᠮ᠎ᠤᠨ ᠮᠡᠳᠡᠭᠡ ᠵᠠᠩᠭᠢᠵᠢᠯᠲᠡ ᠵᠢᠨ ᠪᠤᠯᠪᠠᠰᠤᠷᠠᠯ᠎ᠤᠨ ᠲᠦᠯᠦᠪᠵᠢᠭᠦᠯᠬᠡ ᠶᠤᠰᠤᠭ᠋ᠠᠷ ᠰᠢᠨ᠎ᠡ ᠵᠦᠭᠡᠯᠡᠨ ᠲᠤᠨᠤᠭ᠎ᠤᠨ ᠬᠡᠷᠡᠭᠯᠡᠯᠲᠡ ᠵᠢᠨ ᠪᠤᠯᠪᠠᠰᠤᠷᠠᠯ ᠵᠶ᠋ᠠᠨ ᠨᠠᠷᠢᠨ ᠬᠢᠨᠠᠮᠠᠭ᠋ᠠᠢ ᠰᠠᠢ᠌ᠨ ᠬᠢᠵᠤ᠂ ᠪᠣᠯᠪᠠᠰᠤᠷᠠᠯ᠎ᠤᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠬᠡᠷᠡᠭᠲᠡᠢ᠃
     ᠵᠢᠷᠭᠤᠭ᠎ᠠ᠎ᠳᠤ ᠰᠦᠯᠵᠢᠶᠡᠨ᠎ᠤ ᠠᠮᠤᠷ ᠲᠦᠪᠰᠢᠨ᠎ᠤ ᠠᠷᠭ᠎ᠠ ᠬᠡᠮᠵᠢᠶ᠎ᠡ᠎ᠪᠠᠨ ᠲᠡᠭᠦᠯᠳᠡᠷᠵᠢᠭᠦᠯᠭᠦ ᠬᠡᠷᠡᠭᠲᠡᠢ᠃ ᠮᠡᠳᠡᠭᠡ ᠵᠠᠩᠭᠢ ᠵᠢᠨ ᠰᠢᠰᠲᠸᠮ᠎ᠤᠨ ᠠᠮᠤᠷ ᠲᠦᠪᠰᠢᠨ᠎ᠢ ᠪᠠᠲᠤᠯᠠᠬᠤ ᠵᠢᠨ ᠲᠦᠯᠦᠭᠡ᠂ ᠡᠯ᠎ᠡ ᠲᠤᠬᠠᠢ᠌ᠯᠠᠭᠰᠠᠨ ᠠᠵᠢᠯ᠎ᠤᠨ ᠰᠢᠰᠲᠸᠮ᠎ᠤᠨ ᠬᠡᠷᠡᠭᠯᠡᠭᠴᠢᠳ ᠠ᠋ᠷᠬᠡᠪᠰᠢ ᠲᠤᠭ᠋ᠠᠴᠠᠯᠠᠭᠰᠠᠨ ᠦᠨᠡᠮᠯᠡᠯ ᠵᠶ᠋ᠠᠷ ᠪᠡᠶ᠎ᠡ ᠵᠢᠨ ᠭᠡᠷᠡᠴᠢᠯᠡᠭᠡ ᠪᠣᠯᠭ᠋ᠠᠬᠤ ᠬᠡᠷᠡᠭᠲᠡᠢ᠃ ᠲᠤᠭ᠋ᠠᠴᠠᠯᠠᠭᠰᠠᠨ ᠦᠨᠡᠮᠯᠡᠯ ᠤᠯᠭᠤᠬᠤ ᠠᠵᠢᠯ᠎ᠢ 6 ᠳ᠋ᠤᠭ᠋ᠠᠷ ᠰᠠᠷ᠎ᠠ ᠵᠢᠨ ᠡᠴᠦᠰ᠎ᠠᠴᠠ ᠠ᠋ᠮᠦᠨ᠎ᠡ ᠳᠠᠭᠤᠰᠬᠠᠬᠤ ᠬᠡᠷᠡᠭᠲᠡᠢ᠃ ᠡᠯ᠎ᠡ ᠠᠢ᠌ᠮᠠᠭ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠠ᠋ᠨᠡᠬᠦ ᠱᠠᠭ᠋ᠠᠷᠳᠠᠯᠭ᠎ᠠ ᠶᠤᠰᠤᠭ᠋ᠠᠷ ᠲᠤᠭ᠋ᠠᠴᠠᠯᠠᠭᠰᠠᠨ ᠦᠨᠡᠮᠯᠡᠯ ᠤᠯᠭᠤᠬᠤ ᠠᠵᠢᠯ ᠵᠶ᠋ᠠᠨ ᠰᠠᠢ᠌ᠨ ᠬᠢᠵᠤ᠂ ᠡᠯ᠎ᠡ ᠰᠢᠰᠲᠸᠮ᠎ᠤᠨ ᠬᠡᠷᠡᠭᠯᠡᠯᠲᠡ ᠵᠢ ᠨᠦᠯᠦᠭᠡᠯᠡᠬᠦ ᠦᠭᠡᠢ ᠪᠠᠢ᠌ᠬᠤ ᠵᠢ ᠪᠠᠲᠤᠯᠠᠬᠤ ᠭᠡᠷᠡᠭᠲᠡᠢ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭᠢᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠠᠨ ᠠ᠋ᠸᠨ ᠬᠤᠸᠠ ᠪᠦᠬᠦ ᠣᠷᠣᠨ᠎ᠤ ᠨᠠᠰᠣᠲᠠᠢ᠌ᠴᠣᠳ᠎ᠤᠨ ᠠᠵᠢᠯ᠎ᠤᠨ ᠬᠤᠷᠠᠯ ᠳᠡᠭᠡᠷ᠎ᠡ ᠠᠵᠢᠯ᠎ᠤᠨ ᠮᠡᠳᠡᠭᠦᠯᠦᠯᠲᠡ ᠬᠢᠪᠡ
ᠯᠢ ᠫᠸᠩ ᠰᠢᠨ ᠪᠦᠬᠦ ᠣᠷᠣᠨ᠎ᠤ ᠨᠠᠰᠤᠲᠠᠢ᠌ᠴᠤᠳ᠎ᠤᠨ ᠠᠵᠢᠯ᠎ᠤᠨ ᠬᠤᠷᠠᠯ᠎ᠳᠤ ᠤᠷᠤᠯᠴᠠᠵᠤ ᠴᠢᠬᠤᠯᠠ ᠶᠠᠷᠢᠶ᠎ᠠ ᠲᠠᠯᠪᠢᠪᠠ
ᠲᠢᠩᠬᠢᠮ᠎ᠤᠨ ᠳᠠᠷᠤᠭ᠎ᠠ ᠯᠠᠠ ᠡᠸᠨ ᠬᠤᠸᠠ ᠵᠢᠨ ᠪᠦᠬᠦ ᠤᠷᠤᠨ᠎ᠤ 《ᠨᠡᠢ᠌ᠬᠡᠮ᠎ᠤᠨ ᠠᠪᠤᠷᠠᠨ ᠳᠤᠰᠠᠯᠠᠯᠳᠠ ᠵᠢᠨ ᠲᠦᠷ ᠬᠡᠷᠡᠭᠵᠢᠭᠦᠯᠬᠦ ᠠᠷᠭ᠎ᠠ》 ᠵᠢ ᠨᠠᠢ᠌ᠲᠠᠪᠤᠷᠢᠵᠢᠭᠤᠯᠤᠨ ᠬᠡᠷᠡᠭᠵᠢᠭᠦᠯᠬᠦ ᠲᠧᠯᠸᠢᠰ ᠤᠲᠠᠰᠤᠲᠤ ᠬᠤᠷᠠᠯ ᠳᠡᠭᠡᠷᠡᠬᠢ ᠶᠠᠷᠢᠶ᠎ᠠ
ᠠᠷᠠᠳ᠎ᠤᠨ ᠶᠠᠪᠤᠳᠠᠯ᠎ᠤᠨ ᠳᠤᠭ᠎ᠠ ᠪᠦᠷᠢᠳᠭᠡᠯ᠎ᠤᠨ ᠠᠵᠢᠯ᠎ᠤᠨ ᠦᠭᠡᠷᠡᠴᠢᠯᠡᠯᠳᠡ ᠬᠢᠭᠡᠳ ᠰᠢᠨ᠎ᠠ ᠵᠢ ᠠ᠋ᠬᠦᠳᠤᠨ ᠬᠦᠭᠵᠢᠬᠦᠯᠬᠦ ᠵᠢ ᠰᠢᠨᠵᠢᠯᠡᠬᠦ ᠤᠬᠠᠭ᠋ᠠᠨᠴᠢ᠎ᠪᠠᠷ ᠠᠬᠢᠭᠤᠯᠰᠤᠭ᠋ᠠᠢ
ᠬᠦᠯᠦᠨ ᠨᠦᠬᠦᠷ᠎ᠤᠨ ᠪᠦᠬᠦ ᠣᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ 《ᠬᠤᠶᠠᠷ ᠬᠠᠷᠢᠭᠤᠴᠠᠯᠭ᠎ᠠ》 ᠵᠢ ᠠᠬᠢᠭᠤᠯᠬᠤ ᠬᠤᠷᠠᠯ ᠲᠡᠭᠡᠷᠡᠬᠢ ᠶᠠᠷᠢᠶ᠎ᠠ (ᠳᠣᠪᠴᠢᠯᠠᠯ)
 
            