ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠢ ᠺᠸ ᠴᠢᠶᠠᠩ᠄ ᠵᠠᠰᠠᠭ᠎ᠤᠨ ᠤᠷᠳᠤᠨ ᠪᠤᠯᠤᠨ ᠤᠯᠤᠰ᠎ᠤᠨ ᠦᠮᠴᠢᠯᠠᠯ᠎ᠤᠨ ᠠᠵᠤ ᠠᠬᠤᠢ᠌ᠯᠠᠯ᠎ᠤᠨ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠳᠤ ᠵᠤᠭᠤᠰ ᠮᠦᠩᠬᠦ ᠦᠷᠢᠳᠦᠵᠤ ᠪᠠᠢ᠌ᠭ᠎ᠠ ᠠᠰᠠᠭᠤᠳᠠᠯ᠎ᠢ ᠳᠦᠷᠭᠡᠨ ᠰᠢᠢ᠍ᠳᠪᠤᠷᠢᠯᠡᠬᠦ ᠭᠡᠷᠡᠭᠳᠡᠢ ᠭᠡᠪᠡ
ᠨᠡᠶᠢᠲᠡᠯᠡᠭᠰᠡᠨ ᠴᠠᠭ᠄ 2018-11-14

                 
     11 ᠳ᠋ᠤᠭᠡᠷ ᠰᠠᠷ᠎ᠠ ᠵᠢᠨ 9᠎ᠤ ᠠ᠋ᠳᠤᠷ ᠬᠤᠷᠠᠯᠳᠤᠭᠰᠠᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ᠂ ᠶᠡᠷᠦᠩᠭᠡᠢ ᠰᠠᠢ᠌ᠳ ᠯᠢ ᠺᠸ ᠴᠢᠶᠠᠩ᠄ 《ᠦᠷᠢ ᠦᠭᠴᠡᠭᠡ ᠵᠢ ᠴᠡᠪᠠᠷᠯᠠᠬᠦ ᠠᠵᠢᠯ᠎ᠢ ᠠ᠋ᠷᠴᠢᠮᠵᠢᠬᠦᠯᠵᠤ᠂ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ ᠪᠤᠯᠤᠨ ᠤᠯᠤᠰ᠎ᠤᠨ ᠦᠮᠴᠢᠯᠠᠯ᠎ᠤᠨ ᠠᠵᠤ ᠠᠬᠤᠢ᠌ᠯᠠᠯ᠎ᠤᠨ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠳᠤ ᠵᠤᠭᠤᠰ ᠮᠦᠩᠬᠦ ᠦᠷᠢᠳᠦᠵᠤ ᠪᠠᠢ᠌ᠭ᠎ᠠ ᠠᠰᠠᠭᠤᠳᠠᠯ᠎ᠢ ᠳᠠᠷᠤᠢ ᠳᠦᠷᠭᠡᠨ ᠰᠢᠢ᠍ᠳᠪᠤᠷᠢᠯᠡᠬᠦ ᠭᠡᠷᠡᠭᠳᠡᠢ》 ᠭᠡᠵᠤ ᠱᠠᠭ᠋ᠠᠷᠳᠠᠵᠠᠢ᠃
      ᠯᠢ ᠺᠸ ᠴᠢᠶᠠᠩ᠄ 《ᠵᠠᠰᠠᠭ᠎ᠤᠨ ᠤᠷᠳᠤᠨ᠎ᠤ ᠰᠠᠯᠠᠭ᠎ᠠ ᠮᠦᠴᠢᠷ ᠴᠤ᠌ ᠳᠠᠷᠠ ᠤᠯᠤᠰ᠎ᠤᠨ ᠦᠮᠴᠢᠯᠠᠯ᠎ᠤᠨ ᠠᠵᠤ ᠠᠬᠤᠢ᠌ᠯᠠᠯ ᠴᠤ᠌ ᠳᠡᠷᠡ ᠴᠦᠮ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠳᠤ ᠦᠷᠢᠳᠦᠵᠤ ᠪᠤᠯᠬᠤ ᠦᠭᠡᠢ᠃ ᠵᠠᠰᠠᠭ᠎ᠤᠨ ᠤᠷᠳᠤᠨ᠎ᠤ ᠰᠠᠯᠠᠭ᠎ᠠ ᠮᠦᠴᠢᠷ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠳᠤ ᠦᠷᠢᠳᠦᠬᠦ᠎ᠨᠢ 〈ᠠᠷᠠᠳ᠎ᠤᠨ ᠵᠠᠰᠠᠭ ᠠᠷᠠᠳ᠎ᠲᠤ ᠦᠢ᠍ᠯᠡᠴᠢᠯᠡᠬᠦ〉 ᠦᠨᠳᠦᠰᠤᠨ ᠬᠠᠷᠢᠭᠤᠴᠯᠠᠭ᠎ᠠ᠎ᠪᠠᠨ ᠠᠯᠳᠠᠵᠤ ᠪᠠᠢ᠌ᠭ᠎ᠠ ᠶᠠᠪᠤᠳᠠᠯ ᠪᠤᠯᠤᠨ᠎ᠠ》 ᠭᠡᠵᠤ ᠵᠢᠭ᠋ᠠᠵᠤ ᠭᠠᠷᠭ᠋ᠠᠪᠠ᠃
      ᠯᠢ ᠺᠸ ᠴᠢᠶᠠᠩ᠂ ᠦᠷᠢ ᠰᠢᠷᠢ ᠵᠢ ᠴᠡᠪᠡᠷᠯᠡᠬᠦ ᠳᠤᠰᠬᠠᠢ ᠠᠵᠢᠯᠯᠠᠭ᠎ᠠ ᠦᠷᠨᠢᠬᠦᠯᠦᠨ᠂ ᠨᠢᠭᠡ᠎ᠳᠤ ᠦᠷᠢ ᠦᠭᠴᠡᠭᠡᠨ᠎ᠤ ᠠ᠋ᠭᠡ ᠳᠠᠩᠰᠠ ᠪᠠᠢ᠌ᠭᠤᠯᠵᠤ᠂ ᠦᠷᠢᠳᠦᠵᠤ ᠪᠠᠢ᠌ᠭ᠎ᠠ ᠵᠤᠭᠤᠰ ᠮᠦᠩᠬᠦ ᠵᠢ ᠬᠤᠭᠤᠴᠠᠭ᠎ᠠ ᠳᠤᠭᠳᠠᠭ᠋ᠠᠨ ᠪᠤᠴᠠᠭ᠋ᠠᠬᠤ ᠭᠡᠷᠡᠭᠳᠡᠢ; ᠬᠤᠶᠠᠷ᠎ᠲᠤ ᠰᠢᠨ᠎ᠠ᠎ᠪᠠᠷ ᠦᠷᠢ ᠦᠭᠴᠡᠭᠡ ᠬᠢᠬᠦ ᠵᠢ ᠠ᠋ᠷᠡᠰ ᠬᠤᠷᠢᠭᠯᠠᠬᠤ ᠭᠡᠷᠡᠭᠳᠡᠢ᠃ ᠶᠡᠭᠡ ᠦᠷᠢᠳᠦᠭᠡᠳ ᠦᠯᠦ ᠳᠦᠯᠦᠭᠰᠡᠳ᠎ᠢ ᠢᠳᠡᠭᠡᠯ ᠠᠯᠳᠠᠭᠰᠠᠳ᠎ᠤᠨ 《ᠬᠠᠷ᠎ᠠ ᠳᠠᠩᠰᠠᠨ》᠎ᠳᠤ ᠤᠷᠤᠭᠤᠯᠤᠨ᠂ ᠴᠢᠩᠭ᠎ᠠ᠎ᠪᠠᠷ ᠵᠠᠯᠬᠠᠭ᠋ᠠᠨ ᠴᠡᠭᠡᠷᠯᠡᠬᠦᠯᠵᠤ ᠬᠠᠷᠢᠭᠤᠴᠠᠯᠭ᠎ᠠ ᠨᠡᠭᠡᠮᠵᠢᠯᠡᠬᠦ ᠭᠡᠷᠡᠭᠳᠡᠢ᠃ ᠤᠷᠤᠨ ᠨᠤᠳᠤᠭ ᠪᠤᠯᠤᠨ ᠰᠠᠯᠠᠭ᠎ᠠ ᠮᠦᠴᠢᠷ ᠦᠷᠢ ᠦᠭᠴᠡᠭᠡ᠎ᠪᠠᠨ ᠠ᠋ᠰᠡ ᠳᠦᠯᠦᠪᠡᠯ ᠳᠦᠪ᠎ᠤᠨ ᠠ᠋ᠳ᠋᠎ᠤᠨ ᠵᠠᠰᠠᠭ᠎ᠠᠴᠠ ᠳᠡᠳᠡᠨ᠎ᠤ ᠤᠯᠤᠰ᠎ᠤᠨ ᠬᠦᠮᠦᠷᠭᠡ᠎ᠳᠠᠬᠢ ᠬᠠᠳᠠᠭ᠋ᠠᠯᠠᠮᠵᠢ᠎ᠪᠠᠷ ᠦᠷᠢ ᠵᠢ᠎ᠨᠢ ᠳᠦᠯᠦᠬᠦᠯᠬᠦ ᠪᠤᠶᠤ ᠵᠤᠭᠤᠰ ᠪᠠᠭᠤᠯᠭ᠋ᠠᠵᠤ ᠦᠭᠬᠦ᠎ᠪᠠᠨ ᠵᠤᠬᠢᠬᠤ ᠭᠡᠮᠵᠢᠶ᠎ᠡ᠎ᠪᠠᠷ ᠬᠠᠰᠤᠬᠤ ᠵᠡᠷᠭᠡ ᠠᠷᠭ᠎ᠠ᠎ᠪᠠᠷ ᠦᠷᠢ ᠵᠢ᠎ᠨᠢ ᠳᠦᠯᠦᠬᠦᠯᠬᠦ ᠭᠡᠷᠡᠭᠳᠡᠢ ᠭᠡᠵᠤ ᠱᠠᠭ᠋ᠠᠷᠳᠠᠵᠠᠢ᠃
      ᠳᠤᠰ ᠠ᠋ᠳᠤᠷ᠎ᠤᠨ ᠬᠤᠷᠠᠯ ᠳᠡᠭᠡᠷ᠎ᠠ᠂ ᠢᠨᠵᠸᠨ᠋ᠸᠷᠢᠩ᠎ᠤᠨ ᠪᠦᠳᠦᠭᠡᠨ ᠪᠠᠢ᠌ᠭᠤᠯᠤᠯᠳᠠ ᠵᠢᠨ ᠬᠦᠷᠢᠶ᠎ᠡ ᠴᠠᠷᠠᠭ᠎ᠠ ᠵᠢᠨ ᠪᠠᠳᠤᠯᠠᠪᠤᠷᠢ ᠵᠢᠨ ᠮᠦᠩᠬᠦ ᠵᠢ ᠦᠷᠬᠦᠯᠵᠢᠯᠡᠨ ᠴᠡᠪᠡᠷᠯᠡᠨ ᠵᠢᠷᠤᠮᠵᠢᠭᠤᠯᠵᠤ᠂ ᠬᠤᠳᠠᠯᠳᠤᠭ᠋ᠠᠨ᠎ᠤ ᠦᠷᠢ ᠦᠭᠴᠡᠭᠡ᠎ᠪᠠᠨ ᠪᠤᠴᠠᠭ᠋ᠠᠬᠤ ᠳᠦᠷᠢᠮ᠎ᠠᠴᠠ ᠵᠦᠷᠢᠴᠡᠭᠰᠡᠳ᠎ᠤᠨ ᠦᠪᠡᠷ᠎ᠤᠨ ᠦᠷᠳᠡᠭ᠎ᠢ᠎ᠨᠢ ᠶᠡᠭᠡᠪᠡᠷ ᠳᠡᠭᠡᠭᠰᠢᠯᠡᠬᠦᠯᠦᠨ᠎ᠡ ᠭᠡᠵᠤ ᠳᠤᠳᠤᠷᠬᠠᠢ᠌ᠯᠠᠵᠠᠢ᠃
      ᠯᠢ ᠺᠸ ᠴᠢᠶᠠᠩ ᠬᠠᠮᠤᠭ᠎ᠤᠨ ᠰᠡᠬᠦᠯ᠎ᠳᠤ᠄ 《ᠠ᠋ᠨᠡ ᠠ᠋ᠳᠤᠷ᠎ᠤᠨ ᠬᠤᠷᠠᠯ ᠵᠶ᠋ᠡᠷ ᠳᠤᠭᠳᠠᠭᠰᠠᠨ ᠵᠦᠢ᠍ᠯ᠎ᠢ ᠳᠠᠷᠤᠢ ᠳᠦᠷᠭᠡᠨ ᠭᠠᠷᠳᠠᠨ ᠬᠢᠵᠤ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠳᠢᠩᠬᠢᠮ᠎ᠠᠴᠠ ᠰᠢᠪᠠᠳᠠᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠦᠪᠡᠷ ᠦᠪᠡᠷ᠎ᠤᠨ ᠬᠠᠷᠢᠭᠤᠴᠠᠯᠭ᠎ᠠ᠎ᠪᠠᠨ ᠬᠠᠷᠢᠭᠤᠴᠠᠨ᠂ ᠬᠢᠨᠠᠨ ᠪᠤᠳᠤᠬᠤ ᠰᠠᠯᠠᠭ᠎ᠠ ᠮᠦᠴᠢᠷ ᠴᠤ᠌ ᠤᠷᠤᠯᠴᠠᠬᠤ ᠭᠡᠷᠡᠭᠳᠡᠢ; ᠦᠷᠢ ᠦᠭᠴᠡᠭᠡ ᠵᠢ ᠴᠡᠪᠡᠷᠯᠡᠭᠰᠡᠨ ᠪᠠᠢ᠌ᠳᠠᠯ᠎ᠢ ᠴᠠᠭ᠋ᠠᠨ ᠰᠠᠷ᠎ᠠ᠎ᠠᠴᠠ ᠠ᠋ᠮᠤᠨ᠎ᠠ ᠳᠦᠷᠦ ᠵᠢᠨ ᠶᠠᠪᠤᠳᠠᠯ᠎ᠤᠨ ᠬᠤᠷᠢᠶᠠᠨ᠎ᠳᠤ ᠮᠡᠳᠡᠬᠦᠯᠬᠦ ᠭᠡᠷᠡᠭᠳᠡᠢ》 ᠭᠡᠵᠤ ᠴᠢᠬᠤᠯᠠᠴᠢᠯᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
11 ᠳ᠋ᠤᠭᠡᠷ ᠰᠠᠷ᠎ᠠ ᠵᠢᠨ 9᠎ᠤ ᠠ᠋ᠳᠤᠷ ᠬᠤᠷᠠᠯᠳᠤᠭᠰᠠᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ ᠭᠤᠷᠪᠠᠨ ᠵᠦᠢ᠍ᠯ᠎ᠤᠨ ᠤᠴᠢᠷ ᠶᠠᠪᠤᠳᠠᠯ᠎ᠢ ᠶᠠᠷᠢᠯᠴᠠᠨ ᠳᠤᠭᠳᠠᠪᠠ
ᠯᠢ ᠺᠸ ᠴᠢᠶᠠᠩ ᠶᠠᠭᠤᠨ᠎ᠳᠤ ᠠ᠋ᠨᠡ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠨ ᠬᠠᠷᠢᠭᠤᠴᠠᠯᠭ᠋ᠠᠳᠠᠨ᠎ᠢ ᠵᠦᠩ ᠨᠠᠨ ᠬᠠᠢ᠎ᠳᠤ ᠤᠷᠢᠭᠰᠠᠨ ᠪᠤᠢ?
ᠯᠢᠦ ᠠ᠋ᠾᠸ ᠠᠮᠸᠷᠢᠺᠠ ᠵᠢᠨ ᠤᠤᠯ᠎ᠤᠨ ᠳᠦᠷᠦ ᠵᠢᠨ ᠶᠠᠪᠤᠳᠠᠯ᠎ᠤᠨ ᠰᠠᠢ᠌ᠳ ᠵᠢᠰᠢᠨᠭᠸ᠎ᠲᠠᠢ ᠠᠭᠤᠯᠵᠠᠪᠠ
ᠸᠸᠢ ᠹᠸᠩ ᠠ᠋ᠾᠸ ᠠᠮᠸᠷᠢᠺᠠ ᠵᠢᠨ ᠤᠯᠤᠰ᠎ᠤᠨ ᠪᠠᠳᠤᠯᠠᠨ ᠬᠠᠮᠠᠭ᠋ᠠᠯᠠᠯᠳᠠ ᠵᠢᠨ ᠶᠠᠮᠤᠨ᠎ᠤ ᠰᠠᠢ᠌ᠳ ᠮᠠᠲ᠋ᠢᠰ᠎ᠲᠠᠢ ᠠᠭᠤᠯᠵᠠᠨ ᠶᠠᠷᠢᠯᠴᠠᠪᠠ
ᠯᠢ ᠺᠸ ᠴᠢᠶᠠᠩ ᠠᠵᠤ ᠠᠬᠤᠢ ᠵᠢᠨ ᠪᠠᠢ᠌ᠳᠠᠯ᠎ᠤᠨ ᠳᠤᠬᠠᠢ ᠳᠤᠰᠬᠠᠢ ᠮᠡᠷᠭᠡᠵᠢᠯᠳᠡᠨ ᠪᠤᠯᠤᠨ ᠠᠵᠤ ᠠᠬᠤᠢ᠌ᠯᠠᠯᠳᠠᠨ᠎ᠤ ᠶᠠᠷᠢᠯᠴᠠᠬᠤ ᠬᠤᠷᠠᠯ᠎ᠢ ᠠ᠋ᠷᠬᠢᠯᠡᠨ ᠭᠡᠪᠡ
 
            