ᠲᠢᠩᠬᠢᠮ᠎ᠤᠨ ᠳᠠᠷᠤᠭ᠎ᠠ ᠯᠠᠠ ᠡᠸᠨ ᠬᠤᠸᠠ ᠵᠢᠨ ᠪᠦᠬᠦ ᠤᠷᠤᠨ᠎ᠤ 《ᠨᠡᠢ᠌ᠬᠡᠮ᠎ᠤᠨ ᠠᠪᠤᠷᠠᠨ ᠳᠤᠰᠠᠯᠠᠯᠳᠠ ᠵᠢᠨ ᠲᠦᠷ ᠬᠡᠷᠡᠭᠵᠢᠭᠦᠯᠬᠦ ᠠᠷᠭ᠎ᠠ》 ᠵᠢ ᠨᠠᠢ᠌ᠲᠠᠪᠤᠷᠢᠵᠢᠭᠤᠯᠤᠨ ᠬᠡᠷᠡᠭᠵᠢᠭᠦᠯᠬᠦ ᠲᠧᠯᠸᠢᠰ ᠤᠲᠠᠰᠤᠲᠤ ᠬᠤᠷᠠᠯ ᠳᠡᠭᠡᠷᠡᠬᠢ ᠶᠠᠷᠢᠶ᠎ᠠ
ᠳᠤᠤᠷ᠎ᠠ ᠪᠢ 《ᠨᠡᠢ᠌ᠬᠡᠮ᠎ᠤᠨ ᠠᠪᠤᠷᠠᠨ ᠳᠤᠰᠠᠯᠠᠯᠳᠠ ᠵᠢᠨ ᠲᠦᠷ ᠬᠡᠷᠡᠭᠵᠢᠭᠦᠯᠬᠦ ᠠᠷᠭ᠎ᠠ》 ᠵᠢ ᠨᠠᠢ᠌ᠲᠠᠪᠤᠷᠢᠵᠢᠭᠤᠯᠤᠨ ᠬᠡᠷᠡᠭᠵᠢᠭᠦᠯᠬᠦ᠎ᠳᠤ᠂ ᠰᠠᠢ᠌ᠲᠤᠷ ᠬᠢᠪᠡᠯ ᠵᠤᠬᠢᠬᠤ ᠪᠣᠳᠠᠲᠠᠢ
ᠠᠵᠢᠯ᠎ᠤᠨ ᠲ᠋ᠤᠬᠠᠢ ᠬᠡᠳᠤᠨ ᠰᠠᠨᠠᠯ ᠵᠶ᠋ᠠᠨ ᠶᠠᠷᠢᠶ᠎ᠠ᠄
ᠨᠢᠭᠡ ᠂ ᠲᠥᠷᠢᠮ᠎ᠤᠨ ᠲᠡᠭᠦᠯᠳᠡᠷᠵᠢᠯᠲᠡ ᠵᠢ ᠲᠦᠷᠭᠡᠳᠬᠡᠬᠦ ᠶᠠᠪᠤᠴᠠ᠎ᠳᠤ ᠨᠠᠢ᠌ᠲᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ
ᠨᠢᠭᠡ᠎ᠳᠤ ᠲᠤᠰ ᠭᠠᠵᠠᠷ ᠤᠷᠤᠨ᠎ᠤ᠎ᠪᠠᠨ 《ᠠᠷᠭ᠎ᠠ》 ᠵᠢ ᠨᠠᠢ᠌ᠲᠠᠪᠤᠷᠢᠵᠢᠭᠤᠯᠤᠨ ᠬᠡᠷᠡᠭᠵᠢᠭᠦᠯᠬᠦ ᠨᠠᠷᠢᠨ ᠲᠥᠷᠢᠮ᠎ᠢ ᠱᠠᠯᠠᠪᠳᠠᠨ ᠳᠤᠭᠲᠠᠭ᠋ᠠᠬᠤ ᠬᠡᠷᠡᠭᠲᠡᠢ᠃ 《ᠠᠷᠭ᠎ᠠ》 ᠵᠢᠨ ᠬᠠᠮᠢᠶ᠎ᠠ ᠪᠦᠬᠦᠢ ᠲᠤᠭᠲᠠᠭ᠋ᠠᠯ᠎ᠢ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠪᠤᠳᠠᠲᠠᠢ᠌ᠵᠢᠭᠤᠯᠵᠤ᠂ ᠲᠤᠬᠠᠢ ᠵᠢᠨ ᠭᠠᠵᠠᠷ᠎ᠤᠨ ᠵᠶ᠋ᠠᠨ ᠪᠤᠳᠠᠲᠠᠢ᠎ᠲᠠᠢ ᠤᠶᠠᠯᠳᠤᠭᠤᠯᠤᠨ᠂ ᠨᠢᠭᠡᠨᠲᠡ ᠪᠠᠢ᠌ᠭ᠎ᠠ ᠤᠷᠤᠨ ᠨᠤᠲᠤᠭ᠎ᠤᠨ ᠲᠥᠷᠢᠮ ᠲᠤᠭᠲᠠᠭ᠋ᠠᠯ ᠪᠤᠯᠤᠨ ᠲᠥᠷᠢᠮᠵᠢᠯ᠎ᠤᠨ ᠴᠢᠨᠠᠷᠲᠠᠢ ᠪᠢᠴᠢᠭ ᠮᠠᠲᠸᠷᠢᠶᠠᠯ᠎ᠳᠤ ᠪᠦᠬᠦ ᠲᠠᠯ᠎ᠠ ᠵᠢᠨ ᠡᠮᠬᠢᠯᠡᠯᠲᠡ ᠪᠠ ᠲᠣᠬᠢᠷᠠᠭᠤᠯᠤᠯᠲᠠ ᠬᠢᠵᠤ᠂ 《ᠠᠷᠭ᠎ᠠ》 ᠵᠢ 《ᠬᠡᠷᠡᠭᠵᠢᠭᠦᠯᠬᠦ ᠨᠠᠷᠢᠨ ᠲᠥᠷᠢᠮ》᠎ᠢ ᠲᠤᠭᠲᠠᠭ᠋ᠠᠬᠤ ᠬᠡᠷᠡᠭᠲᠡᠢ᠃ ᠳᠡᠭᠡᠳᠦ ᠱᠠᠲᠤᠨ᠎ᠤ ᠵᠢᠷᠤᠭ ᠲᠥᠯᠦᠪᠵᠢᠭᠦᠯᠦᠯᠢ ᠴᠢᠩᠭ᠋ᠠᠳᠬᠠᠬᠤ ᠪᠠ ᠦᠨᠳᠦᠰᠦᠨ ᠱᠠᠲᠤᠨ᠎ᠤ ᠰᠢᠨ᠎ᠡ ᠵᠢ ᠡᠭᠦᠳᠬᠦ ᠵᠢ ᠤᠷᠮᠠᠰᠢᠭᠤᠯᠬᠤ ᠵᠢ ᠤᠶᠠᠯᠳᠤᠭᠤᠯᠵᠤ᠂ 《ᠠᠷᠭ᠎ᠠ 》 ᠳᠠᠬᠢ ᠴᠢᠩᠭ᠎ᠠ ᠳᠤᠭᠳᠠᠭ᠋ᠠᠯ᠎ᠢ ᠡᠷᠡᠰ ᠵᠶ᠋ᠡᠷ ᠨᠠᠢ᠌ᠳᠠᠪᠤᠷᠢᠵᠢᠭᠤᠯᠤᠨ᠂ ᠬᠠᠥᠯᠢ ᠶᠤᠰᠤᠭ᠋ᠠᠷ ᠠᠪᠤᠷᠠᠨ ᠳᠤᠰᠠᠯᠠᠬᠤ ᠵᠢ ᠪᠡᠶᠡᠯᠡᠭᠦᠯᠬᠦ ᠬᠡᠷᠡᠭᠲᠡᠢ ; ᠲᠥᠷᠢᠮ ᠲᠤᠭᠲᠠᠭ᠋ᠠᠯ᠎ᠳᠠᠬᠢ ᠠᠮᠢᠳᠤᠯᠢᠭ ᠪᠤᠶᠤ ᠡᠷᠬᠡ ᠤᠯᠭᠤᠭᠰᠠᠨ ᠴᠢᠨᠠᠷᠲᠠᠢ ᠲᠤᠭᠲᠠᠭ᠋ᠠᠯ᠎ᠢ ᠪᠣᠯ᠂ ᠤᠷᠤᠨ ᠨᠤᠲᠤᠭ᠎ᠤᠨ᠎ᠬᠢᠨ᠎ᠤ ᠢᠳᠡᠪᠬᠢᠲᠡᠢ ᠦᠢ᠍ᠯᠡᠳᠦᠯᠭᠡ ᠬᠢᠵᠤ ᠰᠦᠪᠡᠭᠴᠢᠯᠡᠨ᠂ ᠦᠢ᠍ᠯᠡᠳᠦᠯᠬᠡ ᠵᠢᠨ ᠳᠤᠮᠳᠠ ᠤᠯᠠᠮ ᠴᠢᠨᠠᠭᠰᠢᠳᠠ ᠲᠦᠷᠢᠮᠵᠢᠭᠦᠯᠤᠨ ᠲᠡᠭᠦᠯᠳᠡᠷᠵᠢᠭᠦᠯᠬᠦ ᠵᠢ ᠤᠷᠮᠠᠰᠢᠭᠤᠯᠤᠨ᠎ᠠ᠃
ᠬᠤᠶᠠᠷ᠎ᠲᠤ ᠲᠦᠷ ᠠᠪᠤᠷᠠᠨ ᠳᠤᠰᠠᠯᠠᠬᠤ ᠲᠥᠷᠢᠮ᠎ᠳᠤ ᠲᠦᠷᠬᠡᠨ ᠵᠠᠰᠠᠪᠤᠷᠢ ᠤᠷᠤᠭᠤᠯᠵᠤ ᠲᠡᠭᠦᠯᠳᠡᠷᠵᠢᠭᠦᠯᠭᠦ ᠬᠡᠷᠡᠭᠲᠡᠢ᠃ ᠲᠥᠷᠥ ᠵᠢᠨ ᠶᠠᠪᠤᠳᠠᠯ᠎ᠤᠨ ᠬᠤᠷᠢᠶᠠᠨ᠎ᠤ ᠤᠳᠠᠯ ᠦᠭᠡᠢ ᠬᠡᠷᠡᠭᠵᠢᠭᠦᠯᠬᠦ᠎ᠪᠠᠷ ᠪᠠᠢ᠌ᠭ᠎ᠠ 《ᠲᠦᠷ ᠠᠪᠤᠷᠠᠨ ᠲᠤᠰᠠᠯᠠᠬᠤ ᠲᠥᠷᠢᠮ᠎ᠢ ᠪᠦᠬᠦ ᠲᠠᠯ᠎ᠠ᠎ᠪᠠᠷ ᠪᠠᠢ᠌ᠭᠤᠯᠬᠤ ᠲᠤᠬᠠᠢ ᠰᠠᠨᠠᠯ》᠎ᠢ ᠦᠨᠳᠦᠰᠦᠯᠡᠨ᠂ ᠲᠤᠰ ᠭᠠᠵᠠᠷ ᠤᠷᠤᠨ᠎ᠤ᠎ᠪᠠᠨ ᠪᠤᠳᠠᠲᠠᠢ᠎ᠲᠠᠢ ᠤᠶᠠᠯᠳᠤᠭᠤᠯᠤᠨ᠂ 《ᠨᠠᠭ᠋ᠠᠲᠤ ᠵᠠᠬ᠎ᠠ ᠵᠢ ᠪᠠᠲᠤᠯᠠᠨ᠂ ᠪᠠᠴᠢᠮ ᠬᠦᠴᠢᠷᠳᠡᠯ᠎ᠢ ᠠᠪᠤᠷᠠᠬᠤ》᠎ᠪᠠᠷ ᠬᠠᠷᠠᠯᠲᠠ᠎ᠪᠠᠨ ᠪᠤᠯᠭ᠋ᠠᠵᠤ᠂ ᠲᠦᠷ ᠠᠪᠤᠷᠠᠨ ᠲᠤᠰᠠᠯᠠᠬᠤ ᠲᠥᠷᠢᠮ᠎ᠳᠤ ᠲᠦᠷᠬᠡᠨ ᠵᠠᠰᠠᠪᠤᠷᠢ ᠤᠷᠤᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠠᠪᠤᠷᠠᠨ ᠲᠤᠰᠠᠯᠠᠬᠤ ᠡᠲᠡᠭᠡᠳ᠎ᠤᠨ ᠬᠦᠷᠢᠶ᠎ᠡ ᠬᠡᠪᠴᠢᠶᠡᠨ᠎ᠤ ᠲᠠᠯ᠎ᠠ᠎ᠪᠠᠷ᠂ 《ᠪᠦᠬᠦᠨ᠎ᠢ ᠪᠦᠷᠬᠦᠬᠦ》 ᠪᠠ 《ᠭᠤᠤᠯᠳᠠᠯᠭ᠎ᠠ᠎ᠲᠠᠢ ᠠᠪᠤᠷᠠᠨ ᠲᠤᠰᠠᠯᠠᠬᠤ》 ᠵᠢ ᠤᠶᠠᠯᠳᠤᠭᠤᠯᠬᠤ ᠵᠢ ᠴᠢᠬᠤᠯᠠᠴᠢᠯᠠᠵᠤ᠂ ᠪᠠᠷᠢᠮᠵᠢᠶ᠎ᠠ ᠲᠤᠭᠲᠠᠭ᠋ᠠᠬᠤ ᠲᠠᠯ᠎ᠠ᠎ᠪᠠᠷ᠂ 《ᠨᠠᠭ᠋ᠠᠲᠦ ᠵᠠᠬ᠎ᠠ ᠵᠢ ᠪᠠᠲᠤᠯᠠᠬᠤ》 ᠪᠤᠯᠤᠨ 《ᠲᠤᠬᠠᠢ ᠵᠢᠨ ᠭᠠᠵᠠᠷ᠎ᠤᠨ ᠠᠵᠤ ᠠᠬᠤᠢ ᠨᠡᠢ᠌ᠬᠡᠮ᠎ᠤᠨ ᠬ᠋ᠦᠭᠵᠢᠯᠲᠡ ᠵᠢᠨ ᠲᠦᠪᠰᠢᠨ᠎ᠲᠠᠢ ᠵᠣᠬᠢᠴᠠᠭᠤᠯᠬᠤ》᠎ᠯᠤᠭ᠎ᠠ ᠤᠶᠠᠯᠳᠤᠭᠤᠯᠬᠤ ᠵᠢ ᠴᠢᠬᠤᠯᠠᠴᠢᠯᠠᠨ᠂ ᠳᠠᠷᠠᠭ᠋ᠠᠯᠠᠯ᠎ᠤᠨ ᠲᠤᠭᠲᠠᠭ᠋ᠠᠯ᠎ᠤᠨ ᠲᠠᠯ᠎ᠠ᠎ᠪᠠᠷ᠂ 《ᠲᠥᠷᠢᠮᠵᠢᠭᠰᠡᠨ ᠬᠠᠮᠢᠶᠠᠷᠤᠯᠲᠠ》 ᠪᠠ 《ᠳᠦᠭᠦᠮ ᠲᠥᠳᠡ》 ᠵᠢ ᠤᠶᠠᠯᠳᠤᠭᠤᠯᠬᠤ ᠵᠢ ᠴᠢᠬᠤᠯᠠᠴᠢᠯᠠᠬᠤ ᠬᠡᠷᠡᠭᠲᠡᠢ᠃ ᠬᠢᠨᠠᠨ ᠬᠠᠷᠭᠤᠭᠤᠯᠵᠤ ᠵᠦᠪᠰᠢᠶᠡᠷᠡᠬᠦ ᠳᠠᠷᠠᠭ᠋ᠠᠯᠠᠯ᠎ᠢ ᠡᠷᠡᠰ ᠬᠡᠷᠡᠭᠵᠢᠭᠦᠯᠬᠦ ᠮᠦᠷᠲᠡᠭᠡᠨ᠂ ᠪᠠᠴᠢᠮ ᠬᠦᠴᠢᠷᠳᠡᠯ᠎ᠢ ᠠᠪᠤᠷᠠᠬᠤ ᠲᠥᠷᠢᠮ᠎ᠤᠨ ᠤᠨᠴᠠᠯᠢᠭ᠎ᠢ ᠲᠤᠪᠤᠢ᠌ᠯᠭ᠋ᠠᠨ᠂ ᠬᠢᠨᠠᠨ ᠵᠦᠪᠰᠢᠶᠠᠷᠡᠬᠦ ᠠᠷᠭ᠎ᠠ ᠪᠠᠷᠢᠯ ᠵᠶ᠋ᠠᠨ ᠰᠠᠢ᠌ᠵᠢᠷᠠᠭᠤᠯᠵᠤ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ᠎ᠪᠠᠨ ᠣᠬᠣᠷ ᠪᠤᠯᠭ᠋ᠠᠨ᠂ ᠠᠪᠤᠷᠠᠨ ᠲᠤᠰᠠᠯᠠᠬᠤ ᠵᠢᠨ ᠬᠤᠭᠤᠴᠠᠭ᠋ᠠᠲᠤ ᠦᠢ᠍ᠯᠡᠳᠦᠯ᠎ᠢ ᠴᠢᠩᠭ᠋ᠠᠳᠬᠠᠬᠤ ᠬᠡᠷᠡᠭᠲᠡᠢ᠃ ᠭᠠᠷᠳᠠᠨ ᠭᠦᠢ᠍ᠴᠡᠳᠭᠡᠭᠴᠢᠳᠤᠨ ᠳᠤᠷ᠎ᠠ ᠲᠠᠪᠠ᠎ᠪᠠᠷ ᠵᠶ᠋ᠠᠨ ᠵᠠᠬᠢᠬᠤ ᠪᠠ ᠬᠢᠨᠠᠨ ᠵᠦᠪᠰᠢᠶᠡᠷᠡᠬᠦ ᠵᠢ ᠬᠠᠮᠤᠭ ᠶᠡᠬᠡᠪᠡᠷ ᠬᠢᠵᠠᠭ᠋ᠠᠷᠯᠠᠵᠤ ᠂ ᠰᠠᠢ᠌ᠨ ᠬᠡᠷᠡᠭ᠎ᠢ ᠦᠨᠡᠩᠬᠦ ᠰᠠᠢ᠌ᠬᠠᠨ ᠬᠢᠵᠤ᠂ ᠪᠤᠳᠠᠲᠠᠢ ᠶᠠᠪᠤᠳᠠᠯ᠎ᠢ ᠪᠤᠳᠠᠲᠠᠢ᠎ᠪᠠᠷ ᠪᠡᠶᠡᠯᠡᠭᠦᠯᠬᠦ ᠬᠡᠷᠡᠭᠲᠡᠢ᠃
ᠭᠤᠷᠪᠠ᠎ᠳᠤ ᠵᠠᠰᠠᠭ᠎ᠤᠨ ᠤᠷᠳᠤᠨ ᠦᠢ᠍ᠯᠡᠴᠢᠯᠡᠭᠡ ᠬᠤᠳᠠᠯᠳᠤᠨ ᠠᠪᠬᠤ ᠲᠥᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠱᠠᠯᠠᠪᠳᠠᠨ ᠲᠤᠭᠲᠠᠭ᠋ᠠᠬᠤ ᠬᠡᠷᠡᠭᠲᠡᠢ᠃ 《ᠠᠷᠭ᠎ᠠ》 ᠵᠢᠨ ᠱᠠᠭ᠋ᠠᠷᠳᠠᠯᠭ᠎ᠠ ᠶᠤᠰᠤᠭ᠋ᠠᠷ᠂ ᠵᠠᠰᠠᠭ᠎ᠤᠨ ᠤᠷᠳᠤᠨ ᠦᠢ᠍ᠯᠡᠴᠢᠯᠡᠭᠡ ᠬᠤᠳᠠᠯᠳᠤᠨ ᠠᠪᠬᠤ ᠪᠤᠳᠠᠲᠠᠢ ᠲᠥᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠱᠠᠯᠠᠪᠬᠠᠨ ᠰᠤᠳᠤᠯᠤᠨ ᠲᠤᠭᠲᠠᠭ᠋ᠠᠬᠤ ᠬᠡᠷᠡᠭᠲᠡᠢ᠃ ᠭᠠᠵᠠᠷ ᠤᠷᠤᠨ᠎ᠤ ᠪᠠᠨ ᠡᠳ᠋᠎ᠤᠨ ᠬᠦᠴᠦᠨ᠎ᠤ ᠪᠠᠢ᠌ᠳᠠᠯ ᠵᠶ᠋ᠠᠨ ᠦᠨᠲᠦᠰᠦᠯᠡᠵᠤ᠂ ᠨᠡᠢ᠌ᠬᠡᠮ᠎ᠤᠨ ᠠᠪᠤᠷᠠᠨ ᠲᠤᠰᠠᠯᠠᠯᠲᠠ᠎ᠳᠠᠬᠢ ᠪᠤᠳᠠᠲᠠᠢ ᠦᠢ᠍ᠯᠡᠴᠢᠯᠡᠭᠡᠨ᠎ᠤ ᠤᠴᠢᠷ ᠶᠠᠪᠤᠳᠠᠯ᠎ᠤᠳ᠎ᠢ ᠨᠠᠢ᠌ᠲᠠᠬᠤ᠂ ᠳᠠᠭ᠋ᠠᠭ᠋ᠠᠴᠢᠯᠠᠬᠤ ᠂ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠨᠡᠢ᠌ᠬᠡᠮ᠎ᠤᠨ ᠬᠦᠴᠦᠨ᠎ᠠᠴᠠ ᠦᠢ᠍ᠯᠡᠴᠢᠯᠡᠭᠡ ᠬᠤᠳᠠᠯᠳᠤᠨ ᠠᠪᠴᠤ ᠪᠤᠯᠤᠨ᠎ᠠ᠃ ᠭᠡᠬᠦ᠎ᠳᠡᠭᠡᠨ ᠦᠢ᠍ᠯᠡᠴᠢᠯᠡᠭᠡ ᠬᠤᠳᠠᠯᠳᠤᠨ ᠠᠪᠬᠤ ᠭᠤᠶᠤᠴᠢᠯᠠᠯ᠂ ᠬᠢᠨᠠᠨ ᠲᠤᠭᠲᠠᠭ᠋ᠠᠯᠲᠠ᠂ ᠲᠥᠷᠥᠯ ᠵᠦᠢ᠍ᠯ ᠲᠣᠭᠲᠠᠭ᠋ᠠᠯᠲᠠ᠂ ᠬᠡᠷᠡᠭᠵᠢᠭᠦᠯᠦᠯᠲᠡ᠂ ᠦᠨᠡᠯᠡᠨ ᠮᠠᠭ᠋ᠠᠳᠯᠠᠯᠲᠠ ᠵᠡᠷᠭᠡ ᠳᠠᠷᠠᠭ᠋ᠠᠯᠠᠯ᠎ᠢ ᠡᠷᠡᠰ ᠬᠡᠷᠡᠭᠵᠢᠭᠦᠯᠵᠦ᠂ ᠬᠠᠤᠯᠢ ᠲᠣᠭᠲᠠᠭ᠋ᠠᠯ ᠶᠣᠰᠤᠭ᠋ᠠᠷ ᠦᠢ᠍ᠯᠡᠴᠢᠯᠡᠭᠡ ᠬᠤᠳᠠᠯᠳᠤᠨ ᠠᠪᠬᠤ ᠵᠢ ᠦᠨᠡᠩᠬᠦ ᠪᠠᠲᠤᠯᠠᠬᠤ ᠬᠡᠷᠡᠭᠲᠡᠢ᠃
ᠬᠣᠶᠠᠷ᠂ ᠲᠣᠭᠲᠠᠴᠠ ᠵᠢ ᠳᠠᠰᠤᠷᠠᠯᠲᠠ ᠦᠭᠡᠢ ᠲᠡᠭᠦᠯᠳᠡᠷᠵᠢᠭᠦᠯᠭᠦ ᠶᠠᠪᠤᠴᠠ᠎ᠳᠠᠭᠠᠨ ᠨᠠᠢ᠌ᠲᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ
ᠨᠢᠭᠡ᠎ᠳᠤ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠠᠵᠢᠯ᠎ᠤᠨ ᠨᠢᠬᠡᠳᠦᠯᠲᠠᠢ ᠲᠣᠬᠢᠷᠠᠭᠤᠯᠤᠨ ᠤᠳᠤᠷᠢᠳᠬᠤ ᠲᠣᠭᠲᠠᠴᠠ ᠵᠢᠨ ᠪᠠᠢ᠌ᠭᠤᠯᠤᠯᠲᠠ ᠵᠢ ᠲᠦᠷᠬᠡᠳᠭᠡᠬᠦ ᠬᠡᠷᠡᠭᠲᠡᠢ᠃ ᠠᠷᠠᠳ᠎ᠤᠨ ᠶᠠᠪᠤᠳᠠᠯ᠎ᠤᠨ ᠲᠢᠩᠬᠢᠮ ᠲᠣᠯᠣᠭ᠋ᠠᠢ᠌ᠯᠠᠨ᠂ ᠬᠠᠮᠢᠶ᠎ᠠ ᠪᠦᠭᠦᠢ ᠰᠠᠯᠠᠭ᠎ᠠ ᠮᠥᠴᠢᠷ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ᠎ᠤ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠰᠠᠯᠠᠭ᠎ᠠ ᠮᠥᠴᠢᠷ᠎ᠤᠨ ᠬᠠᠷᠢᠯᠴᠠᠬᠤ ᠬᠤᠷᠠᠯ᠎ᠤᠨ ᠳᠦᠷᠢᠮ᠎ᠢ ᠲᠣᠭᠲᠠᠭ᠋ᠠᠨ᠎ᠠ᠃ ᠠᠢ᠌ᠮᠠᠭ ᠬᠣᠲᠠ ᠪᠤᠯᠤᠨ ᠬᠤᠰᠢᠭᠤ ᠰᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ 《ᠠᠷᠭ᠎ᠠ》 ᠵᠢᠨ ᠱᠠᠭ᠋ᠠᠷᠳᠠᠯᠭ᠎ᠠ ᠶᠤᠰᠤᠭ᠋ᠠᠷ᠂ ᠵᠠᠰᠠᠭ᠎ᠤᠨ ᠤᠷᠳᠤᠨ ᠤᠳᠤᠷᠢᠳᠤᠨ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠲᠣᠯᠣᠭ᠋ᠠᠢ᠌ᠯᠠᠵᠤ᠂ ᠬᠠᠮᠢᠶ᠎ᠠ ᠪᠦᠭᠦᠢ ᠰᠠᠯᠠᠭ᠎ᠠ ᠮᠥᠴᠢᠷ ᠬᠠᠪᠰᠤᠷᠤᠨ᠂ ᠨᠡᠢ᠌ᠬᠡᠮ᠎ᠤᠨ ᠬᠦᠴᠦᠨ ᠣᠷᠣᠯᠴᠠᠭᠰᠠᠨ ᠠᠵᠢᠯ᠎ᠤᠨ ᠲᠣᠬᠢᠷᠠᠭᠤᠯᠤᠯᠲᠠ ᠵᠢᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠭᠦ ᠵᠢ ᠱᠠᠯᠠᠪᠳᠠᠨ ᠲᠦᠯᠬᠢᠨ ᠠᠬᠢᠭᠤᠯᠬᠤ ᠵᠢᠨ ᠬᠠᠮᠲᠤ ᠦᠢ᠍ᠯᠡᠳᠦᠯ᠎ᠢ᠎ᠨᠢ ᠦᠨᠡᠩᠭᠦ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠵᠣᠷᠢᠭᠲᠠᠢ ᠬᠠᠷᠢᠭᠤᠴᠠᠨ᠂ ᠴᠢᠳᠠᠮᠠᠭ᠋ᠠᠢ ᠵᠣᠬᠢᠴᠠᠭᠤᠯᠵᠤ᠂ ᠦᠢ᠍ᠯᠡᠴᠢᠯᠡᠬᠦ ᠠᠵᠢᠯ ᠵᠶ᠋ᠠᠨ ᠨᠠᠷᠢᠨ ᠬᠢᠨᠠᠮᠠᠭ᠋ᠠᠢ ᠰᠠᠢ᠌ᠲᠤᠷ ᠬᠢᠵᠤ᠂ ᠢᠵᠢᠯ ᠱᠠᠲᠤᠨ᠎ᠤ᠎ᠪᠠᠨ ᠨᠠᠮ᠎ᠤᠨ ᠬᠣᠷᠢᠶ᠎ᠠ᠂ ᠵᠠᠰᠠᠭ᠎ᠤᠨ ᠤᠷᠳᠤᠨ ᠪᠤᠯᠤᠨ ᠬᠠᠮᠢᠶ᠎ᠠ ᠪᠦᠭᠦᠢ ᠰᠠᠯᠠᠭ᠎ᠠ ᠮᠥᠴᠢᠷ᠎ᠤᠨ ᠳᠡᠮᠵᠢᠯᠭᠡ ᠵᠢ ᠣᠯᠬᠤ᠎ᠪᠠᠷ ᠢᠳᠡᠪᠬᠢᠲᠠᠢ ᠴᠢᠷᠮᠠᠢ᠌ᠵᠤ᠂ ᠲᠣᠬᠢᠷᠠᠭᠤᠯᠤᠯᠲᠠ ᠵᠢᠨ ᠲᠣᠭᠲᠠᠴᠠ ᠵᠢ ᠠᠰᠢᠭᠯᠠᠨ᠂ ᠭᠣᠣᠯᠳᠠᠯᠭ᠎ᠠ᠎ᠲᠠᠢ ᠭᠦᠴᠢᠷᠲᠠᠢ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠵᠦ᠂ ᠨᠠᠢ᠌ᠬᠡᠮ᠎ᠤᠨ ᠠᠪᠤᠷᠠᠨ ᠳᠤᠰᠠᠯᠠᠯᠲᠠ ᠵᠢᠨ ᠰᠢᠨ᠎ᠡ ᠵᠢ ᠡᠭᠦᠳᠦᠯᠲᠡ ᠪᠠ ᠬᠥᠭᠵᠢᠯᠲᠡ ᠵᠢ ᠨᠢᠭᠡᠳᠦᠯᠲᠠᠢ ᠳᠦᠯᠬᠢᠨ ᠠᠬᠢᠭᠤᠯᠵᠤ᠂ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠰᠢᠰᠲᠸᠮ᠎ᠤᠨ ᠪᠠᠢ᠌ᠭᠤᠯᠤᠯᠲᠠ ᠵᠢ ᠳᠠᠰᠤᠷᠠᠯᠲᠠ ᠦᠭᠡᠢ ᠴᠢᠩᠭ᠋ᠠᠳᠬᠠᠬᠤ ᠬᠡᠷᠡᠭᠲᠡᠢ᠃
ᠬᠣᠶᠠᠷ᠎ᠲᠤ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠢᠨᠠᠨ ᠬᠠᠷᠭᠤᠭᠤᠯᠬᠤ ᠲᠣᠭᠲᠠᠴᠠ ᠵᠢ ᠲᠦᠷᠭᠡᠨ ᠪᠠᠢ᠌ᠭᠤᠯᠬᠤ ᠬᠡᠷᠡᠭᠲᠡᠢ᠃ ᠡᠯ᠎ᠡ ᠭᠠᠵᠠᠷ᠎ᠤᠨ᠎ᠬᠢᠨ ᠵᠢᠯ᠎ᠤᠨ ᠡᠬᠢᠨ᠎ᠳᠤ ᠲᠣᠭᠲᠠᠭ᠋ᠠᠭᠰᠠᠨ6 ᠰᠠᠷ᠎ᠠ ᠵᠢᠨ ᠰᠡᠭᠦᠯᠴᠢ᠎ᠠᠴᠠ ᠡᠮᠦᠨ᠎ᠡ100% ᠵᠢᠨ ᠠᠢ᠌ᠮᠠᠭ ᠬᠣᠲᠠ ᠪᠤᠯᠤᠨ80% ᠬᠤᠰᠢᠭᠤ ᠰᠢᠶᠠᠨ (ᠬᠣᠲᠠ᠂ ᠲᠣᠭᠣᠷᠢᠭ)᠎ᠳᠤ ᠬᠢᠨᠠᠨ ᠬᠠᠷᠭᠤᠭᠤᠯᠬᠤ ᠲᠣᠭᠲᠠᠴᠠ ᠵᠢ ᠪᠠᠢ᠌ᠭᠤᠯᠬᠤ ᠬᠠᠷᠠᠯᠲᠠᠲᠥ ᠡᠭᠦᠷᠭᠡ ᠶᠣᠰᠤᠭ᠋ᠠᠷ᠂ ᠴᠠᠭ᠎ᠢ ᠵᠠᠪᠳᠤᠨ ᠪᠦᠲᠦᠮᠵᠢ᠎ᠲᠠᠢ ᠠᠷᠭ᠎ᠠ ᠬᠡᠮᠵᠢᠶ᠎ᠡ ᠠᠪᠴᠤ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠢᠨᠠᠨ ᠬᠠᠷᠭᠤᠭᠤᠯᠬᠤ ᠲᠣᠭᠲᠠᠴᠠ ᠵᠢ ᠲᠦᠷᠭᠡᠬᠡᠨ ᠪᠠᠢ᠌ᠭᠤᠯᠬᠤ ᠬᠡᠷᠡᠭᠲᠡᠢ᠃ ᠢᠵᠢᠯ ᠱᠠᠲᠤᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠤᠰ ᠲᠤᠰ᠎ᠤᠨ ᠵᠶ᠋ᠠᠨ ᠯᠠᠪᠯᠠᠨ ᠬᠠᠷᠭᠤᠭᠤᠯᠬᠤ ᠪᠣᠳᠠᠲᠠᠢ ᠠᠷᠭ᠎ᠠ ᠵᠢ ᠲᠣᠭᠲᠠᠭ᠋ᠠᠵᠤ᠂ ᠯᠠᠪᠯᠠᠨ ᠠᠰᠠᠭᠤᠬᠤ ᠳᠠᠷᠠᠭ᠋ᠠᠯᠠᠯ᠎ᠢ ᠳᠦᠷᠢᠮᠵᠢᠭᠦᠯᠬᠦ ᠬᠡᠷᠡᠭᠲᠡᠢ᠃ ᠴᠢᠮᠡᠭᠡ ᠵᠠᠩᠭᠢ ᠵᠢᠨ ᠳᠠᠪᠴᠠᠩ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠴᠢᠮᠡᠭᠡ ᠵᠠᠩᠭᠢᠵᠢᠭᠤᠯᠤᠨ ᠬᠢᠨᠠᠨ ᠬᠠᠷᠭᠤᠭᠤᠯᠬᠤ᠂ ᠲᠣᠣᠷ ᠰᠦᠯᠵᠢᠶᠡᠵᠢᠭᠦᠯᠦᠨ ᠬᠠᠮᠢᠶᠠᠷᠬᠤ᠂ ᠬᠢᠨᠠᠨ ᠬᠠᠷᠭᠤᠭᠤᠯᠤᠭᠰᠠᠨ ᠴᠢᠮᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠬᠦ ᠬᠡᠷᠡᠭᠲᠡᠢ᠃
ᠭᠤᠷᠪᠠ᠎ᠳᠤ 《ᠨᠢᠭᠡ ᠡᠭᠦᠳᠡ᠎ᠪᠠᠷ ᠬᠦᠯᠢᠶᠡᠨ ᠠᠪᠴᠤ᠂ ᠬᠠᠮᠵᠢᠯᠴᠠᠨ ᠭᠦᠢ᠍ᠴᠡᠳᠬᠡᠬᠦ》 ᠰᠠᠯᠠᠭ᠎ᠠ ᠮᠥᠴᠢᠷᠨᠦᠭᠦᠳᠤᠨ ᠬᠠᠮᠲᠤᠷᠠᠯᠴᠠᠭ᠋ᠠᠨ᠎ᠤ ᠲᠣᠭᠲᠠᠴᠠ ᠵᠢ ᠲᠦᠷᠭᠡᠨ ᠪᠠᠢ᠌ᠭᠤᠯᠬᠤ ᠬᠡᠷᠡᠭᠲᠡᠢ᠃ ᠡᠯ᠎ᠡ ᠭᠠᠵᠠᠷ᠎ᠤᠨ᠎ᠬᠢᠨ ᠨᠡᠢ᠌ᠬᠡᠮ᠎ᠤᠨ ᠠᠪᠤᠷᠠᠨ ᠲᠤᠰᠠᠯᠠᠯᠲᠠ ᠵᠢ ᠭᠦᠢ᠍ᠴᠡᠳᠭᠡᠬᠦ ᠪᠠᠢ᠌ᠭᠤᠯᠤᠮᠵᠢ᠎ᠳᠤ ᠲᠦᠰᠢᠭᠯᠡᠵᠦ᠂ ᠠᠯᠢ ᠴᠢᠳᠠᠬᠤ᠎ᠪᠠᠷ ᠣᠳᠣ ᠵᠢᠨ ᠪᠠᠢ᠌ᠭ᠎ᠠ ᠵᠠᠰᠠᠭ᠎ᠤᠨ ᠤᠷᠳᠤᠨ᠎ᠤ ᠬᠡᠷᠡᠭ ᠡᠷᠬᠢᠯᠡᠬᠦ ᠲᠢᠩᠬᠢᠮ᠂ ᠶᠡᠷᠥᠩᠬᠡᠢ᠌ᠯᠡᠭᠰᠡᠨ ᠴᠢᠨᠠᠷᠲᠠᠢ ᠦᠢ᠍ᠯᠡᠴᠢᠯᠡᠭᠡᠨ᠎ᠤ ᠴᠣᠩᠬᠣᠪᠴᠢ᠎ᠪᠠᠷ ᠳᠠᠮᠵᠢᠭᠤᠯᠤᠨ ᠂ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠭᠤᠶᠤᠴᠢᠯᠠᠯ᠎ᠢ ᠨᠢᠭᠡ ᠯᠠ ᠡᠭᠦᠳᠡᠨ᠎ᠡ ᠬᠦᠯᠢᠶᠡᠨ ᠠᠪᠴᠤ ᠭᠦᠢ᠍ᠴᠡᠳᠭᠡᠬᠦ ᠶᠡᠷᠥᠩᠬᠡᠢ᠌ᠯᠡᠭᠰᠡᠨ ᠴᠢᠨᠠᠷᠲᠠᠢ ᠦᠢ᠍ᠯᠡᠴᠢᠯᠡᠭᠡᠨ᠎ᠤ ᠳᠠᠪᠴᠠᠩ᠎ᠢ ᠪᠠᠢ᠌ᠭᠤᠯᠤᠨ ᠲᠡᠭᠦᠯᠳᠡᠷᠵᠢᠭᠦᠯᠵᠤ᠂ ᠭᠦᠴᠢᠷᠳᠡᠯ᠎ᠲᠦ ᠣᠯᠠᠨ ᠲᠦᠮᠡᠨ᠎ᠤ ᠠᠪᠤᠷᠠᠨ ᠲᠤᠰᠠᠯᠠᠯᠲᠠ ᠭᠤᠶᠤᠴᠢᠯᠠᠬᠤ ᠵᠢ ᠪᠠᠲᠤᠯᠠᠬᠤ ᠬᠡᠷᠡᠭᠲᠡᠢ᠃ 《ᠨᠢᠭᠡ ᠡᠭᠦᠳᠡ᠎ᠪᠠᠷ ᠬᠦᠯᠢᠶᠡᠨ ᠠᠪᠴᠤ᠂ ᠬᠠᠮᠵᠢᠯᠴᠠᠨ ᠭᠦᠢ᠍ᠴᠡᠳᠭᠡᠬᠦ》 ᠰᠠᠯᠠᠭ᠎ᠠ ᠮᠥᠴᠢᠷᠨᠦᠭᠦᠳᠤᠨ ᠬᠠᠮᠲᠤᠷᠠᠯᠴᠠᠭ᠋ᠠᠨ᠎ᠤ ᠲᠣᠭᠲᠠᠴᠠ ᠵᠢ ᠲᠦᠷᠭᠡᠨ ᠪᠠᠢ᠌ᠭᠤᠯᠵᠤ᠂ ᠴᠠᠭ ᠲᠤᠬᠠᠢᠳᠤᠨᠢ ᠮᠡᠳᠡᠭᠳᠡᠬᠦ ᠪᠤᠶᠤ ᠳᠠᠮᠵᠢᠭᠤᠯᠤᠨ ᠭᠦᠢ᠍ᠴᠡᠳᠭᠡᠵᠤ ᠪᠠᠢ᠌ᠭ᠎ᠠ ᠠᠬᠢᠴᠠ ᠵᠢ ᠢᠯᠡ ᠪᠤᠯᠭ᠋ᠠᠵᠤ᠂ ᠠᠪᠤᠷᠠᠨ ᠲᠤᠰᠠᠯᠠᠯᠲᠠ ᠭᠤᠶᠤᠴᠢᠯᠠᠭᠰᠠᠳ ᠪᠠ ᠬᠠᠮᠢᠶ᠎ᠠ ᠪᠦᠭᠦᠢ ᠠᠪᠤᠷᠠᠨ ᠲᠤᠰᠠᠯᠠᠯᠲᠠ ᠵᠢᠨ ᠰᠠᠯᠠᠭ᠎ᠠ ᠮᠥᠴᠢᠷ᠎ᠤᠨ ᠪᠦᠲᠦᠮᠵᠢ᠎ᠲᠠᠢ ᠰᠠᠢ᠌ᠨ ᠵᠣᠯᠭ᠋ᠠᠯᠴᠠᠬᠤ ᠵᠢ ᠪᠠᠲᠤᠯᠠᠬᠤ ᠬᠡᠷᠡᠭᠲᠡᠢ᠃ ᠨᠡᠢ᠌ᠬᠡᠮ᠎ᠤᠨ ᠠᠵᠢᠯᠲᠠᠳ᠂ ᠨᠡᠢ᠌ᠬᠡᠮ ᠲᠣᠭᠣᠷᠢᠭ᠎ᠤᠨ ᠰᠠᠢ᠌ᠨ ᠳᠤᠷᠠᠴᠤᠤᠯ ᠵᠡᠷᠭᠡ ᠨᠡᠢ᠌ᠬᠡᠮ᠎ᠤᠨ ᠬᠦᠴᠦᠨ᠎ᠢ ᠤᠷᠠᠢ᠌ᠯᠠᠨ ᠳᠠᠢ᠌ᠴᠢᠯᠠᠵᠤ᠂ ᠭᠦᠴᠢᠷᠳᠡᠯ᠎ᠲᠦ ᠡᠲᠡᠭᠡᠳ᠎ᠢ ᠴᠠᠭ ᠲᠤᠬᠠᠢᠳᠤᠨᠢ ᠣᠯᠵᠤ ᠮᠡᠳᠡᠬᠦ ᠵᠢᠨ ᠬᠠᠮᠲᠤ᠂ ᠲᠡᠳᠡᠨ᠎ᠢ ᠬᠠᠪᠰᠤᠷᠤᠨ ᠬᠠᠤᠯᠢ ᠶᠤᠰᠤᠭ᠋ᠠᠷ ᠭᠤᠶᠤᠴᠢᠯᠠᠵᠤ᠂ ᠴᠠᠭ ᠲᠤᠬᠠᠢᠳᠤᠨᠢ ᠲᠤᠰᠠᠯᠠᠮᠵᠢ ᠬᠦᠷᠲᠡᠭᠡᠬᠦ ᠬᠡᠷᠡᠭᠲᠡᠢ᠃
ᠭᠤᠷᠪᠠ᠂ ᠬᠦᠴᠢᠷᠳᠡᠯ᠎ᠢ ᠵᠣᠷᠢᠭᠲᠠᠢ ᠲᠤᠭᠤᠯᠬᠤ ᠶᠠᠪᠤᠴᠠ᠎ᠳᠤ ᠨᠠᠢ᠌ᠲᠠᠪᠦᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ
ᠨᠢᠭᠡᠳᠦᠭᠡᠷ᠎ᠲᠤ᠂ ᠪᠠᠴᠢᠮ ᠠᠪᠤᠷᠠᠠ ᠲᠤᠰᠠᠯᠠᠪᠠᠯ ᠵᠣᠬᠢᠬᠤ ᠡᠲᠡᠭᠡᠳ ᠵᠶ᠋ᠡᠨ ᠴᠠᠭ ᠲᠤᠬᠠᠢᠳᠤᠨᠢ ᠣᠯᠵᠤ ᠮᠡᠳᠡᠬᠦ ᠬᠡᠷᠡᠭᠲᠡᠢ᠃ ᠭᠦᠴᠢᠷᠳᠡᠯ᠎ᠲᠦ ᠣᠯᠠᠨ ᠲᠦᠮᠡᠨ ᠪᠠᠴᠢᠮ ᠭᠠᠴᠢᠭᠳᠠᠯ᠎ᠳᠤ ᠤᠴᠠᠷᠠᠪᠠᠯ᠂ ᠲᠤᠰ ᠬᠦᠮᠦᠨ᠎ᠨᠢ ᠠᠪᠤᠷᠠᠨ ᠲᠤᠰᠠᠯᠠᠬᠤ ᠵᠢ ᠭᠤᠶᠤᠴᠢᠯᠠᠬᠤ᠎ᠠᠴᠠ ᠭᠠᠳᠠᠨ᠎ᠠ᠂ ᠪᠠᠰᠠ ᠬᠣᠲᠠ ᠬᠥᠳᠡᠭᠡ ᠵᠢᠨ ᠨᠡᠢ᠌ᠬᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢ᠌ᠭᠤᠯᠤᠯᠲᠠ᠂ ᠦᠪᠡᠷᠳᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠪᠤᠯᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠲᠦᠰᠢᠭᠯᠡᠨ᠂ ᠨᠡᠢ᠌ᠬᠡᠮ ᠲᠣᠭᠣᠷᠢᠭ᠂ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ᠂ ᠨᠡᠢ᠌ᠬᠡᠮ᠎ᠤᠨ ᠠᠵᠢᠯᠲᠠᠳ ᠪᠤᠯᠤᠨ ᠰᠠᠢ᠌ᠨ ᠳᠤᠷᠠᠴᠤᠤᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠷᠲᠡ ᠣᠯᠵᠤ ᠮᠡᠳᠡᠨ᠂ ᠡᠷᠲᠡ᠎ᠠᠴᠠ ᠠᠪᠤᠷᠠᠨ ᠲᠤᠰᠠᠯᠠᠬᠤ ᠵᠢᠨ ᠬᠠᠮᠲᠤ᠂ ᠴᠢᠮᠡᠭᠡ ᠵᠠᠩᠭᠢ ᠵᠢᠨ ᠪᠦᠷᠢᠳᠭᠡᠯᠲᠡ ᠪᠤᠯᠤᠨ ᠮᠡᠳᠡᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃
ᠬᠣᠶᠠᠳᠤᠭ᠋ᠠᠷ᠎ᠲᠤ᠂ ᠠᠪᠤᠷᠠᠨ ᠲᠤᠰᠠᠯᠠᠯᠲᠠ ᠵᠢᠨ ᠲᠣᠭᠲᠠᠭ᠋ᠠᠯ ᠶᠤᠰᠤᠭ᠋ᠠᠷ ᠪᠠᠴᠢᠮ ᠭᠠᠴᠢᠭᠳᠠᠯᠢ ᠠᠪᠤᠷᠠᠨ ᠲᠤᠰᠠᠯᠠᠬᠤ ᠬᠡᠷᠡᠭᠲᠡᠢ᠃ 《ᠠᠷᠭ᠎ᠠ》᠎ᠳᠤ ᠲᠣᠭᠲᠠᠭ᠋ᠠᠭᠰᠠᠨ ᠲᠦᠷ ᠴᠠᠭ᠎ᠤᠨ ᠠᠪᠤᠷᠠᠨ ᠲᠤᠰᠠᠯᠠᠯᠲᠠ᠂ ᠡᠮᠨᠡᠯᠭᠡ ᠵᠢᠨ ᠠᠪᠤᠷᠠᠨ ᠳᠤᠰᠠᠯᠠᠯᠲᠠ᠂ ᠰᠤᠷᠭ᠋ᠠᠨ ᠬᠦᠮᠦᠵᠢᠯ᠎ᠤᠨ ᠠᠪᠤᠷᠠᠨ ᠲᠤᠰᠠᠯᠠᠯᠲᠠ᠂ ᠣᠷᠣᠨ ᠰᠠᠭᠤᠴᠠ ᠵᠢᠨ ᠠᠪᠤᠷᠠᠨ ᠲᠤᠰᠠᠯᠠᠯᠲᠠ᠂ ᠭᠠᠮᠰᠢᠭᠳᠠᠭᠰᠠᠳ᠎ᠤᠨ ᠠᠪᠤᠷᠠᠨ ᠲᠤᠰᠠᠯᠠᠯᠲᠠ᠂ ᠡᠪᠡᠳᠴᠢᠨ ᠡᠮᠭᠡᠭ᠎ᠤᠨ ᠪᠠᠴᠢᠮ ᠠᠪᠤᠷᠠᠨ ᠲᠤᠰᠠᠯᠠᠯᠲᠠ᠂ ᠲᠡᠨᠦᠭᠦᠴᠢᠯᠡᠨ ᠪᠠᠳᠢᠷᠴᠢᠯᠠᠭᠴᠢᠳᠤᠨ ᠠᠪᠤᠷᠠᠨ ᠲᠤᠰᠠᠯᠠᠯᠲᠠ ᠵᠡᠷᠭᠡ ᠲᠣᠭᠲᠠᠭ᠋ᠠᠯ᠎ᠳᠤ ᠴᠥᠮ ᠪᠠᠴᠢᠮ ᠭᠠᠴᠢᠭᠳᠠᠯᠢ ᠠᠪᠤᠷᠠᠨ ᠲᠤᠰᠠᠯᠠᠬᠤ ᠠᠭᠤᠯᠭ᠎ᠠ ᠵᠢ ᠠᠳᠠᠯᠢ ᠪᠤᠰᠤ ᠬᠡᠮᠵᠢᠶ᠎ᠡ᠎ᠪᠠᠷ ᠠᠭᠤᠯᠤᠭᠰᠠᠨ ᠪᠠᠢ᠌ᠳᠠᠭ ᠃ ᠡᠯ᠎ᠡ ᠭᠠᠵᠠᠷ᠎ᠤᠨ᠎ᠬᠢᠨ ᠠᠪᠤᠷᠠᠨ ᠲᠤᠰᠠᠯᠠᠯᠲᠠ ᠵᠢᠨ ᠲᠥᠷᠥ ᠵᠢᠨ ᠪᠣᠳᠣᠯᠭ᠎ᠠ᠎ᠪᠠᠨ ᠲᠡᠭᠦᠯᠳᠡᠷᠵᠢᠭᠦᠯᠬᠦ᠎ᠳᠡᠭᠡᠨ᠂ ᠪᠠᠴᠢᠮ ᠭᠠᠴᠢᠭᠳᠠᠯ᠎ᠠᠴᠠ ᠠᠪᠤᠷᠠᠬᠤ ᠵᠢ ᠠᠪᠤᠷᠠᠨ ᠲᠤᠰᠠᠯᠠᠯᠲᠠ ᠵᠢᠨ ᠬᠦᠷᠢᠶ᠎ᠡ ᠬᠡᠪᠴᠢᠶᠡᠨ᠎ᠳᠡᠭᠡᠨ ᠪᠠᠭᠲᠠᠭ᠋ᠠᠵᠤ᠂ ᠪᠠᠴᠢᠮ ᠭᠠᠴᠢᠭᠳᠠᠯ᠎ᠠᠴᠠ ᠠᠪᠤᠷᠠᠬᠤ ᠤᠴᠢᠷ ᠶᠠᠪᠤᠳᠠᠯ᠂ ᠪᠠᠷᠢᠮᠵᠢᠶ᠎ᠠ ᠪᠤᠯᠤᠨ ᠬᠠᠷᠢᠭᠤᠴᠠᠯᠭ᠎ᠠ ᠵᠢ ᠲᠣᠳᠣᠷᠬᠠᠢ᠌ᠯᠠᠬᠤ ᠬᠡᠷᠡᠭᠲᠡᠢ᠃
ᠭᠤᠷᠪᠠᠳᠤᠭ᠋ᠠᠷ᠎ᠲᠤ᠂ ᠪᠠᠴᠢᠮ ᠭᠠᠴᠢᠭᠳᠠᠯ᠎ᠠᠴᠠ ᠠᠪᠤᠷᠠᠬᠤ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ ᠬᠡᠷᠡᠭᠲᠡᠢ᠃ ᠪᠣᠳᠠᠲᠠᠢ ᠠᠪᠤᠷᠠᠨ ᠲᠤᠰᠠᠯᠠᠯᠲᠠ ᠵᠢᠨ ᠳᠦᠷᠢᠮ ᠲᠤᠭᠲᠠᠭ᠋ᠠᠯ᠎ᠨᠢ ᠠᠪᠤᠷᠠᠨ ᠲᠤᠰᠠᠯᠠᠯᠲᠠ ᠵᠢᠨ ᠬᠡᠷᠡᠭᠴᠡᠭᠡ ᠵᠢ ᠬᠠᠩᠭ᠋ᠠᠵᠤ ᠳᠡᠢ᠌ᠯᠬᠦ ᠦᠭᠡᠢ ᠪᠤᠶᠤ ᠡᠰᠡᠬᠦᠯ᠎ᠡ ᠵᠣᠬᠢᠴᠠᠬᠤᠢ᠌ᠴᠠ ᠠᠪᠤᠷᠠᠨ ᠲᠤᠰᠠᠯᠠᠯᠲᠠ ᠵᠢᠨ ᠲᠥᠷᠢᠮ ᠲᠣᠭᠲᠠᠭ᠋ᠠᠯ᠎ᠤᠨ ᠲᠣᠬᠢᠷᠠᠭᠤᠯᠤᠯᠲᠠ ᠳᠤᠲᠠᠭᠳᠠᠵᠤ ᠪᠦᠭᠦᠢ ᠪᠠᠴᠢᠮ ᠭᠠᠴᠢᠭᠳᠠᠯ᠎ᠤᠨ ᠤᠴᠢᠷ ᠶᠠᠪᠤᠳᠠᠯ᠎ᠢ ᠪᠣᠯ᠂ ᠬᠠᠮᠢᠶ᠎ᠠ ᠪᠦᠭᠦᠢ ᠰᠠᠯᠠᠭ᠎ᠠ ᠮᠥᠴᠢᠷ᠎ᠲᠠᠢ ᠵᠥᠪᠳᠡᠯᠴᠡᠨ ᠰᠢᠢ᠍ᠳᠪᠦᠷᠢᠯᠡᠬᠦ ᠠᠷᠭ᠎ᠠ ᠬᠡᠮᠵᠢᠶ᠎ᠡ ᠲᠣᠭᠲᠠᠭ᠋ᠠᠵᠤ᠂ ᠪᠠᠴᠢᠮ ᠭᠠᠴᠢᠭᠳᠠᠯᠲᠤ ᠠᠰᠠᠭᠤᠳᠠᠯ᠎ᠳᠤ ᠲᠤᠯᠭ᠋ᠠᠷᠠᠭᠰᠠᠨ ᠣᠯᠠᠨ ᠲᠦᠮᠡᠨ᠎ᠳᠤ ᠳᠦᠭᠦᠮ ᠦᠵᠡᠭᠦᠯᠵᠦ᠂ ᠪᠠᠴᠢᠮ ᠭᠠᠴᠢᠭᠳᠠᠯᠲᠤ ᠠᠰᠠᠭᠤᠳᠠᠯ᠎ᠢ ᠴᠠᠭ ᠲᠤᠬᠠᠢᠳᠤᠨᠢ ᠵᠣᠬᠢᠰᠲᠠᠢ ᠰᠠᠢ᠌ᠬᠠᠨ ᠰᠢᠢ᠍ᠳᠪᠦᠷᠢᠯᠡᠬᠦ ᠬᠡᠷᠡᠭᠲᠡᠢ᠃ ᠬᠤᠪᠢ ᠬᠦᠮᠦᠨ ᠭᠤᠶᠤᠴᠢᠯᠠᠬᠤ ᠴᠢᠳᠠᠪᠤᠷᠢ ᠦᠭᠡᠢ ᠪᠣᠯ᠂ ᠲᠤᠬᠠᠢ ᠵᠢᠨ ᠭᠠᠵᠠᠷ᠎ᠤᠨ ᠭᠠᠴᠠᠭ᠎ᠠ ᠲᠣᠰᠬᠤᠨ (ᠰᠠᠭᠤᠭ᠋ᠠᠯᠢ )᠎ᠤ ᠠᠷᠠᠳ ᠵᠥᠪᠯᠡᠯ ᠵᠶ᠋ᠡᠷ ᠬᠠᠪᠰᠤᠷᠤᠭᠤᠯᠤᠨ ᠭᠤᠶᠤᠴᠢᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃
ᠳᠥᠷᠪᠡᠳᠦᠭᠡᠷ᠎ᠲᠤ᠂ ᠨᠡᠢ᠌ᠬᠡᠮ᠎ᠤᠨ ᠣᠷᠣᠯᠴᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠨᠡᠢ᠌ᠬᠡᠮ᠎ᠤᠨ ᠬᠦᠴᠦᠨ᠎ᠤ ᠪᠠᠴᠢᠮ ᠭᠠᠴᠢᠭᠳᠠᠯ᠎ᠠᠴᠠ ᠠᠪᠤᠷᠠᠬᠤ ᠠᠵᠢᠯ᠎ᠳᠤ ᠣᠷᠣᠯᠴᠠᠬᠤ ᠵᠢ ᠢᠳᠡᠪᠬᠢᠲᠠᠢ ᠳᠠᠢ᠌ᠴᠢᠯᠠᠵᠤ᠂ ᠨᠡᠢ᠌ᠬᠡᠮ᠎ᠤᠨ ᠠᠪᠤᠷᠠᠨ ᠲᠤᠰᠠᠯᠠᠯᠲᠠ ᠬᠢᠭᠡᠳ ᠨᠢᠭᠦᠯᠡᠰᠦᠩᠭᠥᠢ ᠵᠢᠨ ᠦᠢ᠍ᠯᠡᠰ᠎ᠢ ᠰᠠᠢ᠌ᠲᠤᠷ ᠠᠪᠴᠠᠯᠳᠤᠭᠤᠯᠤᠨ᠂ ᠪᠠᠴᠢᠮ ᠭᠠᠴᠢᠭᠳᠠᠯ᠎ᠳᠤ ᠤᠴᠠᠷᠠᠭᠰᠠᠨ ᠭᠦᠴᠢᠷᠳᠡᠯ᠎ᠲᠦ ᠭᠡᠷ ᠪᠦᠯᠢ ᠪᠤᠯᠤᠨ ᠭᠦᠴᠢᠷᠳᠡᠯ᠎ᠲᠦ ᠬᠦᠮᠦᠰ᠎ᠢ ᠬᠠᠪᠰᠤᠷᠤᠨ᠂ ᠭᠡᠷ ᠪᠦᠯᠢ ᠨᠡᠢ᠌ᠬᠡᠮ᠎ᠤᠨ ᠬᠠᠷᠢᠴᠠᠭ᠎ᠠ ᠵᠢ᠎ᠨᠢ ᠵᠣᠬᠢᠴᠠᠭᠤᠯᠵᠤ᠂ ᠬᠦᠮᠦᠨᠴᠢ ᠠᠪᠤᠷᠠᠨ ᠲᠤᠰᠠᠯᠠᠯᠲᠠ ᠵᠢᠨ ᠦᠢ᠍ᠯᠡᠴᠢᠯᠡᠭᠡ ᠵᠢ ᠰᠠᠢ᠌ᠲᠤᠷ ᠬᠢᠬᠦ ᠬᠡᠷᠡᠭᠲᠡᠢ᠃
ᠲᠠᠪᠤᠳᠤᠭ᠋ᠠᠷ᠎ᠲᠤ᠂ ᠣᠨᠴᠠ ᠪᠠᠴᠢᠮ ᠭᠠᠴᠢᠭᠳᠠᠯᠲᠤ ᠠᠰᠠᠭᠤᠳᠠᠯ᠎ᠢ ᠥᠳᠲᠦᠷ ᠲᠦᠷᠭᠡᠨ ᠳᠡᠭᠡᠭᠰᠢ ᠮᠡᠳᠡᠭᠦᠯᠵᠦ ᠰᠢᠢ᠍ᠳᠪᠦᠷᠢᠯᠡᠬᠦ ᠬᠡᠷᠡᠭᠲᠡᠢ᠃ ᠪᠠᠴᠢᠮ ᠭᠠᠴᠢᠭᠳᠠᠯ᠎ᠠᠴᠠ ᠠᠪᠤᠷᠠᠬᠤ᠎ᠳᠤ ᠱᠠᠭ᠋ᠠᠷᠳᠠᠭᠳᠠᠬᠤ ᠵᠣᠭᠣᠰ ᠮᠥᠩᠭᠦᠨ᠎ᠤ ᠬᠡᠷᠡᠭᠴᠡᠭᠡ᠎ᠨᠢ ᠳᠡᠩᠳᠡᠭᠦᠦ ᠶᠡᠬᠡ᠂ ᠪᠠᠴᠢᠮ ᠭᠠᠴᠢᠭᠳᠠᠯᠲᠤ ᠠᠰᠠᠭᠤᠳᠠᠯ᠎ᠳᠤ ᠲᠤᠯᠭ᠋ᠠᠷᠠᠭᠰᠠᠨ᠎ᠠᠴᠠ ᠪᠣᠯᠣᠭ᠋ᠠᠳ ᠪᠡᠶ᠎ᠡ ᠪᠠᠨ ᠭᠡᠮᠲᠦᠭᠡᠵᠦ᠂ ᠪᠡᠶ᠎ᠡ᠎ᠪᠠᠨ ᠬᠣᠣᠷᠯᠠᠵᠤ ᠮᠡᠳᠡᠬᠦ ᠪᠤᠶᠤ ᠴᠢᠨᠠᠭᠰᠢᠯᠠᠪᠠᠯ ᠠᠷᠭ᠎ᠠ ᠪᠤᠰᠤ ᠠᠶᠤᠯᠲᠤ ᠵᠠᠮ ᠵᠶ᠋ᠠᠷ ᠵᠠᠮᠨᠠᠵᠤ ᠨᠡᠢ᠌ᠬᠡᠮ᠎ᠳᠤ ᠬᠣᠣᠷ ᠬᠥᠨᠥᠭᠡᠯ ᠤᠴᠠᠷᠠᠭᠤᠯᠵᠤ ᠮᠡᠳᠡᠬᠦ ᠵᠢ᠎ᠨᠢ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠴᠠᠭ ᠲᠤᠬᠠᠢᠳᠤᠨᠢ ᠬᠠᠮᠢᠶᠠᠷᠴᠤ᠂ ᠢᠳᠡᠪᠬᠢᠲᠠᠢ ᠠᠪᠤᠷᠠᠨ ᠲᠤᠰᠠᠯᠠᠬᠤ ᠵᠢᠨ ᠳᠠᠭ᠋ᠠᠤ᠂ ᠢᠵᠢᠯ ᠱᠠᠲᠤᠨ᠎ᠤ᠎ᠪᠠᠨ ᠵᠠᠰᠠᠭ᠎ᠤᠨ ᠣᠷᠳᠣᠨ᠎ᠳᠤ ᠪᠠᠢ᠌ᠳᠠᠯ ᠵᠶ᠋ᠠᠨ ᠴᠠᠭ ᠲᠤᠬᠠᠢᠳᠤᠨᠢ ᠮᠡᠳᠡᠭᠦᠯᠦᠨ᠂ ᠬᠠᠮᠢᠶ᠎ᠠ ᠪᠦᠭᠦᠢ ᠰᠠᠯᠠᠭ᠎ᠠ ᠮᠥᠴᠢᠷ᠎ᠲᠤ ᠪᠠᠢ᠌ᠳᠠᠯ ᠵᠶ᠋ᠠᠨ ᠮᠡᠳᠡᠭᠳᠡᠨ᠂ ᠰᠢᠢ᠍ᠳᠪᠦᠷᠢᠯᠡᠬᠦ ᠲᠦᠰᠦᠯ ᠵᠶ᠋ᠠᠨ ᠲᠤᠷᠠᠳᠤᠨ᠂ ᠴᠠᠭ ᠲᠤᠬᠠᠢᠳᠤᠨᠢ ᠠᠰᠠᠭᠤᠳᠠᠯ᠎ᠢ ᠰᠢᠢ᠍ᠳᠪᠦᠷᠢᠯᠡᠬᠦ ᠵᠢ ᠦᠨᠡᠨᠬᠦ ᠪᠠᠲᠤᠯᠠᠬᠤ ᠬᠡᠷᠡᠭᠲᠡᠢ᠃ ᠵᠦᠢ ᠪᠤᠰᠤ ᠱᠠᠭ᠋ᠠᠷᠳᠠᠯᠭ᠎ᠠ ᠲᠤᠷᠠᠳᠤᠭᠰᠠᠨ ᠡᠲᠡᠭᠡᠳ᠎ᠲᠤ᠂ ᠲᠥᠷᠥ ᠵᠢᠨ ᠪᠣᠳᠣᠯᠭ᠎ᠠ ᠵᠢ ᠲᠠᠢ᠌ᠯᠪᠤᠷᠢᠯᠠᠬᠤ ᠠᠵᠢᠯ᠎ᠢ ᠬᠦᠯᠢᠴᠨᠩᠭᠦᠢ ᠰᠠᠢ᠌ᠨ ᠬᠢᠬᠦ ᠬᠡᠷᠡᠭᠲᠡᠢ᠃
ᠳᠥᠷᠪᠡ᠂ ᠬᠢᠨᠠᠯᠲᠠ ᠲᠠᠯᠪᠢᠬᠤ ᠵᠢ ᠴᠢᠩᠭ᠋ᠠᠳᠬᠠᠬᠤ ᠶᠠᠪᠤᠴᠠ᠎ᠳᠤ ᠨᠠᠢ᠌ᠲᠠᠪᠦᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ
ᠨᠢᠭᠡ᠎ᠳᠤ ᠲᠤᠰᠬᠠᠢ ᠬᠢᠨᠠᠨ ᠪᠠᠢ᠌ᠴᠠᠭ᠋ᠠᠯᠲᠠ ᠵᠢ ᠭᠦᠨᠵᠡᠭᠡᠢ ᠥᠷᠨᠢᠭᠦᠯᠬᠦ ᠬᠡᠷᠡᠭᠲᠡᠢ᠃ ᠥᠨᠥ ᠵᠢᠯ᠂ ᠥᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠬᠠᠮᠢᠶ᠎ᠠ ᠪᠦᠭᠦᠢ ᠰᠠᠯᠠᠭ᠎ᠠ ᠮᠥᠴᠢᠷ᠎ᠲᠠᠢ ᠬᠠᠮᠲᠤᠷᠠᠨ ᠡᠯ᠎ᠡ ᠭᠠᠵᠠᠷ᠎ᠤᠨ 《ᠠᠷᠭ᠎ᠠ》 ᠵᠢ ᠨᠠᠢ᠌ᠳᠠᠪᠤᠷᠢᠵᠢᠭᠤᠯᠤᠨ ᠲᠤᠭᠤᠰᠢᠯᠠᠭᠤᠯᠤᠭᠰᠠᠨ ᠪᠠᠢ᠌ᠳᠠᠯ᠎ᠳᠤ ᠲᠤᠰᠬᠠᠢ ᠬᠢᠨᠠᠨ ᠪᠠᠢ᠌ᠴᠠᠭ᠋ᠠᠯᠲᠠ ᠬᠢᠨ᠎ᠡ᠃ ᠡᠯ᠎ᠡ ᠭᠠᠵᠠᠷ᠎ᠤᠨ᠎ᠬᠢᠨ ᠴᠤ᠌ ᠭᠡᠳ ᠬᠢᠨᠠᠨ ᠪᠠᠢ᠌ᠴᠠᠭ᠋ᠠᠯᠲᠠ ᠵᠢ ᠠᠵᠢᠯ ᠵᠶ᠋ᠠᠨ ᠨᠠᠢ᠌ᠲᠠᠪᠤᠷᠢᠵᠢᠭᠤᠯᠤᠨ ᠠᠬᠢᠭᠤᠯᠬᠤ ᠵᠢᠨ ᠴᠢᠬᠤᠯᠠ ᠠᠷᠭ᠎ᠠ᠎ᠪᠠᠨ ᠪᠣᠯᠭ᠋ᠠᠵᠤ᠂ ᠨᠢᠭᠡ ᠱᠠᠲᠤ᠎ᠨᠢ ᠨᠢᠭᠡ ᠱᠠᠲᠤ᠎ᠪᠠᠨ ᠠᠳᠬᠤᠵᠤ᠂ ᠨᠢᠭᠡ ᠱᠠᠲᠤ᠎ᠨᠢ ᠨᠢᠭᠡ ᠱᠠᠲᠤ᠎ᠪᠠᠨ ᠳᠠᠭ᠋ᠠᠭᠤᠯᠤᠨ᠂ ᠱᠠᠲᠤ ᠱᠠᠲᠤ᠎ᠪᠠᠷ ᠨᠠᠢ᠌ᠲᠠᠪᠤᠷᠢᠵᠢᠭᠤᠯᠤᠯᠲᠠ ᠵᠢ ᠠᠳᠬᠤᠬᠤ ᠵᠢ ᠪᠠᠷᠢᠮᠲᠠᠯᠠᠬᠤ ᠬᠡᠷᠡᠭᠲᠡᠢ᠃
ᠬᠣᠶᠠᠷ᠎ᠲᠤ ᠦᠷ᠎ᠡ ᠪᠦᠲᠦᠮᠵᠢ ᠵᠢᠨ ᠦᠨᠡᠯᠡᠯᠲᠡ ᠵᠢ ᠲᠣᠬᠢᠷᠠᠮᠵᠢᠲᠠᠢ ᠴᠠᠭᠲᠤᠨᠢ ᠥᠷᠨᠢᠭᠦᠯᠬᠦ ᠬᠡᠷᠡᠭᠲᠡᠢ᠃ ᠡᠯ᠎ᠡ ᠭᠠᠵᠠᠷ᠎ᠤᠨ ᠬᠣᠲᠠ ᠬᠦᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠪᠤᠷᠢ ᠵᠢᠨ ᠠᠵᠢᠯ᠎ᠤᠨ ᠦᠷ᠎ᠡ ᠪᠦᠲᠦᠮᠵᠢ᠎ᠳᠤ ᠴᠠᠭ ᠲᠤᠬᠠᠢ ᠳᠤᠨᠢ ᠦᠨᠡᠯᠡᠯᠲᠡ ᠬᠢᠬᠦ ᠵᠢᠨ ᠬᠠᠮᠲᠤ᠂ ᠦᠨᠡᠯᠡᠯᠲᠡ ᠵᠢᠨ ᠵᠣᠭᠣᠰ ᠮᠦᠩᠭᠦᠨ᠎ᠤ ᠡᠵᠡᠯᠡᠬᠦ ᠬᠠᠷᠢᠴᠠᠯ᠎ᠢ ᠵᠣᠬᠢᠰᠲᠠᠢ ᠳᠡᠭᠡᠭᠰᠢᠯᠡᠭᠦᠯᠵᠦ᠂ ᠡᠯ᠎ᠡ ᠭᠠᠵᠠᠷ᠎ᠢ ᠬᠢᠨᠠᠨ ᠱᠠᠭ᠋ᠠᠷᠳᠠᠵᠤ ᠠᠵᠢᠯ᠎ᠢ᠎ᠨᠢ ᠦᠨᠡᠨᠬᠦ ᠰᠠᠢ᠌ᠲᠤᠷ ᠬᠢᠯᠭᠡᠬᠦ ᠬᠡᠷᠡᠭᠲᠡᠢ᠃ ᠡᠭᠦᠨ᠎ᠤ ᠳᠠᠭ᠋ᠠᠤ᠂ ᠡᠯ᠎ᠡ ᠭᠠᠵᠠᠷ᠎ᠤᠨ 《ᠠᠷᠭ᠎ᠠ》 ᠵᠢ ᠨᠠᠢ᠌ᠲᠠᠪᠤᠷᠢᠵᠢᠭᠤᠯᠤᠨ ᠲᠤᠭᠤᠰᠢᠯᠠᠭᠤᠯᠤᠭᠰᠠᠨ ᠠᠵᠢᠯ᠎ᠤᠨ ᠠᠬᠢᠴᠠ ᠵᠢᠨ ᠪᠠᠢ᠌ᠳᠠᠯ᠎ᠢ ᠨᠠᠮ᠎ᠤᠨ ᠬᠣᠷᠢᠶᠠᠨ᠎ᠤ ᠵᠣᠬᠢᠶᠠᠨ ᠪᠠᠢ᠌ᠭᠤᠯᠬᠤ ᠬᠡᠯᠲᠡᠰ᠎ᠤᠨ ᠠᠢ᠌ᠮᠠᠭ ᠬᠣᠲᠠ ᠵᠢᠨ ᠤᠳᠤᠷᠢᠳᠬᠤ ᠪᠠᠭ᠎ᠤᠨ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠪᠣᠳᠠᠲᠤ ᠠᠮᠵᠢᠯᠲᠠ ᠵᠢᠨ ᠬᠢᠨᠠᠨ ᠰᠢᠯᠭ᠋ᠠᠯᠲᠠ᠎ᠳᠤ ᠣᠷᠣᠭᠤᠯᠵᠤ᠂ ᠭᠠᠵᠠᠷ ᠣᠷᠣᠨ᠎ᠢ ᠬᠢᠨᠠᠨ ᠱᠠᠭ᠋ᠠᠷᠳᠠᠵᠤ ᠨᠡᠢ᠌ᠬᠡᠮ᠎ᠤᠨ ᠠᠪᠤᠷᠠᠨ ᠲᠤᠰᠠᠯᠠᠯᠲᠠ ᠵᠢᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ᠎ᠨᠢ ᠪᠥᠭᠥ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ᠃ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 《ᠠᠷᠭ᠎ᠠ》 ᠵᠢ ᠨᠠᠢ᠌ᠳᠠᠪᠤᠷᠢᠵᠢᠭᠤᠯᠤᠨ ᠲᠤᠭᠤᠰᠢᠯᠠᠭᠤᠯᠤᠭᠰᠠᠨ ᠪᠠᠢ᠌ᠳᠠᠯ᠎ᠢ ᠡᠨᠡ ᠵᠢᠯ ᠠᠢ᠌ᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠶᠡᠷᠦᠩᠬᠡᠢ᠌ᠯᠡᠭᠰᠡᠨ ᠦᠨᠡᠯᠡᠯᠲᠡ ᠵᠢᠨ 《ᠨᠢᠭᠡ ᠪᠢᠯᠸᠲ ᠵᠶ᠋ᠡᠷ ᠦᠭᠡᠢ᠌ᠰᠬᠡᠬᠦ》 ᠲᠦᠷᠦᠯ᠎ᠳᠤ ᠣᠷᠣᠭᠤᠯᠵᠤ᠂ 《ᠠᠷᠭ᠎ᠠ》 ᠵᠢᠨ ᠪᠦᠲᠦᠮᠵᠢ᠎ᠲᠠᠢ ᠨᠠᠢ᠌ᠲᠠᠪᠤᠷᠢᠵᠢᠭᠤᠯᠤᠭᠳᠠᠬᠤ ᠵᠢ ᠪᠠᠲᠤᠯᠠᠨ᠎ᠠ᠃
ᠭᠤᠷᠪᠠ᠎ᠳᠤ ᠬᠢᠨᠠᠨ ᠰᠢᠯᠭ᠋ᠠᠵᠤ ᠵᠠᠷᠯᠠᠨ ᠨᠠᠢ᠌ᠲᠡᠯᠡᠬᠦ ᠲᠥᠷᠢᠮ᠎ᠢ ᠳᠣᠭᠲᠠᠭ᠋ᠠᠨ᠎ᠠ᠃ ᠦᠪᠡᠷᠳᠡᠭᠡᠨ ᠵᠠᠰᠠᠬᠤ ᠣᠷᠣᠨ᠎ᠠᠴᠠ 《ᠠᠷᠭ᠎ᠠ》 ᠵᠢ ᠨᠠᠢ᠌ᠳᠠᠪᠤᠷᠢᠵᠢᠭᠤᠯᠤᠨ ᠲᠤᠭᠤᠰᠢᠯᠠᠭᠤᠯᠤᠭᠰᠠᠨ ᠪᠠᠢ᠌ᠳᠠᠯ᠎ᠢ ᠬᠢᠨᠠᠨ ᠰᠢᠯᠭ᠋ᠠᠵᠤ ᠵᠠᠷᠯᠠᠨ ᠨᠠᠢ᠌ᠲᠡᠯᠡᠬᠦ ᠳᠦᠷᠢᠮ ᠲᠣᠭᠲᠠᠭ᠋ᠠᠵᠤ᠂ ᠡᠯ᠎ᠡ ᠭᠠᠵᠠᠷ᠎ᠤᠨ 《ᠠᠷᠭ᠎ᠠ 》 ᠵᠢ ᠬᠡᠷᠡᠭᠵᠢᠭᠦᠯᠦᠭᠰᠡᠨ ᠪᠠᠢ᠌ᠳᠠᠯ᠎ᠢ ᠤᠯᠠᠷᠢᠯ ᠵᠶ᠋ᠠᠷ ᠵᠠᠷᠯᠠᠨ ᠨᠡᠢ᠌ᠲᠡᠯᠡᠨ᠎ᠡ᠃ ᠡᠯ᠎ᠡ ᠭᠠᠵᠠᠷ᠎ᠤᠨ᠎ᠬᠢᠨ ᠴᠤ᠌ ᠭᠡᠳ 《ᠠᠷᠭ᠎ᠠ》 ᠵᠢ ᠨᠠᠢ᠌ᠲᠠᠪᠤᠷᠢᠵᠢᠭᠤᠯᠤᠨ ᠲᠤᠭᠤᠰᠢᠯᠠᠭᠤᠯᠬᠤ ᠠᠵᠢᠯ᠎ᠤᠨ ᠲᠤᠬᠠᠢ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠨᠡᠢ᠌ᠲᠡᠯᠢᠭ ᠵᠢᠱ᠌ᠢᠶ᠎ᠡ᠎ᠪᠠᠷ ᠵᠠᠮ ᠳᠠᠭ᠋ᠠᠭᠤᠯᠬᠤ ᠵᠢ ᠪᠠᠷᠢᠮᠲᠠᠯᠠᠨ᠂ ᠲᠤᠷᠰᠢᠯᠭ᠎ᠠ᠎ᠪᠠᠨ ᠳᠠᠰᠤᠷᠠᠯᠲᠠ ᠦᠭᠡᠢ ᠳ᠋ᠦᠩᠨᠡᠵᠦ᠂ ᠠᠵᠢᠯ᠎ᠤᠨ ᠳᠤᠮᠳᠠ ᠭᠠᠷᠤᠭᠰᠠᠨ ᠰᠢᠨ᠎ᠡ ᠪᠠᠢ᠌ᠳᠠᠯ᠂ ᠰᠢᠨ᠎ᠡ ᠠᠰᠠᠭᠤᠳᠠᠯ᠎ᠢ ᠴᠠᠭ ᠲᠤᠬᠠᠢᠳᠤᠨᠢ ᠣᠯᠵᠤ ᠮᠡᠳᠡᠨ ᠰᠤᠳᠤᠯᠤᠨ ᠰᠢᠢ᠍ᠳᠪᠦᠷᠢᠯᠡᠵᠦ᠂ ᠬᠤᠷᠠᠯ᠎ᠠᠴᠠ ᠲᠣᠭᠲᠠᠭ᠋ᠠᠭᠰᠠᠨ ᠡᠯ᠎ᠡ ᠵᠦᠢ᠍ᠯ᠎ᠤᠨ ᠡᠭᠦᠷᠭᠡ ᠬᠠᠷᠠᠯᠲᠠ ᠵᠢ ᠪᠣᠳᠠᠲᠠᠢ᠌ᠵᠢᠭᠤᠯᠤᠨ ᠨᠠᠢ᠌ᠲᠠᠪᠤᠷᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ᠃