ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠠᠨ ᠵᠸᠩ ᠤᠷᠤᠨ ᠰᠠᠭᠤᠴᠠ ᠪᠤᠯᠤᠨ ᠬᠤᠲᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠳᠤ ᠬᠦᠷᠴᠤ ᠪᠠᠢ᠌ᠴᠠᠭ᠋ᠠᠨ ᠰᠤᠳᠤᠯᠤᠯᠲᠠ ᠬᠢᠭᠰᠡᠨ ᠪᠦᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2019-03-21

           
     3 ᠳ᠋ᠤᠭ᠋ᠠᠷ ᠰᠠᠷ᠎ᠠ ᠵᠢᠨ 18᠎ᠤ ᠠ᠋ᠳᠦᠷ᠂ ᠨᠠᠮ᠎ᠤᠨ ᠲᠦᠪ ᠬᠤᠷᠢᠶᠠᠨ᠎ᠤ ᠤᠯᠤᠰ ᠲᠦᠷᠦ ᠵᠢᠨ ᠲᠤᠪᠴᠢᠶᠠᠨ᠎ᠤ ᠪᠠᠢ᠌ᠩᠭᠤ ᠵᠢᠨ ᠬᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠬᠡᠢ ᠰᠠᠢ᠌ᠳ ᠬᠠᠨ ᠵᠸᠩ ᠤᠷᠤᠨ ᠰᠠᠭᠤᠴᠠ ᠪᠤᠯᠤᠨ ᠬᠤᠲᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠳᠤ ᠬᠦᠷᠴᠤ ᠪᠠᠢ᠌ᠴᠠᠭ᠋ᠠᠨ ᠰᠤᠳᠤᠯᠤᠯᠲᠠ ᠬᠢᠪᠡ᠃ ᠬᠠᠨ ᠵᠸᠩ ᠪᠦᠬᠦ ᠤᠯᠤᠰ᠎ᠤᠨ ᠭᠡᠷ ᠪᠠᠢ᠌ᠰᠢᠩ ᠭᠠᠵᠠᠷ ᠬᠦᠷᠦᠩᠭᠡ ᠵᠢᠨ ᠵᠠᠬ᠎ᠠ ᠲᠡᠯᠭᠡᠭᠦᠷ᠎ᠤᠨ ᠬᠢᠨᠠᠨ ᠬᠡᠮᠵᠢᠬᠦ ᠰᠢᠰᠲᠸᠮ ᠪᠤᠯᠤᠨ ᠤᠯᠤᠰ᠎ᠤᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ᠎ᠢ ᠬᠢᠨᠠᠨ ᠵᠦᠪᠰᠢᠶᠡᠷᠡᠬᠦ ᠠᠵᠢᠯ᠎ᠤᠨ ᠬᠠᠮᠢᠶᠠᠷᠤᠯᠲᠠ ᠵᠢᠨ ᠰᠢᠰᠲᠸᠮ᠎ᠤᠨ ᠪᠦᠲᠦᠭᠡᠨ ᠪᠠᠢ᠌ᠭᠤᠯᠤᠯᠲᠠ ᠵᠢᠨ ᠶᠠᠪᠤᠭᠳᠠᠵᠦ ᠪᠠᠢ᠌ᠬᠤ ᠪᠠᠢ᠌ᠳᠠᠯ᠎ᠢ ᠪᠠᠢ᠌ᠴᠠᠭ᠋ᠠᠨ ᠦᠵᠡᠵᠦ᠂ ᠵᠠᠯᠭ᠋ᠠᠭ᠋ᠠᠳ ᠶᠠᠷᠢᠯᠴᠠᠬᠤ ᠬᠤᠷᠠᠯ ᠬᠤᠷᠠᠯᠳᠤᠭᠤᠯᠤᠨ᠂ ᠭᠡᠷ ᠪᠠᠢ᠌ᠰᠢᠩ ᠭᠠᠵᠠᠷ ᠬᠦᠷᠦᠩᠭᠡ ᠵᠢᠨ ᠵᠠᠬ᠎ᠠ ᠲᠡᠯᠭᠡᠭᠦᠷ᠎ᠢ ᠠ᠋ᠷᠡᠭᠦᠯ ᠲᠤᠭᠲᠠᠭᠤᠨ ᠵᠢᠡᠷ ᠬᠦᠭᠵᠢᠭᠦᠯᠬᠦ ᠤᠷᠲᠦ ᠬᠤᠭᠤᠴᠠᠭ᠋ᠠᠨ᠎ᠤ ᠪᠦᠲᠦᠮᠵᠢᠲᠠᠢ ᠲᠤᠭᠲᠠᠴᠠ ᠵᠢᠨ ᠠᠵᠢᠯ᠎ᠢ ᠦᠷᠨᠢᠭᠦᠯᠦᠭᠰᠡᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠤᠨᠤᠰᠤᠭᠰᠠᠨ ᠪᠦᠭᠡᠳ ᠶᠠᠷᠢᠶ᠎ᠠ ᠲᠠᠯᠪᠢᠵᠠᠢ᠃
      ᠬᠠᠨ ᠵᠸᠩ ᠶᠡᠷᠦᠩᠬᠡᠢ ᠱᠦᠵᠢ ᠰᠢ ᠵᠢᠨ ᠫᠢᠩ᠎ᠤᠨ 《ᠭᠡᠷ᠎ᠢ ᠪᠤᠯ ᠰᠠᠭᠤᠬᠤ᠎ᠳᠤ ᠬᠡᠷᠡᠭᠯᠡᠳᠡᠭ᠂ ᠰᠠᠷᠢᠭ᠋ᠠᠯᠠᠬᠤ᠎ᠳᠤ ᠬᠡᠷᠡᠭᠯᠡᠳᠡᠭ ᠪᠢᠰᠢ》 ᠭᠡᠰᠡᠨ ᠪᠠᠢ᠌ᠷᠢ ᠲᠤᠭᠲᠠᠭ᠋ᠠᠯᠲᠠ ᠵᠢᠨ ᠱᠠᠭ᠋ᠠᠷᠳᠠᠯᠭ᠎ᠠ ᠵᠢ ᠢᠮᠠᠬᠲᠠ ᠪᠠᠷᠢᠮᠲᠠᠯᠠᠨ᠂ ᠦᠨᠳᠦᠰᠦᠨ ᠵᠢᠯᠤᠭᠤᠳᠬᠤ ᠦᠵᠡᠯ ᠰᠠᠨᠠᠭ᠎ᠠ ᠪᠤᠯᠭ᠋ᠠᠵᠦ᠂ ᠭᠡᠷ ᠪᠠᠢ᠌ᠰᠢᠩ ᠭᠠᠵᠠᠷ ᠬᠦᠷᠦᠩᠭᠡ ᠵᠢᠨ ᠵᠠᠬ᠎ᠠ ᠲᠡᠯᠭᠡᠭᠦᠷ᠎ᠢ ᠠ᠋ᠷᠡᠭᠦᠯ ᠲᠤᠭᠲᠠᠭᠤᠨ ᠵᠢᠡᠷ ᠬᠦᠭᠵᠢᠭᠦᠯᠬᠦ ᠪᠦᠬᠦ ᠶᠠᠪᠤᠴᠠ᠎ᠳᠤ ᠲᠤᠤᠱᠯᠠᠭᠤᠯᠬᠤ ᠬᠡᠷᠡᠭᠲᠠᠢ᠃ ᠭᠡᠷ ᠪᠠᠢ᠌ᠰᠢᠩ ᠭᠠᠵᠠᠷ ᠬᠦᠷᠦᠩᠭᠡ ᠵᠢᠨ ᠵᠠᠬ᠎ᠠ ᠲᠡᠯᠭᠡᠭᠦᠷ᠎ᠢ ᠠ᠋ᠷᠡᠭᠦᠯ ᠲᠤᠭᠲᠠᠭᠤᠨ ᠵᠢᠡᠷ ᠬᠦᠭᠵᠢᠭᠦᠯᠬᠦ ᠤᠷᠲᠦ ᠬᠤᠭᠤᠴᠠᠭ᠋ᠠᠨ᠎ᠤ ᠪᠦᠲᠦᠮᠵᠢᠲᠠᠢ ᠲᠤᠭᠲᠠᠴᠠ ᠵᠢ ᠪᠠᠢ᠌ᠭᠤᠯᠤᠭᠰᠠᠨ᠎ᠨᠢ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠭᠠᠷᠭ᠋ᠠᠭᠰᠠᠨ ᠴᠢᠬᠤᠯᠠ ᠶᠡᠬᠡ ᠰᠢᠢ᠍ᠳᠪᠤᠷᠢᠲᠦ ᠪᠤᠳᠤᠯᠭ᠎ᠠ ᠮᠦᠨ᠂ ᠠ᠋ᠨᠡ᠎ᠨᠢ ᠦᠷᠭᠡᠨ ᠤᠯᠠᠨ ᠠᠷᠠᠳ ᠲᠦᠮᠡᠨ᠎ᠤ ᠠᠰᠢᠭ ᠲᠤᠰᠠ᠎ᠲᠠᠢ ᠬᠤᠯᠪᠤᠭᠳᠠᠵᠦ ᠪᠤᠢ ᠴᠢᠬᠤᠯᠠ ᠶᠡᠬᠡ ᠠᠵᠦ ᠠᠬᠤᠢ ᠵᠢᠨ ᠠᠰᠠᠭᠤᠳᠠᠯ ᠪᠤᠯᠬᠤ ᠮᠦᠷᠲᠡᠭᠡᠨ ᠪᠠᠰᠠ ᠴᠣ᠌ ᠠᠷᠠᠳ᠎ᠤᠨ ᠠᠮᠢᠳᠤᠷᠠᠯ᠎ᠤᠨ ᠴᠢᠬᠤᠯᠠ ᠶᠡᠬᠡ ᠠᠰᠠᠭᠤᠳᠠᠯ ᠮᠦᠨ ᠭᠡᠵᠦ ᠴᠢᠬᠤᠯᠠᠴᠢᠯᠠᠵᠠᠢ᠃
      ᠬᠠᠨ ᠵᠸᠩ ᠤᠳᠤᠬᠠᠨ᠎ᠳᠤ ᠭᠡᠷ ᠪᠠᠢ᠌ᠰᠢᠩ ᠭᠠᠵᠠᠷ ᠬᠦᠷᠦᠩᠭᠡ ᠵᠢᠨ ᠵᠠᠬ᠎ᠠ ᠲᠡᠯᠭᠡᠭᠦᠷ ᠶᠡᠷᠦᠩᠬᠡᠢ᠎ᠳᠡᠭᠡᠨ ᠲᠤᠭᠲᠠᠭᠤᠨ ᠪᠠᠢ᠌ᠨ᠎ᠠ᠂ ᠵᠠᠬ᠎ᠠ ᠲᠡᠯᠭᠡᠭᠦᠷ᠎ᠤᠨ ᠵᠢᠱ᠌ᠢᠯᠲᠡ ᠣᠶᠤᠨᠯᠢᠭ ᠪᠣᠯᠵᠤ ᠪᠠᠢ᠌ᠨ᠎ᠠ᠃ ᠨᠢᠭᠡ ᠬᠤᠲᠠ᠎ᠳᠤ ᠨᠢᠭᠡ ᠪᠤᠳᠤᠯᠭ᠎ᠠ ᠠᠪᠬᠤ᠂ ᠬᠤᠲᠠ ᠵᠢᠨ ᠪᠠᠢ᠌ᠳᠠᠯ᠎ᠳᠤ ᠲᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠬᠦ ᠲᠦᠷᠦ ᠵᠢᠨ ᠪᠤᠳᠤᠯᠭ᠎ᠠ ᠵᠢ ᠪᠠᠷᠢᠮᠲᠠᠯᠠᠨ᠂ ᠡᠯ᠎ᠡ ᠭᠠᠵᠠᠷ᠎ᠤᠨ ᠪᠤᠳᠠᠲᠠᠢ ᠪᠠᠢ᠌ᠳᠠᠯ᠎ᠠᠴᠠ ᠠ᠋ᠭᠦᠰᠴᠤ᠂ ᠶᠠᠮᠠᠷ ᠠᠰᠠᠭᠤᠳᠠᠯ ᠪᠠᠢ᠌ᠪᠠᠯ ᠲᠡᠷᠡ ᠠᠰᠠᠭᠤᠳᠠᠯ᠎ᠢ ᠰᠢᠢ᠍ᠳᠪᠤᠷᠢᠯᠡᠨ᠂ ᠭᠡᠷ ᠪᠠᠢ᠌ᠰᠢᠩ ᠭᠠᠵᠠᠷ ᠬᠦᠷᠦᠩᠭᠡ ᠵᠢᠨ ᠵᠠᠬ᠎ᠠ ᠲᠡᠯᠭᠡᠭᠦᠷ᠎ᠢ ᠲᠤᠭᠲᠠᠭᠤᠨ ᠠ᠋ᠷᠡᠭᠦᠯ ᠵᠢᠡᠷ ᠬᠦᠭᠵᠢᠭᠦᠯᠬᠦ ᠤᠷᠲᠦ ᠬᠤᠭᠤᠴᠠᠭ᠋ᠠᠨ᠎ᠤ ᠪᠦᠲᠦᠮᠵᠢᠲᠠᠢ ᠲᠤᠭᠲᠠᠴᠠ ᠵᠢᠨ ᠲᠦᠰᠦᠯ᠎ᠤᠨ ᠲᠤᠷᠰᠢᠯᠲᠠ ᠵᠢ ᠯᠠᠪᠳᠠᠭᠤᠨ ᠲᠤᠬᠢᠲᠠᠢ᠎ᠪᠠᠷ ᠬᠡᠷᠡᠭᠵᠢᠬᠦᠯᠵᠦ᠂ ᠬᠡᠷᠡᠭᠵᠢᠭᠦᠯᠬᠦ ᠶᠠᠪᠤᠴᠠ᠎ᠳᠠᠬᠢ ᠵᠢᠱ᠌ᠢᠨ ᠦᠨᠡᠯᠡᠬᠦ ᠪᠠ ᠮᠦᠷᠳᠡᠨ ᠲᠠᠭ᠋ᠠᠬᠤ ᠠᠵᠢᠯ᠎ᠢ ᠰᠠᠢ᠌ᠲᠤᠷ ᠬᠢᠬᠦ ᠬᠡᠷᠡᠭᠲᠠᠢ᠃ ᠭᠠᠵᠠᠷ᠎ᠤᠨ ᠦᠨ᠎ᠡ ᠵᠢ ᠲᠤᠭᠲᠠᠪᠤᠷᠢᠵᠢᠭᠤᠯᠬᠤ᠂ ᠵᠢᠱ᠌ᠢᠯᠲᠡ ᠵᠢ ᠲᠤᠭᠲᠠᠪᠤᠷᠢᠵᠢᠭᠤᠯᠬᠤ ᠡᠵᠡᠮᠰᠢᠯ ᠲᠤᠬᠢᠷᠠᠭᠤᠯᠭ᠎ᠠ ᠵᠢᠨ ᠬᠠᠷᠠᠯᠲᠠ᠎ᠪᠠᠷ ᠰᠠᠢ᠌ᠲᠤᠷ ᠭᠤᠤᠯᠯᠠᠭᠤᠯᠤᠨ᠂ ᠬᠤᠲᠠ ᠵᠢᠨ ᠭᠤᠤᠯ ᠴᠤᠭᠴᠠ ᠵᠢᠨ ᠬᠠᠷᠢᠭᠤᠴᠠᠯᠭ᠎ᠠ ᠵᠢ ᠪᠠᠲᠤᠳᠬᠠᠵᠦ᠂ ᠮᠤᠵᠢ ᠵᠢᠨ ᠱᠠᠲᠤᠨ᠎ᠤ ᠵᠠᠰᠠᠭ᠎ᠤᠨ ᠤᠷᠳᠤᠨ᠎ᠤ ᠬᠢᠨᠠᠨ ᠡᠵᠡᠮᠳᠡᠬᠦ ᠪᠠ ᠵᠢᠯᠤᠭᠤᠳᠬᠤ ᠬᠠᠷᠢᠭᠤᠴᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠦ᠂ ᠭᠡᠷ ᠪᠠᠢ᠌ᠰᠢᠩ ᠭᠠᠵᠠᠷ ᠬᠦᠷᠦᠩᠭᠡ ᠵᠢᠨ ᠵᠠᠬ᠎ᠠ ᠲᠡᠯᠭᠡᠭᠦᠷ᠎ᠤᠨ ᠠᠶᠤᠯ ᠲᠦᠭᠰᠢᠭᠦᠷᠢ ᠵᠢ ᠠ᠋ᠷᠡᠰ ᠰᠡᠷᠭᠡᠢ᠌ᠯᠡᠬᠦ ᠬᠡᠷᠡᠭᠲᠠᠢ᠃ ᠰᠢᠨᠵᠢᠯᠡᠬᠦ ᠤᠬᠠᠭ᠋ᠠᠨᠴᠢ ᠬᠢᠨᠠᠨ ᠡᠵᠡᠮᠳᠡᠬᠦ ᠲᠤᠭᠲᠠᠯᠴᠠᠭ᠎ᠠ ᠵᠢ ᠪᠠᠢ᠌ᠭᠤᠯᠵᠦ᠂ ᠲᠤᠭ᠎ᠠ ᠪᠠᠷᠢᠮᠲᠠ ᠵᠢ ᠴᠠᠭ᠎ᠲᠠᠭᠠᠨ᠂ ᠵᠦᠪ ᠤᠨᠤᠴᠢᠲᠠᠢ᠎ᠪᠠᠷ ᠦᠪᠴᠢ ᠪᠦᠷᠬᠦᠭᠦᠯᠬᠦ ᠵᠢ ᠦᠨᠡᠨᠬᠦ ᠪᠠᠲᠤᠯᠠᠵᠦ᠂ ᠶᠡᠬᠡ ᠳ᠋ᠠᠢ᠌ᠲ᠋ᠠ᠎ᠪᠠᠷ ᠰᠠᠭᠤᠷᠢ ᠪᠤᠯᠭ᠋ᠠᠭᠰᠠᠨ ᠪᠦᠬᠦ ᠤᠯᠤᠰ᠎ᠤᠨ ᠭᠡᠷ ᠪᠠᠢ᠌ᠰᠢᠩ ᠭᠠᠵᠠᠷ ᠬᠦᠷᠦᠩᠭᠡ ᠵᠢᠨ ᠵᠠᠬ᠎ᠠ ᠲᠡᠯᠭᠡᠭᠦᠷ᠎ᠤᠨ ᠬᠢᠨᠠᠨ ᠬᠡᠮᠵᠢᠬᠦ ᠰᠢᠰᠲᠸᠮ᠎ᠢ ᠲᠦᠷᠭᠡᠳᠭᠡᠨ ᠪᠠᠢ᠌ᠭᠤᠯᠵᠦ᠂ ᠭᠡᠷ ᠪᠠᠢ᠌ᠰᠢᠩ ᠭᠠᠵᠠᠷ ᠬᠦᠷᠦᠩᠭᠡ ᠵᠢᠨ ᠵᠠᠬ᠎ᠠ ᠲᠡᠯᠭᠡᠭᠦᠷ᠎ᠤᠨ ᠪᠠᠢ᠌ᠳᠠᠯ᠎ᠢ ᠵᠠᠳᠠᠯᠤᠨ ᠰᠢᠨᠵᠢᠵᠦ ᠰᠤᠳᠤᠯᠤᠨ ᠮᠠᠭ᠋ᠠᠳᠯᠠᠬᠤ ᠪᠠ ᠪᠦᠲᠦᠮᠵᠢᠲᠠᠢ ᠡᠵᠡᠮᠰᠢᠯ ᠲᠤᠬᠢᠷᠠᠭᠤᠯᠭ᠎ᠠ ᠬᠢᠬᠦ᠎ᠳᠤ ᠮᠡᠷᠭᠡᠵᠢᠯ᠎ᠤᠨ ᠲᠦᠰᠢᠭ ᠬᠠᠩᠭ᠋ᠠᠬᠤ ᠬᠡᠷᠡᠭᠲᠠᠢ ᠭᠡᠵᠦ ᠵᠢᠭ᠋ᠠᠵᠦ ᠭᠠᠷᠭ᠋ᠠᠪᠠ᠃
      ᠬᠠᠨ ᠵᠸᠩ ᠪᠠᠢ᠌ᠴᠠᠭ᠋ᠠᠨ ᠰᠤᠳᠤᠯᠤᠯᠲᠠ ᠵᠢ ᠴᠢᠩᠭ᠋ᠠᠳᠬᠠᠵᠦ᠂ ᠬᠠᠷᠠᠯᠲᠠᠲᠦ ᠴᠢᠨᠠᠷ ᠪᠦᠬᠦᠢ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠤᠯᠠᠮ ᠴᠢᠨᠠᠭᠰᠢᠳᠠ ᠠᠪᠴᠤ᠂ ᠭᠡᠷ ᠪᠠᠢ᠌ᠰᠢᠩ ᠭᠠᠵᠠᠷ ᠬᠦᠷᠦᠩᠭᠡ ᠵᠢᠨ ᠵᠠᠬ᠎ᠠ ᠲᠡᠯᠭᠡᠭᠦᠷ᠎ᠢ ᠠ᠋ᠷᠡᠭᠦᠯ ᠲᠤᠭᠲᠠᠭᠤᠨ ᠵᠢᠡᠷ ᠬᠦᠭᠵᠢᠭᠦᠯᠬᠦ ᠤᠷᠲᠦ ᠬᠤᠭᠤᠴᠠᠭ᠋ᠠᠨ᠎ᠤ ᠪᠦᠲᠦᠮᠵᠢᠲᠠᠢ ᠲᠤᠭᠲᠠᠴᠠ ᠵᠢ ᠲᠡᠭᠦᠯᠳᠡᠷᠵᠢᠭᠦᠯᠬᠦ ᠬᠡᠷᠡᠭᠲᠠᠢ᠃ ᠤᠷᠤᠨ ᠰᠠᠭᠤᠴᠠ ᠲᠦᠷᠢᠶᠡᠰᠦᠯᠡᠬᠦ ᠵᠠᠬ᠎ᠠ ᠲᠡᠯᠭᠡᠭᠦᠷ᠎ᠤᠨ ᠲᠤᠭᠲᠠᠯᠴᠠᠭ᠎ᠠ ᠵᠢ ᠲᠡᠭᠦᠯᠳᠡᠷᠵᠢᠭᠦᠯᠦᠨ᠂ ᠤᠷᠤᠨ ᠰᠠᠭᠤᠴᠠ ᠲᠦᠷᠢᠶᠡᠰᠦᠯᠡᠬᠦ ᠲᠤᠬᠠᠢ ᠬᠠᠤᠯᠢ ᠴᠠᠭ᠋ᠠᠵᠠ ᠬᠠᠤᠯᠢ ᠳᠦᠷᠢᠮ᠎ᠢ ᠲᠤᠭᠲᠠᠭ᠋ᠠᠨ ᠪᠦᠷᠢᠨᠰᠢᠭᠦᠯᠵᠦ᠂ ᠮᠦᠩᠭᠦᠨ ᠭᠦᠢ᠍ᠯᠭᠡᠭᠡ ᠠ᠋ᠳ᠋᠎ᠤᠨ ᠶᠠᠪᠤᠳᠠᠯ ᠭᠠᠢ᠌ᠯᠢ ᠲᠠᠲᠠᠪᠤᠷᠢ ᠵᠢᠨ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠵᠦ᠂ ᠤᠷᠤᠨ ᠰᠠᠭᠤᠴᠠ ᠲᠦᠷᠢᠶᠡᠰᠦᠯᠡᠬᠦ ᠵᠠᠬ᠎ᠠ ᠲᠡᠯᠭᠡᠭᠦᠷ᠎ᠢ ᠠ᠋ᠷᠡᠭᠦᠯ ᠲᠤᠭᠲᠠᠭᠤᠨ ᠵᠢᠡᠷ ᠬᠦᠭᠵᠢᠭᠦᠯᠬᠦ ᠬᠡᠷᠡᠭᠲᠠᠢ᠃ ᠤᠷᠤᠨ ᠰᠠᠭᠤᠴᠠ ᠵᠢᠨ ᠪᠠᠲᠤᠯᠠᠭ᠎ᠠ ᠵᠢᠨ ᠲᠤᠭᠲᠠᠯᠴᠠᠭ᠎ᠠ ᠵᠢ ᠲᠡᠭᠦᠯᠳᠡᠷᠵᠢᠭᠦᠯᠦᠨ᠂ ᠡᠯ᠎ᠡ ᠭᠠᠵᠠᠷ᠎ᠲᠤ ᠪᠠᠲᠤᠯᠠᠭ᠎ᠠ ᠵᠢ ᠭᠠᠵᠠᠷ ᠤᠷᠤᠨ᠎ᠤ᠎ᠪᠠᠨ ᠪᠠᠢ᠌ᠳᠠᠯ᠎ᠳᠤ ᠲᠤᠬᠢᠷᠠᠭᠤᠯᠤᠨ ᠠᠬᠢᠭᠤᠯᠬᠤ ᠰᠠᠭᠤᠷᠢᠨ ᠳᠡᠭᠡᠷ᠎ᠡ᠂ ᠤᠷᠤᠨ ᠰᠠᠭᠤᠴᠠ ᠵᠢᠨ ᠪᠠᠲᠤᠯᠠᠭ᠎ᠠ ᠵᠢᠨ ᠲᠤᠭᠲᠠᠯᠴᠠᠭ᠎ᠠ ᠵᠢᠨ ᠦᠨᠳᠦᠰᠦᠨ ᠳᠦᠷᠢᠮ᠎ᠢ ᠪᠦᠷᠢᠨᠰᠢᠭᠦᠯᠬᠦ ᠬᠡᠷᠡᠭᠲᠠᠢ᠃ ᠬᠤᠲᠠ ᠪᠠᠯᠭ᠋ᠠᠰᠤᠨ᠎ᠤ ᠳᠤᠮᠳᠠ ᠵᠡᠷᠭᠡ ᠵᠢᠨ ᠤᠷᠤᠯᠭ᠎ᠠ ᠪᠠᠭ᠎ᠠ ᠤᠷᠤᠯᠭ᠎ᠠ᠎ᠲᠠᠢ ᠰᠠᠭᠤᠭ᠋ᠠᠯᠢ ᠠᠷᠠᠳ᠂ ᠬᠤᠲᠠ ᠵᠢᠨ ᠰᠢᠨ᠎ᠡ ᠰᠠᠭᠤᠭ᠋ᠠᠯᠢ ᠠᠷᠠᠳ ᠪᠤᠯᠤᠨ ᠠᠵᠢᠯ ᠤᠯᠤᠭᠰᠠᠨ ᠵᠠᠯᠠᠭᠤ ᠬᠦᠮᠦᠰ᠎ᠤᠨ ᠤᠷᠤᠨ ᠰᠠᠭᠤᠴᠠ ᠵᠢᠨ ᠬᠦᠴᠢᠷᠳᠡᠯ᠎ᠢ ᠭᠤᠤᠯᠴᠢᠯᠠᠨ ᠰᠢᠢ᠍ᠳᠪᠤᠷᠢᠯᠡᠵᠦ᠂ ᠭᠠᠵᠠᠷ ᠰᠢᠷᠤᠢ ᠪᠤᠯᠤᠨ ᠭᠠᠢ᠌ᠯᠢ ᠵᠠᠷᠤᠳᠠᠯ᠎ᠤᠨ ᠲᠦᠷᠦ ᠵᠢᠨ ᠪᠤᠳᠤᠯᠭ᠎ᠠ ᠵᠡᠷᠭᠡ ᠵᠢ ᠲᠡᠭᠦᠯᠳᠡᠷᠵᠢᠭᠦᠯᠬᠦ᠎ᠪᠠᠷ ᠲᠠᠮᠵᠢᠭᠤᠯᠤᠨ᠂ ᠰᠠᠭᠤᠬᠤ ᠬᠦᠮᠦᠨ ᠦᠭᠡᠢ ᠬᠤᠭᠤᠰᠤᠨ ᠤᠷᠤᠨ ᠰᠠᠭᠤᠴᠠ ᠵᠢ ᠠᠮᠢᠳᠤᠯᠢᠬ᠍ᠵᠢᠭᠤᠯᠵᠦ᠂ ᠨᠡᠩ ᠤᠯᠠᠨ ᠤᠷᠤᠨ ᠰᠠᠭᠤᠴᠠ ᠵᠢᠨ ᠬᠦᠴᠢᠷᠳᠡᠯ᠎ᠲᠠᠢ ᠬᠦᠮᠦᠰ᠎ᠢ ᠰᠠᠭᠤᠬᠤ ᠭᠡᠷ᠎ᠲᠠᠢ ᠪᠤᠯᠭ᠋ᠠᠬᠤ ᠬᠡᠷᠡᠭᠲᠠᠢ ᠭᠡᠵᠠᠢ᠃


ᠢᠷᠡᠯᠲᠡ᠄
          
ᠬᠠᠮᠢᠶ᠎ᠡ ᠪᠦᠬᠦᠢ ᠰᠣᠨᠢᠨ
ᠲᠦᠩᠯᠢᠶᠣᠣ ᠬᠣᠲᠡ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ 2019 ᠣᠨ᠎ᠤ ᠠᠵᠢᠯ᠎ᠤᠨ ᠠ᠋ᠭᠦᠷᠭᠡ᠎ᠪᠠᠨ ᠬᠠᠮᠲᠤᠪᠡᠷ ᠰᠤᠳᠤᠯᠤᠨ ᠰᠦᠪᠡᠭᠴᠢᠯᠡᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠲᠢᠩᠬᠢᠮ᠎ᠤᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ ᠦᠢ᠍ᠯᠡᠴᠢᠯᠡᠭᠡᠨ᠎ᠤ ᠲᠦᠷᠣᠯ ᠵᠦᠢ᠍ᠯ᠎ᠨᠢ ᠦᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠠᠰᠠᠭ᠎ᠤᠨ ᠤᠷᠳᠤᠨ᠎ᠤ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠦᠷᠣᠯ ᠵᠦᠢ᠍ᠯ ᠪᠣᠯᠪᠠ
ᠮᠠᠨ᠎ᠤ ᠣᠷᠣᠨ ᠰᠠᠭᠤᠭ᠋ᠠᠯᠢ ᠠᠷᠠᠳ᠎ᠤᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠤᠨ ᠬᠠᠷᠭᠤᠭᠤᠯᠤᠯᠲᠠ᠎ᠪᠠᠷ ᠵᠶ᠋ᠠᠨ ᠶᠠᠳᠠᠭᠤ ᠵᠢ ᠣᠨᠣᠴᠠᠲᠠᠢ ᠳᠡᠳᠬᠦᠬᠦ ᠠᠵᠢᠯ ᠵᠶ᠋ᠠᠨ ᠬᠦᠴᠤᠯᠡᠨ ᠠᠬᠢᠭᠤᠯᠵᠤ ᠪᠠᠢ᠌ᠨ᠎ᠠ
ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠪᠣᠯᠤᠨ ᠪᠠᠢ᠌ᠭ᠋ᠠᠯᠢ ᠵᠢᠨ ᠠ᠋ᠬᠢ ᠪᠠᠶᠠᠯᠢᠭ᠎ᠤᠨ ᠲᠢᠩᠬᠢᠮ ᠠᠩᠬ᠎ᠠ ᠤᠳᠠᠭ᠎ᠠ ᠳᠣᠭᠲᠠᠮᠠᠯ ᠬᠦᠷᠤᠩᠭᠡ ᠵᠢ ᠳᠠᠩᠰᠠᠯᠠᠭᠰᠠᠨ ᠮᠡᠳᠡᠭᠡ ᠵᠠᠩᠬᠢ ᠵᠢᠨ ᠬᠠᠷᠭᠤᠭᠤᠯᠬᠤ ᠠᠵᠢᠯ᠎ᠢ ᠬᠢᠪᠡ
ᠬᠦᠬᠡᠬᠣᠲᠠ ᠵᠢᠨ ᠬᠣᠲᠠ ᠵᠢᠨ ᠪᠠ ᠳᠣᠭᠣᠷᠢᠭ᠎ᠤᠨ ᠤᠳᠤᠷᠢᠳᠤᠯᠭ᠎ᠠ ᠨᠡᠢ᠌ᠬᠡᠮ ᠲᠣᠭᠣᠷᠢᠭ᠎ᠲᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠪᠠ
 
            