ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠸᠠᠩ ᠢ ᠠᠩᠭ᠍ᠯᠢ ᠤᠯᠤᠰ᠎ᠤᠨ ᠬᠠᠳᠠᠭ᠋ᠠᠳᠤ ᠶᠠᠪᠤᠳᠠᠯ᠎ᠤᠨ ᠰᠠᠢ᠌ᠳ ᠬᠠᠨᠲ᠎ᠲᠠᠢ ᠠᠭᠤᠯᠵᠠᠪᠠ
ᠨᠡᠶᠢᠲᠡᠯᠡᠭᠰᠡᠨ ᠴᠠᠭ᠄ 2019-03-21


     3 ᠳ᠋ᠤᠭ᠋ᠠᠷ ᠰᠠᠷ᠎ᠠ ᠵᠢᠨ 18᠎ᠤ ᠠ᠋ᠳᠤᠷ᠂ ᠲᠦᠷᠤ ᠵᠢᠨ ᠶᠠᠪᠤᠳᠠᠯ᠎ᠤᠨ ᠬᠣᠷᠢᠶᠠᠨ᠎ᠤ ᠭᠡᠰᠢᠭᠦᠨ ᠪᠦᠭᠡᠳ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠪᠷᠤᠢ᠍ᠰᠸᠯ᠎ᠳᠤ ᠠᠩᠭ᠍ᠯᠢ ᠤᠯᠤᠰ᠎ᠤᠨ ᠭᠠᠳᠠᠭ᠋ᠠᠳᠤ ᠶᠠᠪᠤᠳᠠᠯ᠎ᠤᠨ ᠰᠠᠢ᠌ᠳ ᠬᠠᠨᠲ᠎ᠲᠠᠢ ᠤᠬᠤᠷᠬᠠᠨ ᠴᠠᠭ᠎ᠤᠨ ᠠᠭᠤᠯᠵᠠᠯᠲᠠ ᠬᠢᠪᠡ᠃
      ᠸᠠᠩ ᠢ᠂ ᠠᠩᠭ᠍ᠯᠢ ᠤᠯᠤᠰ᠎ᠤᠨ ᠵᠠᠰᠠᠭ᠎ᠤᠨ ᠭᠠᠵᠠᠷ᠎ᠤᠨ ᠲᠦᠷᠤᠭᠦᠴᠤᠳ ᠠᠩᠭ᠍ᠯᠢ ᠤᠯᠤᠰ ᠦᠷᠭᠦᠯᠵᠢᠯᠡᠨ ᠬᠣᠶᠠᠷ ᠤᠯᠤᠰ᠎ᠤᠨ ᠬᠠᠷᠢᠯᠴᠠᠭ᠋ᠠᠨ᠎ᠤ 〈〈ᠰᠢᠵᠢᠷ ᠠᠯᠲᠠᠨ ᠴᠠᠭ ᠦᠶ᠎ᠡ〉〉 ᠵᠢ ᠴᠢᠷᠮᠠᠢ᠌ᠨ ᠠᠬᠢᠭᠤᠯᠤᠨ᠎ᠠ ᠭᠡᠵᠤ ᠣᠷᠴᠢᠮᠬᠠᠨ ᠣᠯᠠᠨ ᠤᠳᠠᠭ᠎ᠠ ᠢᠯᠡᠷᠬᠡᠢ᠌ᠯᠡᠭᠰᠡᠨ ᠪᠢᠯᠡ᠃ ᠠᠩᠭ᠍ᠯᠢ ᠵᠢᠨ᠎ᠬᠢᠨ ᠠ᠋ᠨᠡᠬᠦ ᠢᠳᠡᠪᠬᠢᠲᠠᠢ ᠣᠪᠣᠷ ᠵᠶ᠋ᠠᠨ ᠦᠨᠡᠨᠬᠦ ᠪᠣᠳᠠᠲᠠᠢ᠌ᠵᠢᠭᠤᠯᠤᠨ᠂ ᠬᠣᠶᠠᠷ ᠤᠯᠤᠰ᠎ᠤᠨ ᠬᠠᠷᠢᠯᠴᠠᠭ᠋ᠠᠨ᠎ᠤ ᠠ᠋ᠷᠡᠭᠦᠯ ᠬᠦᠭᠵᠢᠯᠲᠡ ᠵᠢ ᠨᠦᠯᠤᠭᠡᠯᠡᠬᠦ ᠠᠰᠠᠭᠤᠳᠠᠯ᠎ᠢ ᠵᠣᠬᠢᠰᠲᠠᠢ ᠰᠢᠢ᠍ᠳᠪᠤᠷᠢᠯᠡᠵᠤ᠂ ᠬᠠᠷᠢᠯᠴᠠᠨ ᠦᠢ᠍ᠯᠠᠭ᠋ᠠᠯᠴᠠᠬᠤ ᠪᠠ ᠢᠲᠡᠭᠡᠯᠴᠡᠬᠦ᠎ᠪᠠᠨ ᠵᠤᠵᠠᠭ᠋ᠠᠳᠬᠠᠬᠤ ᠵᠢ ᠭᠦᠰᠡᠵᠤ ᠪᠠᠢ᠌ᠨ᠎ᠠ᠃
      ᠬᠠᠨᠲ᠂ ᠠᠩᠭ᠍ᠯᠢ ᠵᠢᠨ᠎ᠬᠢᠨ ᠳᠤᠮᠳᠠᠳᠤ ᠤᠯᠤᠰ᠎ᠤᠨ ᠬᠦᠭᠵᠢᠯᠲᠡ ᠵᠢ ᠵᠦᠪ ᠦᠢ᠍ᠯᠠᠭ᠋ᠠᠨ᠂ ᠳᠤᠮᠳᠠᠳᠤ ᠤᠯᠤᠰ᠎ᠤᠨ᠎ᠬᠢᠨ᠎ᠤ ᠳᠡᠯᠡᠬᠡᠢ ᠵᠢᠨ ᠤᠴᠢᠷ ᠶᠠᠪᠤᠳᠠᠯ᠎ᠳᠤ ᠨᠡᠩ ᠶᠡᠬᠡ ᠦᠢ᠍ᠯᠡᠳᠤᠯ ᠦᠵᠡᠭᠦᠯᠬᠦ ᠵᠢ ᠳᠤᠷᠠᠲᠠᠢ ᠬᠦᠯᠢᠶᠡᠨ᠎ᠡ᠃ ᠠᠩᠭ᠍ᠯᠢ ᠤᠯᠤᠰ ᠳᠤᠷᠠᠲᠠᠶ᠎ᠠ ᠳᠤᠮᠳᠠᠳᠤ ᠤᠯᠤᠰ᠎ᠤᠨ᠎ᠬᠢᠨ᠎ᠲᠠᠢ ᠬᠠᠮᠲᠤᠪᠡᠷ ᠴᠢᠷᠮᠠᠢ᠌ᠨ᠂ 〈〈ᠰᠢᠵᠢᠷ ᠠᠯᠲᠠᠨ ᠴᠠᠭ ᠦᠶ᠎ᠡ〉〉 ᠵᠢᠨ ᠬᠠᠨᠢᠲᠠᠨ᠎ᠤ ᠬᠠᠷᠢᠯᠴᠠᠭ᠎ᠠ᠎ᠪᠠᠨ ᠭᠦᠨᠵᠡᠭᠡᠢ᠌ᠷᠡᠭᠦᠯᠤᠨ᠎ᠡ᠃ ᠵᠠᠷᠢᠮ ᠪᠣᠳᠠᠲᠠᠢ ᠵᠦᠷᠢᠯᠳᠤᠭᠡᠨ ᠬᠣᠶᠠᠷ ᠤᠯᠤᠰ᠎ᠤᠨ ᠬᠠᠷᠢᠯᠴᠠᠭ᠋ᠠᠨ᠎ᠤ ᠪᠦᠬᠦᠯᠢ ᠴᠣᠭᠴᠠ ᠵᠢ ᠬᠠᠷᠰᠢᠯᠠᠵᠤ ᠴᠢᠳᠠᠬᠤ ᠦᠭᠡᠢ ᠶᠤᠮ ᠭᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠡᠷᠢᠭᠦᠯᠡᠭᠴᠢ ᠤᠳᠠᠯ ᠦᠭᠡᠢ ᠠ᠋ᠸᠦᠢ᠍ᠷᠤᠫᠠ ᠲᠢᠪ᠎ᠲᠤ ᠠᠢ᠌ᠯᠴᠢᠯᠠᠬᠤ ᠲᠤᠬᠠᠢ ᠸᠠᠩ ᠢ ᠶᠠᠷᠢᠬᠰᠠᠨ᠎ᠨᠢ
ᠳᠤᠮᠳᠠᠳᠦ ᠠ᠋ᠸᠦᠢ᠍ᠷᠤᠫᠠ ᠵᠢᠨ᠎ᠬᠢᠨ ᠶᠢᠰᠦᠳᠦᠭᠡᠷ ᠠ᠋ᠭᠡᠯᠵᠢ ᠵᠢᠨ ᠳᠠᠭᠡᠳᠤ ᠲᠡᠰ᠎ᠤᠨ ᠪᠠᠢ᠌ᠯᠳᠤᠬᠤ ᠪᠤᠳᠤᠯᠭ᠎ᠠ ᠵᠢᠨ ᠶᠠᠷᠢᠯᠴᠠᠭ᠎ᠠ ᠬᠢᠪᠡ
ᠳᠤᠮᠳᠠᠳᠦ ᠤᠯᠤᠰ ᠠ᠋ᠸᠦᠢ᠍ᠷᠤᠫᠠ ᠵᠢᠨ ᠬᠤᠯᠪᠤᠭ᠋ᠠᠨ᠎ᠤ ᠪᠦᠷᠢᠯᠳᠦᠬᠦᠨ ᠤᠯᠤᠰ᠎ᠤᠳ᠎ᠲᠠᠢ ᠠᠩᠬ᠎ᠠ ᠤᠳᠠᠭ᠎ᠠ ᠭᠠᠳᠠᠭ᠋ᠠᠳᠦ ᠶᠠᠪᠤᠳᠠᠯ᠎ᠤᠨ ᠶᠠᠮᠤᠨ᠎ᠤ ᠶᠠᠷᠢᠯᠴᠠᠭ᠎ᠠ ᠬᠢᠪᠠ
ᠠ᠋ᠸᠦᠢ᠍ᠷᠤᠫᠠ ᠵᠢᠨ ᠬᠤᠯᠪᠤᠭ᠋ᠠᠨ᠎ᠤ ᠵᠦᠪᠯᠡᠯ᠎ᠤᠨ ᠲᠡᠷᠢᠭᠦᠯᠡᠭᠴᠢ ᠷᠦᠩᠺᠸ ᠸᠠᠩ ᠢ᠎ᠲᠠᠢ ᠠᠭᠤᠯᠵᠠᠪᠠ
ᠬᠠᠨ ᠵᠸᠩ ᠤᠷᠤᠨ ᠰᠠᠭᠤᠴᠠ ᠪᠤᠯᠤᠨ ᠬᠤᠲᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠳᠤ ᠬᠦᠷᠴᠤ ᠪᠠᠢ᠌ᠴᠠᠭ᠋ᠠᠨ ᠰᠤᠳᠤᠯᠤᠯᠲᠠ ᠬᠢᠭᠰᠡᠨ ᠪᠦᠭᠡᠳ ᠶᠠᠷᠢᠯᠴᠠᠬᠤ ᠬᠤᠷᠠᠯ ᠬᠤᠷᠠᠯᠳᠤᠭᠤᠯᠪᠠ
 
            