ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠳᠤᠮᠳᠠᠳᠦ ᠤᠯᠤᠰ ᠠ᠋ᠸᠦᠢ᠍ᠷᠤᠫᠠ ᠵᠢᠨ ᠬᠤᠯᠪᠤᠭ᠋ᠠᠨ᠎ᠤ ᠪᠦᠷᠢᠯᠳᠦᠬᠦᠨ ᠤᠯᠤᠰ᠎ᠤᠳ᠎ᠲᠠᠢ ᠠᠩᠬ᠎ᠠ ᠤᠳᠠᠭ᠎ᠠ ᠭᠠᠳᠠᠭ᠋ᠠᠳᠦ ᠶᠠᠪᠤᠳᠠᠯ᠎ᠤᠨ ᠶᠠᠮᠤᠨ᠎ᠤ ᠶᠠᠷᠢᠯᠴᠠᠭ᠎ᠠ ᠬᠢᠪᠠ
ᠨᠡᠶᠢᠲᠡᠯᠡᠭᠰᠡᠨ ᠴᠠᠭ᠄ 2019-03-21

             

     3 ᠳ᠋ᠤᠭ᠋ᠠᠷ ᠰᠠᠷ᠎ᠠ ᠵᠢᠨ 18᠎ᠤ ᠠ᠋ᠳᠦᠷ᠂ ᠲᠦᠷᠦ ᠵᠢᠨ ᠶᠠᠪᠤᠳᠠᠯ᠎ᠤᠨ ᠬᠡᠰᠢᠭᠦᠨ ᠪᠦᠭᠡᠳ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠪᠷᠦᠢ᠍ᠰᠸᠯ᠎ᠳᠤ ᠤᠷᠢᠯᠭ᠎ᠠ᠎ᠪᠠᠷ ᠠ᠋ᠸᠦᠢ᠍ᠷᠤᠫᠠ ᠵᠢᠨ ᠬᠤᠯᠪᠤᠭ᠋ᠠᠨ᠎ᠤ 28 ᠪᠦᠷᠢᠯᠳᠦᠭᠦᠨ ᠤᠯᠤᠰ᠎ᠤᠨ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ᠎ᠲᠠᠢ ᠶᠠᠷᠢᠯᠴᠠᠭ᠎ᠠ ᠬᠢᠪᠡ᠃
      ᠸᠠᠩ ᠢ ᠳᠤᠮᠳᠠᠳᠦ ᠤᠯᠤᠰ ᠠ᠋ᠸᠦᠢ᠍ᠷᠤᠫᠠ ᠵᠢᠨ ᠬᠤᠯᠪᠤᠭ᠋ᠠᠨ᠎ᠤ ᠤᠯᠤᠰ᠎ᠤᠳ᠎ᠤᠨ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ᠎ᠲᠠᠢ ᠶᠠᠷᠢᠯᠴᠠᠭ᠎ᠠ ᠬᠢᠯ᠎ᠡ᠂ ᠠ᠋ᠢ᠌ᠮᠤ ᠶᠠᠷᠢᠯᠴᠠᠭ᠎ᠠ᠎ᠨᠢ ᠳᠤᠮᠳᠠᠳᠦ ᠠ᠋ᠸᠦᠢ᠍ᠷᠤᠫᠠ ᠬᠠᠷᠢᠯᠴᠠᠭ᠎ᠠ ᠪᠠᠢ᠌ᠭᠤᠯᠤᠭᠰᠠᠨ᠎ᠠᠴᠠ ᠨᠠᠰᠢ 44 ᠵᠢᠯ᠎ᠳᠤ ᠠᠩᠬ᠎ᠠ ᠤᠳᠠᠭ᠎ᠠ ᠪᠤᠯᠵᠦ ᠪᠠᠢ᠌ᠭ᠎ᠠ ᠶᠤᠮ᠂ ᠠ᠋ᠨᠡ᠎ᠨᠢ ᠬᠤᠶᠠᠷ ᠠ᠋ᠲᠡᠭᠡᠳ᠎ᠤᠨ ᠢᠲᠡᠭᠡᠯᠴᠡᠭᠡ ᠨᠡᠮᠡᠭᠳᠡᠭᠰᠡᠨ᠎ᠤ ᠪᠡᠯᠭᠡ ᠲᠡᠮᠳᠡᠭ ᠮᠦᠨ ᠪᠦᠭᠡᠳ ᠳᠤᠮᠳᠠᠳᠦ ᠠ᠋ᠸᠦᠢ᠍ᠷᠤᠫᠠ ᠪᠠᠢ᠌ᠯᠳᠤᠬᠤ ᠪᠤᠳᠤᠯᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠭᠰᠠᠨ᠎ᠢ ᠲᠡᠯᠡᠬᠡᠢ ᠳ᠋ᠠᠬᠢᠨ᠎ᠳᠤ ᠮᠡᠳᠡᠭᠦᠯᠬᠦ ᠲᠤᠬᠢᠶ᠎ᠠ ᠪᠤᠯᠤᠨ᠎ᠠ ᠭᠡᠪᠡ᠃
      ᠸᠠᠩ ᠢ ᠰᠢ ᠵᠢᠨ ᠫᠢᠩ ᠲᠡᠷᠢᠭᠦᠯᠡᠭᠴᠢ ᠤᠳᠠᠯ ᠦᠭᠡᠢ ᠠ᠋ᠸᠦᠢ᠍ᠷᠤᠫᠠ ᠲᠢᠪ᠎ᠤᠨ ᠭᠤᠷᠪᠠᠨ ᠤᠯᠤᠰ᠎ᠲᠤ ᠠᠢ᠌ᠯᠴᠢᠯᠠᠬᠤ ᠭᠡᠵᠦ ᠪᠤᠢ᠂ ᠠ᠋ᠨᠡ᠎ᠨᠢ ᠳᠤᠮᠳᠠᠳᠦ ᠤᠯᠤᠰ᠎ᠤᠨ᠎ᠬᠢᠨ ᠠ᠋ᠸᠦᠢ᠍ᠷᠤᠫᠠ ᠲᠢᠪ᠎ᠢ ᠶᠡᠬᠡᠳᠡ ᠴᠢᠬᠤᠯᠠᠴᠢᠯᠠᠨ ᠦᠵᠡᠵᠦ ᠪᠠᠢ᠌ᠬᠤ ᠵᠢ ᠭᠦᠢ᠍ᠴᠡᠳ ᠬᠠᠷᠠᠭᠤᠯᠵᠦ ᠪᠠᠢ᠌ᠨ᠎ᠠ᠃ ᠳᠤᠮᠳᠠᠳᠦ ᠠ᠋ᠸᠦᠢ᠍ᠷᠤᠫᠠ ᠵᠢᠨ ᠬᠠᠷᠢᠯᠴᠠᠭ᠋ᠠᠨ᠎ᠤ ᠲᠤᠭᠲᠠᠭᠤᠨ ᠴᠢᠨᠠᠷ᠂ ᠬᠠᠷᠢᠯᠴᠠᠨ ᠠᠰᠢᠭᠲᠠᠢ ᠴᠢᠨᠠᠷ᠂ ᠪᠠᠢ᠌ᠯᠳᠤᠬᠤ ᠪᠤᠳᠤᠯᠭ᠎ᠠ ᠵᠢᠨ ᠴᠢᠨᠠᠷ ᠲᠡᠭᠡᠭᠰᠢᠯᠡᠵᠦ ᠪᠠᠢ᠌ᠬᠤ᠂ ᠳᠤᠮᠳᠠᠳᠦ ᠠ᠋ᠸᠦᠢ᠍ᠷᠤᠫᠠ ᠵᠢᠨ ᠬᠤᠭᠤᠷᠤᠨᠳᠤᠬᠢ ᠬᠠᠮᠲᠦ ᠵᠢᠨ ᠠᠰᠢᠭ ᠲᠤᠰᠠ᠂ ᠬᠠᠮᠲᠦ ᠵᠢᠨ ᠵᠤᠬᠰᠤᠯᠲᠠ᠂ ᠬᠠᠮᠲᠦ ᠵᠢᠨ ᠬᠠᠷᠠᠯᠲᠠ ᠴᠤ᠌ ᠨᠡᠮᠡᠭᠳᠡᠵᠤ ᠪᠠᠢ᠌ᠬᠤ ᠵᠢ ᠪᠢᠳᠡ ᠤᠯᠵᠦ ᠦᠵᠡᠪᠡ᠃ ᠵᠠᠷᠢᠮ ᠪᠤᠳᠠᠲᠠᠢ ᠠᠰᠠᠭᠤᠳᠠᠯ᠎ᠤᠳ ᠲᠡᠭᠡᠷ᠎ᠡ ᠬᠤᠶᠠᠷ ᠲᠠᠯ᠎ᠠ ᠪᠠᠰᠠ ᠵᠦᠷᠢᠯᠳᠦᠭᠡᠨ᠎ᠲᠠᠢ ᠪᠠᠢ᠌ᠬᠤ ᠪᠤᠯᠪᠠᠴᠤ ᠬᠠᠮᠲᠤᠷᠠᠯᠴᠠᠭ᠎ᠠ᠎ᠨᠢ ᠢᠮᠠᠬᠳᠠ ᠭᠤᠤᠯ ᠤᠷᠤᠰᠬᠠᠯ ᠪᠤᠯᠤᠭᠰᠠᠭ᠋ᠠᠷ ᠢᠷᠡᠪᠡ᠃ ᠤᠳᠤᠬᠢ ᠲᠡᠯᠡᠬᠡᠢ ᠵᠢᠨ ᠬᠤᠪᠢᠷᠠᠯᠲᠠ ᠵᠢᠨ ᠠ᠋ᠮᠦᠨ᠎ᠡ᠂ ᠳᠤᠮᠳᠠᠳᠦ ᠠ᠋ᠸᠦᠢ᠍ᠷᠤᠫᠠ ᠪᠦᠬᠦ ᠲᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠲᠠᠨ᠎ᠤ ᠬᠠᠷᠢᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠦ᠂ ᠪᠠᠢ᠌ᠯᠳᠤᠬᠤ ᠪᠤᠳᠤᠯᠭ᠎ᠠ ᠵᠢᠨ ᠤᠢ᠌ᠯᠠᠭ᠋ᠠᠯᠴᠠᠭ᠎ᠠ ᠶᠠᠷᠢᠯᠴᠠᠭ᠎ᠠ᠎ᠪᠠᠨ ᠴᠢᠩᠭ᠋ᠠᠳᠬᠠᠵᠦ᠂ ᠬᠠᠮᠢᠶᠠᠷᠤᠯᠲᠠ ᠡᠵᠡᠮᠳᠡᠯ᠎ᠤᠨ ᠵᠦᠷᠢᠯᠳᠦᠭᠡᠨ ᠵᠢᠡᠨ ᠲᠤᠬᠢᠲᠠᠢ ᠰᠠᠢ᠌ᠨ ᠰᠢᠢ᠍ᠳᠪᠤᠷᠢᠯᠡᠵᠦ᠂ ᠪᠦᠯᠬᠦᠮᠳᠡᠯ ᠪᠠ ᠢᠲᠡᠭᠡᠯᠴᠡᠭᠡ᠎ᠪᠠᠨ ᠵᠤᠵᠠᠭ᠋ᠠᠳᠬᠠᠨ᠂ ᠬᠠᠷᠢᠯᠴᠠᠨ ᠠᠰᠢᠬᠲᠠᠢ ᠪᠠᠢ᠌ᠵᠦ ᠬᠠᠮᠲᠦᠪᠡᠷ ᠠᠰᠢᠭ ᠬᠦᠷᠲᠡᠬᠦ ᠶᠠᠪᠤᠳᠠᠯ᠎ᠢ ᠠᠬᠢᠭᠤᠯᠪᠠᠯ ᠵᠤᠬᠢᠨ᠎ᠠ᠂ ᠠ᠋ᠨᠡ ᠪᠤᠯ ᠳᠤᠮᠳᠠᠳᠦ ᠠ᠋ᠸᠦᠢ᠍ᠷᠤᠫᠠ ᠵᠢᠨ ᠬᠤᠶᠠᠷ ᠲᠠᠯ᠎ᠠ ᠵᠢᠨ ᠬᠠᠮᠲᠦ ᠵᠢᠨ ᠬᠠᠷᠢᠭᠤᠴᠠᠯᠭ᠎ᠠ ᠪᠠ ᠠ᠋ᠭᠦᠷᠭᠡᠯᠡᠯ ᠮᠦᠨ ᠭᠡᠵᠦ ᠵᠢᠭ᠋ᠠᠵᠦ ᠭᠠᠷᠭ᠋ᠠᠵᠠᠢ᠃
      ᠸᠠᠩ ᠢ ᠳᠤᠮᠳᠠᠳᠦ ᠤᠯᠤᠰ᠎ᠤᠨ᠎ᠬᠢᠨ ᠠ᠋ᠸᠦᠢ᠍ᠷᠤᠫᠠ ᠲᠢᠪ᠎ᠤᠨ ᠨᠢᠭᠡ ᠴᠤᠭᠴᠠ ᠪᠤᠯᠬᠤ ᠠᠬᠢᠴᠠ ᠵᠢ ᠠ᠋ᠷᠡᠰ ᠲᠡᠮᠵᠢᠵᠦ᠂ ᠠ᠋ᠸᠦᠢ᠍ᠷᠤᠫᠠ ᠵᠢᠨ ᠬᠤᠯᠪᠤᠭ᠋ᠠᠨ᠎ᠤ ᠪᠦᠯᠬᠦᠮᠳᠡᠯ ᠪᠠ ᠪᠤᠵᠠᠭ᠋ᠠᠢ᠌ᠷᠠᠯ᠎ᠢ ᠠ᠋ᠷᠡᠰ ᠲᠡᠮᠵᠢᠵᠦ᠂ ᠠ᠋ᠸᠦᠢ᠍ᠷᠤᠫᠠ ᠲᠢᠪ᠎ᠤᠨ ᠤᠯᠠᠨ ᠤᠯᠤᠰ᠎ᠤᠨ ᠬᠡᠷᠡᠭ ᠶᠠᠪᠤᠳᠠᠯ ᠲᠤᠮᠳᠠ ᠴᠢᠬᠤᠯᠠ ᠦᠢ᠍ᠯᠡᠳᠦᠯ ᠭᠠᠷᠭ᠋ᠠᠬᠤ ᠵᠢ ᠠ᠋ᠷᠡᠰ ᠲᠡᠮᠵᠢᠨ᠎ᠡ᠃ ᠠ᠋ᠨᠡ 《ᠭᠤᠷᠪᠠᠨ ᠲᠡᠮᠵᠢᠬᠦ》᠎ᠨᠢ ᠲᠡᠯᠡᠬᠡᠢ ᠵᠢᠨ ᠪᠠᠢ᠌ᠳᠠᠯ᠎ᠤᠨ ᠤᠯᠠᠷᠢᠯ ᠬᠤᠪᠢᠰᠤᠯ᠎ᠤᠨ ᠲᠤᠬᠠᠢ ᠳᠤᠮᠳᠠᠳᠦ ᠤᠯᠤᠰ᠎ᠤᠨ᠎ᠬᠢᠨ᠎ᠤ ᠪᠠᠢ᠌ᠯᠳᠤᠬᠤ ᠪᠤᠳᠤᠯᠭ᠎ᠠ ᠵᠢᠨ ᠡᠵᠡᠮᠰᠢᠯ ᠪᠠ ᠠᠯᠤᠰ᠎ᠤᠨ ᠪᠤᠳᠤᠯᠬᠢᠯᠠᠯ᠎ᠳᠤ ᠰᠠᠭᠤᠷᠢᠯᠠᠭᠰᠠᠨ ᠶᠤᠮ᠂ ᠡᠪᠯᠡᠭᠦᠯᠵᠦ ᠲᠡᠪᠯᠡᠭᠦᠯᠬᠦ ᠠᠷᠭ᠎ᠠ ᠪᠢᠰᠢ᠂ ᠭᠤᠷᠪᠠᠳᠠᠬᠢ ᠠ᠋ᠲᠡᠭᠡᠳ᠎ᠲᠤ ᠬᠠᠨᠳᠤᠭᠤᠯᠤᠭᠰᠠᠨ ᠪᠢᠰᠢ᠂ ᠳᠤᠮᠳᠠᠳᠦ ᠠ᠋ᠸᠦᠢ᠍ᠷᠤᠫᠠ ᠵᠢᠨ ᠶᠠᠪᠤᠯᠴᠠᠭ᠋ᠠᠨ᠎ᠤ ᠲᠦᠷ ᠴᠠᠭ᠎ᠤᠨ ᠪᠠᠭ᠎ᠠ ᠶᠠᠪᠤᠳᠠᠯ᠎ᠳᠤ ᠨᠦᠯᠦᠭᠡᠯᠡᠭᠳᠡᠬᠦ ᠦᠭᠡᠢ᠃ ᠲᠡᠯᠡᠬᠡᠢ ᠳ᠋ᠠᠬᠢᠨ᠎ᠤ ᠤᠯᠠᠨ ᠲᠤᠢ᠌ᠯᠵᠢᠬᠤ ᠵᠢ ᠪᠢᠳᠠ ᠤᠯᠵᠦ ᠦᠵᠡᠬᠦ ᠳᠤᠷᠠᠲᠠᠢ᠂ ᠤᠯᠠᠨ ᠤᠯᠤᠰ᠎ᠤᠨ ᠬᠠᠷᠢᠯᠴᠠᠭ᠎ᠠ ᠠᠷᠠᠳᠴᠢᠯᠠᠯ᠎ᠲᠠᠢ ᠪᠤᠯᠬᠤ ᠵᠢ ᠪᠢᠳᠡ ᠬᠦᠰᠡᠵᠦ ᠪᠠᠢ᠌ᠨ᠎ᠠ᠂ ᠡᠯ᠎ᠡ ᠤᠯᠤᠰ ᠤᠯᠠᠮ ᠲᠦᠭᠡᠮᠡᠯ ᠬᠠᠷᠠᠭ᠋ᠠᠯᠵᠠᠯ᠎ᠲᠠᠢ᠂ ᠪᠠᠭᠲᠠᠭ᠋ᠠᠮᠵᠢᠲᠠᠢ᠂ ᠬᠠᠮᠲᠦᠪᠨᠷ ᠠᠰᠢᠭ ᠬᠦᠷᠲᠡᠬᠦ ᠳᠡᠯᠡᠬᠡᠢ᠌ᠵᠢᠯᠲᠡ ᠵᠢ ᠭᠠᠷ ᠬᠤᠯᠪᠤᠨ ᠠᠬᠢᠭᠤᠯᠬᠤ ᠵᠢ ᠪᠢᠳᠡ ᠬᠦᠰᠡᠵᠦ ᠪᠠᠢ᠌ᠨ᠎ᠠ ᠭᠡᠵᠦ ᠴᠢᠬᠤᠯᠠᠴᠢᠯᠠᠵᠠᠢ᠃
      ᠶᠠᠷᠢᠯᠴᠠᠭ᠋ᠠᠨ᠎ᠳᠤ᠂ ᠸᠠᠩ ᠢ 《ᠨᠢᠭᠡ ᠪᠦᠰᠡ ᠨᠢᠭᠡ ᠵᠠᠮ》᠎ᠢ ᠬᠠᠮᠲᠦᠪᠡᠷ ᠪᠠᠢ᠌ᠭᠤᠯᠬᠤ᠂ ᠳᠤᠮᠳᠠᠳᠦ ᠤᠯᠤᠰ — ᠲᠤᠮᠳᠠᠳᠦ ᠲᠤᠷᠤᠨᠠᠲᠦ ᠠ᠋ᠸᠦᠢ᠍ᠷᠤᠫᠠ ᠵᠢᠨ ᠤᠯᠤᠰ᠎ᠤᠳ᠎ᠤᠨ ᠬᠠᠮᠲᠤᠷᠠᠯᠴᠠᠭ᠎ᠠ (16 +1 ᠵᠢᠨ ᠬᠠᠮᠲᠤᠷᠠᠯᠴᠠᠭ᠎ᠠ)᠂ ᠳᠤᠮᠳᠠᠳᠦ ᠤᠯᠤᠰ᠎ᠤᠨ ᠬᠦᠭᠵᠢᠯᠲᠡ ᠵᠢᠨ ᠢᠷᠡᠭᠡᠳᠦᠢ ᠪᠤᠯᠤᠨ ᠬᠦᠮᠦᠨ᠎ᠤ ᠠ᠋ᠷᠬᠡ ᠵᠢ ᠬᠠᠮᠠᠭ᠋ᠠᠯᠠᠬᠤ ᠦᠢ᠍ᠯᠡᠰ ᠵᠢᠴᠢ ᠸᠸᠨ᠋ᠸᠽᠦᠢ᠍ᠸᠯᠠ᠂ ᠠᠹᠭ᠋ᠠᠨᠢᠰᠲ᠋ᠠᠨ᠎ᠤ ᠠᠰᠠᠭᠤᠳᠠᠯ ᠵᠡᠷᠭᠡ ᠵᠢᠨ ᠲᠤᠬᠠᠢ ᠠ᠋ᠸᠦᠢ᠍ᠷᠤᠫᠠ ᠵᠢᠨ ᠬᠤᠯᠪᠤᠭ᠋ᠠᠨ᠎ᠤ ᠡᠯ᠎ᠡ ᠤᠯᠤᠰ᠎ᠤᠨ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ ᠨᠠᠷ᠎ᠲᠤ ᠬᠠᠮᠤᠭ᠎ᠤᠨ ᠰᠢᠨ᠎ᠡ ᠪᠠᠢ᠌ᠳᠠᠯ ᠪᠤᠯᠤᠨ ᠳᠤᠮᠳᠠᠳᠦ ᠤᠯᠤᠰ᠎ᠤᠨ ᠵᠤᠬᠰᠤᠯᠲᠠ᠎ᠪᠠᠨ ᠲᠠᠨᠢᠯᠴᠠᠭᠤᠯᠪᠠ᠃ ᠡᠯ᠎ᠡ ᠤᠯᠤᠰ᠎ᠤᠨ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ ᠨᠠᠷ ᠬᠦᠭᠵᠢᠶᠡᠨ᠎ᠲᠠᠢ ᠶᠠᠷᠢᠵᠠᠭ᠋ᠠᠨ᠂ ᠬᠤᠶᠠᠷ ᠠ᠋ᠲᠡᠭᠡᠳ ᠵᠶ᠋ᠠᠷ ᠵᠶ᠋ᠠᠨ ᠢᠲᠡᠪᠬᠢᠲᠠᠢ᠎ᠪᠠᠷ ᠲᠠᠨᠢᠯᠲᠠ᠎ᠪᠠᠨ ᠢᠯᠡᠳᠬᠡᠵᠤ᠂ ᠤᠢ᠌ᠯᠠᠭ᠋ᠠᠯᠴᠠᠭ᠎ᠠ᠎ᠪᠠᠨ ᠨᠡᠮᠡᠭᠳᠡᠭᠦᠯᠵᠠᠢ᠃
      ᠠ᠋ᠸᠦᠢ᠍ᠷᠤᠫᠠ ᠵᠢᠨ ᠬᠤᠯᠪᠤᠭ᠋ᠠᠨ᠎ᠤ ᠪᠦᠷᠢᠯᠳᠦᠭᠦᠨ ᠤᠯᠤᠰ᠎ᠤᠳ᠎ᠤᠨ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ ᠨᠠᠷ᠎ᠤᠨ ᠶᠠᠷᠢᠯᠴᠠᠭ᠎ᠠ᠎ᠨᠢ ᠲᠤᠩ ᠶᠡᠬᠡ ᠪᠥᠲᠦᠭᠡᠯᠴᠢ ᠴᠢᠨᠠᠷ᠎ᠲᠠᠢ ᠪᠠ ᠦᠷ᠎ᠡ ᠪᠦᠲᠦᠮᠵᠢ᠎ᠲᠠᠢ ᠪᠤᠯᠪᠠ ᠭᠡᠵᠦ ᠢᠲᠡᠪᠬᠢᠲᠠᠢ᠎ᠪᠠᠷ ᠦᠨᠡᠯᠡᠵᠦ᠂ ᠠ᠋ᠸᠦᠢ᠍ᠷᠤᠫᠠ ᠳᠤᠮᠳᠠᠳᠦ ᠵᠢᠨ 《ᠠᠷᠪᠠᠨ ᠶᠡᠬᠡ ᠬᠠᠮᠲᠦ ᠵᠢᠨ ᠲᠠᠨᠢᠯᠲᠠ》 ᠵᠢ ᠭᠦᠢ᠍ᠴᠡᠳ ᠨᠤᠲᠠᠯᠠᠵᠦ᠂ ᠠ᠋ᠸᠦᠢ᠍ᠷᠤᠫᠠ ᠳᠤᠮᠳᠠᠳᠦ ᠵᠢᠨ ᠪᠦᠬᠦ ᠲᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠲᠠᠨ᠎ᠤ ᠬᠠᠷᠢᠯᠴᠠᠭ᠋ᠠᠨ᠎ᠤ ᠴᠢᠬᠤᠯᠠ ᠴᠢᠨᠠᠷ᠎ᠢ ᠨᠣᠲᠠᠯᠠᠨ᠂ ᠳᠤᠮᠳᠠᠳᠦ ᠤᠯᠤᠰ᠎ᠤᠨ ᠲᠦᠷᠭᠡᠨ ᠬᠦᠭᠵᠢᠯᠲᠡ ᠪᠤᠯᠤᠨ ᠦᠭᠡᠷᠡᠴᠢᠯᠡᠯᠲᠡ ᠵᠢᠨ ᠠᠬᠢᠴᠠ᠎ᠳᠤ ᠠᠩᠬᠠᠷᠤᠯ ᠵᠢᠡᠨ ᠲᠠᠯᠪᠢᠵᠦ᠂ ᠲᠤᠷᠠᠲᠠᠶ᠎ᠠ ᠳᠤᠮᠳᠠᠳᠦ ᠤᠯᠤᠰ᠎ᠤᠨ᠎ᠬᠢᠨ᠎ᠲᠠᠢ ᠪᠠᠢ᠌ᠯᠳᠤᠬᠤ ᠪᠤᠳᠤᠯᠭ᠎ᠠ ᠵᠢᠨ ᠵᠤᠬᠢᠴᠠᠭᠤᠯᠭ᠎ᠠ᠎ᠪᠠᠨ ᠴᠢᠩᠭ᠋ᠠᠳᠬᠠᠵᠦ᠂ ᠪᠦᠬᠦ ᠪᠦᠮᠪᠦᠷᠴᠡᠭ᠎ᠤᠨ ᠴᠢᠨᠠᠷᠲᠠᠢ ᠥᠷᠢᠰᠦᠯᠳᠦᠭᠡᠨ ᠲᠡᠮᠡᠴᠡᠭᠡᠨ᠎ᠢ ᠬᠠᠮᠲᠦᠪᠡᠷ ᠠᠷᠭ᠋ᠠᠴᠠᠭ᠋ᠠᠵᠦ᠂ ᠤᠯᠠᠨ ᠲᠠᠯᠠᠲᠦ ᠦᠵᠡᠯ᠎ᠤᠨ ᠠᠬᠢᠴᠠ ᠵᠢ ᠬᠠᠮᠠᠭ᠋ᠠᠯᠠᠵᠦ᠂ ᠲᠡᠯᠡᠬᠡᠢ ᠵᠢᠨ ᠲᠤᠭᠲᠠᠭᠤᠨ ᠪᠠᠢ᠌ᠳᠠᠯ ᠪᠤᠯᠤᠨ ᠬᠦᠭᠵᠢᠯ ᠪᠠᠳᠠᠷᠠᠯ᠎ᠢ ᠠᠬᠢᠭᠤᠯᠤᠨ᠎ᠠ ᠭᠡᠵᠦ ᠢᠯᠡᠳᠭᠡᠵᠠᠢ᠃


ᠢᠷᠡᠯᠲᠡ᠄
          
ᠬᠠᠮᠢᠶ᠎ᠡ ᠪᠦᠬᠦᠢ ᠰᠣᠨᠢᠨ
ᠠ᠋ᠸᠦᠢ᠍ᠷᠤᠫᠠ ᠵᠢᠨ ᠬᠤᠯᠪᠤᠭ᠋ᠠᠨ᠎ᠤ ᠵᠦᠪᠯᠡᠯ᠎ᠤᠨ ᠲᠡᠷᠢᠭᠦᠯᠡᠭᠴᠢ ᠷᠦᠩᠺᠸ ᠸᠠᠩ ᠢ᠎ᠲᠠᠢ ᠠᠭᠤᠯᠵᠠᠪᠠ
ᠬᠠᠨ ᠵᠸᠩ ᠤᠷᠤᠨ ᠰᠠᠭᠤᠴᠠ ᠪᠤᠯᠤᠨ ᠬᠤᠲᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠳᠤ ᠬᠦᠷᠴᠤ ᠪᠠᠢ᠌ᠴᠠᠭ᠋ᠠᠨ ᠰᠤᠳᠤᠯᠤᠯᠲᠠ ᠬᠢᠭᠰᠡᠨ ᠪᠦᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠲᠦᠩᠯᠢᠶᠣᠣ ᠬᠣᠲᠡ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ 2019 ᠣᠨ᠎ᠤ ᠠᠵᠢᠯ᠎ᠤᠨ ᠠ᠋ᠭᠦᠷᠭᠡ᠎ᠪᠠᠨ ᠬᠠᠮᠲᠤᠪᠡᠷ ᠰᠤᠳᠤᠯᠤᠨ ᠰᠦᠪᠡᠭᠴᠢᠯᠡᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠲᠢᠩᠬᠢᠮ᠎ᠤᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ ᠦᠢ᠍ᠯᠡᠴᠢᠯᠡᠭᠡᠨ᠎ᠤ ᠲᠦᠷᠣᠯ ᠵᠦᠢ᠍ᠯ᠎ᠨᠢ ᠦᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠠᠰᠠᠭ᠎ᠤᠨ ᠤᠷᠳᠤᠨ᠎ᠤ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠦᠷᠣᠯ ᠵᠦᠢ᠍ᠯ ᠪᠣᠯᠪᠠ
ᠮᠠᠨ᠎ᠤ ᠣᠷᠣᠨ ᠰᠠᠭᠤᠭ᠋ᠠᠯᠢ ᠠᠷᠠᠳ᠎ᠤᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠤᠨ ᠬᠠᠷᠭᠤᠭᠤᠯᠤᠯᠲᠠ᠎ᠪᠠᠷ ᠵᠶ᠋ᠠᠨ ᠶᠠᠳᠠᠭᠤ ᠵᠢ ᠣᠨᠣᠴᠠᠲᠠᠢ ᠳᠡᠳᠬᠦᠬᠦ ᠠᠵᠢᠯ ᠵᠶ᠋ᠠᠨ ᠬᠦᠴᠤᠯᠡᠨ ᠠᠬᠢᠭᠤᠯᠵᠤ ᠪᠠᠢ᠌ᠨ᠎ᠠ
 
            