ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠢ ᠺᠸ ᠴᠢᠶᠠᠩ ᠶᠠᠭᠤᠨ᠎ᠳᠤ ᠠ᠋ᠨᠡ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠨ ᠬᠠᠷᠢᠭᠤᠴᠠᠯᠭ᠋ᠠᠳᠠᠨ᠎ᠢ ᠵᠦᠩ ᠨᠠᠨ ᠬᠠᠢ᠎ᠳᠤ ᠤᠷᠢᠭᠰᠠᠨ ᠪᠤᠢ?
ᠨᠡᠶᠢᠲᠡᠯᠡᠭᠰᠡᠨ ᠴᠠᠭ᠄ 2018-11-15

         
     11 ᠳ᠋ᠤᠭᠡᠷ ᠰᠠᠷ᠎ᠠ ᠵᠢᠨ 8᠎ᠤ ᠠ᠋ᠳᠤᠷ ᠬᠤᠷᠠᠯᠳᠤᠭᠰᠠᠨ ᠠᠵᠤ ᠠᠬᠤᠢ ᠵᠢᠨ ᠳᠤᠰᠬᠠᠢ ᠮᠡᠷᠭᠡᠵᠢᠯᠳᠡᠨ ᠪᠤᠯᠤᠨ ᠠᠵᠤ ᠠᠬᠤᠢ᠌ᠯᠠᠯᠲᠠᠨ᠎ᠤ ᠶᠠᠷᠢᠯᠴᠠᠬᠤ ᠬᠤᠷᠠᠯ ᠳᠡᠭᠡᠷ᠎ᠠ᠂ ᠯᠢ ᠺᠸ ᠴᠢᠶᠠᠩ᠄ 《ᠠ᠋ᠨᠡ ᠪᠤᠯ ᠮᠢᠨᠤ ᠳᠤᠰᠬᠠᠢ᠌ᠯᠠᠨ ᠤᠷᠢᠵᠤ ᠠᠪᠴᠢᠷᠠᠭᠰᠠᠨ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯᠲᠠᠨ ᠪᠤᠯᠤᠨ᠎ᠠ》 ᠭᠡᠵᠤ ᠵᠸᠵᠢᠶᠠᠩ᠎ᠤᠨ ᠷᠦᠩ ᠱᠸᠩ ᠬᠤᠪᠢ ᠡᠵᠡᠮᠳᠡᠭᠰᠡᠨ ᠬᠢᠵᠠᠭ᠋ᠠᠷᠳᠤ ᠺᠤᠮᠫᠠᠨᠢ ᠵᠢᠨ ᠬᠠᠷᠢᠭᠤᠴᠠᠯᠭ᠋ᠠᠲᠠᠨ ᠯᠢ ᠱᠦᠢ ᠷᠦᠩ᠎ᠢ ᠳᠠᠨᠢᠯᠴᠠᠭᠤᠯᠪᠠ᠃
      ᠯᠢ ᠺᠸ ᠴᠢᠶᠠᠩ ᠨᠢᠭᠡ ᠰᠠᠷ᠎ᠠ ᠵᠢᠨ ᠠ᠋ᠮᠤᠨ᠎ᠡ ᠵᠸᠵᠢᠶᠠᠩ᠎ᠳᠤ ᠰᠢᠨᠵᠢᠯᠠᠨ ᠪᠠᠢ᠌ᠴᠠᠭ᠋ᠠᠬᠤ᠎ᠳᠤ᠎ᠪᠠᠨ ᠳᠤᠰᠬᠠᠢ᠌ᠯᠠᠨ ᠷᠦᠩ ᠱᠸᠩ ᠪᠦᠯᠦᠭᠯᠡᠯ᠎ᠠᠴᠠ ᠪᠡᠯᠡ ᠤᠷᠤᠭᠤᠯᠤᠭᠰᠠᠨ ᠵᠸᠤᠱ᠌ᠠᠨ ᠪᠤᠬᠢᠷᠳᠤᠯ ᠦᠭᠡᠢ ᠴᠢᠯᠠᠭᠤᠨ ᠳᠤᠰᠤ ᠬᠢᠮᠢ ᠵᠢᠨ ᠰᠠᠭᠤᠷᠢᠨ᠎ᠤ ᠳᠦᠷᠦᠯ ᠵᠦᠢ᠍ᠯ᠎ᠢ ᠪᠠᠢ᠌ᠴᠠᠭ᠋ᠠᠨ ᠰᠤᠳᠤᠯᠵᠠᠢ᠃ ᠨᠢᠭᠡ ᠰᠠᠷ᠎ᠠ ᠵᠢᠨ ᠳᠠᠷᠠᠭ᠎ᠠ ᠠ᠋ᠨᠡᠬᠦ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠨ ᠬᠠᠷᠢᠭᠤᠴᠠᠯᠭ᠋ᠠᠳᠠᠨ ᠯᠢ ᠱᠦᠢ ᠷᠦᠩ ᠤᠷᠢᠯᠭ᠎ᠠ᠎ᠪᠠᠷ ᠵᠦᠩ ᠨᠠᠨ ᠬᠠᠢ᠎ᠳᠤ ᠢᠷᠡᠵᠤ᠂ ᠯᠢ ᠺᠸ ᠴᠢᠶᠠᠩ᠎ᠤᠨ ᠠ᠋ᠷᠬᠢᠯᠡᠨ ᠬᠢᠭᠰᠡᠨ ᠠᠵᠤ ᠠᠬᠤᠢ ᠵᠢᠨ ᠳᠤᠰᠬᠠᠢ ᠮᠡᠷᠭᠡᠵᠢᠯᠳᠡᠨ ᠪᠤᠯᠤᠨ ᠠᠵᠤ ᠠᠬᠤᠢ᠌ᠯᠠᠯᠲᠠᠨ᠎ᠤ ᠶᠠᠷᠢᠯᠴᠠᠬᠤ ᠬᠤᠷᠠᠯ᠎ᠳᠤ ᠤᠷᠤᠯᠴᠠᠭᠰᠠᠨ᠎ᠨᠢ ᠠ᠋ᠨᠡ ᠪᠠᠢ᠌ᠪᠠ᠃
      ᠯᠢ ᠱᠦᠢ ᠷᠦᠩ᠄ 《ᠵᠸᠤᠱ᠌ᠠᠨ ᠪᠤᠬᠢᠷᠳᠤᠯ ᠦᠭᠡᠢ ᠴᠢᠯᠠᠭᠤᠨ ᠳᠤᠰᠤ ᠬᠢᠮᠢ ᠵᠢᠨ ᠰᠠᠭᠤᠷᠢᠨ᠎ᠤ ᠳᠦᠷᠦᠯ ᠵᠦᠢ᠍ᠯ᠎ᠳᠤ 2000 ᠳ᠋ᠦᠩᠰᠢᠭᠤᠷ ᠳᠦᠬᠦᠷᠢᠭ᠎ᠤᠨ ᠪᠡᠯᠡ ᠤᠷᠤᠭᠤᠯᠬᠤ᠎ᠪᠠᠷ ᠳᠦᠯᠦᠪᠯᠡᠵᠤ᠂ ᠠ᠋ᠨᠡ᠎ᠨᠢ ᠤᠳᠤᠬᠠᠨ᠎ᠤ ᠳᠡᠯᠡᠭᠡᠢ ᠳᠡᠭᠡᠷᠡᠬᠢ ᠳᠠᠩ ᠭᠠᠭᠴᠠ ᠳᠤᠰᠤ ᠪᠤᠯᠪᠠᠰᠤᠷᠠᠭᠤᠯᠬᠤ ᠠᠵᠤ ᠦᠢ᠍ᠯᠡᠰ᠎ᠤᠨ ᠬᠠᠮᠤᠭ᠎ᠤᠨ ᠶᠡᠭᠡ ᠳᠦᠷᠦᠯ ᠵᠦᠢ᠍ᠯ ᠪᠤᠯᠤᠨ᠎ᠠ》 ᠭᠡᠵᠤ ᠳᠠᠨᠢᠯᠴᠠᠭᠤᠯᠪᠠ᠃
      ᠯᠢ ᠺᠸ ᠴᠢᠶᠠᠩ᠄ 《ᠠ᠋ᠨᠡᠬᠦ ᠳᠦᠷᠦᠯ ᠵᠦᠢ᠍ᠯ᠎ᠨᠢ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠨ ᠬᠤᠪᠢ ᠡᠵᠡᠮᠳᠡᠭᠰᠡᠨ ᠴᠢᠯᠠᠭᠤᠨ ᠳᠤᠰᠤ ᠬᠢᠮᠢ ᠵᠢᠨ ᠳᠦᠷᠦᠯ ᠵᠦᠢ᠍ᠯ ᠪᠤᠯᠤᠨ᠎ᠠ᠂ ᠤᠳᠤᠬᠠᠨ᠎ᠳᠤ ᠤᠯᠤᠰ᠎ᠤᠨ ᠳᠤᠳᠤᠭ᠋ᠠᠳᠤ ᠵᠢᠨ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠨ ᠪᠡᠯᠡ ᠤᠷᠤᠭᠤᠯᠤᠯᠳᠠ᠎ᠪᠠᠷ ᠬᠠᠮᠤᠭ ᠶᠡᠭᠡ ᠳᠦᠷᠦᠯ ᠵᠦᠢ᠍ᠯ ᠪᠤᠯᠵᠤ᠂ ᠪᠡᠯᠡ ᠤᠷᠤᠭᠤᠯᠤᠯᠳᠠ ᠵᠢᠨ ᠠᠮᠤᠷ ᠳᠤᠭᠳᠠᠭᠤᠨ᠎ᠳᠤ ᠬᠤᠪᠢ ᠨᠡᠮᠡᠷᠢ ᠦᠵᠡᠬᠦᠯᠦᠭᠰᠡᠨ᠎ᠢ ᠪᠢᠰᠢᠷᠡᠬᠦᠰᠢᠳᠠᠢ》 ᠭᠡᠵᠤ ᠭᠡᠯᠡᠪᠡ᠃
      ᠯᠢ ᠺᠸ ᠴᠢᠶᠠᠩ᠂ ᠯᠢ ᠱᠦᠢ ᠷᠦᠩ᠎ᠤᠨ ᠠ᠋ᠨᠡ ᠵᠢᠯ᠎ᠤᠨ ᠡᠴᠤᠰ ᠵᠶ᠋ᠡᠷ ᠠ᠋ᠬᠢᠯᠡᠬᠦᠯᠬᠦ᠎ᠪᠠᠷ ᠳᠤᠭᠳᠠᠭᠰᠠᠨ ᠴᠢᠯᠠᠭᠤᠨ ᠳᠤᠰᠤ ᠬᠢᠮᠢ ᠵᠢᠨ ᠳᠦᠷᠦᠯ ᠵᠦᠢ᠍ᠯ᠎ᠳᠤ ᠪᠠᠰᠠ ᠰᠢᠢ᠍ᠳᠪᠤᠷᠢᠡᠯᠬᠦ ᠴᠢᠬᠤᠯᠠ᠎ᠲᠠᠢ ᠠᠰᠠᠭᠤᠳᠠᠯ ᠤᠷᠤᠰᠢᠵᠤ ᠪᠠᠢ᠌ᠨ᠎ᠠ ᠭᠡᠬᠦ ᠵᠢ ᠰᠤᠨᠤᠰᠤᠭ᠋ᠠᠳ᠄ 《ᠠ᠋ᠨᠡᠬᠦ ᠳᠦᠷᠦᠯ ᠵᠦᠢ᠍ᠯ᠎ᠨᠢ ᠤᠳᠤᠬᠠᠨ᠎ᠤ ᠠᠵᠤ ᠠᠬᠤᠢ ᠤᠷᠤᠭᠤᠳᠠᠬᠤ ᠳᠠᠷᠤᠯᠳᠠ ᠵᠢ ᠠᠷᠭ᠋ᠠᠴᠠᠬᠤ ᠴᠢᠬᠤᠯᠠ ᠳᠦᠷᠦᠯ ᠵᠦᠢ᠍ᠯ ᠪᠦᠭᠡᠳ ᠪᠡᠯᠡ ᠤᠷᠤᠭᠤᠯᠤᠯᠳᠠ ᠵᠢᠨ ᠠᠮᠤᠷ ᠳᠤᠭᠳᠠᠭᠤᠨ᠎ᠳᠤ ᠳᠠᠭ᠋ᠠᠭᠤᠯᠤᠨ ᠳᠠᠢ᠌ᠴᠢᠯᠠᠬᠤ ᠦᠢ᠍ᠯᠡᠳᠤᠯ ᠦᠵᠡᠬᠦᠯᠬᠦ ᠳᠦᠷᠦᠯ ᠵᠦᠢ᠍ᠯ ᠪᠤᠯᠬᠤ ᠳᠤᠯᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠤᠯᠤᠰ᠎ᠤᠨ ᠶᠡᠭᠡ ᠳᠡᠯ᠎ᠡ᠎ᠠᠴᠠ ᠪᠤᠳᠤᠯᠬᠢᠯᠠᠵᠤ᠂ ᠢᠳᠡᠪᠬᠢᠳᠡᠢ ᠵᠤᠬᠢᠴᠠᠭᠤᠯᠤᠨ᠂ ᠰᠠᠢ᠌ᠳᠤᠷ ᠳᠡᠮᠵᠢᠬᠦ ᠭᠡᠷᠡᠭᠳᠡᠢ》 ᠭᠡᠵᠤ ᠭᠡᠯᠡᠪᠡ᠃
     2014 ᠤᠨ᠎ᠳᠤ ᠳᠦᠷᠦ ᠵᠢᠨ ᠶᠠᠪᠤᠳᠠᠯ᠎ᠤᠨ ᠬᠤᠷᠢᠶ᠎ᠠ᠎ᠠᠴᠠ 《ᠭᠤᠤᠯᠳᠠᠯᠭ᠎ᠠ᠎ᠲᠠᠢ ᠬᠦᠷᠢᠶ᠎ᠠ ᠴᠠᠷᠠᠭ᠎ᠠ ᠵᠢᠨ ᠪᠡᠯᠡ ᠤᠷᠤᠭᠤᠯᠵᠤ ᠪᠡᠯᠡ ᠴᠤᠭᠯᠠᠭᠤᠯᠬᠤ ᠳᠤᠭᠳᠠᠴᠠ ᠵᠢᠨ ᠰᠢᠨ᠎ᠠ ᠵᠢ ᠠ᠋ᠬᠦᠳᠴᠤ ᠨᠡᠢ᠌ᠭᠡᠮ᠎ᠤᠨ ᠪᠡᠯᠡ ᠤᠷᠤᠭᠤᠯᠤᠯᠳᠠ ᠵᠢ ᠵᠤᠷᠢᠭᠵᠢᠭᠤᠯᠬᠤ ᠳᠤᠬᠠᠢ ᠵᠢᠯᠤᠭᠤᠳᠬᠤ ᠰᠠᠨᠠᠯ》᠎ᠢ ᠭᠡᠪᠯᠡᠨ ᠪᠠᠭᠤᠯᠭ᠋ᠠᠵᠤ᠂ 《ᠤᠯᠤᠰ᠎ᠠᠴᠠ ᠳᠦᠯᠦᠪᠯᠡᠨ ᠳᠤᠭᠳᠠᠭ᠋ᠠᠭᠰᠠᠨ ᠴᠢᠯᠠᠭᠤᠨ ᠳᠤᠰᠤ ᠬᠢᠮᠢ ᠵᠢᠨ ᠰᠠᠭᠤᠷᠢᠨ ᠭᠠᠵᠠᠷ ᠪᠤᠯᠤᠨ ᠪᠤᠯᠪᠠᠰᠤᠷᠠᠭᠤᠯᠬᠤ ᠵᠢ ᠨᠢᠭᠡ ᠴᠤᠭᠴᠠᠵᠢᠭᠤᠯᠬᠤ ᠳᠦᠷᠦᠯ ᠵᠦᠢ᠍ᠯ᠎ᠳᠤ ᠨᠡᠢ᠌ᠭᠡᠮ᠎ᠤᠨ ᠪᠡᠯᠡ ᠤᠷᠤᠭᠤᠯᠤᠯᠳᠠ ᠵᠢ ᠤᠷᠤᠯᠴᠠᠭᠤᠯᠤᠨ᠎ᠠ》 ᠭᠡᠵᠤ ᠳᠤᠳᠤᠷᠬᠠᠢ᠌ᠯᠠᠨ᠂ ᠤᠤᠯ᠎ᠤᠨ ᠡᠵᠡᠷᠬᠡᠵᠤ ᠪᠠᠢ᠌ᠭᠰᠠᠨ ᠠᠵᠢᠯ ᠳᠦᠷᠦᠯ᠎ᠢ ᠪᠦᠬᠦ ᠨᠡᠢ᠌ᠭᠡᠮ᠎ᠳᠤ ᠨᠡᠭᠡᠭᠡᠬᠦ ᠪᠤᠯᠭ᠋ᠠᠵᠠᠢ᠃ ᠵᠸᠵᠢᠶᠠᠩ᠎ᠤᠨ ᠵᠸᠤᠱ᠌ᠠᠨ ᠪᠤᠬᠢᠷᠳᠤᠯ ᠦᠭᠡᠢ ᠴᠢᠯᠠᠭᠤᠨ ᠳᠤᠰᠤ ᠬᠢᠮᠢ ᠵᠢᠨ ᠰᠠᠭᠤᠷᠢᠨ᠎ᠤ ᠳᠦᠷᠦᠯ ᠵᠦᠢ᠍ᠯ᠎ᠨᠢ ᠠ᠋ᠨᠡᠬᠦ ᠳᠤᠬᠢᠶᠠᠯ᠎ᠢ ᠠᠰᠢᠭᠯᠠᠨ ᠠᠵᠢᠯ ᠵᠶ᠋ᠡᠨ ᠠ᠋ᠬᠢᠯᠡᠬᠦᠯᠦᠭᠰᠡᠨ ᠪᠠᠢ᠌ᠨ᠎ᠠ᠃
      ᠯᠢ ᠺᠸ ᠴᠢᠶᠠᠩ ᠶᠠᠷᠢᠯᠴᠠᠬᠤ ᠬᠤᠷᠠᠯ ᠳᠡᠭᠡᠷ᠎ᠠ᠂ ᠠ᠋ᠨᠡᠬᠦ ᠳᠦᠷᠦᠯ ᠵᠦᠢ᠍ᠯ᠎ᠨᠢ ᠵᠠᠬ᠎ᠠ ᠳᠡᠯᠭᠡᠬᠦᠷ᠎ᠲᠤ ᠮᠡᠳᠡᠭᠡ ᠳᠤᠬᠢᠶ᠎ᠠ ᠦᠭᠬᠦᠭᠰᠡᠨ ᠵᠶ᠋ᠡᠷ ᠪᠠᠷᠠᠬᠤ ᠦᠭᠡᠢ᠂ ᠢᠷᠭᠡᠨ᠎ᠤ ᠪᠡᠯᠡ ᠤᠷᠤᠭᠤᠯᠤᠯᠳᠠ᠎ᠤᠨ ᠠᠮᠢᠵᠢᠷᠠᠯ᠎ᠤᠨ ᠬᠦᠴᠦᠨ᠎ᠢ ᠬᠦᠭᠵᠢᠭᠡᠵᠤ᠂ ᠤᠯᠤᠰ ᠠᠷᠠᠳ᠎ᠤᠨ ᠠᠵᠤ ᠠᠬᠤᠢ ᠵᠢᠨ ᠬᠦᠭᠵᠢᠯᠳᠡ᠎ᠳᠤ ᠴᠢᠬᠤᠯᠠ ᠦᠢ᠍ᠯᠡᠳᠤᠯ ᠦᠵᠡᠬᠦᠯᠵᠡᠢ᠃ ᠨᠢᠭᠡ ᠳᠠᠯ᠎ᠠ᠎ᠪᠠᠷ ᠳᠦᠷᠦᠯ ᠵᠦᠢ᠍ᠯ᠎ᠤᠨ ᠪᠦᠳᠦᠭᠡᠨ ᠪᠠᠢ᠌ᠭᠤᠯᠤᠯᠳᠠ ᠳᠠᠭᠤᠰᠪᠠᠯ ᠤᠯᠤᠰ᠎ᠤᠨ ᠳᠤᠳᠤᠭ᠋ᠠᠳᠤ ᠵᠢᠨ ᠬᠤᠯᠪᠤᠭᠳᠠᠯ ᠪᠦᠬᠦᠢ ᠴᠢᠯᠠᠭᠤᠨ ᠳᠤᠰᠤ ᠬᠢᠮᠢ ᠵᠢᠨ ᠠᠵᠤ ᠦᠢ᠍ᠯᠡᠰ᠎ᠤᠨ ᠦᠨ᠎ᠠ ᠬᠠᠩᠰᠢ ᠵᠢ ᠶᠡᠭᠡᠪᠡᠷ ᠪᠠᠭᠤᠷᠠᠭᠤᠯᠤᠨ᠂ ᠳᠤᠮᠳᠠᠳᠤ ᠳᠤᠤᠷᠠᠳᠤ ᠤᠷᠤᠰᠬᠠᠯ᠎ᠤᠨ ᠳᠤᠮᠳᠠ ᠪᠠᠭ᠎ᠠ ᠠᠵᠤ ᠠᠬᠤᠢ᠌ᠯᠠᠯ᠎ᠳᠤ ᠨᠡᠩ ᠦᠷᠭᠡᠨ ᠬᠦᠭᠵᠢᠯᠳᠡ ᠵᠢᠨ ᠤᠷᠤᠨ ᠵᠠᠢ ᠬᠠᠩᠭ᠋ᠠᠬᠤ ᠪᠤᠯᠤᠨ᠎ᠠ; ᠨᠦᠬᠦᠭᠡ ᠳᠠᠯ᠎ᠠ᠎ᠪᠠᠷ ᠴᠢᠯᠠᠭᠤᠨ ᠳᠤᠰᠤ ᠬᠢᠮᠢ ᠵᠢᠨ ᠠᠵᠤ ᠦᠢ᠍ᠯᠡᠰ ᠪᠤᠯ ᠨᠡᠭᠡᠮᠡᠯ᠎ᠤᠨ ᠦᠢ᠍ᠯᠡᠰ᠎ᠤᠨ ᠠ᠋ᠬᠢ ᠰᠤᠷᠪᠤᠯᠵᠢ ᠪᠤᠯᠬᠤ ᠪᠦᠭᠡᠳ ᠬᠤᠪᠴᠠᠰᠤ ᠬᠤᠨᠠᠷ ᠵᠡᠷᠭᠡ ᠳᠤᠮᠳᠠᠳᠤ ᠵᠢᠨ ᠦᠢ᠍ᠯᠡᠳᠭᠦᠨ᠎ᠤ ᠴᠢᠬᠤᠯᠠ ᠳᠤᠯᠭ᠋ᠠᠭᠤᠷᠢᠯᠠᠯ ᠪᠤᠯᠤᠨ᠎ᠠ ᠭᠡᠪᠡ᠃
      ᠯᠢ ᠺᠸ ᠴᠢᠶᠠᠩ᠄ 《ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠳ ᠪᠡᠯᠡ ᠤᠷᠤᠭᠤᠯᠬᠤ ᠳᠤᠷ᠎ᠠ᠎ᠲᠠᠢ ᠪᠠᠢ᠌ᠳᠠᠭ ᠳᠤᠯᠠ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ᠎ᠤᠨ ᠳᠤᠭᠳᠠᠭ᠋ᠠᠭᠰᠠᠨ ᠳᠦᠷᠦ ᠵᠢᠨ ᠪᠤᠳᠤᠯᠭ᠎ᠠ᠎ᠨᠢ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠨ ᠬᠦᠰᠡᠯ ᠠ᠋ᠷᠡᠮᠡᠯᠵᠡᠯ᠎ᠳᠤ ᠵᠤᠬᠢᠴᠠᠭᠰᠠᠨ ᠪᠠᠢ᠌ᠬᠤ ᠭᠡᠷᠡᠭᠳᠡᠢ》᠃ 《ᠬᠤᠵᠢᠮ ᠬᠢᠨᠠᠨ ᠵᠦᠪᠰᠢᠶᠡᠷᠡᠬᠦ ᠬᠦᠢ᠍ᠴᠡᠳᠭᠡᠯ᠎ᠢ ᠤᠯᠠᠮ ᠵᠶ᠋ᠡᠷ ᠰᠢᠯᠢᠳᠡᠭᠵᠢᠬᠦᠯᠵᠤ᠂ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠨ ᠵᠠᠬ᠎ᠠ ᠳᠡᠯᠭᠡᠬᠦᠷ᠎ᠲᠤ ᠤᠷᠤᠬᠤ ᠵᠦᠪᠰᠢᠶᠡᠷᠡᠯ᠎ᠢ ᠳᠦᠬᠦᠮᠴᠢᠯᠠᠨ᠂ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠨ ᠰᠠᠭᠤᠷᠢ ᠳᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ᠂ ᠰᠠᠭᠤᠷᠢ ᠠᠵᠤ ᠦᠢ᠍ᠯᠡᠰ᠎ᠤᠨ ᠪᠦᠳᠦᠭᠡᠨ ᠪᠠᠢ᠌ᠭᠤᠯᠤᠯᠳᠠ ᠵᠡᠷᠭᠡ᠎ᠳᠤ ᠤᠷᠤᠯᠴᠠᠬᠤ ᠵᠢ ᠳᠡᠮᠵᠢᠨ ᠵᠤᠷᠢᠭᠵᠢᠭᠤᠯᠵᠤ᠂ ᠠ᠋ᠷᠭᠡ ᠳᠡᠭᠰᠢ᠎ᠪᠠᠷ ᠦᠷᠢᠰᠦᠯᠳᠦᠬᠦ ᠵᠢ ᠦᠨᠡᠨᠬᠦ ᠪᠠᠳᠤᠯᠠᠬᠤ ᠭᠡᠷᠡᠭᠳᠡᠢ》 ᠭᠡᠵᠤ ᠭᠡᠯᠡᠪᠡ᠃
      ᠯᠢ ᠺᠸ ᠴᠢᠶᠠᠩ ᠯᠢ ᠱᠦᠢ ᠷᠦᠩ᠎ᠳᠤ᠄ 《ᠠ᠋ᠨᠡᠬᠦ ᠳᠦᠷᠦᠯ ᠵᠦᠢ᠍ᠯ᠎ᠤᠨ ᠠᠮᠤᠷ ᠳᠦᠪᠰᠢᠨ ᠪᠤᠯᠤᠨ ᠴᠢᠨᠠᠷ᠎ᠢ ᠵᠠᠪᠠᠯ ᠪᠠᠳᠤᠯᠠᠬᠤ ᠭᠡᠷᠡᠭᠳᠡᠢ ᠭᠡᠵᠤ ᠳᠠᠬᠢᠨᠳᠠ ᠱᠠᠭ᠋ᠠᠷᠳᠠᠶ᠎ᠠ》 ᠭᠡᠵᠤ ᠭᠡᠯᠡᠪᠡ᠃
      ᠴᠢᠯᠠᠭᠤᠨ ᠳᠤᠰᠤ ᠬᠢᠮᠢ ᠵᠢᠨ ᠠᠵᠢᠯ ᠳᠦᠷᠦᠯ᠎ᠢ ᠤᠯᠤᠰ᠎ᠤᠨ ᠦᠮᠴᠢᠯᠠᠯ᠎ᠤᠨ ᠠᠵᠤ ᠠᠬᠤᠢ᠌ᠯᠠᠯ ᠡᠵᠡᠷᠭᠡᠭᠰᠡᠭᠡᠷ ᠢᠷᠡᠭᠰᠡᠨ ᠶᠤᠮ᠃ ᠤᠷᠴᠢᠮ ᠪᠣᠯᠵᠤ ᠢᠷᠡᠭᠡᠳ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ ᠬᠠᠷᠢᠨ ᠠ᠋ᠨᠡᠬᠦ ᠠᠵᠢᠯ ᠳᠦᠷᠦᠯ᠎ᠳᠤ ᠵᠠᠯᠭ᠋ᠠᠪᠠᠷ ᠤᠷᠤᠵᠤ ᠢᠷᠡᠬᠦ ᠪᠤᠯᠵᠠᠢ᠃
      ᠯᠢ ᠺᠸ ᠴᠢᠶᠠᠩ ᠬᠤᠷᠠᠯ ᠳᠡᠭᠡᠷ᠎ᠠ᠄ 《ᠤᠯᠤᠰ᠎ᠤᠨ ᠦᠮᠴᠢᠯᠠᠯ᠎ᠤᠨ ᠠᠵᠤ ᠠᠬᠤᠢ᠌ᠯᠠᠯ᠂ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠂ ᠭᠠᠳᠠᠭ᠋ᠠᠳᠤ ᠪᠠᠯᠠ ᠵᠢᠨ ᠠᠵᠤ ᠠᠬᠤᠢ᠌ᠯᠠᠯ ᠵᠡᠷᠭᠡ ᠡᠯ᠎ᠡ ᠳᠦᠷᠦᠯ᠎ᠤᠨ ᠠᠵᠤ ᠠᠬᠤᠢ᠌ᠯᠠᠯ᠎ᠳᠤ ᠠᠳᠠᠯᠢ ᠳᠡᠭᠰᠢ᠎ᠪᠠᠷ ᠬᠠᠨᠳᠤᠬᠤ᠂ ᠳᠡᠳᠡᠨ᠎ᠳᠤ ᠠ᠋ᠷᠭᠡ ᠳᠡᠭᠰᠢ᠎ᠪᠠᠷ ᠦᠷᠢᠰᠦᠯᠳᠦᠬᠦ ᠠᠷᠠᠯᠵᠢᠶ᠎ᠠ ᠬᠤᠳᠠᠯᠳᠤᠭ᠋ᠠᠨ᠎ᠤ ᠡᠵᠡᠩᠨᠡᠯᠳᠡ ᠵᠢᠨ ᠤᠷᠴᠢᠨ ᠳᠤᠭᠤᠷᠢᠨ᠎ᠢ ᠬᠠᠩᠭ᠋ᠠᠬᠤ᠎ᠨᠢ ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠠ᠋ᠷᠭᠡᠪᠰᠢ ᠬᠦᠢ᠍ᠴᠡᠳᠭᠡᠬᠦ ᠬᠠᠷᠢᠭᠤᠴᠠᠯᠭ᠎ᠠ ᠪᠤᠯᠤᠨ᠎ᠠ》 ᠭᠡᠵᠤ ᠳᠠᠬᠢᠨᠳᠠ ᠳᠤᠳᠤᠷᠬᠠᠢ᠌ᠯᠠᠪᠠ᠃


ᠢᠷᠡᠯᠲᠡ᠄
          
ᠬᠠᠮᠢᠶ᠎ᠡ ᠪᠦᠬᠦᠢ ᠰᠣᠨᠢᠨ
ᠯᠢᠦ ᠠ᠋ᠾᠸ ᠠᠮᠸᠷᠢᠺᠠ ᠵᠢᠨ ᠤᠤᠯ᠎ᠤᠨ ᠳᠦᠷᠦ ᠵᠢᠨ ᠶᠠᠪᠤᠳᠠᠯ᠎ᠤᠨ ᠰᠠᠢ᠌ᠳ ᠵᠢᠰᠢᠨᠭᠸ᠎ᠲᠠᠢ ᠠᠭᠤᠯᠵᠠᠪᠠ
ᠸᠸᠢ ᠹᠸᠩ ᠠ᠋ᠾᠸ ᠠᠮᠸᠷᠢᠺᠠ ᠵᠢᠨ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ᠎ᠤ ᠰᠠᠢ᠌ᠳ ᠮᠠᠲ᠋ᠢᠰ᠎ᠲᠠᠢ ᠠᠭᠤᠯᠵᠠᠨ ᠶᠠᠷᠢᠯᠴᠠᠪᠠ
ᠯᠢ ᠺᠸ ᠴᠢᠶᠠᠩ ᠠᠵᠤ ᠠᠬᠤᠢ ᠵᠢᠨ ᠪᠠᠢ᠌ᠳᠠᠯ᠎ᠤᠨ ᠳᠤᠬᠠᠢ ᠳᠤᠰᠬᠠᠢ ᠮᠡᠷᠭᠡᠵᠢᠯᠳᠡᠨ ᠪᠤᠯᠤᠨ ᠠᠵᠤ ᠠᠬᠤᠢ᠌ᠯᠠᠯᠳᠠᠨ᠎ᠤ ᠶᠠᠷᠢᠯᠴᠠᠬᠤ ᠬᠤᠷᠠᠯ᠎ᠢ ᠠ᠋ᠷᠬᠢᠯᠡᠨ ᠭᠡᠪᠡ
ᠸᠠᠩ ᠢ ᠪᠸᠩᠭ᠋ᠠᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠪᠠᠢ᠌ᠩᠭᠤ ᠵᠢᠨ ᠨᠠᠷᠢᠨ ᠪᠢᠴᠢᠭᠡᠴᠢ ᠬᠠᠺᠸ᠎ᠲᠠᠢ ᠠᠭᠤᠯᠵᠠᠪᠠ
ᠯᠢ ᠺᠸ ᠴᠢᠶᠠᠩ᠄ ᠮᠦᠩᠬᠦᠨ ᠬᠦᠢ᠍ᠯᠭᠡᠭᠡᠨ᠎ᠤ ᠰᠠᠯᠠᠭ᠎ᠠ ᠮᠦᠴᠢᠷ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠤ ᠠ᠋ᠳ᠋᠎ᠤᠨ ᠵᠠᠰᠠᠭ᠎ᠤᠨ ᠶᠠᠮᠤᠨ᠎ᠤ ᠢᠳᠡᠪᠬᠢᠳᠡᠢ᠎ᠪᠠᠷ ᠤᠷᠤᠯᠴᠠᠬᠤ ᠵᠢ ᠵᠤᠷᠢᠭᠵᠢᠭᠤᠯᠤᠨ᠎ᠠ ᠭᠡᠪᠡ
 
            