ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠸᠸᠢ ᠹᠸᠩ ᠠ᠋ᠾᠸ ᠠᠮᠸᠷᠢᠺᠠ ᠵᠢᠨ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ᠎ᠤ ᠰᠠᠢ᠌ᠳ ᠮᠠᠲ᠋ᠢᠰ᠎ᠲᠠᠢ ᠠᠭᠤᠯᠵᠠᠨ ᠶᠠᠷᠢᠯᠴᠠᠪᠠ
ᠨᠡᠶᠢᠲᠡᠯᠡᠭᠰᠡᠨ ᠴᠠᠭ᠄ 2018-11-15

     
     11 ᠳ᠋ᠤᠭᠡᠷ ᠰᠠᠷ᠎ᠠ ᠵᠢᠨ 9᠎ᠤ ᠦᠳᠡ ᠵᠢᠨ ᠬᠤᠢ᠌ᠨ᠎ᠠ᠂ ᠳᠦᠷᠦ ᠵᠢᠨ ᠶᠠᠪᠤᠳᠠᠯ᠎ᠤᠨ ᠭᠡᠰᠢᠬᠦᠨ ᠪᠦᠭᠡᠳ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ᠎ᠤ ᠰᠠᠢ᠌ᠳ ᠸᠸᠢ ᠹᠸᠩ ᠠ᠋ᠾᠸ ᠸᠠᠰᠢᠩᠲ᠋ᠤᠨ᠎ᠳᠤ ᠠᠮᠸᠷᠢᠺᠠ ᠵᠢᠨ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ᠎ᠤ ᠰᠠᠢ᠌ᠳ ᠮᠠᠲ᠋ᠢᠰ᠎ᠲᠠᠢ ᠠᠭᠤᠯᠵᠠᠨ ᠶᠠᠷᠢᠯᠴᠠᠪᠠ᠃
      ᠸᠸᠢ ᠹᠸᠩ ᠠ᠋ᠾᠸ᠂ ᠳᠡᠷᠢᠬᠦᠯᠡᠭᠴᠢ ᠰᠢ ᠵᠢᠨ ᠫᠢᠩ ᠪᠤᠯᠤᠨ ᠶᠡᠷᠦᠩᠭᠡᠢ᠌ᠯᠡᠭᠴᠢ ᠲᠸᠷᠡᠮᠫᠦ᠋ ᠵᠢᠨ ᠳᠤᠬᠢᠷᠠᠯᠴᠠᠭᠰᠠᠨ ᠰᠢᠷᠢᠰ ᠴᠢᠬᠤᠯᠠ ᠬᠠᠮᠳᠤ ᠵᠢᠨ ᠳᠠᠨᠢᠯᠳᠠ ᠪᠤᠯ ᠳᠤᠮᠳᠠᠳᠤ ᠠᠮᠸᠷᠢᠺᠠ ᠵᠢᠨ ᠬᠠᠷᠢᠯᠴᠠᠭ᠎ᠠ ᠵᠢᠨ ᠬᠦᠭᠵᠢᠯᠳᠡ ᠵᠢᠨ ᠪᠠᠢ᠌ᠯᠳᠤᠬᠤ ᠪᠤᠳᠤᠯᠭ᠎ᠠ ᠵᠢᠨ ᠳᠠᠭ᠋ᠠᠭᠤᠯᠤᠯ ᠪᠤᠯᠤᠨ᠎ᠠ᠃ ᠬᠤᠶᠠᠷ ᠳᠠᠯ᠎ᠠ᠎ᠪᠠᠷ ᠵᠶ᠋ᠡᠨ ᠬᠤᠶᠠᠷ ᠤᠯᠤᠰ᠎ᠤᠨ ᠳᠦᠷᠦᠬᠦᠴᠤᠳ᠎ᠤᠨ ᠬᠠᠮᠳᠤ ᠵᠢᠨ ᠳᠠᠨᠢᠯᠳᠠ ᠵᠢ ᠨᠠᠷᠢᠨ ᠬᠢᠨᠠᠮᠠᠭ᠋ᠠᠢ ᠨᠡᠢ᠌ᠳᠡᠪᠤᠷᠢᠵᠢᠭᠤᠯᠤᠨ᠂ ᠠ᠋ᠰᠡᠷᠬᠦᠴᠡᠯᠳᠤᠵᠤ ᠵᠦᠷᠢᠯᠳᠦᠬᠦ ᠦᠭᠡᠢ ᠪᠠᠢ᠌ᠵᠤ᠂ ᠬᠠᠷᠢᠯᠴᠠᠨ ᠬᠦᠨᠳᠦᠳᠭᠡᠨ᠂ ᠬᠠᠮᠳᠤᠪᠠᠷ ᠠᠰᠢᠭ ᠤᠯᠵᠤ᠂ ᠳᠡᠯᠡᠭᠡᠢ ᠵᠢᠨ ᠠ᠋ᠩᠭᠡ ᠳᠠᠢ᠌ᠪᠤᠩ ᠪᠤᠯᠤᠨ ᠬᠦᠭᠵᠢᠯ ᠴᠡᠴᠡᠭᠯᠡᠯ᠎ᠳᠤ ᠢᠳᠡᠪᠬᠢᠳᠡᠢ ᠬᠤᠪᠢ ᠨᠡᠮᠡᠷᠢ ᠦᠵᠡᠬᠦᠯᠬᠦ᠎ᠪᠠᠷ ᠬᠠᠮᠳᠤᠪᠠᠷ ᠴᠢᠷᠮᠠᠢ᠌ᠪᠠᠯ ᠵᠤᠬᠢᠨ᠎ᠠ᠃ ᠬᠤᠶᠠᠷ ᠳᠠᠯ᠎ᠠ᠎ᠪᠠᠷ ᠵᠶ᠋ᠡᠨ ᠬᠤᠶᠠᠷ ᠳᠠᠯ᠎ᠠ ᠵᠢᠨ ᠴᠡᠷᠢᠭ᠎ᠤᠨ ᠬᠠᠷᠢᠴᠠᠭ᠎ᠠ ᠵᠢ ᠢᠳᠡᠪᠬᠢᠳᠡᠢ ᠯᠠᠪᠳᠠᠭᠤᠨ ᠵᠶ᠋ᠡᠷ ᠰᠢᠢ᠍ᠳᠪᠤᠷᠢᠯᠡᠨ᠂ ᠪᠠᠢ᠌ᠯᠳᠤᠬᠤ ᠪᠤᠳᠤᠯᠭ᠎ᠠ ᠵᠢᠨ ᠤᠯᠤᠯᠴᠠᠭ᠎ᠠ ᠪᠤᠯᠤᠨ ᠪᠠᠢ᠌ᠯᠳᠤᠬᠤ ᠪᠤᠳᠤᠯᠭ᠎ᠠ ᠵᠢᠨ ᠢᠳᠡᠭᠡᠯᠴᠡᠭᠡ᠎ᠪᠠᠨ ᠴᠢᠩᠭ᠋ᠠᠳᠬᠠᠵᠤ᠂ ᠬᠠᠷᠢᠯᠴᠠᠭ᠎ᠠ ᠰᠤᠯᠢᠯᠴᠠᠭ᠎ᠠ᠎ᠪᠠᠨ ᠦᠷᠭᠡᠳᠭᠡᠨ᠂ ᠠᠶᠤᠯ ᠳᠦᠭᠰᠢᠬᠦᠷᠢ ᠵᠢ ᠵᠤᠬᠢᠰᠳᠠᠢ ᠬᠠᠮᠢᠶᠠᠷᠤᠨ ᠡᠵᠡᠮᠳᠡᠵᠤ᠂ ᠰᠠᠨᠠᠭ᠋ᠠᠨ᠎ᠳᠤ ᠦᠭᠡᠢ ᠵᠦᠷᠢᠴᠡᠯᠳᠤᠭᠡᠨ᠎ᠤ ᠬᠤᠷᠢᠭᠯᠠᠬᠤ ᠠᠷᠭ᠎ᠠ ᠳᠦᠷᠢᠮ᠎ᠢ ᠰᠤᠳᠤᠯᠵᠤ ᠰᠦᠪᠡᠭᠴᠢᠯᠠᠨ᠂ ᠬᠤᠶᠠᠷ ᠳᠠᠯ᠎ᠠ ᠵᠢᠨ ᠴᠡᠷᠢᠭ᠎ᠤᠨ ᠬᠠᠷᠢᠴᠠᠭ᠎ᠠ ᠵᠢ ᠬᠤᠶᠠᠷ ᠤᠯᠤᠰ᠎ᠤᠨ ᠬᠠᠷᠢᠯᠴᠠᠭ᠎ᠠ ᠵᠢ ᠳᠤᠭᠳᠠᠪᠤᠷᠢᠵᠢᠭᠤᠯᠬᠤ ᠪᠠᠭ᠋ᠠᠵᠠᠢ ᠪᠤᠯᠭ᠋ᠠᠬᠤ᠎ᠪᠠᠷ ᠴᠢᠷᠮᠠᠢ᠌ᠪᠠᠯ ᠵᠤᠬᠢᠨ᠎ᠠ ᠭᠡᠵᠤ ᠭᠡᠯᠡᠪᠡ᠃
      ᠮᠠᠲ᠋ᠢᠰ ᠸᠸᠢ ᠹᠸᠩ ᠠ᠋ᠾᠸ ᠵᠢᠨ ᠬᠤᠶᠠᠷ ᠤᠯᠤᠰ᠎ᠤᠨ ᠴᠡᠷᠢᠭ᠎ᠤᠨ ᠬᠠᠷᠢᠴᠠᠭ᠎ᠠ ᠵᠢ ᠳᠤᠭᠳᠠᠪᠤᠷᠢᠵᠢᠭᠤᠯᠬᠤ ᠳᠤᠬᠠᠢ ᠰᠠᠨᠠᠭ᠋ᠠᠴᠢᠯᠠᠭ᠎ᠠ ᠵᠢ ᠵᠦᠪᠰᠢᠶᠡᠷᠡᠵᠤ ᠪᠠᠢ᠌ᠬᠤ᠎ᠪᠠᠨ ᠢᠯᠡᠳᠭᠡᠵᠤ᠂ ᠬᠤᠶᠠᠷ ᠳᠠᠯ᠎ᠠ ᠵᠢᠨ ᠴᠡᠷᠢᠭ᠎ᠤᠨ ᠪᠦᠳᠦᠭᠡᠨ ᠪᠠᠢ᠌ᠭᠤᠯᠤᠯᠳᠠ ᠵᠢᠨ ᠴᠢᠨᠠᠷ᠎ᠲᠠᠢ ᠬᠠᠷᠢᠴᠠᠭ᠎ᠠ ᠵᠢ ᠬᠦᠭᠵᠢᠬᠦᠯᠬᠦ ᠪᠤᠯ ᠠᠮᠸᠷᠢᠺᠠ ᠵᠢᠨ ᠵᠤᠷᠢᠯᠳᠠ ᠶᠤᠮ᠃ ᠬᠤᠶᠠᠷ ᠳᠠᠯ᠎ᠠ ᠵᠢᠨ ᠴᠡᠷᠢᠭ ᠤᠳᠤᠬᠠᠨ᠎ᠤ ᠶᠠᠷᠢᠯᠴᠠᠭ᠎ᠠ ᠤᠯᠤᠯᠴᠠᠭ᠋ᠠᠨ᠎ᠤ ᠳᠤᠭᠳᠠᠴᠠ ᠵᠢ ᠠᠰᠢᠭᠯᠠᠨ ᠵᠦᠪᠳᠡᠯᠴᠡᠨ ᠵᠤᠬᠢᠴᠠᠭᠤᠯᠵᠤ᠂ ᠠᠶᠤᠯ ᠳᠦᠭᠰᠢᠬᠦᠷᠢ ᠵᠢ ᠬᠠᠮᠢᠶᠠᠷᠤᠨ ᠡᠵᠡᠮᠳᠡᠬᠦ᠎ᠪᠠᠨ ᠴᠢᠩᠭ᠋ᠠᠳᠬᠠᠨ᠂ ᠪᠤᠷᠤᠭᠤ ᠤᠢ᠌ᠯᠠᠭ᠋ᠠᠵᠤ ᠪᠤᠷᠤᠭᠤ ᠮᠠᠭ᠋ᠠᠳᠯᠠᠬᠤ᠎ᠠᠴᠠ ᠵᠠᠢ᠌ᠯᠠᠰᠬᠢᠵᠤ᠂ ᠨᠡᠩ ᠤᠯᠠᠨ ᠬᠦᠷᠢᠶ᠎ᠡ ᠴᠠᠷᠠᠭ᠎ᠠ᠎ᠳᠤ ᠪᠤᠳᠠᠳᠠᠢ ᠵᠢ ᠠ᠋ᠷᠬᠢᠮᠯᠡᠭᠰᠡᠨ ᠬᠠᠮᠳᠤᠷᠠᠯᠴᠠᠭ᠎ᠠ᠎ᠪᠠᠨ ᠠᠬᠢᠭᠤᠯᠬᠤ ᠵᠢ ᠬᠦᠰᠡᠵᠤ ᠪᠠᠢ᠌ᠨ᠎ᠠ ᠭᠡᠵᠡᠢ᠃
      ᠬᠤᠶᠠᠷ ᠳᠠᠯ᠎ᠠ᠎ᠪᠠᠷ ᠵᠶ᠋ᠡᠨ ᠠ᠋ᠮᠤᠨᠡᠳᠤ ᠳᠠᠯᠠᠢ ᠵᠢᠨ ᠠᠰᠠᠭᠤᠳᠠᠯ᠂ ᠳᠠᠢ᠌ᠸᠠᠨ᠎ᠤ ᠠᠰᠠᠭᠤᠳᠠᠯ᠂ ᠰᠤᠯᠤᠩᠭᠤᠰ ᠬᠤᠢ᠌ᠭ᠎ᠤᠨ ᠠᠰᠠᠭᠤᠳᠠᠯ ᠵᠡᠷᠭᠡ ᠳᠡᠯ᠎ᠡ᠎ᠪᠠᠷ ᠰᠠᠨᠠᠯ ᠵᠶ᠋ᠡᠨ ᠰᠤᠯᠢᠯᠴᠠᠪᠠ᠃ ᠸᠸᠢ ᠹᠸᠩ ᠠ᠋ᠾᠸ᠂ ᠳᠤᠮᠳᠠᠳᠤ ᠤᠯᠤᠰ᠎ᠤᠨ ᠴᠡᠷᠢᠭ ᠠᠩᠬᠢ ᠠ᠋ᠭᠡ ᠤᠯᠤᠰ᠎ᠢ ᠬᠠᠭ᠋ᠠᠴᠠᠭᠤᠯᠬᠤ ᠶᠠᠮᠠᠷᠪᠠ ᠠᠵᠢᠯᠯᠠᠭ᠎ᠠ ᠵᠢ ᠠ᠋ᠷᠡᠰ ᠠ᠋ᠰᠡᠷᠬᠦᠴᠡᠵᠤ᠂ ᠠᠯᠢᠪᠠ᠎ᠪᠠᠨ ᠬᠠᠢ᠌ᠬᠤᠷᠤᠯ ᠦᠭᠡᠢ᠎ᠪᠠᠷ ᠤᠯᠤᠰ᠎ᠤᠨ ᠠ᠋ᠷᠭᠡ ᠮᠡᠳᠡᠯ᠂ ᠠᠮᠤᠷ ᠳᠦᠪᠰᠢᠨ ᠪᠤᠯᠤᠨ ᠨᠤᠳᠤᠭ ᠳᠡᠪᠢᠰᠭᠡᠷ᠎ᠤᠨ ᠪᠦᠷᠢ ᠪᠦᠳᠦᠨ᠎ᠢ ᠬᠠᠮᠠᠭ᠋ᠠᠯᠠᠨ᠎ᠠ ᠭᠡᠵᠤ ᠭᠡᠯᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠠᠵᠤ ᠠᠬᠤᠢ ᠵᠢᠨ ᠪᠠᠢ᠌ᠳᠠᠯ᠎ᠤᠨ ᠳᠤᠬᠠᠢ ᠳᠤᠰᠬᠠᠢ ᠮᠡᠷᠭᠡᠵᠢᠯᠳᠡᠨ ᠪᠤᠯᠤᠨ ᠠᠵᠤ ᠠᠬᠤᠢ᠌ᠯᠠᠯᠳᠠᠨ᠎ᠤ ᠶᠠᠷᠢᠯᠴᠠᠬᠤ ᠬᠤᠷᠠᠯ᠎ᠢ ᠠ᠋ᠷᠬᠢᠯᠡᠨ ᠭᠡᠪᠡ
ᠸᠠᠩ ᠢ ᠪᠸᠩᠭ᠋ᠠᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠪᠠᠢ᠌ᠩᠭᠤ ᠵᠢᠨ ᠨᠠᠷᠢᠨ ᠪᠢᠴᠢᠭᠡᠴᠢ ᠬᠠᠺᠸ᠎ᠲᠠᠢ ᠠᠭᠤᠯᠵᠠᠪᠠ
ᠯᠢ ᠺᠸ ᠴᠢᠶᠠᠩ᠄ ᠮᠦᠩᠬᠦᠨ ᠬᠦᠢ᠍ᠯᠭᠡᠭᠡᠨ᠎ᠤ ᠰᠠᠯᠠᠭ᠎ᠠ ᠮᠦᠴᠢᠷ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠤ ᠠ᠋ᠳ᠋᠎ᠤᠨ ᠵᠠᠰᠠᠭ᠎ᠤᠨ ᠶᠠᠮᠤᠨ᠎ᠤ ᠢᠳᠡᠪᠬᠢᠳᠡᠢ᠎ᠪᠠᠷ ᠤᠷᠤᠯᠴᠠᠬᠤ ᠵᠢ ᠵᠤᠷᠢᠭᠵᠢᠭᠤᠯᠤᠨ᠎ᠠ ᠭᠡᠪᠡ
ᠯᠢ ᠺᠸ ᠴᠢᠶᠠᠩ ᠺᠦᠪᠠ ᠵᠢᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠳᠡᠷᠢᠬᠦᠯᠡᠭᠴᠢ ᠪᠦᠭᠡᠳ ᠰᠠᠢ᠌ᠳ ᠨᠠᠷ᠎ᠤᠨ ᠵᠦᠪᠯᠡᠯ᠎ᠤᠨ ᠳᠡᠷᠢᠬᠦᠯᠡᠭᠴᠢ ᠳ᠋ᠢᠶᠡᠰ — ᠺᠠᠨ᠋ᠸᠢᠢ᠍ᠷ᠎ᠲᠠᠢ ᠠᠭᠤᠯᠵᠠᠪᠠ
ᠸᠠᠩ ᠢ ᠠᠦᠢ᠍ᠰᠲᠷᠡᠯᠢᠶ᠎ᠠ ᠵᠢᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠫᠸᠡᠸᠨ᠎ᠲᠠᠢ ᠠᠭᠤᠯᠵᠠᠪᠠ
 
            