ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠦᠯᠦᠨ ᠨᠦᠬᠦᠷ᠎ᠤᠨ ᠪᠦᠬᠦ ᠣᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ 《ᠬᠤᠶᠠᠷ ᠬᠠᠷᠢᠭᠤᠴᠠᠯᠭ᠎ᠠ》 ᠵᠢ ᠠᠬᠢᠭᠤᠯᠬᠤ ᠬᠤᠷᠠᠯ ᠲᠡᠭᠡᠷᠡᠬᠢ ᠶᠠᠷᠢᠶ᠎ᠠ (ᠳᠣᠪᠴᠢᠯᠠᠯ)
ᠨᠡᠶᠢᠲᠡᠯᠡᠭᠰᠡᠨ ᠴᠠᠭ᠄ 2017-09-05


               


     ᠠ᠋ᠳᠦᠭᠡ ᠠᠷᠠᠳ᠎ᠤᠨ ᠶᠠᠪᠤᠳᠠᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠦ ᠪᠠᠢ᠌ᠴᠠᠭ᠋ᠠᠬᠤ ᠲᠤᠭᠤᠢ᠌ᠯᠠᠩ᠎ᠤᠨ ᠳᠠᠷᠤᠭ᠎ᠠ ᠬᠦᠯᠦᠨ᠎ᠤ ᠪᠦᠬᠦ ᠣᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ 《ᠬᠤᠶᠠᠷ ᠬᠠᠷᠢᠭᠤᠴᠠᠯᠭ᠎ᠠ》 ᠵᠢ ᠠᠬᠢᠭᠤᠯᠬᠤ ᠬᠤᠷᠠᠯ ᠲᠡᠭᠡᠷᠡᠬᠢ ᠶᠠᠷᠢᠶ᠎ᠠ ᠵᠢ ᠲᠤᠤᠷᠠᠬᠢ ᠮᠡᠲᠦ ᠲᠤᠪᠴᠢᠯᠠᠯ᠎ᠠ᠃
     ᠨᠢᠭᠡ᠂ ᠰᠢᠨ᠎ᠡ ᠪᠠᠢ᠌ᠳᠠᠯ᠎ᠢ ᠲᠤᠲᠤᠷᠬᠠᠢ ᠲᠠᠨᠢᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠨ᠎ᠡ ᠰᠢᠢ᠍ᠳᠪᠤᠷᠢᠲᠦ ᠪᠤᠳᠤᠯᠭ᠎ᠠ ᠰᠢᠨ᠎ᠡ ᠱᠠᠭ᠋ᠠᠷᠳᠠᠯᠭ᠎ᠠ ᠰᠢᠨ᠎ᠡ ᠪᠠᠢ᠌ᠷᠢᠯᠠᠭᠤᠯᠤᠯᠳᠠ᠎ᠪᠠᠷ ᠲᠤᠮᠢᠯᠠᠨ ᠰᠠᠭᠤᠯᠭ᠋ᠠᠭ᠎ᠠ ᠲᠤᠭᠤᠢ᠌ᠯᠠᠩ᠎ᠤᠨ ᠬᠢᠨᠠᠯᠲᠠ ᠲᠠᠯᠪᠢᠬᠤ ᠠᠵᠢᠯ᠎ᠢ ᠬᠦᠲᠦᠯᠦᠨ ᠲᠠᠭ᠋ᠠᠭᠤᠯᠬᠤ ᠬᠡᠷᠡᠭᠲᠠᠢ
     (ᠨᠢᠭᠡ) ᠦᠵᠡᠯ ᠰᠠᠨᠠᠭ᠎ᠠ ᠲᠠᠨᠢᠯᠲᠠ᠎ᠪᠠᠨ ᠲᠡᠭᠡᠭᠰᠢᠯᠡᠭᠦᠯᠵᠦ᠂ ᠨᠠᠮ᠎ᠤᠨ ᠲᠤᠲᠤᠭ᠋ᠠᠲᠦ ᠵᠢᠨ ᠤᠯᠤᠰ ᠲᠦᠷᠦ ᠵᠢᠨ ᠠᠮᠢᠳᠤᠷᠠᠯ᠎ᠢ ᠴᠢᠩᠳᠠᠯᠠᠵᠦ᠂ ᠨᠠᠮ᠎ᠢ ᠬᠠᠮᠢᠶᠠᠷᠬᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠠᠢ
     ᠠ᠋ᠩ ᠲᠡᠷᠢᠭᠦᠨ᠎ᠳᠤ᠂ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠵᠢᠷᠭᠤᠳᠤᠭ᠋ᠠᠷ ᠪᠦᠬᠦᠳᠡ ᠬᠤᠷᠠᠯ᠎ᠤᠨ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢᠨ ᠲᠤᠭᠤᠷᠢᠨ᠎ᠳᠤ ᠲᠤᠭᠲᠠᠭ᠋ᠠᠭᠰᠠᠨ ᠪᠠᠢ᠌ᠯᠳᠤᠬᠤ ᠪᠤᠳᠤᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠤᠢ᠌ᠯᠠᠭ᠋ᠠᠵᠦ᠂ ᠤᠯᠤᠰ ᠲᠦᠷᠦ ᠵᠢ ᠠ᠋ᠷᠬᠢᠮᠯᠡᠬᠦ ᠵᠢ ᠲᠡᠷᠢᠭᠦᠨ ᠪᠠᠢ᠌ᠷᠢᠨ᠎ᠳᠤ ᠲᠠᠯᠪᠢᠵᠦ᠂ ᠨᠠᠮ᠎ᠤᠨ ᠲᠤᠲᠤᠭ᠋ᠠᠳᠦ ᠵᠢᠨ ᠤᠯᠤᠰ ᠲᠦᠷᠦ ᠵᠢᠨ ᠠᠮᠢᠳᠤᠷᠠᠯ᠎ᠢ ᠴᠢᠩᠳᠠᠯᠠᠬᠤ ᠬᠡᠷᠡᠭᠲᠠᠢ᠃ ᠰᠢ ᠵᠢᠨ ᠫᠢᠩ ᠶᠡᠷᠦᠩᠬᠡᠢ ᠱᠦᠵᠢ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠰᠠᠬᠢᠯᠭ᠎ᠠ ᠪᠠᠲᠦ ᠪᠠᠢ᠌ᠴᠠᠭ᠋ᠠᠬᠤ ᠬᠤᠷᠢᠶᠠᠨ᠎ᠤ ᠲᠤᠯᠤᠳᠤᠭ᠋ᠠᠷ ᠪᠦᠬᠦᠳᠡ ᠬᠤᠷᠠᠯ ᠳᠡᠭᠡᠷ᠎ᠡ ᠢᠯᠵᠡᠷᠡᠯ᠎ᠢ ᠠ᠋ᠰᠡᠷᠭᠦᠴᠡᠬᠦ ᠲᠡᠮᠡᠴᠡᠯ᠎ᠤᠨ ᠬᠤᠷᠢᠬᠯᠠᠰᠢ ᠦᠭᠡᠢ ᠰᠦᠷ ᠲᠠᠯᠠᠢ᠌ᠴᠠ᠎ᠲᠠᠢ ᠪᠠᠢ᠌ᠳᠠᠯ ᠨᠢᠭᠡᠨᠲᠡ ᠪᠦᠷᠢᠯᠳᠦᠪᠡ᠂ ᠭᠡᠪᠡᠴᠤ ᠨᠠᠮ᠎ᠢ ᠬᠠᠮᠢᠶᠠᠷᠬᠤ ᠨᠠᠮ᠎ᠢ ᠵᠠᠰᠠᠬᠤ ᠠᠵᠢᠯ᠎ᠤᠨ ᠰᠤᠯᠠ ᠪᠠᠭᠤᠷᠠᠢ ᠠᠰᠠᠭᠤᠳᠠᠯ ᠦᠨᠳᠦᠰᠦᠨ᠎ᠠᠴᠠ᠎ᠪᠠᠨ ᠬᠤᠪᠢᠷᠠᠭ᠋ᠠᠳᠦᠢ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠠ᠋ᠬᠦᠷᠭᠡ ᠬᠦᠨᠳᠦ ᠵᠠᠮ ᠬᠤᠯᠠ ᠪᠠᠢ᠌ᠬᠰᠠᠭ᠋ᠠᠷ᠂ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠪᠤᠯᠤᠨ ᠢᠯᠵᠡᠷᠡᠯ᠎ᠢ ᠠ᠋ᠰᠡᠷᠭᠦᠴᠡᠬᠦ ᠲᠡᠮᠡᠴᠡᠯ᠎ᠤᠨ ᠪᠠᠢ᠌ᠳᠠᠯ ᠪᠠᠰᠠ ᠬᠡᠴᠡᠭᠦᠦ ᠪᠤᠳᠤᠯᠢᠶᠠᠨ᠎ᠲᠠᠢ ᠪᠠᠢ᠌ᠬᠰᠠᠭ᠋ᠠᠷ᠃ ᠢᠯᠵᠡᠷᠡᠯ᠎ᠢ ᠵᠠᠯᠬᠠᠭ᠋ᠠᠬᠤ ᠠ᠋ᠷᠴᠢᠮ᠎ᠢ ᠶᠠᠭ᠋ᠠᠬᠢᠭᠰᠠᠨ ᠴᠤ᠌ ᠰᠤᠯᠠᠷᠠᠭᠤᠯᠵᠦ ᠪᠤᠯᠬᠤ ᠦᠭᠡᠢ᠂ ᠦᠴᠦᠬᠡᠨ ᠴᠤ᠌ ᠨᠠᠢ᠌ᠷ ᠲᠠᠯᠪᠢᠬᠤ ᠦᠭᠡᠢ ᠤᠪᠤᠷ ᠵᠢᠡᠨ ᠶᠠᠭ᠋ᠠᠬᠢᠭᠰᠠᠨ ᠴᠤ᠌ ᠬᠤᠪᠢᠷᠠᠭᠤᠯᠵᠦ ᠪᠤᠯᠬᠤ ᠦᠭᠡᠢ᠂ ᠲᠦᠪ ᠶᠤᠰᠤᠨ᠎ᠤ ᠲᠠᠢ᠌ᠯᠠᠯᠳᠤᠭ᠋ᠠᠨ ᠪᠤᠯᠬᠤ ᠠ᠋ᠨᠡ ᠤᠳᠠᠭ᠎ᠠ ᠵᠢᠨ ᠢᠯᠵᠡᠷᠡᠯ᠎ᠢ ᠠ᠋ᠰᠡᠷᠭᠦᠴᠡᠬᠦ ᠲᠡᠮᠡᠴᠡᠯ᠎ᠤᠨ ᠢᠯᠠᠯᠲᠠ ᠵᠢ ᠵᠠᠪᠠᠯ ᠤᠯᠬᠤ ᠬᠡᠷᠡᠭᠲᠠᠢ᠃ ᠪᠢᠳᠡ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠪᠤᠯᠤᠨ ᠢᠯᠵᠡᠷᠡᠯ᠎ᠢ ᠠ᠋ᠰᠡᠷᠭᠦᠴᠡᠬᠦ ᠲᠡᠮᠡᠴᠡᠯ᠎ᠤᠨ ᠪᠠᠢ᠌ᠳᠠᠯ᠎ᠤᠨ ᠲᠤᠬᠠᠢ ᠨᠠᠮ᠎ᠤᠨ ᠲᠦᠪ ᠬᠤᠷᠢᠶᠠᠨ᠎ᠤ ᠰᠢᠨ᠎ᠡ ᠮᠠᠭ᠋ᠠᠳᠯᠠᠯᠲᠠ ᠵᠢ ᠭᠦᠨᠵᠡᠭᠡᠢ ᠤᠢ᠌ᠯᠠᠭ᠋ᠠᠵᠦ᠂ ᠪᠦᠬᠦᠳᠡ ᠬᠤᠷᠠᠯ᠎ᠠᠴᠠ ᠲᠤᠷᠠᠳᠤᠭᠰᠠᠨ ᠰᠢᠨ᠎ᠡ ᠱᠠᠭ᠋ᠠᠷᠳᠠᠯᠭ᠎ᠠ᠂ ᠰᠢᠨ᠎ᠡ ᠠ᠋ᠭᠦᠷᠭᠡ ᠵᠢ ᠤᠨᠤᠪᠴᠢᠲᠠᠢ ᠡᠵᠡᠮᠰᠢᠵᠦ᠂ ᠨᠠᠮ᠎ᠤᠨ ᠲᠤᠲᠤᠭ᠋ᠠᠳᠦ ᠵᠢᠨ ᠤᠯᠤᠰ ᠲᠦᠷᠦ ᠵᠢᠨ ᠠᠮᠢᠳᠤᠷᠠᠯ᠎ᠳᠤ ᠴᠢᠭᠯᠡᠭᠦᠯᠭᠦ᠂ ᠤᠯᠤᠰ ᠲᠦᠷᠦ ᠵᠢᠨ ᠠᠮᠢ ᠠᠬᠤᠢ ᠵᠢ ᠴᠡᠪᠡᠷᠰᠢᠭᠦᠯᠬᠦ᠎ᠠᠴᠠ ᠭᠠᠷᠳᠠᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠠᠬᠢᠭᠤᠯᠬᠤ ᠬᠡᠷᠡᠭᠲᠠᠢ᠃ ᠰᠢᠨ᠎ᠡ ᠪᠠᠢ᠌ᠳᠠᠯ ᠲᠤᠤᠷᠠᠬᠢ ᠨᠠᠮ᠎ᠤᠨ ᠲᠤᠲᠤᠭ᠋ᠠᠳᠦ ᠵᠢᠨ ᠤᠯᠤᠰ ᠲᠦᠷᠦ ᠵᠢᠨ ᠠᠮᠢᠳᠤᠷᠠᠯ᠎ᠤᠨ ᠬᠡᠪ ᠵᠠᠷᠴᠢᠮ᠎ᠨᠢ 12 ᠲᠠᠯ᠎ᠠ᠎ᠠᠴᠠ ᠨᠠᠮ᠎ᠤᠨ ᠬᠡᠰᠢᠭᠦᠨ ᠺᠠᠳ᠋ᠷ᠎ᠲᠤ ᠴᠢᠭᠯᠡᠭᠦᠯᠦᠭᠰᠡᠨ ᠲᠦᠷᠢᠮᠵᠢᠯ᠎ᠢ ᠲᠤᠷᠠᠳᠤᠭᠰᠠᠨ ᠪᠠᠢ᠌ᠨ᠎ᠠ᠃ ᠡᠯ᠎ᠡ ᠱᠠᠲᠤᠨ᠎ᠤ ᠨᠠᠮ᠎ᠤᠨ ᠵᠤᠬᠢᠶᠠᠨ ᠪᠠᠢ᠌ᠭᠤᠯᠤᠯᠲᠠ ᠠ᠋ᠷᠬᠡᠪᠰᠢ ᠬᠠᠷᠢᠭᠤᠴᠠᠯᠭ᠎ᠠ ᠠ᠋ᠭᠦᠷᠭᠡᠯᠡᠬᠦ ᠤᠬᠠᠮᠰᠠᠷ ᠵᠢᠡᠨ ᠴᠢᠩᠭ᠋ᠠᠳᠬᠠᠵᠦ᠂ ᠠ᠋ᠷᠡᠰ ᠵᠤᠷᠢᠭ ᠰᠢᠭᠤᠳᠴᠤ ᠠ᠋ᠰᠡᠷᠬᠦ ᠲᠡᠰᠡᠷᠭᠦ᠎ᠲᠠᠢ ᠲᠡᠮᠡᠴᠡᠵᠦ᠂ ᠤᠯᠤᠰ ᠲᠦᠷᠦ ᠵᠢᠨ ᠰᠠᠬᠢᠯᠭ᠎ᠠ ᠪᠠᠲᠦ ᠪᠤᠯᠤᠨ ᠤᠯᠤᠰ ᠲᠦᠷᠦ ᠵᠢᠨ ᠶᠤᠰᠤ ᠲᠦᠷᠢᠮ᠎ᠢ ᠬᠡᠷᠡᠭᠵᠢᠭᠦᠯᠬᠦ ᠪᠠ ᠬᠠᠮᠠᠭ᠋ᠠᠯᠠᠬᠤ ᠬᠠᠷᠢᠭᠤᠴᠠᠯᠭ᠎ᠠ ᠵᠢ ᠠ᠋ᠭᠦᠷᠭᠡᠯᠡᠬᠦ ᠬᠡᠷᠡᠭᠲᠠᠢ᠃
     ᠳᠠᠷᠠᠭ᠎ᠠ᠎ᠳᠤᠨᠢ᠂ ᠰᠠᠬᠢᠯᠭ᠎ᠠ ᠪᠠᠲᠦ ᠵᠢᠨ ᠪᠠᠢ᠌ᠭᠤᠯᠤᠯᠲᠠ᠂ ᠠᠵᠢᠯ᠎ᠤᠨ ᠰᠤᠷᠲᠠᠯ᠎ᠤᠨ ᠪᠠᠢ᠌ᠭᠤᠯᠤᠯᠲᠠ ᠪᠤᠯᠤᠨ ᠬᠠᠷᠢᠭᠤᠴᠠᠯᠭ᠎ᠠ ᠨᠡᠬᠡᠮᠵᠢᠯᠡᠬᠦ ᠠᠵᠢᠯ᠎ᠢ ᠴᠢᠩᠭ᠋ᠠᠳᠬᠠᠵᠦ᠂ ᠨᠠᠮ᠎ᠢ ᠬᠠᠮᠢᠶᠠᠷᠬᠤ ᠨᠠᠮ᠎ᠢ ᠵᠠᠰᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠠᠢ᠃ ᠥᠪᠡᠷᠳᠡᠭᠡᠨ ᠵᠠᠰᠠᠬᠤ ᠤᠷᠤᠨ᠎ᠤ ᠰᠠᠬᠢᠯᠭ᠎ᠠ ᠪᠠᠲᠦ ᠪᠠᠢ᠌ᠴᠠᠭ᠋ᠠᠬᠤ ᠬᠤᠷᠢᠶᠠᠨ᠎ᠤ ᠠᠷᠪᠠᠳᠤᠭ᠋ᠠᠷ ᠬᠤᠭᠤᠴᠠᠭ᠋ᠠᠨ᠎ᠤ ᠬᠤᠶᠠᠳᠤᠭ᠋ᠠᠷ ᠪᠦᠬᠦᠳᠡ ᠬᠤᠷᠠᠯ ᠳᠡᠭᠡᠷ᠎ᠡ ᠯᠢ ᠵᠢᠢ ᠾᠸᠩ ᠱᠦᠵᠢ 《ᠦᠨᠳᠦᠷ ᠪᠠᠷᠢᠮᠵᠢᠶ᠎ᠠ ᠪᠠ ᠨᠠᠭ᠋ᠠᠲᠦ ᠵᠠᠬ᠎ᠠ ᠵᠢᠨ ᠪᠠᠷᠢᠮᠵᠢᠶ᠎ᠠ ᠵᠢ ᠰᠠᠬᠢᠬᠤ ᠵᠢ ᠤᠶᠠᠯᠳᠤᠭᠤᠯᠵᠦ᠂ ᠵᠠᠯᠬᠠᠭ᠋ᠠᠨ ᠰᠢᠳᠭᠡᠬᠦ ᠵᠢ ᠠᠳᠬᠤᠬᠤ ᠪᠠ ᠬᠠᠷᠢᠭᠤᠴᠠᠯᠭ᠎ᠠ ᠠᠳᠬᠤᠬᠤ ᠵᠢ ᠤᠶᠠᠯᠳᠤᠭᠤᠯᠵᠦ᠂ ᠠᠰᠠᠭᠤᠳᠠᠯ᠎ᠢ ᠪᠠᠢ᠌ᠴᠠᠭ᠋ᠠᠵᠦ ᠠ᠋ᠷᠢᠬᠦ ᠪᠠ ᠦᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢ ᠤᠶᠠᠯᠳᠤᠭᠤᠯᠵᠦ᠂ ᠬᠦᠮᠦᠨ ᠰᠤᠩᠭᠤᠵᠤ ᠬᠡᠷᠡᠭᠯᠡᠬᠦ ᠪᠠ ᠴᠢᠩᠭ᠎ᠠ ᠬᠠᠮᠢᠶᠠᠷᠬᠤ ᠵᠢ ᠤᠶᠠᠯᠳᠤᠭᠤᠯᠬᠤ》 ᠵᠠᠷᠴᠢᠮ᠎ᠢ ᠪᠠᠷᠢᠮᠲᠠᠯᠠᠨ᠂ ᠨᠠᠮ᠎ᠤᠨ ᠲᠤᠲᠤᠭ᠋ᠠᠳᠦ ᠵᠢᠨ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠵᠦ᠂ ᠬᠢᠨᠠᠯᠲᠠ ᠲᠠᠯᠪᠢᠬᠤ ᠰᠠᠬᠢᠯᠭ᠎ᠠ ᠪᠠᠲᠦ ᠵᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠵᠢ ᠠ᠋ᠷᠴᠢᠮᠵᠢᠭᠦᠯᠵᠦ᠂ 《ᠲᠦᠷᠪᠡᠨ ᠰᠤᠷᠲᠠᠯ》᠎ᠢ ᠲᠦᠷᠭᠡᠨ ᠪᠦᠭᠡᠳ ᠵᠤᠭᠰᠤᠯ ᠦᠭᠡᠢ ᠠᠳᠬᠤᠵᠦ᠂ ᠢᠯᠵᠡᠷᠡᠯ᠎ᠢ ᠵᠠᠯᠬᠠᠭ᠋ᠠᠬᠤ ᠠᠵᠢᠯ᠎ᠢ ᠦᠨᠳᠦᠷ ᠲᠠᠷᠤᠯᠲᠠ᠎ᠲᠠᠢ ᠪᠠᠢ᠌ᠯᠭ᠋ᠠᠵᠦ᠂ ᠢᠯᠵᠡᠷᠡᠯ᠎ᠢ ᠠ᠋ᠰᠡᠷᠭᠦᠴᠡᠬᠦ ᠪᠠᠢ᠌ᠭᠤᠯᠤᠮᠵᠢ ᠲᠤᠭᠲᠠᠯᠴᠠᠭ᠎ᠠ ᠵᠢ ᠲᠡᠭᠦᠯᠳᠡᠷᠵᠢᠭᠦᠯᠦᠨ ᠪᠦᠷᠢᠨᠰᠢᠭᠦᠯᠵᠦ᠂ ᠬᠠᠷᠢᠭᠤᠴᠠᠯᠭ᠎ᠠ ᠨᠡᠬᠡᠮᠵᠢᠯᠡᠬᠦ ᠠᠵᠢᠯ ᠵᠶ᠋ᠠᠨ ᠴᠢᠩᠭ᠋ᠠᠳᠬᠠᠵᠦ᠂ ᠨᠠᠮ᠎ᠢ ᠬᠠᠮᠢᠶᠠᠷᠬᠤ ᠨᠠᠮ᠎ᠢ ᠵᠠᠰᠠᠬᠤ ᠠᠵᠢᠯ᠎ᠢ ᠰᠤᠯᠠ ᠵᠠᠳᠠᠭ᠋ᠠᠢ ᠪᠠᠢ᠌ᠬᠰᠠᠨ᠎ᠠᠴᠠ᠎ᠨᠢ ᠴᠢᠩᠭ᠎ᠠ ᠠ᠋ᠷᠴᠢᠮᠯᠢᠭ᠌ ᠪᠤᠯᠭ᠋ᠠᠬᠤ ᠵᠢ ᠠᠬᠢᠭᠤᠯᠬᠤ ᠬᠡᠷᠡᠭᠲᠠᠢ᠃ ᠥᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠩᠭᠤ ᠵᠢᠨ ᠬᠡᠰᠢᠭᠦᠨ᠂ ᠰᠠᠬᠢᠯᠭ᠎ᠠ ᠪᠠᠲᠦ ᠪᠠᠢ᠌ᠴᠠᠭ᠋ᠠᠬᠤ ᠬᠤᠷᠢᠶᠠᠨ᠎ᠤ ᠱᠦᠵᠢ ᠯᠢᠦ ᠴᠢ ᠹᠠᠨ 《ᠬᠢᠨᠠᠯᠲᠠ ᠲᠠᠯᠪᠢᠨ ᠰᠠᠬᠢᠯᠭ᠎ᠠ ᠪᠠᠲᠦ ᠵᠢ ᠬᠡᠷᠡᠭᠵᠢᠭᠦᠯᠬᠦ ᠠᠵᠢᠯ᠎ᠤᠨ ᠲᠦᠷᠢᠮ᠎ᠢ ᠴᠢᠩᠭ᠎ᠠ ᠬᠡᠷᠡᠭᠵᠢᠭᠦᠯᠦᠨ᠂ ᠦᠨᠳᠦᠷ ᠲᠠᠷᠤᠯᠲᠠ᠎ᠲᠠᠢ᠎ᠪᠠᠷ ᠢᠯᠵᠡᠷᠡᠯ᠎ᠢ ᠵᠠᠯᠬᠠᠭ᠋ᠠᠵᠦ᠂ ᠨᠠᠷᠢᠨ ᠬᠢᠨᠠᠮᠠᠭ᠋ᠠᠢ ᠪᠠᠢ᠌ᠬᠤ ᠵᠤᠷᠢᠭ ᠰᠠᠨᠠᠭ᠎ᠠ᠎ᠪᠠᠷ ᠠ᠋ᠷᠲᠡ᠎ᠠᠴᠠ ᠠᠳᠬᠤᠵᠦ ᠪᠠᠭ᠎ᠠ ᠳᠡᠭᠡᠷ᠎ᠡ᠎ᠨᠢ ᠠᠳᠬᠤᠵᠦ᠂ ᠪᠤᠳᠠᠲᠠᠢ ᠵᠢ ᠠ᠋ᠷᠬᠢᠮᠯᠡᠬᠦ ᠦᠢ᠍ᠯᠡ ᠠᠵᠢᠯᠯᠠᠭ᠎ᠠ᠎ᠪᠠᠷ ᠵᠢᠡᠨ ᠨᠠᠮ᠎ᠤᠨ ᠲᠤᠲᠤᠭ᠋ᠠᠳᠦ ᠵᠢᠨ ᠤᠯᠤᠰ ᠲᠦᠷᠦ ᠵᠢᠨ ᠠᠮᠢ ᠠᠬᠤᠢ ᠵᠢ ᠰᠠᠢ᠌ᠲᠤᠷ ᠬᠠᠮᠠᠭ᠋ᠠᠯᠠᠬᠤ ᠬᠡᠷᠡᠭᠲᠠᠢ》 ᠭᠡᠰᠡᠨ ᠪᠤᠳᠠᠲᠠᠢ ᠱᠠᠭ᠋ᠠᠷᠳᠠᠯᠭ᠎ᠠ ᠵᠢ ᠲᠤᠷᠠᠳᠤᠭᠰᠠᠨ ᠪᠢᠯᠡ᠃ 3 ᠳ᠋ᠤᠭ᠋ᠠᠷ ᠰᠠᠷ᠎ᠠ ᠵᠢᠨ 11᠎ᠤ ᠠ᠋ᠳᠦᠷ ᠯᠢᠦ ᠴᠢ ᠹᠠᠨ ᠱᠦᠵᠢ ᠪᠦᠬᠦ ᠤᠷᠤᠨ᠎ᠤ ᠵᠠᠪᠰᠢᠶᠠᠨ᠎ᠢ ᠥᠯᠥ ᠠᠯᠳᠠᠬᠤ ᠢᠯᠵᠡᠷᠡᠯ᠎ᠤᠨ ᠠᠰᠠᠭᠤᠳᠠᠯ᠎ᠢ ᠲᠦᠪᠯᠡᠷᠡᠩᠭᠦᠢ ᠵᠠᠰᠠᠬᠤ ᠠᠵᠢᠯ᠎ᠤᠨ ᠲᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠶᠡᠬᠡ ᠬᠤᠷᠠᠯ ᠳᠡᠭᠡᠷ᠎ᠡ ᠠᠷᠠᠳ᠎ᠤᠨ ᠶᠠᠪᠤᠳᠠᠯ᠎ᠤᠨ ᠬᠦᠷᠢᠶᠡᠨ᠎ᠳᠤ ᠤᠷᠤᠰᠢᠵᠦ ᠪᠠᠢ᠌ᠬᠤ ᠠᠰᠠᠭᠤᠳᠠᠯ᠎ᠤᠳ᠎ᠢ ᠵᠢᠭ᠋ᠠᠵᠦ ᠭᠠᠷᠭ᠋ᠠᠪᠠ᠃ ᠵᠢᠱ᠌ᠢᠶᠡᠯᠡᠪᠡᠯ ᠲᠡᠳᠭᠦᠮᠵᠢ ᠵᠢᠨ ᠮᠦᠩᠭᠦ ᠵᠢ ᠮᠡᠬᠡᠯᠡᠨ ᠠᠪᠬᠤ᠂ ᠭᠠᠮᠰᠢᠭ᠎ᠠᠴᠠ ᠠᠪᠤᠷᠠᠬᠤ ᠪᠡᠯᠡ ᠮᠦᠩᠭᠦ ᠵᠢ ᠬᠤᠳᠠᠯ ᠨᠡᠷ᠎ᠡ᠎ᠪᠠᠷ ᠠᠪᠬᠤ᠂ ᠦᠨᠳᠦᠰᠦᠨ ᠱᠠᠳᠤᠨ᠎ᠤ ᠢᠳᠡᠬᠦ ᠠᠪᠬᠤ ᠭᠠᠴᠢᠬᠤ ᠨᠡᠬᠡᠬᠦ ᠵᠡᠷᠭᠡ ᠦᠵᠡᠭᠳᠡᠯ ᠪᠤᠯᠤᠨ᠎ᠠ᠃ ᠪᠤᠳᠠᠲᠠᠢ ᠪᠠᠢ᠌ᠳᠠᠯ᠎ᠠᠴᠠ ᠦᠵᠡᠪᠡᠯ᠂ ᠤᠳᠤᠬᠠᠨ᠎ᠳᠤ ᠠᠷᠠᠳ᠎ᠤᠨ ᠶᠠᠪᠤᠳᠠᠯ᠎ᠤᠨ ᠬᠡᠪᠴᠢᠶᠡᠨ᠎ᠤ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠪᠠᠢ᠌ᠳᠠᠯ ᠮᠦᠨ ᠬᠦ᠌ ᠰᠠᠨᠠᠭ᠎ᠠ ᠠᠮᠤᠷ ᠪᠤᠰᠤ᠂ ᠲᠦᠪ ᠪᠤᠯᠤᠨ ᠥᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠱᠠᠭ᠋ᠠᠷᠳᠠᠯᠭ᠎ᠠ ᠪᠤᠯᠤᠨ ᠤᠯᠠᠨ ᠲᠦᠮᠡᠨ᠎ᠤ ᠬᠦᠰᠡᠯ ᠠ᠋ᠷᠡᠮᠡᠯᠵᠡᠯ᠎ᠯᠦᠭᠡ ᠪᠠᠰᠠ ᠨᠢᠭᠡ ᠬᠡᠮᠵᠢᠶᠡᠨ᠎ᠤ ᠵᠦᠷᠢᠶ᠎ᠡ᠎ᠲᠠᠢ ᠪᠠᠢ᠌ᠭᠰᠠᠭ᠋ᠠᠷ᠃ ᠵᠦᠪᠬᠡᠨ 2016 ᠤᠨ᠎ᠳᠤ ᠡᠯ᠎ᠡ ᠱᠠᠲᠤᠨ᠎ᠤ ᠰᠠᠬᠢᠯᠭ᠎ᠠ ᠪᠠᠲᠦ ᠪᠠᠢ᠌ᠴᠠᠭ᠋ᠠᠬᠤ ᠰᠠᠯᠠᠭ᠎ᠠ ᠮᠥᠴᠢᠷ᠎ᠠᠴᠠ ᠠᠷᠠᠳ᠎ᠤᠨ ᠶᠠᠪᠤᠳᠠᠯ᠎ᠤᠨ ᠬᠡᠪᠴᠢᠶᠡᠨ᠎ᠤ ᠲᠦᠷᠢᠮ ᠲᠤᠭᠲᠠᠭ᠋ᠠᠯ ᠰᠠᠬᠢᠯᠭ᠎ᠠ ᠪᠠᠲᠦ ᠵᠢ ᠵᠦᠷᠢᠴᠡᠭᠰᠡᠨ ᠠᠰᠠᠭᠤᠳᠠᠯ᠎ᠢ 9 ᠪᠦᠯᠦᠭ 17 ᠬᠦᠮᠦᠨ ᠤᠳᠠᠭ᠎ᠠ ᠨᠡᠢ᠌ᠲᠡ᠎ᠳᠤ ᠵᠠᠷᠯᠠᠪᠠ᠃ 2017 ᠤᠨ᠎ᠤ 2 ᠳ᠋ᠤᠭ᠋ᠠᠷ ᠰᠠᠷ᠎ᠠ ᠵᠢᠨ 9᠎ᠤ ᠠ᠋ᠳᠦᠷ ᠥᠪᠤᠷ ᠮᠤᠩᠭᠤᠯ᠎ᠤᠨ ᠰᠠᠬᠢᠯᠭ᠎ᠠ ᠪᠠᠲᠦ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠰᠦᠯᠵᠢᠶ᠎ᠠ ᠪᠤᠭᠤᠲᠦ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠠᠵᠢᠯᠲᠠᠨ᠎ᠤ ᠰᠠᠬᠢᠯᠭ᠎ᠠ ᠪᠠᠲᠦ ᠵᠢ ᠵᠦᠷᠢᠴᠡᠭᠰᠡᠨ ᠠᠰᠠᠭᠤᠳᠠᠯ᠎ᠢ ᠨᠡᠢ᠌ᠲᠡ᠎ᠳᠤ ᠵᠠᠷᠯᠠᠵᠠᠢ᠃ 2016 ᠤᠨ᠎ᠤ 10 ᠳ᠋ᠤᠭ᠋ᠠᠷ ᠰᠠᠷ᠎ᠠ ᠵᠢᠨ 28᠎ᠤ ᠠ᠋ᠳᠦᠷ᠂ ᠪᠤᠭᠤᠲᠦ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠪᠤᠯᠤᠨ ᠨᠠᠰᠤᠲᠠᠢ᠌ᠴᠤᠳ᠎ᠤᠨ ᠠᠵᠢᠯ᠎ᠤᠨ ᠠᠯᠪᠠᠨ ᠭᠡᠷ᠎ᠤᠨ ᠠᠵᠢᠯᠲᠠᠨ ᠠᠵᠢᠯᠯᠠᠬᠤ ᠠ᠋ᠳᠦᠷ᠎ᠤᠨ ᠦᠳᠡ᠎ᠳᠤ ᠴᠤᠭᠯᠠᠷᠠᠨ ᠬᠤᠭᠤᠯᠠᠯᠠᠵᠦ ᠠᠷᠢᠬᠢ ᠤᠤᠭᠤᠵᠠᠢ᠂ ᠠ᠋ᠭᠦᠨ᠎ᠳᠤ ᠨᠢᠭᠡ ᠺᠠᠳ᠋ᠷ ᠰᠤᠭᠲᠤᠭᠤ᠎ᠪᠠᠷ ᠮᠠᠰᠢᠨ ᠲᠡᠷᠭᠡ ᠵᠢᠯᠤᠭᠤᠳᠴᠤ ᠠ᠋ᠨᠳᠡᠯ ᠭᠠᠷᠭ᠋ᠠᠭ᠋ᠠᠳ ᠬᠤᠶᠠᠷ ᠴᠡᠪᠡᠷᠯᠡᠭᠡ ᠵᠢᠨ ᠠᠵᠢᠯᠴᠢᠨ᠎ᠢ ᠦᠬᠦᠭᠦᠯᠪᠡ᠃ ᠪᠤᠭᠤᠲᠦ ᠬᠤᠲᠠ ᠵᠢᠨ ᠰᠠᠬᠢᠯᠭ᠎ᠠ ᠪᠠᠲᠦ ᠪᠠᠢ᠌ᠴᠠᠭ᠋ᠠᠬᠤ ᠬᠤᠷᠢᠶ᠎ᠠ ᠰᠠᠬᠢᠯᠭ᠎ᠠ ᠪᠠᠲᠦ ᠵᠢᠨ ᠲᠤᠭᠲᠠᠭ᠋ᠠᠯ ᠵᠢᠡᠷ ᠬᠡᠷᠡᠭ᠎ᠲᠤ ᠬᠤᠯᠪᠤᠭᠳᠠᠭᠰᠠᠨ 6 ᠠᠵᠢᠯᠲᠠᠨ᠎ᠢ ᠴᠢᠩᠭ᠎ᠠ ᠰᠢᠳᠭᠡᠵᠦ᠂ ᠪᠤᠭᠤᠲᠦ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠪᠤᠯᠤᠨ ᠨᠠᠰᠤᠲᠠᠢ᠌ᠴᠤᠳ᠎ᠤᠨ ᠠᠵᠢᠯ᠎ᠤᠨ ᠠᠯᠪᠠᠨ ᠭᠡᠷ᠎ᠤᠨ ᠬᠤᠯᠪᠤᠭᠳᠠᠯ ᠪᠦᠬᠦᠢ ᠤᠳᠤᠷᠢᠳᠤᠯᠭ᠎ᠠ ᠵᠢᠨ ᠭᠤᠤᠯ ᠴᠤᠭᠴᠠ ᠵᠢᠨ ᠬᠠᠷᠢᠭᠤᠴᠠᠯᠭ᠎ᠠ᠎ᠪᠠᠨ ᠰᠠᠢ᠌ᠨ ᠨᠠᠢ᠌ᠳᠠᠪᠤᠷᠢᠵᠢᠭᠤᠯᠤᠭᠰᠠᠨ ᠦᠭᠡᠢ ᠶᠠᠪᠤᠳᠠᠯ᠎ᠠᠴᠠ ᠬᠠᠷᠢᠭᠤᠴᠠᠯᠭ᠎ᠠ ᠨᠡᠬᠡᠮᠵᠢᠯᠡᠭᠰᠡᠨ᠎ᠤ ᠬᠠᠮᠲᠦ ᠪᠤᠭᠤᠲᠦ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠨᠠᠮ᠎ᠤᠨ ᠤᠳᠤᠷᠢᠳᠬᠤ ᠲᠤᠭᠤᠢ᠌ᠯᠠᠩ ᠪᠤᠯᠤᠨ ᠪᠤᠭᠤᠲᠦ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠳᠤ ᠲᠤᠮᠢᠯᠠᠨ ᠰᠠᠭᠤᠯᠭ᠋ᠠᠭᠰᠠᠨ ᠰᠠᠬᠢᠯᠭ᠎ᠠ ᠪᠠᠲᠦ ᠪᠠᠢ᠌ᠴᠠᠭ᠋ᠠᠭᠬᠤ ᠲᠤᠭᠤᠢ᠌ᠯᠠᠩ᠎ᠢ ᠴᠢᠩᠭ᠎ᠠ ᠰᠢᠭᠦᠮᠵᠢᠯᠡᠭᠰᠡᠨ ᠪᠦᠭᠡᠳ ᠲᠡᠳᠡᠨ᠎ᠢ ᠲᠤᠰᠪᠤᠷᠢ ᠬᠤᠲᠠ ᠵᠢᠨ ᠨᠠᠮ᠎ᠤᠨ ᠬᠤᠷᠢᠶ᠎ᠠ᠂ ᠬᠤᠲᠠ ᠵᠢᠨ ᠰᠠᠬᠢᠯᠭ᠎ᠠ ᠪᠠᠲᠦ ᠪᠠᠢ᠌ᠴᠠᠭ᠋ᠠᠬᠤ ᠬᠤᠷᠢᠶᠠᠨ᠎ᠳᠤ ᠪᠠᠢ᠌ᠴᠠᠭ᠋ᠠᠯᠲᠠ ᠪᠢᠴᠢᠵᠦ ᠦᠭ ᠭᠡᠵᠦ ᠵᠠᠷᠯᠢᠭᠳᠠᠪᠠ᠃ ᠠ᠋ᠳᠡᠭᠡᠷ ᠵᠢᠱ᠌ᠢᠶ᠎ᠡ᠎ᠨᠢ ᠠᠷᠠᠳ᠎ᠤᠨ ᠶᠠᠪᠤᠳᠠᠯ᠎ᠤᠨ ᠬᠡᠪᠴᠢᠶᠡᠨ᠎ᠤ ᠤᠯᠠᠨ ᠲᠦᠮᠡᠨ᠎ᠤ ᠠᠰᠢᠭ ᠲᠤᠰᠠ ᠵᠢ ᠬᠤᠬᠢᠷᠠᠭᠤᠯᠵᠦ ᠪᠠᠢ᠌ᠬᠤ ᠢᠯᠵᠡᠷᠡᠯ᠎ᠤᠨ ᠠᠰᠠᠭᠤᠳᠠᠯ ᠪᠠᠰᠠ ᠲᠤᠩ ᠲᠤᠪᠤᠢ᠌ᠮ᠎ᠠ ᠪᠠᠢ᠌ᠬᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠵᠠᠷᠢᠮ ᠨᠦᠬᠦᠳ ᠭᠤᠤᠯ ᠴᠤᠭᠴᠠ ᠵᠢᠨ ᠬᠠᠷᠢᠭᠤᠴᠠᠯᠭ᠎ᠠ᠎ᠪᠠᠨ ᠬᠦᠢ᠍ᠴᠡᠳ ᠨᠠᠢ᠌ᠳᠠᠪᠤᠷᠢᠵᠢᠭᠤᠯᠬᠤ ᠦᠭᠡᠢ ᠪᠠᠢ᠌ᠬᠤ ᠵᠢ ᠬᠠᠷᠠᠭᠤᠯᠵᠦ ᠪᠠᠢ᠌ᠨ᠎ᠠ᠃ ᠬᠦᠨᠳᠦ ᠨᠤᠴᠢᠲᠠᠢ ᠪᠠᠢ᠌ᠳᠠᠯ᠎ᠨᠢ ᠪᠢᠳᠡᠨ᠎ᠢ ᠵᠠᠪᠠᠯ ᠰᠠᠬᠢᠯᠭ᠎ᠠ ᠪᠠᠲᠦ ᠵᠢᠨ ᠪᠠᠢ᠌ᠭᠤᠯᠤᠯᠲᠠ᠂ ᠠᠵᠢᠯ᠎ᠤᠨ ᠰᠤᠷᠲᠠᠯ᠎ᠤᠨ ᠪᠠᠢ᠌ᠭᠤᠯᠤᠯᠲᠠ᠎ᠪᠠᠨ ᠴᠢᠩᠭ᠋ᠠᠳᠬᠠᠵᠦ᠂ ᠬᠠᠷᠢᠭᠤᠴᠠᠯᠭ᠎ᠠ ᠨᠡᠬᠡᠮᠵᠢᠯᠡᠬᠦ ᠠᠵᠢᠯ ᠵᠶ᠋ᠠᠨ ᠴᠢᠩᠭ᠋ᠠᠷᠠᠭᠤᠯᠤᠨ᠂ ᠠᠷᠠᠳ᠎ᠤᠨ ᠶᠠᠪᠤᠳᠠᠯ᠎ᠤᠨ ᠬᠡᠪᠴᠢᠶᠡᠨ᠎ᠤ ᠨᠠᠮ᠎ᠢ ᠪᠦᠬᠦ ᠲᠠᠯ᠎ᠠ᠎ᠪᠠᠷ ᠵᠠᠰᠠᠬᠤ ᠠᠵᠢᠯ᠎ᠤᠨ ᠦᠷᠭᠡᠵᠢᠯ ᠪᠠ ᠭᠦᠨᠵᠡᠭᠡᠢ᠌ᠷᠡᠯ ᠲᠡᠰᠢ ᠬᠦᠭᠵᠢᠭᠦᠯᠬᠦ ᠶᠠᠪᠤᠴᠠ᠎ᠳᠤ ᠠ᠋ᠭᠦᠷᠭᠡ ᠲᠤᠰᠢᠶᠡᠯ ᠵᠢᠡᠨ ᠪᠠᠲᠦ ᠰᠠᠬᠢᠵᠦ᠂ ᠬᠠᠷᠢᠭᠤᠴᠠᠯᠠᠭ᠎ᠠ ᠠ᠋ᠭᠦᠷᠭᠡᠯᠡᠬᠦ ᠶᠠᠪᠤᠳᠠᠯ᠎ᠢ ᠭᠦᠨᠵᠡᠭᠡᠢ᠌ᠷᠡᠭᠦᠯᠭᠦ ᠬᠡᠷᠡᠭᠲᠠᠢ ᠭᠡᠵᠥ ᠱᠠᠭ᠋ᠠᠷᠳᠠᠵᠦ ᠪᠤᠢ᠃
     (ᠬᠤᠶᠠᠷ) ᠠ᠋ᠭᠦᠷᠭᠡ ᠬᠠᠷᠢᠭᠤᠴᠠᠯᠭ᠎ᠠ ᠵᠢᠨ ᠪᠠᠢ᠌ᠷᠢ ᠲᠤᠭᠲᠠᠭ᠋ᠠᠯᠲᠠ᠎ᠪᠠᠨ ᠤᠨᠤᠪᠴᠢᠲᠠᠢ ᠤᠯᠵᠦ᠂ ᠬᠢᠨᠠᠯᠲᠠ ᠲᠠᠯᠪᠢᠬᠤ ᠠᠷᠭ᠎ᠠ ᠵᠠᠮ᠎ᠢ ᠡᠵᠡᠮᠰᠢᠵᠦ᠂ ᠲᠤᠮᠢᠯᠠᠨ ᠰᠠᠭᠤᠯᠭ᠋ᠠᠵᠦ ᠪᠠᠢ᠌ᠬᠤ ᠲᠤᠭᠤᠢ᠌ᠯᠠᠩ᠎ᠤᠨ ᠬᠢᠨᠠᠯᠲᠠ ᠲᠠᠯᠪᠢᠬᠤ ᠠᠵᠢᠯ ᠵᠶ᠋ᠠᠨ ᠬᠦᠴᠦᠯᠡᠨ ᠰᠠᠢ᠌ᠲᠤᠷ ᠬᠢᠬᠦ ᠬᠡᠷᠡᠭᠲᠠᠢ᠃
     《ᠳᠤᠮᠳᠠᠳᠦ ᠤᠯᠤᠰ᠎ᠤᠨ ᠡᠪ ᠬᠠᠮᠲᠦ ᠨᠠᠮ᠎ᠤᠨ ᠨᠠᠮ᠎ᠤᠨ ᠲᠤᠲᠤᠭ᠋ᠠᠳᠦ ᠵᠢᠨ ᠬᠢᠨᠠᠯᠲᠠ ᠲᠠᠯᠪᠢᠬᠤ ᠲᠦᠷᠢᠮ》᠎ᠨᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠲᠦᠷᠢᠮ᠎ᠤᠨ ᠰᠢᠨ᠎ᠡ ᠬᠤᠷᠴᠠ ᠵᠡᠪᠰᠡᠭ ᠬᠠᠩᠭ᠋ᠠᠵᠠᠢ᠃ ᠰᠠᠬᠢᠯᠭ᠎ᠠ ᠪᠠᠲᠦ ᠪᠠᠢ᠌ᠴᠠᠭ᠋ᠠᠬᠤ ᠬᠤᠷᠢᠶ᠎ᠠ᠎ᠨᠢ ᠨᠠᠮ᠎ᠤᠨ ᠲᠤᠲᠤᠭ᠋ᠠᠲᠦ ᠵᠢᠨ ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭ᠋ᠠᠲᠦ ᠪᠠᠢ᠌ᠭᠤᠯᠭ᠎ᠠ ᠵᠢᠨ ᠬᠤᠪᠢ᠎ᠳᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠠᠵᠢᠯ᠎ᠤᠨ ᠭᠤᠤᠯ ᠬᠦᠴᠦᠨ ᠮᠦᠨ᠂ ᠲᠤᠮᠢᠯᠠᠨ ᠰᠠᠭᠤᠯᠭ᠋ᠠᠵᠦ ᠬᠢᠨᠠᠯᠲᠠ ᠲᠠᠯᠪᠢᠬᠤ ᠪᠤᠯ ᠨᠠᠮ᠎ᠤᠨ ᠲᠤᠲᠤᠭ᠋ᠠᠳᠦ ᠵᠢᠨ ᠬᠢᠨᠠᠯᠲᠠ ᠲᠠᠯᠪᠢᠬᠤ ᠴᠢᠬᠤᠯᠠ ᠲᠦᠷᠢᠮ᠎ᠤᠨ ᠪᠠᠢ᠌ᠷᠢᠯᠠᠭᠤᠯᠤᠯᠲᠠ ᠮᠦᠨ᠃ ᠨᠠᠮ᠎ᠤᠨ ᠲᠤᠲᠤᠭ᠋ᠠᠳᠦ ᠵᠢᠨ ᠬᠢᠨᠠᠯᠲᠠ ᠲᠠᠯᠪᠢᠬᠤ ᠶᠠᠪᠤᠴᠠ᠎ᠳᠤ ᠠ᠋ᠭᠦᠷᠭᠡ ᠬᠠᠷᠢᠭᠤᠴᠠᠯᠭ᠎ᠠ ᠵᠢᠨ ᠪᠠᠢ᠌ᠷᠢ ᠲᠤᠭᠲᠠᠭ᠋ᠠᠯᠲᠠ᠎ᠪᠠᠨ ᠤᠨᠤᠪᠴᠢᠲᠠᠢ ᠤᠯᠵᠦ᠂ ᠲᠤᠤᠷᠠᠬᠢ ᠭᠤᠷᠪᠠᠨ ᠭᠤᠤᠯᠳᠠᠯᠭ᠎ᠠ ᠵᠢ ᠰᠠᠢ᠌ᠲᠤᠷ ᠡᠵᠡᠮᠰᠢᠵᠦ ᠲᠤᠮᠢᠯᠠᠨ ᠰᠠᠭᠤᠯᠭ᠋ᠠᠵᠦ ᠬᠢᠨᠠᠯᠲᠠ ᠲᠠᠯᠪᠢᠬᠤ ᠠᠵᠢᠯ ᠵᠶ᠋ᠠᠨ ᠰᠠᠢ᠌ᠲᠤᠷ ᠬᠢᠬᠦ ᠬᠡᠷᠡᠭᠲᠠᠢ᠄
     ᠠ᠋ᠩ ᠲᠡᠷᠢᠭᠦᠨ᠎ᠳᠤ᠂ ᠲᠤᠰᠬᠠᠢ ᠬᠠᠷᠢᠭᠤᠴᠠᠯᠭ᠋ᠠᠲᠦ ᠬᠢᠨᠠᠯᠲᠠ ᠲᠠᠯᠪᠢᠬᠤ ᠠᠵᠢᠯ᠎ᠤᠨ ᠠ᠋ᠭᠦᠷᠭᠡ ᠲᠤᠰᠢᠶᠠᠯ᠎ᠢ ᠭᠦᠢ᠍ᠴᠡᠳᠭᠡᠬᠦ ᠬᠡᠷᠡᠭᠲᠠᠢ᠃ ᠵᠠᠰᠠᠪᠤᠷᠢ ᠤᠷᠤᠭᠤᠯᠤᠭᠰᠠᠨ 《ᠲᠦᠷᠢᠮ》᠎ᠳᠤ᠂ ᠰᠠᠬᠢᠯᠭ᠎ᠠ ᠪᠠᠲᠦ ᠪᠠᠢ᠌ᠴᠠᠭ᠋ᠠᠬᠤ ᠬᠤᠷᠢᠶ᠎ᠠ ᠪᠤᠯ ᠨᠠᠮ᠎ᠤᠨ ᠲᠤᠲᠤᠭ᠋ᠠᠳᠦ ᠵᠢᠨ ᠬᠢᠨᠠᠯᠲᠠ ᠲᠠᠯᠪᠢᠬᠤ ᠠᠵᠢᠯ᠎ᠤᠨ 《ᠲᠤᠰᠬᠠᠢ ᠪᠠᠢ᠌ᠭᠤᠯᠭ᠎ᠠ》 ᠮᠦᠨ ᠭᠡᠳᠡᠭ᠎ᠢ 《ᠲᠤᠰᠬᠠᠢ ᠬᠠᠷᠢᠭᠤᠴᠠᠯᠠᠭ᠋ᠠᠲᠦ》 ᠪᠠᠢ᠌ᠭᠤᠯᠤᠯᠭ᠎ᠠ ᠮᠦᠨ ᠭᠡᠵᠦ ᠬᠠᠯᠠᠪᠠ᠃ ᠠ᠋ᠨᠡᠬᠦ ᠬᠠᠷᠢᠭᠤᠴᠠᠯᠭ᠎ᠠ᠎ᠨᠢ ᠲᠠᠷᠤᠢ ᠬᠢᠨᠠᠯᠲᠠ ᠲᠠᠯᠪᠢᠬᠤ ᠠ᠋ᠭᠦᠷᠭᠡ ᠬᠠᠷᠢᠭᠤᠴᠠᠯᠭ᠎ᠠ᠎ᠪᠠᠨ ᠬᠦᠢ᠍ᠴᠡᠳᠭᠡᠬᠦ᠂ ᠬᠢᠨᠠᠯᠲᠠ ᠲᠠᠯᠪᠢᠬᠤ ᠰᠠᠬᠢᠯᠭ᠎ᠠ ᠪᠠᠲᠦ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠬᠤ ᠶᠠᠪᠤᠳᠠᠯ ᠪᠤᠯᠤᠨ᠎ᠠ᠂ ᠠ᠋ᠨᠡ᠎ᠨᠢ ᠠ᠋ᠷᠬᠡ ᠬᠠᠷᠢᠭᠤᠴᠠᠯᠭ᠎ᠠ ᠵᠢᠨ ᠤᠶᠠᠯᠳᠤᠯ᠎ᠢ ᠢᠯᠡᠷᠡᠭᠦᠯᠵᠦ᠂ ᠤᠯᠤᠰ ᠲᠦᠷᠦ ᠵᠢᠨ ᠬᠠᠷᠢᠭᠤᠴᠠᠯᠭ᠎ᠠ ᠪᠤᠯᠤᠨ ᠠ᠋ᠭᠦᠷᠭᠡ ᠠ᠋ᠭᠦᠷᠭᠡᠯᠡᠬᠦ ᠵᠢ ᠲᠤᠪᠤᠢ᠌ᠯᠭ᠋ᠠᠵᠠᠢ᠃ ᠨᠠᠮ᠎ᠤᠨ ᠲᠤᠲᠤᠭ᠋ᠠᠳᠦ ᠵᠢᠨ ᠬᠢᠨᠠᠯᠲᠠ ᠲᠠᠯᠪᠢᠬᠤ ᠵᠢ ᠴᠢᠩᠭ᠋ᠠᠳᠬᠠᠬᠤ᠎ᠳᠤ ᠪᠦᠬᠦ ᠲᠠᠯ᠎ᠠ᠎ᠪᠠᠷ ᠬᠢᠨᠠᠯᠲᠠ ᠲᠠᠯᠪᠢᠬᠤ ᠪᠠ ᠲᠤᠰᠬᠠᠢ ᠬᠠᠷᠢᠭᠤᠴᠠᠯᠠᠭ᠋ᠠᠲᠦ ᠬᠢᠨᠠᠯᠲᠠ ᠲᠠᠯᠪᠢᠬᠤ ᠵᠢ ᠤᠶᠠᠯᠳᠤᠭᠤᠯᠵᠦ᠂ ᠦᠵᠡᠯ ᠲᠠᠨᠢᠯᠲᠠ ᠵᠢᠨ ᠲᠠᠯ᠎ᠠ᠎ᠪᠠᠷ 《ᠰᠡᠳᠭᠢᠯ ᠵᠤᠷᠢᠭ ᠵᠢᠡᠨ ᠨᠢᠭᠡᠳᠭᠡᠬᠦ》᠂ ᠨᠠᠮ᠎ᠢ ᠴᠢᠩᠭ᠎ᠠ ᠵᠠᠰᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ 《ᠠᠢ᠌ᠵᠠᠮ ᠴᠤᠬᠢᠯᠭ᠎ᠠ᠎ᠪᠠᠨ ᠨᠢᠭᠡᠳᠭᠡᠵᠦ》᠂ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢ ᠠᠬᠢᠭᠤᠯᠬᠤ ᠲᠠᠯ᠎ᠠ᠎ᠪᠠᠷ 《ᠨᠢᠭᠡ ᠵᠦᠭ᠎ᠲᠤ ᠬᠦᠴᠦᠯᠡᠬᠦ》 ᠭᠡᠷᠡᠭᠲᠠᠢ᠃
     ᠲᠠᠷᠠᠭ᠎ᠠ᠎ᠳᠤᠨᠢ᠂ ᠰᠠᠬᠢᠯᠭ᠎ᠠ ᠪᠠᠲᠦ ᠵᠢᠨ ᠬᠢᠨᠠᠯᠲᠠ ᠲᠠᠯᠪᠢᠬᠤ᠎ᠳᠤ ᠬᠦᠴᠦ᠎ᠪᠠᠨ ᠲᠦᠪᠯᠡᠷᠡᠭᠦᠯᠬᠦ ᠬᠡᠷᠡᠭᠲᠠᠢ᠃ ᠰᠠᠬᠢᠯᠭ᠎ᠠ ᠪᠠᠲᠦ ᠪᠠᠢ᠌ᠴᠠᠭ᠋ᠠᠬᠤ ᠬᠢᠨᠠᠯᠲᠠ ᠲᠠᠯᠪᠢᠬᠤ ᠪᠤᠯ ᠮᠦᠨ ᠴᠢᠨᠠᠷ ᠲᠡᠭᠡᠷ᠎ᠡ᠎ᠪᠠᠨ ᠰᠠᠬᠢᠯᠭ᠎ᠠ ᠪᠠᠲᠦ ᠵᠢᠨ ᠬᠢᠨᠠᠯᠲᠠ ᠲᠠᠯᠪᠢᠬᠤ᠂ ᠤᠯᠤᠰ ᠲᠦᠷᠦ ᠵᠢᠨ ᠬᠢᠨᠠᠯᠲᠠ ᠲᠠᠯᠪᠢᠬᠤ ᠶᠠᠪᠤᠳᠠᠯ ᠮᠦᠨ᠂ ᠲᠤᠬᠠᠢ᠌ᠯᠠᠬᠰᠠᠨ ᠠᠵᠢᠯ᠎ᠤᠨ ᠬᠢᠨᠠᠯᠲᠠ ᠲᠠᠯᠪᠢᠬᠤ ᠶᠠᠪᠤᠳᠠᠯ ᠪᠢᠰᠢ᠃ ᠰᠠᠬᠢᠯᠭ᠎ᠠ ᠪᠠᠲᠦ ᠪᠠᠢ᠌ᠴᠠᠭ᠋ᠠᠬᠤ ᠲᠤᠭᠤᠢ᠌ᠯᠠᠩ᠎ᠨᠢ ᠤᠯᠤᠰ ᠲᠦᠷᠦ ᠵᠢᠨ ᠴᠢᠨᠠᠷ᠎ᠢ ᠲᠤᠪᠤᠢ᠌ᠯᠭ᠋ᠠᠵᠦ᠂ ᠬᠢᠨᠠᠯᠲᠠ ᠬᠦᠯᠢᠶᠡᠵᠦ ᠪᠠᠢ᠌ᠬᠤ ᠨᠢᠭᠡᠴᠢ ᠵᠢᠨ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ᠂ ᠨᠠᠮ᠎ᠤᠨ ᠤᠳᠤᠷᠢᠳᠬᠤ ᠭᠤᠤᠯᠯᠠᠭᠴᠢ ᠵᠢᠨ ᠦᠢ᠍ᠯᠡᠳᠦᠯ ᠵᠢᠨᠨ ᠦᠨᠡᠨᠬᠦ ᠪᠠᠳᠠᠷᠠᠭᠤᠯᠤᠭᠰᠠᠨ ᠠ᠋ᠰᠡᠬᠦ ᠵᠢ ᠠᠯᠳᠠᠯ ᠦᠭᠡᠢ ᠠᠩᠬᠠᠷᠬᠤ ᠬᠡᠷᠡᠭᠲᠠᠢ᠃ ᠬᠢᠨᠠᠯᠲᠠ ᠲᠠᠯᠪᠢᠬᠤ ᠠᠵᠢᠯ᠎ᠢ ᠦᠷ᠎ᠡ ᠪᠦᠲᠦᠮᠵᠢ ᠰᠠᠢ᠌ᠲᠠᠢ ᠬᠢᠵᠦ᠂ ᠬᠢᠨᠠᠯᠲᠠ ᠲᠠᠯᠪᠢᠬᠰᠠᠨ ᠦᠭᠡᠢ ᠭᠠᠵᠠᠷ ᠥᠯᠥ ᠭᠠᠷᠭ᠋ᠠᠬᠤ᠎ᠳᠤ ᠵᠠᠪᠠᠯ ᠠᠷᠠᠳ᠎ᠤᠨ ᠶᠠᠪᠤᠳᠠᠯ᠎ᠤᠨ ᠲᠤᠬᠠᠢ᠌ᠯᠠᠭᠰᠠᠨ ᠠᠵᠢᠯ᠎ᠢ ᠭᠦᠨᠵᠡᠭᠡᠢ ᠤᠢ᠌ᠯᠠᠭ᠋ᠠᠬᠤ ᠬᠡᠷᠡᠭᠲᠠᠢ᠂ ᠢᠯᠠᠩᠭᠤᠶ᠎ᠠ ᠠᠷᠠᠳ᠎ᠤᠨ ᠶᠠᠪᠤᠳᠠᠯ᠎ᠤᠨ ᠲᠤᠬᠠᠢ ᠲᠦᠪ᠂ ᠦᠪᠡᠷᠳᠡᠭᠡᠨ ᠵᠠᠰᠠᠬᠤ ᠤᠷᠤᠨ᠎ᠤ ᠴᠢᠭᠯᠡᠯᠲᠡ ᠲᠦᠷᠦ ᠵᠢᠨ ᠪᠤᠳᠤᠯᠭ᠎ᠠ ᠵᠢ ᠰᠤᠷᠤᠯᠴᠠᠨ ᠡᠵᠡᠮᠰᠢᠬᠦ ᠬᠡᠷᠡᠭᠲᠠᠢ᠃ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠲᠡᠤᠬᠡ ᠰᠤᠶᠤᠯ᠂ ᠠᠵᠢᠯ ᠲᠦᠷᠦᠯ᠎ᠤᠨ ᠤᠨᠴᠠᠯᠢᠭ᠎ᠢ ᠭᠦᠨᠵᠡᠭᠡᠢ ᠤᠢ᠌ᠯᠠᠭ᠋ᠠᠵᠦ᠂ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠪᠦᠬᠦᠯᠢ ᠴᠤᠭᠴᠠ ᠵᠢᠨ ᠪᠠᠢ᠌ᠳᠠᠯ᠎ᠢ ᠡᠵᠡᠮᠰᠢᠵᠦ᠂ ᠢᠯᠵᠡᠷᠡᠯ᠎ᠤᠨ ᠠ᠋ᠭᠦᠰᠬᠦ ᠵᠢᠮ᠎ᠡ ᠶᠤᠰᠤ ᠤᠨᠴᠠᠯᠢᠭ ᠪᠤᠯᠤᠨ ᠭᠦᠨ ᠲᠠᠪᠬᠤᠷᠭ᠎ᠠ ᠵᠢᠨ ᠰᠢᠯᠲᠠᠭ᠋ᠠᠨ᠎ᠢ ᠵᠠᠳᠠᠯᠤᠨ ᠰᠢᠨᠵᠢᠵᠦ᠂ ᠠᠰᠠᠭᠤᠳᠠᠯ᠎ᠢ ᠤᠯᠵᠦ ᠮᠡᠳᠡᠬᠦ ᠴᠢᠳᠠᠪᠤᠷᠢ᠎ᠪᠠᠨ ᠲᠡᠭᠡᠭᠰᠢᠯᠡᠭᠦᠯᠬᠦ ᠬᠡᠷᠡᠭᠲᠠᠢ᠃
     ᠲᠠᠬᠢᠪᠠᠯ ᠵᠠᠩᠭᠢᠯᠠᠭ᠎ᠠ ᠵᠢᠨ ᠴᠦᠭᠡᠨ ᠲᠤᠭ᠎ᠠ ᠵᠢ ᠠᠯᠳᠠᠯ ᠦᠭᠡᠢ ᠠᠩᠬᠠᠷᠬᠤ ᠬᠡᠷᠡᠭᠲᠠᠢ᠃ ᠰᠢ ᠵᠢᠨ ᠫᠢᠩ ᠶᠡᠷᠦᠩᠬᠡᠢ ᠱᠦᠵᠢ 《ᠵᠠᠩᠭᠢᠯᠠᠭ᠎ᠠ ᠵᠢᠨ ᠴᠥᠭᠡᠨ ᠲᠤᠭ᠎ᠠ》 ᠵᠢ ᠠᠳᠬᠤᠴᠢᠬᠠᠪᠠᠯ ᠨᠠᠮ᠎ᠤᠨ ᠰᠠᠬᠢᠯᠭ᠎ᠠ ᠪᠠᠲᠦ ᠪᠤᠯᠤᠨ ᠶᠤᠰᠤ ᠲᠦᠷᠢᠮ᠎ᠢ ᠴᠢᠩᠭ᠎ᠠ ᠲᠤᠲᠤᠷᠬᠠᠢ ᠪᠤᠯᠭ᠋ᠠᠬᠤ ᠠᠨᠢᠰᠦ ᠵᠢ ᠪᠠᠲᠦ ᠠᠳᠬᠤᠭᠰᠠᠨ ᠶᠠᠪᠤᠳᠠᠯ ᠪᠤᠯᠤᠨ᠎ᠠ᠃ 《ᠵᠠᠩᠭᠢᠯᠠᠭ᠎ᠠ ᠵᠢᠨ ᠴᠥᠭᠡᠨ ᠲᠤᠭ᠎ᠠ》᠎ᠨᠢ ᠬᠠᠮᠤᠭ᠎ᠤᠨ ᠲᠦᠷᠦᠭᠦᠨ᠎ᠳᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠨ ᠤᠳᠤᠷᠢᠳᠬᠤ ᠪᠠᠭ᠎ᠤᠨ ᠪᠦᠷᠢᠯᠳᠦᠬᠦᠨ ᠪᠤᠯᠤᠨ᠎ᠠ᠂ ᠳᠠᠷᠠᠭ᠎ᠠ᠎ᠨᠢ ᠭᠠᠵᠠᠷ᠎ᠤᠨ ᠲᠡᠰ᠂ ᠰᠠᠯᠠᠭ᠋ᠠᠨ᠎ᠤ ᠲᠡᠰ᠎ᠤᠨ ᠺᠠᠳ᠋ᠷ ᠪᠤᠯᠤᠨ᠎ᠠ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠵᠠᠩᠭᠢᠯᠠᠭ᠎ᠠ ᠵᠢᠨ ᠴᠦᠭᠡᠨ ᠲᠤᠭ᠎ᠠ ᠵᠢ ᠲᠤᠪᠤᠢ᠌ᠯᠭ᠋ᠠᠬᠤ ᠬᠡᠷᠡᠭᠲᠠᠢ ᠮᠦᠷᠲᠡᠭᠡᠨ ᠪᠠᠰᠠ ᠪᠦᠬᠦ ᠨᠠᠮ᠎ᠤᠨ ᠬᠡᠰᠢᠭᠦᠳ᠎ᠲᠤ ᠬᠠᠨᠳᠤᠬᠤ ᠬᠡᠷᠡᠭᠲᠠᠢ᠃ ᠰᠠᠬᠢᠯᠭ᠎ᠠ ᠪᠠᠲᠦ ᠵᠢᠨ ᠬᠢᠨᠠᠯᠲᠠ ᠲᠠᠯᠪᠢᠬᠤ᠎ᠳᠤ ᠭᠤᠤᠯᠳᠠᠯᠭ᠎ᠠ ᠵᠢ ᠠᠳᠬᠤᠨ 《ᠵᠠᠩᠭᠢᠯᠠᠭ᠎ᠠ ᠵᠢᠨ ᠴᠥᠭᠡᠨ ᠲᠤᠭ᠎ᠠ》 ᠵᠢ ᠬᠠᠮᠢᠶᠠᠷᠬᠤ ᠬᠡᠷᠡᠭᠲᠠᠢ ᠮᠦᠷᠲᠡᠭᠡᠨ ᠪᠦᠬᠦ ᠨᠠᠮ᠎ᠤᠨ ᠬᠡᠰᠢᠭᠦᠳ᠎ᠢ ᠬᠠᠮᠢᠶᠠᠷᠴᠤ᠂ ᠨᠠᠮ᠎ᠤᠨ ᠲᠦᠷᠦ ᠪᠠᠷᠢᠬᠤ ᠰᠠᠭᠤᠷᠢ ᠵᠢ ᠪᠠᠳᠤᠳᠬᠠᠬᠤ ᠬᠡᠷᠡᠭᠲᠠᠢ᠃ ᠬᠢᠨᠠᠯᠲᠠ ᠲᠠᠯᠪᠢᠬᠤ ᠪᠠᠢ᠌ᠴᠠᠭ᠋ᠠᠬᠤ ᠠᠵᠢᠯ᠎ᠢ ᠴᠢᠩᠭ᠋ᠠᠳᠬᠠᠵᠦ᠂ ᠰᠠᠬᠢᠯᠭ᠎ᠠ ᠪᠠᠲᠦ ᠵᠢ ᠴᠢᠩᠳᠠᠯᠠᠬᠤ ᠠᠵᠢᠯ᠎ᠢ ᠲᠦᠪ ᠴᠢᠩᠭ᠎ᠠ ᠪᠤᠯᠭ᠋ᠠᠵᠦ᠂ ᠠ᠋ᠷᠲᠡ᠎ᠠᠴᠠ ᠠᠳᠬᠤᠵᠦ ᠪᠠᠭ᠎ᠠ ᠳᠡᠭᠡᠷ᠎ᠡ᠎ᠨᠢ ᠠᠳᠬᠤᠵᠦ᠂ ᠴᠤᠬᠤᠢ᠌ᠯᠲᠠ᠂ ᠬᠡᠯᠪᠡᠷᠢᠯ᠎ᠤᠨ ᠴᠢᠨᠠᠷᠲᠠᠢ ᠠᠰᠠᠭᠤᠳᠠᠯ ᠪᠦᠬᠦᠢ ᠨᠠᠮ᠎ᠤᠨ ᠬᠡᠰᠢᠭᠦᠨ᠎ᠢ ᠠ᠋ᠷᠲᠡ᠎ᠠᠴᠠ ᠰᠡᠷᠡᠮᠵᠢᠯᠡᠭᠦᠯᠵᠦ᠂ ᠠ᠋ᠷᠲᠡ᠎ᠠᠴᠠ ᠰᠢᠢ᠍ᠳᠪᠤᠷᠢᠯᠡᠬᠦ ᠬᠡᠷᠡᠭᠲᠠᠢ᠃
     ᠬᠤᠶᠠᠷ᠂ ᠭᠠᠷᠲᠠᠴᠠ ᠵᠢ ᠤᠨᠤᠪᠴᠢᠲᠠᠢ ᠤᠯᠵᠦ᠂ ᠠᠨᠢᠰᠦ ᠵᠢ ᠠᠯᠳᠠᠯ ᠦᠭᠡᠢ ᠠᠩᠬᠠᠷᠴᠤ᠂ ᠠᠮᠢᠨ ᠭᠠᠵᠠᠷ᠎ᠢ᠎ᠨᠢ ᠤᠨᠤᠭ᠋ᠠᠵᠦ᠂ ᠬᠠᠷᠢᠭᠤᠴᠠᠯᠭ᠎ᠠ ᠠ᠋ᠭᠦᠷᠭᠡᠯᠡᠬᠦ ᠠᠵᠢᠯᠯᠠᠭ᠎ᠠ᠎ᠪᠠᠷ ᠵᠢᠡᠨ ᠦᠨᠡᠨᠴᠢ ᠰᠢᠳᠤᠷᠭᠤ᠎ᠪᠠᠨ ᠢᠯᠡᠷᠡᠭᠦᠯᠵᠦ᠂ ᠬᠢᠨᠠᠯᠲᠠ ᠲᠠᠯᠪᠢᠬᠤ ᠲᠠᠩᠨᠠᠭᠤᠷ᠎ᠤᠨ ᠦᠢ᠍ᠯᠡᠳᠦᠯ᠎ᠢ ᠪᠠᠳᠠᠷᠠᠭᠤᠯᠬᠤ ᠬᠡᠷᠡᠭᠲᠠᠢ᠃
     (ᠨᠢᠭᠡ) ᠨᠠᠮ᠎ᠤᠨ ᠲᠤᠲᠤᠭ᠋ᠠᠳᠦ ᠵᠢᠨ ᠤᠯᠤᠰ ᠲᠦᠷᠦ ᠵᠢᠨ ᠠᠮᠢᠳᠤᠷᠠᠯ᠎ᠢ ᠴᠢᠩᠳᠠᠯᠠᠵᠦ᠂ ᠨᠠᠮ᠎ᠤᠨ ᠲᠤᠲᠤᠭ᠋ᠠᠳᠦ ᠵᠢᠨ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠵᠦ᠂ ᠬᠦᠮᠦᠨ ᠰᠤᠩᠭᠤᠵᠤ ᠬᠡᠷᠡᠭᠯᠡᠬᠦ ᠪᠤᠭᠤᠮᠲᠠ ᠵᠢ ᠴᠢᠩᠭ᠎ᠠ ᠰᠠᠬᠢᠬᠤ ᠬᠡᠷᠡᠭᠲᠠᠢ᠃
     ᠬᠦᠮᠦᠨ ᠰᠤᠩᠭᠤᠵᠤ ᠬᠡᠷᠡᠭᠯᠡᠬᠦ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠦ᠂ ᠬᠦᠮᠦᠨ ᠰᠤᠩᠭᠤᠵᠤ ᠬᠡᠷᠡᠭᠯᠡᠬᠦ ᠤᠯᠤᠰ ᠲᠦᠷᠦ ᠵᠢᠨ ᠪᠤᠭᠤᠮᠲᠠ ᠪᠤᠯᠤᠨ ᠠᠷᠢᠭᠤᠨ ᠴᠢᠭᠡᠴᠢ ᠵᠢᠨ ᠪᠤᠭᠤᠮᠲᠠ ᠵᠢ ᠴᠢᠩᠭ᠎ᠠ ᠰᠠᠬᠢᠬᠤ ᠬᠡᠷᠡᠭᠲᠠᠢ᠃ 《ᠰᠠᠬᠢᠯᠭ᠎ᠠ ᠪᠠᠲᠦ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ ᠵᠢᠨ ᠰᠠᠨᠠᠯ᠎ᠢ ᠠ᠋ᠷᠬᠡᠪᠰᠢ ᠰᠤᠨᠤᠰᠴᠤ᠂ ᠪᠤᠳᠠᠲᠠᠢ ᠰᠦᠪᠡᠭᠴᠢ ᠪᠦᠬᠦᠢ ᠵᠠᠬᠢᠳᠠᠯ ᠰᠤᠷᠪᠤᠯᠵᠢᠯᠠᠭ᠎ᠠ ᠵᠠᠭ᠋ᠠᠯᠳᠤᠯᠭ᠎ᠠ ᠵᠢ ᠠ᠋ᠷᠬᠡᠪᠰᠢ ᠪᠠᠢ᠌ᠴᠠᠭ᠋ᠠᠬᠤ》 ᠲᠤᠬᠠᠢ ᠨᠠᠮ᠎ᠤᠨ ᠲᠦᠪ ᠬᠤᠷᠢᠶᠠᠨ᠎ᠤ ᠱᠠᠭ᠋ᠠᠷᠳᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠦ᠂ ᠬᠦᠮᠦᠨ᠎ᠢ ᠵᠦᠪ ᠰᠤᠩᠭᠤᠬᠤ᠂ ᠬᠦᠮᠦᠨ᠎ᠢ ᠰᠠᠢ᠌ᠲᠤᠷ ᠬᠡᠷᠡᠭᠯᠡᠬᠦ ᠵᠢ ᠦᠨᠡᠨᠬᠦ ᠪᠠᠲᠤᠯᠠᠬᠤ ᠬᠡᠷᠡᠭᠲᠠᠢ᠃
     (ᠬᠤᠶᠠᠷ) ᠬᠠᠷᠢᠭᠤᠴᠠᠯᠭ᠎ᠠ ᠵᠢ ᠬᠢᠨᠠᠨ ᠵᠢᠯᠤᠭᠤᠳᠬᠤ ᠲᠤᠭᠲᠠᠯᠴᠠᠭ᠎ᠠ ᠵᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠲᠤᠯᠭ᠋ᠠᠬᠤ ᠵᠢ ᠴᠢᠩᠳᠠᠯᠠᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ 《ᠬᠤᠶᠠᠷ ᠬᠠᠷᠢᠭᠤᠴᠠᠯᠭ᠎ᠠ》 ᠱᠠᠲᠦ ᠲᠠᠷᠠᠭ᠋ᠠᠯᠠᠨ ᠮᠠᠭᠤᠳᠠᠵᠦ ᠪᠠᠢ᠌ᠬᠤ ᠠᠰᠠᠭᠤᠳᠠᠯ᠎ᠢ ᠪᠦᠬᠦ ᠲᠠᠯ᠎ᠠ᠎ᠪᠠᠷ ᠰᠢᠢ᠍ᠳᠪᠤᠷᠢᠯᠡᠬᠦ ᠬᠡᠷᠡᠭᠲᠠᠢ᠃ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠦ ᠪᠠᠢ᠌ᠴᠠᠭ᠋ᠠᠬᠤ ᠲᠤᠭᠤᠢ᠌ᠯᠠᠩ ᠥᠪᠡᠷᠳᠡᠭᠡᠨ ᠵᠠᠰᠠᠬᠤ ᠤᠷᠤᠨ᠎ᠤ ᠰᠠᠬᠢᠯᠭ᠎ᠠ ᠪᠠᠲᠦ ᠪᠠᠢ᠌ᠴᠠᠭ᠋ᠠᠬᠤ ᠬᠤᠷᠢᠶᠠᠨ᠎ᠤ ᠬᠤᠯᠪᠤᠭᠳᠠᠯ ᠪᠦᠬᠦᠢ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠦ᠂ ᠲᠢᠩᠬᠢᠮ᠎ᠤᠨ ᠰᠢᠰᠲᠸᠮ᠎ᠤᠨ ᠡᠯ᠎ᠡ ᠱᠠᠲᠤᠨ᠎ᠤ ᠨᠠᠮ᠎ᠤᠨ ᠵᠤᠬᠢᠶᠠᠨ ᠪᠠᠢ᠌ᠭᠤᠯᠤᠯᠲᠠ ᠵᠢᠨ ᠭᠤᠤᠯ ᠴᠤᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠠ᠋ᠭᠦᠷᠭᠡ᠂ ᠠᠷᠭ᠎ᠠ ᠬᠡᠮᠵᠢᠶ᠎ᠡ᠂ ᠪᠠᠷᠢᠮᠵᠢᠶ᠎ᠠ᠂ ᠴᠠᠭ᠎ᠤᠨ ᠬᠢᠵᠠᠭ᠋ᠠᠷ᠎ᠢ ᠨᠠᠷᠢᠯᠢᠬ᠍ᠵᠢᠭᠤᠯᠵᠦ᠂ 《ᠬᠤᠶᠠᠷ ᠬᠠᠷᠢᠭᠤᠴᠠᠯᠭ᠎ᠠ》 ᠵᠢ ᠨᠠᠢ᠌ᠳᠠᠪᠤᠷᠢᠵᠢᠭᠤᠯᠵᠦ ᠪᠠᠢ᠌ᠬᠤ ᠲᠠᠯ᠎ᠠ᠎ᠳᠤ ᠤᠷᠤᠰᠢᠵᠦ ᠪᠠᠢ᠌ᠭ᠎ᠠ ᠠᠰᠠᠭᠤᠳᠠᠯ ᠪᠤᠯᠤᠨ ᠬᠦᠷᠦᠯᠴᠡᠬᠦ ᠦᠭᠡᠢ ᠲᠠᠯ᠎ᠠ ᠵᠢ᠎ᠨᠢ ᠵᠠᠳᠠᠯᠤᠨ ᠰᠢᠨᠵᠢᠵᠦ᠂ ᠠᠰᠠᠭᠤᠳᠠᠯ᠎ᠤᠨ ᠨᠠᠷᠢᠨ ᠲᠠᠩᠰᠠ ᠪᠤᠯᠤᠨ ᠴᠡᠭᠴᠡᠯᠡᠨ ᠰᠠᠢ᠌ᠵᠢᠷᠠᠭᠤᠯᠬᠤ ᠰᠠᠨᠠᠯ᠎ᠤᠳ᠎ᠢ ᠵᠢᠬᠰᠠᠭ᠋ᠠᠨ ᠭᠠᠷᠭ᠋ᠠᠵᠦ᠂ ᠬᠤᠯᠪᠤᠭᠳᠠᠯ ᠪᠦᠬᠦᠢ ᠤᠳᠤᠷᠢᠳᠤᠯᠭ᠎ᠠ᠎ᠲᠠᠢ ᠪᠤᠯᠵᠤᠨ ᠶᠠᠷᠢᠯᠴᠠᠵᠦ᠂ ᠴᠢᠬᠤᠯᠠ ᠪᠦᠬᠦᠢ ᠦᠶ᠎ᠡ᠎ᠳᠤ ᠬᠤᠪᠢᠳᠠᠨ ᠬᠠᠮᠢᠶᠠᠷᠴᠤ ᠪᠠᠢ᠌ᠬᠤ ᠤᠳᠤᠷᠢᠳᠤᠯᠭ᠎ᠠ᠎ᠲᠠᠢ ᠪᠤᠯᠵᠤᠨ ᠶᠠᠷᠢᠯᠴᠠᠵᠦ᠂ ᠲᠢᠩᠬᠢᠮ᠎ᠤᠨ ᠰᠢᠰᠲᠸᠮ᠎ᠤᠨ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠠᠢ᠃
     (ᠭᠤᠷᠪᠠ) 《ᠳᠤᠮᠳᠠᠳᠦ ᠤᠯᠤᠰ᠎ᠤᠨ ᠡᠪ ᠬᠠᠮᠲᠦ ᠨᠠᠮ᠎ᠤᠨ ᠰᠠᠬᠢᠯᠭ᠎ᠠ ᠪᠠᠲᠦ ᠪᠠᠢ᠌ᠴᠠᠭ᠋ᠠᠬᠤ ᠪᠠᠢ᠌ᠭᠤᠯᠭ᠎ᠠ ᠵᠢᠨ ᠰᠠᠬᠢᠯᠭ᠎ᠠ ᠪᠠᠲᠦ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠠᠵᠢᠯ᠎ᠤᠨ ᠲᠦᠷᠢᠮ (ᠲᠤᠷᠰᠢᠨ ᠬᠡᠷᠡᠭᠵᠢᠬᠦᠯᠬᠦ)》᠎ᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠬᠢᠨᠠᠯᠲᠠ ᠲᠠᠯᠪᠢᠬᠤ ᠬᠡᠯᠪᠡᠷᠢ ᠵᠢᠨ ᠬᠤᠪᠢᠷᠠᠯᠲᠠ ᠵᠢ ᠭᠦᠨᠵᠡᠭᠡᠢ᠌ᠷᠡᠭᠦᠯᠦᠨ᠂ ᠠᠰᠠᠭᠤᠳᠠᠯ᠎ᠢ ᠤᠯᠵᠦ ᠮᠡᠳᠡᠬᠦ᠂ ᠠᠰᠠᠭᠤᠳᠠᠯ᠎ᠢ ᠰᠢᠢ᠍ᠳᠪᠤᠷᠢᠯᠡᠬᠦ ᠴᠢᠳᠠᠪᠤᠷᠢ᠎ᠪᠠᠨ ᠲᠡᠭᠡᠭᠰᠢᠯᠡᠭᠦᠯᠬᠦ ᠬᠡᠷᠡᠭᠲᠠᠢ᠃ ᠠᠵᠢᠯ ᠲᠦᠷᠦᠯ᠎ᠤᠨ ᠴᠢᠭᠡᠴᠢ ᠵᠠᠰᠠᠭ᠎ᠤᠨ ᠠᠶᠤᠯ ᠲᠦᠭᠰᠢᠭᠦᠷᠢ᠎ᠪᠠᠷ ᠭᠤᠤᠯᠳᠠᠭᠤᠯᠤᠨ᠂ ᠲᠤᠭᠤᠷᠢᠨ ᠪᠠᠢ᠌ᠴᠠᠭ᠋ᠠᠬᠤ ᠲᠤᠭᠲᠠᠯᠴᠠᠭ᠎ᠠ ᠵᠢ ᠪᠠᠢ᠌ᠭᠤᠯᠵᠦ᠂ ᠲᠤᠭᠤᠷᠢᠨ ᠪᠠᠢ᠌ᠴᠠᠭ᠋ᠠᠬᠤ ᠠᠵᠢᠯ᠎ᠤᠨ ᠲᠤᠷᠰᠢᠨ ᠬᠡᠷᠡᠭᠵᠢᠭᠦᠯᠬᠦ ᠠᠷᠭ᠎ᠠ ᠵᠢ ᠲᠤᠭᠲᠠᠭ᠋ᠠᠬᠤ ᠪᠦᠭᠡᠳ ᠵᠤᠬᠢᠶᠠᠨ ᠪᠠᠢ᠌ᠭᠤᠯᠵᠦ ᠬᠡᠷᠡᠭᠵᠢᠭᠦᠯᠬᠦ ᠬᠡᠷᠡᠭᠲᠠᠢ᠃ ᠪᠡᠯᠡ ᠮᠦᠩᠭᠦ ᠬᠡᠷᠡᠭᠯᠡᠬᠦ᠂ ᠲᠦᠷᠦᠯ ᠵᠦᠢ᠍ᠯ᠎ᠢ ᠬᠠᠮᠢᠶᠠᠷᠬᠤ᠂ ᠬᠠᠷᠠᠭ᠋ᠠᠯᠵᠠᠵᠦ ᠲᠤᠬᠢᠷᠠᠭᠤᠯᠬᠤ᠂ ᠭᠠᠮᠰᠢᠭ᠎ᠠᠴᠠ ᠠᠪᠤᠷᠠᠬᠤ ᠵᠤᠭᠤᠰ ᠪᠤᠳᠠᠰ᠂ ᠠᠰᠠᠷᠠᠮᠵᠢ ᠵᠢᠨ ᠱᠠᠩᠨᠠᠯᠲᠦ ᠰᠤᠭᠤᠯᠤᠭ᠎ᠠ ᠵᠢᠨ ᠲᠡᠮᠳᠡᠭ᠎ᠤᠨ ᠨᠡᠢ᠌ᠲᠡ᠎ᠳᠤ ᠠᠰᠢᠬᠲᠠᠢ ᠮᠦᠩᠭᠦ᠂ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠨᠣᠲᠠᠯᠠᠨ ᠲᠤᠭᠲᠠᠭ᠋ᠠᠬᠤ᠂ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠡᠷᠭᠡ ᠠᠶᠤᠯ ᠲᠦᠭᠰᠢᠭᠦᠷᠢ ᠶᠡᠬᠡᠲᠠᠢ ᠴᠢᠭ᠎ᠢ ᠴᠢᠩᠭ᠎ᠠ ᠠᠳᠬᠤᠵᠦ᠂ ᠲᠤᠭᠤᠷᠢᠨ ᠪᠠᠢ᠌ᠴᠠᠭ᠋ᠠᠬᠤ ᠠᠵᠢᠯ᠎ᠤᠨ ᠭᠤᠤᠯᠳᠠᠯᠭ᠎ᠠ ᠪᠤᠯᠬᠤ ᠰᠠᠯᠠᠭ᠎ᠠ ᠮᠦᠴᠢᠷ᠂ ᠭᠤᠤᠯᠳᠠᠯᠭ᠎ᠠ ᠪᠤᠯᠬᠤ ᠠᠵᠢᠯ᠎ᠤᠨ ᠪᠠᠢ᠌ᠷᠢ ᠪᠤᠯᠤᠨ ᠭᠤᠤᠯᠳᠠᠯᠭ᠎ᠠ ᠪᠤᠯᠬᠤ ᠭᠤᠭᠴᠤᠭ᠎ᠠ ᠵᠢ ᠲᠤᠭᠲᠠᠭ᠋ᠠᠵᠦ᠂ ᠤᠯᠤᠰ ᠲᠦᠷᠦ ᠵᠢᠨ ᠲᠤᠭᠤᠷᠢᠨ ᠪᠠᠢ᠌ᠴᠠᠭ᠋ᠠᠬᠤ ᠠᠵᠢᠯ᠎ᠢ ᠭᠦᠨᠵᠡᠭᠡᠢ ᠦᠷᠨᠢᠬᠦᠯᠬᠦ ᠬᠡᠷᠡᠭᠲᠠᠢ᠃
     (ᠲᠦᠷᠪᠡ) ᠠᠷᠠᠳ᠎ᠤᠨ ᠶᠠᠪᠤᠳᠠᠯ᠎ᠤᠨ ᠬᠡᠪᠴᠢᠶᠡᠨ᠎ᠤ ᠲᠦᠪ ᠪᠤᠰᠤ ᠰᠤᠷᠲᠠᠯ ᠪᠤᠯᠤᠨ ᠢᠯᠵᠡᠷᠡᠯ᠎ᠤᠨ ᠠᠰᠠᠭᠤᠳᠠᠯ᠎ᠢ ᠴᠢᠩᠭ᠎ᠠ ᠴᠡᠭᠴᠡᠯᠡᠵᠦ ᠵᠠᠰᠠᠬᠤ ᠬᠡᠷᠡᠭᠲᠠᠢ᠃ ᠪᠦᠬᠦ ᠤᠷᠤᠨ᠎ᠤ ᠵᠠᠪᠰᠢᠶᠠᠨ᠎ᠢ ᠥᠯᠥ ᠠᠯᠳᠠᠬᠤ ᠢᠯᠵᠡᠷᠡᠯ᠎ᠤᠨ ᠠᠰᠠᠭᠤᠳᠠᠯ᠎ᠢ ᠲᠦᠪᠯᠡᠷᠡᠩᠭᠦᠢ ᠵᠠᠰᠠᠬᠤ ᠠᠵᠢᠯ᠎ᠤᠨ ᠲᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠶᠡᠬᠡ ᠬᠤᠷᠠᠯ ᠳᠡᠭᠡᠷ᠎ᠡ ᠥᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠌ᠩᠭᠤ ᠵᠢᠨ ᠬᠡᠰᠢᠭᠦᠨ᠂ ᠰᠠᠬᠢᠯᠭ᠎ᠠ ᠪᠠᠲᠦ ᠪᠠᠢ᠌ᠴᠠᠭ᠋ᠠᠬᠤ ᠬᠤᠷᠢᠶᠠᠨ᠎ᠤ ᠱᠦᠵᠢ ᠯᠢᠦ ᠴᠢ ᠹᠠᠨ᠄ 《ᠵᠠᠪᠰᠢᠶᠠᠨ᠎ᠢ ᠥᠯᠥ ᠠᠯᠳᠠᠬᠤ ᠢᠯᠵᠡᠷᠡᠯ᠎ᠤᠨ ᠠᠰᠠᠭᠤᠳᠠᠯ᠎ᠢ ᠵᠠᠰᠠᠬᠤ᠎ᠳᠤ᠂ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠲᠤᠭᠤᠢ᠌ᠯᠠᠩ) ᠭᠤᠤᠯ ᠴᠤᠭᠴᠠ ᠵᠢᠨ ᠬᠠᠷᠢᠭᠤᠴᠠᠯᠭ᠎ᠠ᠎ᠪᠠᠨ ᠰᠠᠢ᠌ᠲᠤᠷ ᠭᠦᠢ᠍ᠴᠡᠳᠭᠡᠵᠦ᠂ ᠶᠡᠬᠡᠪᠡᠷ ᠴᠢᠬᠤᠯᠠᠴᠢᠯᠠᠨ ᠦᠵᠡᠵᠦ᠂ ᠨᠠᠷᠢᠨ ᠨᠢᠮᠪᠠᠢ ᠵᠤᠬᠢᠶᠠᠨ ᠪᠠᠢ᠌ᠭᠤᠯᠬᠤ ᠬᠡᠷᠡᠭᠲᠠᠢ᠂ ᠭᠤᠤᠯ ᠤᠳᠤᠷᠢᠳᠤᠯᠭ᠎ᠠ᠎ᠨᠢ 〈ᠨᠢᠭᠡᠳᠦᠭᠡᠷ ᠬᠠᠷᠢᠭᠤᠴᠠᠯᠭ᠋ᠠᠲᠠᠨ〉᠎ᠤ ᠠ᠋ᠭᠦᠷᠭᠡ ᠬᠠᠷᠢᠭᠤᠴᠠᠯᠭ᠎ᠠ᠎ᠪᠠᠨ ᠰᠠᠢ᠌ᠲᠤᠷ ᠭᠦᠢ᠍ᠴᠡᠳᠭᠡᠵᠦ᠂ ᠪᠡᠶ᠎ᠡ᠎ᠪᠠᠷ ᠵᠢᠡᠨ ᠲᠠᠭ᠋ᠠᠭᠤᠯᠤᠨ᠂ ᠨᠠᠢ᠌ᠳᠠᠪᠤᠷᠢᠵᠢᠭᠤᠯᠬᠤ ᠠᠵᠢᠯ᠎ᠢ ᠬᠦᠴᠦᠲᠠᠢ ᠠᠳᠬᠤᠬᠤ ᠬᠡᠷᠡᠭᠲᠠᠢ᠃ ᠡᠯ᠎ᠡ ᠱᠠᠲᠤᠨ᠎ᠤ ᠰᠠᠬᠢᠯᠭ᠎ᠠ ᠪᠠᠲᠦ ᠪᠠᠢ᠌ᠴᠠᠭ᠋ᠠᠬᠤ ᠬᠤᠷᠢᠶ᠎ᠠ (ᠰᠠᠬᠢᠯᠭ᠎ᠠ ᠪᠠᠲᠦ ᠪᠠᠢ᠌ᠴᠠᠭ᠋ᠠᠬᠤ ᠲᠤᠭᠤᠢ᠌ᠯᠠᠩ) ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠬᠤ᠂ ᠪᠡᠯᠡ ᠮᠦᠩᠭᠦ ᠬᠡᠷᠡᠭᠯᠡᠬᠦ᠂ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠬᠢᠬᠦ ᠵᠡᠷᠭᠡ ᠲᠠᠯ᠎ᠠ᠎ᠳᠤ ᠤᠷᠤᠰᠢᠵᠦ ᠪᠠᠢ᠌ᠬᠤ ᠲᠤᠪᠤᠢ᠌ᠮ᠎ᠠ ᠠᠰᠠᠭᠤᠳᠠᠯ᠎ᠢ ᠴᠢᠩᠭ᠎ᠠ ᠪᠠᠢ᠌ᠴᠠᠭ᠋ᠠᠨ ᠰᠢᠢ᠍ᠳᠪᠤᠷᠢᠯᠡᠬᠦ ᠬᠡᠷᠡᠭᠲᠠᠢ》 ᠭᠡᠵᠦ ᠴᠢᠬᠤᠯᠠᠴᠢᠯᠠᠵᠠᠢ᠃ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠲᠤᠭᠤᠢ᠌ᠯᠠᠩ ᠵᠠᠪᠰᠢᠶᠠᠨ᠎ᠢ ᠥᠯᠥ ᠠᠯᠳᠠᠬᠤ ᠢᠯᠵᠡᠷᠡᠯ᠎ᠤᠨ ᠠᠰᠠᠭᠤᠳᠠᠯ᠎ᠢ ᠵᠠᠰᠠᠬᠤ ᠠᠵᠢᠯ᠎ᠤᠨ ᠱᠠᠭ᠋ᠠᠷᠳᠠᠯᠭ᠎ᠠ ᠵᠢ ᠲᠤᠤᠱᠯᠠᠭᠤᠯᠵᠦ᠂ ᠲᠢᠩᠬᠢᠮ᠎ᠤᠨ ᠰᠢᠰᠲᠸᠮ᠎ᠤᠨ ᠡᠯ᠎ᠡ ᠱᠠᠲᠤᠨ᠎ᠤ ᠨᠠᠮ᠎ᠤᠨ ᠵᠤᠬᠢᠶᠠᠨ ᠪᠠᠢ᠌ᠭᠤᠯᠤᠯᠲᠠ ᠭᠤᠤᠯ ᠬᠠᠷᠢᠭᠤᠴᠠᠯᠭ᠎ᠠ ᠵᠢ ᠠ᠋ᠭᠦᠷᠭᠡᠯᠡᠨ᠂ ᠠᠷᠠᠳ᠎ᠤᠨ ᠠᠮᠢᠳᠤᠷᠠᠯ᠎ᠤᠨ ᠬᠢᠨᠠᠯᠲᠠ ᠲᠠᠯᠪᠢᠯᠲᠠ ᠵᠢ ᠴᠢᠩᠭ᠋ᠠᠳᠬᠠᠵᠦ᠂ ᠤᠯᠠᠨ ᠲᠦᠮᠡᠨ᠎ᠤ ᠲᠡᠷᠭᠡᠳᠡᠬᠢ ᠢᠯᠵᠡᠷᠡᠯ᠎ᠤᠨ ᠠᠰᠠᠭᠤᠳᠠᠯ᠎ᠢ ᠴᠢᠩᠭ᠎ᠠ ᠪᠠᠢ᠌ᠴᠠᠭ᠋ᠠᠬᠤ ᠬᠡᠷᠡᠭᠲᠠᠢ᠃
     ᠪᠡᠯᠡ ᠮᠦᠩᠭᠦ ᠵᠢ ᠬᠠᠮᠢᠶᠠᠷᠴᠤ ᠬᠡᠷᠡᠭᠯᠡᠬᠦ ᠵᠡᠷᠭᠡ ᠲᠠᠯ᠎ᠠ᠎ᠳᠤ ᠤᠷᠤᠰᠢᠵᠦ ᠪᠠᠢ᠌ᠬᠤ ᠲᠤᠪᠤᠢ᠌ᠮ᠎ᠠ ᠠᠰᠠᠭᠤᠳᠠᠯ᠎ᠳᠤ ᠴᠢᠭᠯᠡᠭᠦᠯᠦᠨ᠂ ᠱᠠᠮᠰᠢᠨ ᠢᠳᠡᠬᠦ ᠨᠡᠭᠦᠯᠭᠡᠨ ᠬᠡᠷᠡᠭᠯᠡᠬᠦ᠂ ᠬᠢᠬᠠᠨ ᠮᠦᠯᠵᠢᠬᠦ ᠦᠯᠡᠳᠡᠭᠡᠨ ᠠᠪᠬᠤ᠂ ᠲᠤᠰᠬᠠᠢ ᠪᠡᠯᠡ ᠮᠦᠩᠭᠦ ᠵᠢ ᠬᠤᠳᠠᠯ ᠵᠢᠡᠷ ᠮᠡᠳᠡᠭᠦᠯᠦᠨ ᠬᠠᠭᠤᠷᠮᠠᠭᠯᠠᠨ ᠠᠪᠬᠤ᠂ ᠪᠠᠷᠢᠮᠵᠢᠶᠠᠨ᠎ᠠᠴᠠ ᠲᠠᠪᠠᠭᠰᠠᠨ ᠬᠡᠪᠴᠢᠶᠡᠨ᠎ᠳᠤ ᠤᠯᠠᠨ ᠲᠦᠮᠡᠨ᠎ᠠᠴᠠ ᠪᠡᠯᠡ ᠮᠦᠩᠭᠦ ᠴᠤᠭᠯᠠᠭᠤᠯᠬᠤ ᠬᠦᠳᠡᠯᠮᠤᠷᠢ ᠬᠦᠴᠦ ᠴᠤᠭᠯᠠᠭᠤᠯᠬᠤ᠂ ᠵᠠᠷᠤᠳᠠᠯ᠎ᠤᠨ ᠮᠦᠩᠭᠦ ᠲᠡᠰᠭᠡᠨ ᠨᠤᠭᠲᠠᠭᠤᠯᠬᠤ ᠵᠡᠷᠭᠡ ᠠᠰᠠᠭᠤᠳᠠᠯ᠎ᠢ ᠭᠤᠤᠯᠳᠠᠯᠭ᠎ᠠ ᠪᠤᠯᠭ᠋ᠠᠨ ᠵᠠᠰᠠᠬᠤ ᠬᠡᠷᠡᠭᠲᠠᠢ᠃ ᠤᠷᠤ ᠦᠭᠡᠢ ᠭᠠᠵᠠᠷ ᠤᠪᠤᠭ᠎ᠠ ᠪᠤᠰᠬᠠᠨ ᠮᠡᠬᠡᠯᠡᠵᠦ ᠠᠪᠬᠤ᠂ ᠲᠡᠭᠡᠷᠡᠬᠢ᠎ᠪᠠᠨ ᠮᠡᠬᠡᠯᠡᠨ ᠲᠤᠤᠷᠠᠬᠢ᠎ᠠᠴᠠ᠎ᠪᠠᠨ ᠨᠢᠭᠤᠵᠦ ᠪᠠᠰᠢᠷᠯᠠᠨ ᠠᠪᠬᠤ᠂ ᠲᠤᠲᠤᠷ᠎ᠠ ᠭᠠᠳᠠᠨ᠎ᠠ᠎ᠠᠴᠠ ᠰᠦᠯᠪᠡᠭᠡᠯᠡᠨ ᠱᠠᠮᠰᠢᠵᠦ ᠡᠵᠡᠯᠡᠬᠦ᠂ ᠭᠠᠭᠴᠠᠭ᠋ᠠᠷ ᠲᠤᠯᠤᠭ᠋ᠠᠢ ᠮᠡᠳᠡᠵᠦ ᠬᠦᠴᠦᠷᠬᠡᠭᠯᠡᠨ ᠠᠪᠬᠤ᠂ ᠠ᠋ᠯᠳᠡᠪ ᠨᠡᠷ᠎ᠡ ᠵᠤᠬᠢᠶᠠᠵᠦ ᠨᠡᠬᠡᠨ ᠠᠪᠬᠤ᠂ ᠰᠠᠳᠤᠨ ᠲᠦᠷᠦᠯ ᠨᠠᠢ᠌ᠵᠢ ᠨᠦᠬᠦᠷ ᠵᠢᠡᠨ ᠬᠠᠷᠠᠭ᠋ᠠᠯᠵᠠᠵᠦ ᠦᠮᠦᠭᠯᠡᠬᠦ ᠵᠡᠷᠭᠡ ᠤᠯᠠᠨ ᠲᠦᠮᠡᠨ᠎ᠤ ᠲᠡᠷᠭᠡᠳᠡᠬᠢ ᠢᠯᠵᠡᠷᠡᠯ᠎ᠢ ᠴᠢᠩᠭ᠎ᠠ ᠪᠠᠢ᠌ᠴᠠᠭ᠋ᠠᠬᠤ ᠬᠡᠷᠡᠭᠲᠠᠢ᠃ 《ᠢᠯᠠᠭ᠎ᠠ ᠵᠢ ᠲᠠᠰᠢᠬᠤ》 ᠲᠤᠰᠬᠠᠢ ᠠᠵᠢᠯᠯᠠᠭ᠎ᠠ ᠵᠢ ᠦᠷᠭᠦᠯᠵᠢᠯᠡᠨ ᠦᠷᠨᠢᠬᠦᠯᠵᠦ᠂ ᠠᠷᠠᠳ᠎ᠤᠨ ᠶᠠᠪᠤᠳᠠᠯ᠎ᠤᠨ ᠬᠡᠪᠴᠢᠶᠡᠨ᠎ᠳᠠᠬᠢ ᠤᠯᠠᠨ ᠲᠦᠮᠡᠨ᠎ᠤ ᠠᠰᠢᠭ ᠲᠤᠰᠠ ᠵᠢ ᠬᠤᠬᠢᠷᠠᠭᠤᠯᠵᠦ ᠪᠠᠢ᠌ᠬᠤ ᠲᠤᠪᠤᠢ᠌ᠮ᠎ᠠ ᠠᠰᠠᠭᠤᠳᠠᠯ᠎ᠢ ᠴᠢᠩᠭ᠎ᠠ ᠪᠠᠢ᠌ᠴᠠᠭ᠋ᠠᠨ ᠰᠢᠳᠭᠡᠵᠦ᠂ ᠨᠡᠢ᠌ᠲᠡᠯᠢᠭ ᠬᠡᠷᠡᠭ᠎ᠢ ᠤᠯᠠᠨ᠎ᠳᠤ ᠵᠠᠷᠯᠠᠵᠦ᠂ ᠵᠠᠪᠰᠢᠶᠠᠨ᠎ᠢ ᠥᠯᠥ ᠠᠯᠳᠠᠬᠤ ᠢᠯᠵᠡᠷᠡᠯ᠎ᠢ ᠴᠢᠩᠭ᠎ᠠ ᠵᠠᠰᠠᠬᠤ ᠬᠦᠴᠦᠲᠠᠢ ᠲᠤᠬᠢᠶ᠎ᠠ ᠵᠢ ᠲᠠᠯᠪᠢᠬᠤ ᠬᠡᠷᠡᠭᠲᠠᠢ᠃
     (ᠲᠠᠪᠤ) ᠨᠢᠭᠤᠴᠠᠬᠠᠢ᠂ ᠤᠨᠳᠤᠤᠰᠢᠭᠰᠠᠨ 《ᠲᠦᠷᠪᠡᠨ ᠰᠤᠷᠲᠠᠯ》᠎ᠤᠨ ᠠᠰᠠᠭᠤᠳᠠᠯ᠎ᠳᠤ ᠴᠢᠭᠯᠡᠭᠦᠯᠦᠨ᠂ ᠠ᠋ᠳᠦᠷ ᠲᠤᠲᠤᠮ᠎ᠤᠨ ᠬᠢᠨᠠᠯᠲᠠ ᠲᠠᠯᠪᠢᠨ ᠪᠠᠢ᠌ᠴᠠᠭ᠋ᠠᠬᠤ ᠠᠵᠢᠯ᠎ᠢ ᠴᠢᠩᠭ᠋ᠠᠳᠬᠠᠵᠦ᠂ ᠠᠵᠢᠯ᠎ᠤᠨ ᠰᠤᠷᠳᠠᠯ᠎ᠤᠨ ᠪᠠᠢ᠌ᠭᠤᠯᠤᠯᠲᠠ ᠵᠢ ᠤᠳᠠᠭ᠋ᠠᠨ ᠲᠠᠭ᠋ᠠᠭ᠋ᠠᠮᠠᠭ᠋ᠠᠢ ᠨᠢᠮᠪᠠᠢ ᠠᠳᠬᠤᠵᠦ ᠪᠤᠳᠠᠲᠠᠢ ᠬᠢᠬᠦ ᠬᠡᠷᠡᠭᠲᠠᠢ᠃ ᠭᠤᠤᠯᠳᠠᠯᠭ᠎ᠠ ᠪᠤᠯᠬᠤ ᠵᠠᠩᠭᠢᠯᠠᠭ᠎ᠠ ᠵᠢ ᠠᠳᠬᠤᠨ᠂ 《ᠵᠠᠩᠭᠢᠯᠠᠭ᠎ᠠ ᠵᠢᠨ ᠴᠦᠭᠡᠨ ᠲᠤᠭ᠎ᠠ》 ᠵᠢ ᠠᠯᠳᠠᠯ ᠦᠭᠡᠢ ᠠᠩᠬᠠᠷᠴᠤ᠂ 《ᠲᠦᠷᠪᠡᠨ ᠰᠤᠷᠳᠠᠯ》᠎ᠤᠨ ᠠᠰᠠᠭᠤᠳᠠᠯ ᠰᠡᠷᠭᠦᠨ ᠭᠠᠷᠴᠤ ᠲᠤᠯᠤᠭ᠋ᠠᠢ ᠦᠨᠳᠡᠢ᠌ᠬᠦ ᠵᠢ ᠰᠡᠷᠬᠡᠢ᠌ᠯᠡᠬᠦ ᠬᠡᠷᠡᠭᠲᠠᠢ᠃ ᠲᠦᠪ᠎ᠤᠨ ᠨᠠᠢ᠍ᠮᠠᠨ ᠵᠣᠷᠪᠣᠰ ᠲᠤᠭᠲᠠᠭ᠋ᠠᠯ᠎ᠤᠨ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ ᠤᠷᠤᠨ᠎ᠤ 28 ᠵᠦᠢ᠍ᠯ᠎ᠤᠨ ᠪᠦᠷᠢᠨ ᠲᠦᠭᠦᠷ ᠲᠤᠭᠲᠠᠭ᠋ᠠᠯ᠎ᠢ ᠨᠢᠳᠦᠨ᠎ᠳᠡᠭᠡᠨ ᠬᠠᠪᠴᠢᠬᠤ ᠦᠭᠡᠢ᠂ ᠰᠦᠷᠬᠡᠤ ᠠᠭ᠋ᠠᠰᠢᠯᠠᠨ ᠰᠠᠬᠢᠯᠭ᠎ᠠ ᠪᠠᠲᠦ ᠵᠢ ᠵᠦᠷᠢᠴᠡᠵᠦ ᠪᠠᠢ᠌ᠬᠤ ᠠᠰᠠᠭᠤᠳᠠᠯ᠎ᠢ ᠠᠯᠳᠠᠯ ᠦᠭᠡᠢ ᠠᠩᠬᠠᠷᠬᠤ ᠮᠦᠷᠲᠡᠭᠡᠨ 《ᠨᠢᠭᠤᠪᠴᠢ ᠬᠤᠪᠴᠠᠰᠦ》 ᠠ᠋ᠮᠦᠰᠴᠤ ᠪᠠᠢ᠌ᠬᠤ᠂ 《ᠬᠦᠬᠡ ᠲᠠᠷᠢᠶᠠᠨ》᠎ᠳᠤ ᠲᠠᠯᠳᠠᠯᠠᠵᠦ ᠪᠠᠢ᠌ᠬᠤ᠂ 《ᠨᠢᠳᠦ ᠬᠠᠯᠬᠠᠯᠠᠬᠤ ᠪᠠᠰᠢᠷ》 ᠬᠡᠷᠡᠭᠯᠡᠵᠦ ᠪᠠᠢ᠌ᠬᠤ᠂ 《ᠫᠠᠷᠲ᠋ᠢᠽᠠᠨ ᠲᠠᠢ᠌ᠨ》 ᠬᠢᠵᠦ ᠪᠠᠢ᠌ᠬᠤ ᠵᠡᠷᠭᠡ ᠨᠢᠭᠤᠴᠠᠬᠠᠢ ᠤᠨᠳᠤᠤᠰᠢᠭᠰᠠᠨ 《ᠲᠦᠷᠪᠡᠨ ᠰᠤᠷᠲᠠᠯ》᠎ᠤᠨ ᠡᠯ᠎ᠡ ᠵᠦᠢ᠍ᠯ᠎ᠤᠨ ᠠᠰᠠᠭᠤᠳᠠᠯ᠎ᠢ ᠲᠦᠪᠯᠡᠷᠡᠭᠦᠯᠦᠨ᠂ ᠴᠠᠭ ᠲᠤᠬᠠᠢ᠎ᠳᠤᠨᠢ ᠪᠠᠢ᠌ᠴᠠᠭ᠋ᠠᠨ ᠰᠢᠳᠭᠡᠵᠦ᠂ ᠲᠦᠪ ᠴᠢᠩᠭ᠎ᠠ᠎ᠪᠠᠷ ᠤᠯᠠᠨ᠎ᠳᠤ ᠵᠠᠷᠯᠠᠵᠦ᠂ ᠠᠵᠢᠯ᠎ᠤᠨ ᠰᠤᠷᠳᠠᠯ᠎ᠤᠨ ᠪᠠᠢ᠌ᠭᠤᠯᠤᠯᠲᠠ ᠵᠢᠨ ᠤᠷᠳᠤ ᠬᠤᠭᠤᠴᠠᠭ᠎ᠠ ᠪᠦᠲᠦᠮᠵᠢᠲᠠᠢ ᠪᠠᠢ᠌ᠬᠤ ᠲᠤᠭᠲᠠᠯᠴᠠᠭ᠎ᠠ᠎ᠲᠠᠢ ᠪᠤᠯᠬᠤ ᠵᠢ ᠠᠬᠢᠭᠤᠯᠬᠤ ᠬᠡᠷᠡᠭᠲᠠᠢ᠃

ᠢᠷᠡᠯᠲᠡ᠄ ᠦᠪᠤᠷ ᠮᠤᠩᠭᠤᠯ᠎ᠤᠨ ᠠᠷᠠᠤᠨ᠎ᠤᠨ ᠶᠠᠪᠤᠳᠠᠯ᠎ᠤᠨ ᠲᠢᠩᠭ᠊ ᠵᠮ᠎ᠤᠨ ᠭᠢᠳᠠᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠢᠩᠬᠢᠮ᠎ᠤᠨ ᠳᠠᠷᠤᠭ᠎ᠠ ᠳ᠋ᠸᠩ ᠶᠦᠸᠸ ᠯᠸᠤ ᠵᠢᠨ ᠪᠦᠬᠦ ᠤᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠢ ᠪᠦᠬᠦ ᠳᠠᠯ᠎ᠠ᠎ᠪᠠᠷ ᠴᠢᠩᠭ᠎ᠠ ᠵᠠᠰᠠᠵᠤ 《ᠬᠤᠶᠠᠷ ᠬᠠᠷᠢᠭᠤᠴᠠᠯᠭ᠎ᠠ》 ᠵᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ᠎ᠤ ᠳᠤᠪᠴᠢᠯᠠᠯ
ᠯᠠᠨ ᠠ᠋ᠸᠨ ᠬᠤᠸᠠ ᠵᠢᠨ ᠪᠦᠭᠦ ᠤᠷᠤᠨ᠎ᠤ ᠠᠷᠠᠳ᠎ᠤᠨ ᠶᠠᠪᠤᠳᠠᠯ᠎ᠤᠨ ᠲᠦᠷᠦ ᠵᠢᠨ ᠪᠤᠳᠤᠯᠭ᠎ᠠ ᠤᠨᠤᠯ ᠰᠤᠳᠤᠯᠤᠯ᠎ᠤᠨ ᠰᠤᠯᠢᠯᠴᠠᠭ᠋ᠠᠨ᠎ᠤ ᠬᠤᠷᠠᠯ ᠳᠡᠭᠡᠷᠡᠬᠢ ᠶᠡᠷᠢᠶ᠎ᠠ (ᠲᠤᠪᠴᠢᠯᠠᠯ)
ᠯᠠᠨ ᠠ᠋ᠸᠨ ᠬᠤᠸᠠ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ 2014 ᠣᠨ᠎ᠤ ᠳ᠋ᠦᠩᠨᠡᠯᠲᠡ ᠪᠠ ᠰᠠᠢ᠌ᠰᠢᠶᠠᠨ ᠬᠦᠬᠢᠭᠦᠯᠬᠦ ᠶᠡᠬᠡ ᠬᠤᠷᠠᠯ ᠳᠡᠭᠡᠷᠡᠬᠢ ᠶᠠᠷᠢᠶ᠎ᠠ (ᠲᠤᠪᠴᠢᠯᠠᠯ)
ᠲᠢᠩᠬᠢᠮ᠎ᠤᠨ ᠳᠠᠷᠤᠭ᠎ᠠ ᠯᠠᠨ ᠠ᠋ᠸᠨ ᠬᠤᠸᠠ ᠵᠢᠨ ᠪᠦᠭᠦ ᠤᠷᠤᠨ᠎ᠤ ᠠᠷᠠᠳ᠎ᠤᠨ ᠶᠠᠪᠤᠳᠠᠯ᠎ᠤᠨ ᠤᠬᠠᠭᠤᠯᠭ᠎ᠠ ᠪᠤᠯᠤᠨ ᠮᠡᠳᠡᠭᠡ ᠵᠠᠩᠭᠢᠵᠢᠯᠲᠠ ᠵᠢᠨ ᠠᠵᠢᠯ᠎ᠤᠨ ᠬᠤᠷᠠᠯ ᠳᠡᠭᠡᠷᠡᠬᠢ ᠶᠠᠷᠢᠶ᠎ᠠ (ᠲᠤᠪᠴᠢᠯᠠᠯ)
ᠯᠠᠨ ᠠ᠋ᠸᠨ ᠬᠤᠸᠠ ᠪᠦᠬᠦ ᠣᠷᠣᠨ᠎ᠤ ᠨᠠᠰᠣᠲᠠᠢ᠌ᠴᠣᠳ᠎ᠤᠨ ᠠᠵᠢᠯ᠎ᠤᠨ ᠬᠤᠷᠠᠯ ᠳᠡᠭᠡᠷ᠎ᠡ ᠠᠵᠢᠯ᠎ᠤᠨ ᠮᠡᠳᠡᠭᠦᠯᠦᠯᠲᠡ ᠬᠢᠪᠡ
 
            