ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠢᠦ ᠠ᠋ᠾᠸ ᠠᠮᠸᠷᠢᠺᠠ ᠵᠢᠨ ᠤᠤᠯ᠎ᠤᠨ ᠳᠦᠷᠦ ᠵᠢᠨ ᠶᠠᠪᠤᠳᠠᠯ᠎ᠤᠨ ᠰᠠᠢ᠌ᠳ ᠵᠢᠰᠢᠨᠭᠸ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2018-11-15


     11 ᠳ᠋ᠤᠭᠡᠷ ᠰᠠᠷ᠎ᠠ ᠵᠢᠨ 10᠎ᠤ ᠠ᠋ᠳᠤᠷ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠭᠡᠢ ᠰᠠᠢ᠌ᠳ ᠯᠢᠦ ᠠ᠋ᠾᠸ ᠠᠮᠸᠷᠢᠺᠠ ᠵᠢᠨ ᠤᠤᠯ᠎ᠤᠨ ᠳᠦᠷᠦ ᠵᠢᠨ ᠶᠠᠪᠤᠳᠠᠯ᠎ᠤᠨ ᠰᠠᠢ᠌ᠳ ᠵᠢᠰᠢᠨᠭᠸ᠎ᠲᠠᠢ ᠠᠭᠤᠯᠵᠠᠪᠠ᠃
      ᠯᠢᠦ ᠠ᠋ᠾᠸ᠂ ᠵᠢᠰᠢᠨᠭᠸ ᠳ᠋ᠤᠺᠲ᠋ᠤᠷ ᠤᠷᠳᠤ ᠬᠤᠭᠤᠴᠠᠭ᠋ᠠᠨ᠎ᠤ ᠳᠤᠷᠰᠢ ᠳᠤᠮᠳᠠᠳᠤ ᠠᠮᠸᠷᠢᠺᠠ ᠵᠢᠨ ᠬᠠᠷᠢᠯᠴᠠᠭ᠎ᠠ ᠵᠢᠨ ᠬᠦᠭᠵᠢᠯᠳᠡ᠎ᠳᠤ ᠳᠡᠤᠭᠡᠳᠤ ᠴᠢᠨᠠᠷ᠎ᠲᠠᠢ ᠬᠤᠪᠢ ᠨᠡᠮᠡᠷᠢ ᠦᠵᠡᠬᠦᠯᠪᠡ᠃ ᠳᠤᠮᠳᠠᠳᠤ ᠠᠮᠸᠷᠢᠺᠠ ᠵᠢᠨ ᠬᠠᠷᠢᠯᠴᠠᠭ᠋ᠠᠨ᠎ᠤ ᠶᠡᠭᠡ ᠳᠡᠯ᠎ᠡ ᠵᠢᠨ ᠳᠤᠭᠳᠠᠭᠤᠨ ᠪᠠᠢ᠌ᠳᠠᠯ᠎ᠢ ᠬᠠᠮᠠᠭ᠋ᠠᠯᠠᠬᠤ᠎ᠨᠢ ᠬᠤᠶᠠᠷ ᠤᠯᠤᠰ ᠪᠤᠯᠤᠨ ᠬᠤᠶᠠᠷ ᠤᠯᠤᠰ᠎ᠤᠨ ᠠᠷᠠᠳ ᠳᠦᠮᠡᠨ ᠵᠢᠴᠢ ᠪᠦᠬᠦ ᠳᠡᠯᠡᠭᠡᠢ ᠵᠢᠨ ᠦᠨᠳᠦᠰᠦᠨ ᠠᠰᠢᠭ ᠳᠤᠰᠠ᠎ᠳᠤ ᠳᠤᠬᠢᠷᠠᠨ᠎ᠠ᠃ ᠳᠤᠮᠳᠠᠳᠤ ᠠᠮᠸᠷᠢᠺᠠ ᠬᠤᠶᠠᠷ ᠳᠠᠯ᠎ᠠ᠎ᠪᠠᠷ ᠵᠶ᠋ᠡᠨ ᠬᠤᠶᠠᠷ ᠤᠯᠤᠰ᠎ᠤᠨ ᠳᠦᠷᠦᠬᠦᠴᠤᠳ᠎ᠤᠨ ᠬᠠᠮᠳᠤ ᠵᠢᠨ ᠳᠠᠨᠢᠯᠳᠠ ᠵᠢᠨ ᠵᠢᠯᠤᠭᠤᠳᠤᠯᠭ᠎ᠠ ᠳᠤᠤᠷ᠎ᠠ ᠬᠠᠷᠢᠯᠴᠠᠨ ᠬᠦᠨᠳᠦᠳᠭᠡᠬᠦ᠂ ᠠ᠋ᠷᠭᠡ ᠳᠡᠭᠰᠢ ᠬᠠᠷᠢᠯᠴᠠᠨ ᠠᠰᠢᠭᠳᠠᠢ ᠪᠠᠢ᠌ᠬᠤ ᠵᠠᠷᠴᠢᠮ᠎ᠢ ᠪᠠᠷᠢᠮᠳᠠᠯᠠᠨ᠂ ᠠᠵᠤ ᠠᠬᠤᠢ ᠠᠷᠠᠯᠵᠢᠶ᠎ᠠ ᠵᠡᠷᠭᠡ ᠬᠦᠷᠢᠶ᠎ᠡ ᠴᠠᠷᠠᠭ᠎ᠠ᠎ᠳᠤ ᠭᠠᠷᠤᠭᠰᠠᠨ ᠠᠰᠠᠭᠤᠳᠠᠯ᠎ᠢ ᠵᠤᠬᠢᠰᠳᠠᠢ ᠰᠢᠢ᠍ᠳᠪᠤᠷᠢᠯᠡᠪᠡᠯ ᠵᠤᠬᠢᠨ᠎ᠠ ᠭᠡᠵᠤ ᠢᠯᠡᠷᠭᠡᠢ᠌ᠯᠡᠪᠡ᠃
      ᠵᠢᠰᠢᠨᠭᠸ᠂ ᠠᠮᠸᠷᠢᠺᠠ ᠳᠤᠮᠳᠠᠳᠤ ᠵᠢᠨ ᠬᠠᠮᠳᠤᠷᠠᠯᠴᠠᠭ᠎ᠠ᠎ᠨᠢ ᠳᠡᠯᠡᠭᠡᠢ ᠵᠢᠨ ᠠ᠋ᠩᠭᠡ ᠳᠠᠢ᠌ᠪᠤᠩ ᠪᠤᠯᠤᠨ ᠬᠦᠭᠵᠢᠯ ᠴᠡᠴᠡᠭᠯᠡᠯ᠎ᠳᠤ ᠳᠦᠢ᠍ᠯ᠎ᠤᠨ ᠴᠢᠬᠤᠯᠠ ᠦᠢ᠍ᠯᠡᠳᠤᠯ ᠦᠵᠡᠬᠦᠯᠦᠨ᠎ᠡ᠃ ᠤᠳᠤᠬᠠᠨ᠎ᠤ ᠪᠠᠢ᠌ᠳᠠᠯ᠎ᠳᠤ ᠬᠤᠶᠠᠷ ᠳᠠᠯ᠎ᠠ᠎ᠪᠠᠷ ᠵᠶ᠋ᠡᠨ ᠤᠯᠤᠯᠴᠠᠭ᠎ᠠ᠎ᠪᠠᠨ ᠴᠢᠩᠭ᠋ᠠᠳᠬᠠᠵᠤ᠂ ᠬᠠᠷᠢᠯᠴᠠᠨ ᠬᠦᠨᠵᠡᠭᠡᠢ ᠤᠢ᠌ᠯᠠᠭ᠋ᠠᠨ᠂ ᠵᠦᠷᠢᠯᠳᠦᠭᠡᠨ ᠵᠶ᠋ᠡᠨ ᠪᠦᠳᠦᠮᠵᠢᠳᠡᠢ ᠬᠠᠮᠢᠶᠠᠷᠤᠨ ᠡᠵᠡᠮᠳᠡᠵᠤ᠂ ᠠᠮᠸᠷᠢᠺᠠ ᠳᠤᠮᠳᠠᠳᠤ ᠵᠢᠨ ᠬᠠᠷᠢᠯᠴᠠᠭ᠎ᠠ ᠤᠷᠳᠤ ᠬᠤᠭᠤᠴᠠᠭ᠎ᠠ᠎ᠪᠠᠷ ᠳᠤᠭᠳᠠᠭᠤᠨ ᠬᠦᠭᠵᠢᠬᠦ ᠵᠢ ᠠᠬᠢᠭᠤᠯᠪᠠᠯ ᠵᠤᠬᠢᠨ᠎ᠠ ᠭᠡᠵᠤ ᠢᠯᠡᠷᠭᠡᠢ᠌ᠯᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠸᠸᠢ ᠹᠸᠩ ᠠ᠋ᠾᠸ ᠠᠮᠸᠷᠢᠺᠠ ᠵᠢᠨ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ᠎ᠤ ᠰᠠᠢ᠌ᠳ ᠮᠠᠲ᠋ᠢᠰ᠎ᠲᠠᠢ ᠠᠭᠤᠯᠵᠠᠨ ᠶᠠᠷᠢᠯᠴᠠᠪᠠ
ᠯᠢ ᠺᠸ ᠴᠢᠶᠠᠩ ᠠᠵᠤ ᠠᠬᠤᠢ ᠵᠢᠨ ᠪᠠᠢ᠌ᠳᠠᠯ᠎ᠤᠨ ᠳᠤᠬᠠᠢ ᠳᠤᠰᠬᠠᠢ ᠮᠡᠷᠭᠡᠵᠢᠯᠳᠡᠨ ᠪᠤᠯᠤᠨ ᠠᠵᠤ ᠠᠬᠤᠢ᠌ᠯᠠᠯᠳᠠᠨ᠎ᠤ ᠶᠠᠷᠢᠯᠴᠠᠬᠤ ᠬᠤᠷᠠᠯ᠎ᠢ ᠠ᠋ᠷᠬᠢᠯᠡᠨ ᠭᠡᠪᠡ
ᠸᠠᠩ ᠢ ᠪᠸᠩᠭ᠋ᠠᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠪᠠᠢ᠌ᠩᠭᠤ ᠵᠢᠨ ᠨᠠᠷᠢᠨ ᠪᠢᠴᠢᠭᠡᠴᠢ ᠬᠠᠺᠸ᠎ᠲᠠᠢ ᠠᠭᠤᠯᠵᠠᠪᠠ
ᠯᠢ ᠺᠸ ᠴᠢᠶᠠᠩ᠄ ᠮᠦᠩᠬᠦᠨ ᠬᠦᠢ᠍ᠯᠭᠡᠭᠡᠨ᠎ᠤ ᠰᠠᠯᠠᠭ᠎ᠠ ᠮᠦᠴᠢᠷ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠤ ᠠ᠋ᠳ᠋᠎ᠤᠨ ᠵᠠᠰᠠᠭ᠎ᠤᠨ ᠶᠠᠮᠤᠨ᠎ᠤ ᠢᠳᠡᠪᠬᠢᠳᠡᠢ᠎ᠪᠠᠷ ᠤᠷᠤᠯᠴᠠᠬᠤ ᠵᠢ ᠵᠤᠷᠢᠭᠵᠢᠭᠤᠯᠤᠨ᠎ᠠ ᠭᠡᠪᠡ
ᠯᠢ ᠺᠸ ᠴᠢᠶᠠᠩ ᠺᠦᠪᠠ ᠵᠢᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠷᠢᠬᠦᠯᠡᠭᠴᠢ ᠪᠦᠭᠡᠳ ᠰᠠᠢ᠌ᠳ ᠨᠠᠷ᠎ᠤᠨ ᠵᠦᠪᠯᠡᠯ᠎ᠤᠨ ᠳᠡᠷᠢᠬᠦᠯᠡᠭᠴᠢ ᠳ᠋ᠢᠶᠡᠰ — ᠺᠠᠨ᠋ᠸᠢᠢ᠍ᠷ᠎ᠲᠠᠢ ᠠᠭᠤᠯᠵᠠᠪᠠ
 
            