ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠢ ᠺᠸ ᠴᠢᠶᠠᠩ ᠭᠢᠷᠢᠨ ᠮᠤᠵᠢ ᠵᠢᠨ ᠲᠦᠯᠣᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠣᠷᠣᠯᠴᠠᠭ᠋ᠠᠳ᠄ ᠨᠠᠰᠤᠵᠢᠯ᠎ᠤᠨ ᠮᠦᠩᠭᠦ ᠵᠢ ᠴᠠᠭ ᠳᠠᠷᠤᠢ᠎ᠳᠤ᠎ᠨᠢ ᠪᠦᠷᠢᠨ ᠭᠦᠢ᠍ᠴᠡᠳ ᠣᠯᠭᠣᠬᠤ ᠬᠡᠷᠡᠭᠲᠠᠢ ᠭᠡᠵᠡᠢ
ᠨᠡᠶᠢᠲᠡᠯᠡᠭᠰᠡᠨ ᠴᠠᠭ᠄ 2019-03-13

         
      ᠯᠢ ᠺᠸ ᠴᠢᠶᠠᠩ ᠶᠡᠷᠣᠩᠬᠡᠢ ᠰᠠᠢ᠌ᠳ 3 ᠳ᠋ᠤᠭ᠋ᠠᠷ ᠰᠠᠷ᠎ᠠ ᠵᠢᠨ 9᠎ᠤ ᠦᠳᠡ ᠵᠢᠨ ᠬᠣᠢ᠌ᠨ᠎ᠠ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠣᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠤᠳᠠᠭ᠋ᠠᠨ᠎ᠤ ᠬᠤᠷᠠᠯ᠎ᠤᠨ ᠭᠢᠷᠢᠨ ᠮᠤᠵᠢ ᠵᠢᠨ ᠲᠦᠯᠣᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠣᠷᠣᠯᠴᠠᠭ᠋ᠠᠳ᠄ ᠠ᠋ᠨ᠋ᠨ ᠵᠢᠯ᠎ᠤᠨ 〈〈ᠵᠠᠰᠠᠭ᠎ᠤᠨ ᠤᠷᠳᠤᠨ᠎ᠤ ᠠᠵᠢᠯ᠎ᠤᠨ ᠢᠯᠡᠳᠬᠡᠯ〉〉᠎ᠳᠤ 〈〈ᠬᠣᠲᠠ ᠪᠠᠯᠭ᠋ᠠᠰᠤᠨ᠎ᠤ ᠠᠵᠢᠯᠲᠠᠳ᠎ᠤᠨ ᠦᠨᠳᠤᠰᠤᠨ ᠨᠠᠰᠤᠵᠢᠯ᠎ᠤᠨ ᠳᠠᠭ᠋ᠠᠳᠬᠠᠯ᠎ᠤᠨ ᠨᠢᠭᠡᠴᠢ ᠵᠢᠨ ᠵᠠᠷᠤᠳᠠᠯ ᠳᠤᠰᠢᠶᠠᠬᠤ ᠬᠠᠷᠢᠴᠠᠯ᠎ᠢ ᠪᠠᠭᠤᠷᠠᠭᠤᠯᠬᠤ〉〉 ᠶᠠᠪᠤᠳᠠᠯ᠎ᠢ ᠳᠤᠷᠠᠳᠤᠭᠰᠠᠨ᠎ᠤ ᠵᠣᠷᠢᠯᠭ᠎ᠠ ᠪᠣᠯ ᠠᠵᠤ ᠠᠬᠤᠢ᠌ᠯᠠᠯ᠎ᠢ ᠪᠡᠶ᠎ᠡ ᠬᠦᠩᠭᠡᠨ ᠠᠵᠢᠯᠯᠠᠭᠤᠯᠬᠤ ᠵᠢᠨ ᠲᠦᠯᠣᠭᠡ ᠶᠤᠮ᠃ ᠠᠵᠤ ᠠᠬᠤᠢ᠌ᠯᠠᠯ᠎ᠤᠨ ᠵᠠᠷᠤᠳᠠᠯ ᠳᠤᠰᠢᠶᠠᠬᠤ ᠳᠠᠷᠤᠭ᠋ᠠᠰᠤ ᠵᠢ ᠬᠦᠩᠭᠡᠷᠡᠭᠦᠯᠬᠦ ᠵᠢᠨ ᠬᠠᠮᠲᠤ ᠨᠠᠰᠤᠵᠢᠯ᠎ᠤᠨ ᠮᠦᠩᠭᠦ ᠵᠢ ᠴᠠᠭ ᠳᠤᠬᠠᠢ᠎ᠳᠤ᠎ᠨᠢ ᠪᠦᠷᠢᠨ ᠭᠦᠢ᠍ᠴᠡᠳ ᠣᠯᠭᠣᠬᠤ ᠵᠢ ᠠ᠋ᠷᠬᠡᠪᠰᠢ ᠪᠠᠲᠤᠯᠠᠬᠤ ᠮᠦᠷᠲᠡᠭᠡᠨ ᠪᠠᠰᠠ ᠵᠦᠢ ᠵᠣᠬᠢᠰᠲᠠᠢ ᠨᠡᠮᠡᠭᠳᠡᠭᠦᠯᠬᠦ ᠬᠡᠷᠡᠭᠲᠠᠢ ᠭᠡᠵᠡᠢ᠃ ᠶᠡᠷᠣᠩᠬᠡᠢ ᠰᠠᠢ᠌ᠳ ᠵᠠᠯᠭ᠋ᠠᠭ᠋ᠠᠳ᠂ ᠠᠷᠠᠳ᠎ᠤᠨ ᠶᠠᠪᠤᠳᠠᠯ᠎ᠢ ᠰᠠᠢ᠌ᠵᠢᠷᠠᠭᠤᠯᠬᠤ᠎ᠳᠤ ᠠ᠋ᠷᠬᠡᠪᠰᠢ 〈〈ᠶᠡᠬᠡ ᠳᠠᠯ᠎ᠠ〉〉 ᠵᠢ ᠬᠠᠷᠠᠨ᠂ 〈〈ᠪᠠᠭ᠎ᠠ ᠶᠠᠪᠤᠳᠠᠯ〉〉᠎ᠠᠴᠠ ᠭᠠᠷᠳᠠᠵᠤ᠂ ᠠᠷᠠᠳ ᠣᠯᠠᠨ᠎ᠤ ᠠᠵᠢᠯ ᠣᠯᠬᠤ᠂ ᠨᠠᠰᠤᠵᠢᠯ᠎ᠤᠨ ᠠᠰᠠᠷᠠᠯᠲᠠ᠂ ᠰᠤᠷᠠᠭ᠋ᠠᠨ ᠬᠦᠮᠤᠵᠢᠯ᠂ ᠡᠮ ᠠ᠋ᠮᠨᠡᠯᠭᠡ ᠵᠡᠷᠭᠡ ᠲᠠᠯ᠎ᠠ ᠵᠢᠨ ᠬᠦᠴᠢᠷ ᠵᠣᠪᠠᠯᠠᠩ᠎ᠢ᠎ᠨᠢ ᠦᠨᠡᠨᠬᠦ ᠰᠠᠢ᠌ᠨ ᠰᠢᠢ᠍ᠳᠪᠤᠷᠢᠯᠡᠬᠦ ᠬᠡᠷᠡᠭᠲᠠᠢ᠃ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠳᠠᠭ᠋ᠠᠭ᠋ᠠᠨ ᠰᠠᠬᠢᠬᠤ᠎ᠨᠢ ᠶᠠᠭ ᠰᠠᠢ᠌ᠬᠠᠨ 〈〈ᠦᠰᠤᠷᠤᠯᠭᠡ ᠵᠢᠨ ᠣᠷᠣ〉〉 ᠨᠠᠭ᠋ᠠᠳᠤᠮ᠎ᠲᠠᠢ ᠠᠳᠠᠯᠢᠬᠠᠨ᠂ ᠬᠡᠷᠪᠡ ᠬᠦᠴᠢᠷᠳᠡᠯ᠎ᠲᠠᠢ ᠣᠯᠠᠨ ᠲᠦᠮᠡᠨ᠎ᠤ ᠠᠮᠢᠳᠤᠷᠠᠯ ᠳᠣᠷᠣᠭᠰᠢᠯᠠᠬᠤ᠎ᠳᠤ ᠠ᠋ᠷᠬᠡᠪᠰᠢ ᠬᠣᠷᠢᠭ᠎ᠠ ᠱᠤᠭᠤᠮ ᠳᠡᠭᠡᠷ᠎ᠡ᠎ᠨᠢ ᠳᠤᠰᠴᠤ ᠠᠪᠤᠨ᠂ ᠳᠡᠳᠬᠦᠵᠤ ᠲᠡᠩᠬᠡᠷᠡᠭᠦᠯᠬᠦ ᠬᠡᠷᠡᠭᠲᠠᠢ ᠶᠤᠮ ᠭᠡᠵᠠᠢ᠃
      ᠲᠡᠷᠨ ᠪᠠᠰᠠ᠂ ᠭᠢᠷᠢᠨ ᠪᠣᠯ ᠤᠤᠯ᠎ᠤᠨ ᠠᠵᠤ ᠦᠢ᠍ᠯᠡᠳᠪᠤᠷᠢ ᠵᠢᠨ ᠰᠠᠭᠤᠷᠢᠨ ᠪᠣᠯᠬᠤ ᠤᠴᠢᠷ᠎ᠠᠴᠠ ᠤᠯᠠᠮᠵᠢᠯᠠᠯᠲᠤ ᠠᠵᠤ ᠦᠢ᠍ᠯᠡᠳᠪᠤᠷᠢ ᠵᠢᠨ ᠬᠠᠷᠢᠴᠠᠯ᠎ᠨᠢ ᠶᠡᠬᠡ᠂ ᠲᠡᠣᠬᠡᠨ ᠳᠠᠷᠤᠭ᠋ᠠᠰᠤ᠎ᠨᠢ ᠬᠠᠷᠢᠴᠠᠩᠭᠤᠢ ᠬᠦᠨᠳᠤ ᠶᠤᠮ᠃ ᠣᠳᠣᠬᠠᠨ᠎ᠤ ᠠᠵᠤ ᠠᠬᠤᠢ ᠵᠢᠨ ᠰᠢᠨ᠎ᠡ ᠤᠷᠤᠭᠤᠳᠠᠯ᠎ᠤᠨ ᠳᠠᠷᠤᠯᠲᠠ ᠳᠣᠣᠷ᠎ᠠ᠂ ᠵᠡᠭᠦᠨ ᠣᠷᠣᠨ᠎ᠢ ᠰᠡᠷᠭᠦᠭᠡᠨ ᠮᠠᠨᠳᠤᠭᠤᠯᠬᠤ ᠶᠠᠪᠤᠳᠠᠯ᠎ᠨᠢ ᠶᠠᠭ ᠪᠡᠷᠬᠡ ᠪᠠᠷᠲᠠᠭ᠎ᠠ ᠵᠢ ᠲᠤᠭᠤᠯᠬᠤ ᠱᠠᠲᠤᠨ᠎ᠳᠤ᠎ᠪᠠᠨ ᠪᠠᠢ᠌ᠭ᠎ᠠ ᠪᠣᠯᠬᠣᠷ ᠭᠢᠷᠢᠨ ᠮᠤᠵᠢ ᠠ᠋ᠷᠬᠡᠪᠰᠢ ᠦᠭᠡᠷᠡᠴᠢᠯᠡᠯᠲᠡ ᠨᠡᠭᠡᠭᠡᠯᠲᠡ ᠵᠢ ᠠᠯᠳᠠᠯ ᠦᠭᠡᠢ᠎ᠪᠠᠷ ᠵᠠᠰᠠᠭ᠎ᠢ ᠴᠣᠮᠬᠠᠳᠬᠠᠵᠤ ᠭᠠᠢ᠌ᠯᠢ ᠳᠠᠲᠠᠪᠤᠷᠢ ᠵᠢ ᠬᠦᠩᠭᠡᠷᠡᠭᠦᠯᠤᠨ᠂ ᠦᠢ᠍ᠯᠡᠳᠪᠤᠷᠢᠯᠡᠯ ᠡᠵᠡᠩᠨᠡᠯᠲᠡ ᠵᠢᠨ ᠴᠢᠨᠠᠷᠲᠠᠢ ᠦᠷᠲᠡᠭ ᠪᠣᠯᠤᠨ ᠳᠦᠷᠢᠮ᠎ᠤᠨ ᠴᠢᠨᠠᠷᠲᠠᠢ ᠠᠷᠠᠯᠵᠢᠶᠠᠨ᠎ᠤ ᠦᠷᠲᠡᠭ᠎ᠢ ᠦᠨᠡᠨᠬᠦ ᠪᠠᠭᠤᠷᠠᠭᠤᠯᠵᠤ᠂ ᠬᠤᠳᠠᠯᠳᠤᠭ᠎ᠠ ᠡᠵᠡᠩᠨᠡᠯᠲᠡ ᠵᠢᠨ ᠣᠷᠴᠢᠨ ᠲᠣᠭᠣᠷᠢᠨ ᠵᠶ᠋ᠠᠨ ᠰᠢᠯᠢᠳᠡᠭᠵᠢᠭᠦᠯᠬᠦ ᠳᠡᠭᠡᠷ᠎ᠡ ᠭᠦᠴᠤ ᠲᠠᠯᠪᠢᠬᠤ ᠬᠡᠷᠡᠭᠲᠠᠢ ᠭᠡᠪᠡ᠃


ᠢᠷᠡᠯᠲᠡ᠄
          
ᠬᠠᠮᠢᠶ᠎ᠡ ᠪᠦᠬᠦᠢ ᠰᠣᠨᠢᠨ
ᠸᠠᠩ ᠢ ᠳᠤᠮᠳᠠᠳᠤ ᠠ᠋ᠸᠣᠢ᠍ᠷᠣᠫᠠ ᠵᠢᠨ 〈〈ᠠᠷᠪᠠᠨ ᠶᠡᠬᠡ ᠬᠠᠮᠲᠤ ᠵᠢᠨ ᠲᠠᠨᠢᠯᠲᠠ〉〉 ᠵᠢ ᠶᠠᠷᠢᠭᠰᠠᠨ᠎ᠨᠢ
ᠸᠠᠩ ᠢ ᠠᠩᠭ᠍ᠯᠢ ᠤᠯᠤᠰ᠎ᠤᠨ ᠬᠠᠳᠠᠭ᠋ᠠᠳᠤ ᠶᠠᠪᠤᠳᠠᠯ᠎ᠤᠨ ᠰᠠᠢ᠌ᠳ ᠬᠠᠨᠲ᠎ᠲᠠᠢ ᠠᠭᠤᠯᠵᠠᠪᠠ
ᠰᠢ ᠵᠢᠨ ᠫᠢᠩ ᠲᠡᠷᠢᠭᠦᠯᠡᠭᠴᠢ ᠤᠳᠠᠯ ᠦᠭᠡᠢ ᠠ᠋ᠸᠦᠢ᠍ᠷᠤᠫᠠ ᠲᠢᠪ᠎ᠲᠤ ᠠᠢ᠌ᠯᠴᠢᠯᠠᠬᠤ ᠲᠤᠬᠠᠢ ᠸᠠᠩ ᠢ ᠶᠠᠷᠢᠬᠰᠠᠨ᠎ᠨᠢ
ᠳᠤᠮᠳᠠᠳᠦ ᠠ᠋ᠸᠦᠢ᠍ᠷᠤᠫᠠ ᠵᠢᠨ᠎ᠬᠢᠨ ᠶᠢᠰᠦᠳᠦᠭᠡᠷ ᠠ᠋ᠭᠡᠯᠵᠢ ᠵᠢᠨ ᠳᠠᠭᠡᠳᠤ ᠲᠡᠰ᠎ᠤᠨ ᠪᠠᠢ᠌ᠯᠳᠤᠬᠤ ᠪᠤᠳᠤᠯᠭ᠎ᠠ ᠵᠢᠨ ᠶᠠᠷᠢᠯᠴᠠᠭ᠎ᠠ ᠬᠢᠪᠡ
ᠳᠤᠮᠳᠠᠳᠦ ᠤᠯᠤᠰ ᠠ᠋ᠸᠦᠢ᠍ᠷᠤᠫᠠ ᠵᠢᠨ ᠬᠤᠯᠪᠤᠭ᠋ᠠᠨ᠎ᠤ ᠪᠦᠷᠢᠯᠳᠦᠬᠦᠨ ᠤᠯᠤᠰ᠎ᠤᠳ᠎ᠲᠠᠢ ᠠᠩᠬ᠎ᠠ ᠤᠳᠠᠭ᠎ᠠ ᠭᠠᠳᠠᠭ᠋ᠠᠳᠦ ᠶᠠᠪᠤᠳᠠᠯ᠎ᠤᠨ ᠶᠠᠮᠤᠨ᠎ᠤ ᠶᠠᠷᠢᠯᠴᠠᠭ᠎ᠠ ᠬᠢᠪᠠ
 
            