ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠰᠢ ᠵᠢᠨ ᠫᠢᠩ ᠲᠡᠷᠢᠭᠦᠯᠡᠭᠴᠢ ᠤᠳᠠᠯ ᠦᠭᠡᠢ ᠠ᠋ᠸᠦᠢ᠍ᠷᠤᠫᠠ ᠲᠢᠪ᠎ᠲᠤ ᠠᠢ᠌ᠯᠴᠢᠯᠠᠬᠤ ᠲᠤᠬᠠᠢ ᠸᠠᠩ ᠢ ᠶᠠᠷᠢᠬᠰᠠᠨ᠎ᠨᠢ
ᠨᠡᠶᠢᠲᠡᠯᠡᠭᠰᠡᠨ ᠴᠠᠭ᠄ 2019-03-21


     3 ᠳ᠋ᠤᠭ᠋ᠠᠷ ᠰᠠᠷ᠎ᠠ ᠵᠢᠨ 18᠎ᠤ ᠠ᠋ᠳᠦᠷ᠂ ᠲᠦᠷᠦ ᠵᠢᠨ ᠶᠠᠪᠤᠳᠠᠯ᠎ᠤᠨ ᠬᠡᠰᠢᠭᠦᠨ ᠪᠦᠭᠡᠳ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠠ᠋ᠸᠦᠢ᠍ᠷᠤᠫᠠ ᠵᠢᠨ ᠬᠤᠯᠪᠤᠭ᠋ᠠᠨ᠎ᠤ ᠭᠠᠳᠠᠭ᠋ᠠᠳᠦ ᠶᠠᠪᠤᠳᠠᠯ ᠪᠤᠯᠤᠨ ᠠᠮᠤᠷ ᠲᠦᠪᠰᠢᠨ᠎ᠤ ᠲᠦᠷᠦ ᠵᠢᠨ ᠪᠤᠳᠤᠯᠭ᠎ᠠ ᠵᠢᠨ ᠳᠡᠭᠡᠳᠤ ᠲᠡᠰ᠎ᠤᠨ ᠲᠦᠯᠦᠭᠡᠯᠡᠭᠴᠢ ᠮᠦᠭᠸᠢᠢ᠍ᠯᠢᠨᠢ᠎ᠲᠠᠢ ᠬᠡᠯᠡᠯᠴᠡᠭᠡ ᠬᠢᠭᠰᠡᠨ᠎ᠤ ᠳᠠᠷᠠᠭ᠎ᠠ᠂ ᠰᠤᠷᠪᠤᠯᠵᠢᠯᠠᠭᠴᠢᠳ᠎ᠲᠤ ᠰᠢ ᠵᠢᠨ ᠫᠢᠩ ᠲᠡᠷᠢᠭᠦᠯᠡᠭᠴᠢ ᠠ᠋ᠨᠡ ᠵᠢᠯ᠎ᠤᠨ ᠠᠩᠬᠠᠨ᠎ᠤ ᠠᠢ᠌ᠯᠴᠢᠯᠠᠯᠲᠠ᠎ᠪᠠᠨ ᠠ᠋ᠸᠦᠢ᠍ᠷᠤᠫᠠ ᠲᠢᠪ᠎ᠢ ᠰᠤᠩᠭᠤᠭᠰᠠᠨ᠎ᠨᠢ ᠳᠤᠮᠳᠠᠳᠦ ᠤᠯᠤᠰ ᠠ᠋ᠸᠦᠢ᠍ᠷᠤᠫᠠ ᠲᠢᠪ᠎ᠢ ᠶᠡᠬᠡᠲᠡ ᠴᠢᠬᠤᠯᠠᠴᠢᠯᠠᠨ ᠦᠵᠡᠵᠦ ᠪᠠᠢ᠌ᠬᠤ ᠵᠢ ᠬᠠᠷᠠᠭᠤᠯᠵᠦ ᠪᠤᠢ᠃ ᠢᠲ᠋ᠠᠯᠢ᠂ ᠹᠷᠠᠨᠼᠢ᠎ᠨᠢ ᠪᠦᠷ ᠠ᠋ᠸᠦᠢ᠍ᠷᠤᠫᠠ ᠵᠢᠨ ᠬᠤᠯᠪᠤᠭ᠋ᠠᠨ᠎ᠤ ᠴᠢᠬᠤᠯᠠ ᠪᠦᠷᠢᠯᠳᠦᠬᠦᠨ ᠤᠯᠤᠰ ᠪᠤᠯᠤᠨ᠎ᠠ᠂ ᠠ᠋ᠸᠦᠢ᠍ᠷᠤᠫᠠ ᠵᠢᠨ ᠬᠤᠯᠪᠤᠭ᠋ᠠᠨ᠎ᠤ ᠭᠠᠳᠠᠭ᠋ᠠᠳᠦ ᠶᠠᠪᠤᠳᠠᠯ᠎ᠳᠤ ᠠᠪᠴᠤ ᠬᠡᠯᠡᠪᠡᠯ᠂ ᠠ᠋ᠨᠡ ᠤᠳᠠᠭ᠎ᠠ ᠵᠢᠨ ᠠᠢ᠌ᠯᠴᠢᠯᠠᠯᠲᠠ᠎ᠨᠢ ᠠ᠋ᠨᠡ ᠵᠢᠯ᠎ᠤᠨ ᠲᠤᠮᠳᠠᠳᠦ ᠠ᠋ᠸᠤᠢ᠍ᠷᠣᠫᠠ ᠵᠢᠨ ᠬᠠᠷᠢᠯᠴᠠᠭ᠋ᠠᠨ᠎ᠤ 《ᠭᠤᠴᠤ ᠰᠠᠢ᠌ᠬᠠᠨ ᠴᠠᠭ ᠮᠦᠴᠡ》 ᠪᠤᠯᠤᠨ᠎ᠠ ᠭᠡᠵᠦ ᠬᠡᠯᠡᠪᠡ᠃
      ᠸᠠᠩ ᠢ ᠤᠯᠤᠰ᠎ᠤᠨ ᠲᠡᠷᠢᠭᠦᠨ᠎ᠤ ᠭᠠᠳᠠᠭ᠋ᠠᠳᠦ ᠬᠠᠷᠢᠯᠴᠠᠭ᠎ᠠ᠎ᠨᠢ ᠳᠤᠮᠳᠠᠳᠦ ᠠ᠋ᠸᠦᠢ᠍ᠷᠤᠫᠠ ᠵᠢᠨ ᠬᠠᠷᠢᠯᠴᠠᠭ᠋ᠠᠨ᠎ᠳᠤ ᠪᠠᠢ᠌ᠯᠳᠤᠬᠤ ᠪᠤᠳᠤᠯᠭ᠎ᠠ ᠵᠢᠨ ᠬᠦᠲᠦᠯᠦᠨ ᠲᠠᠭ᠋ᠠᠭᠤᠯᠬᠤ ᠴᠢᠬᠤᠯᠠ ᠦᠢ᠍ᠯᠡᠳᠦᠯ ᠭᠠᠷᠭ᠋ᠠᠵᠦ ᠪᠠᠢ᠌ᠳᠠᠭ᠃ ᠰᠢ ᠲᠡᠷᠢᠭᠦᠯᠡᠭᠴᠢ ᠵᠢᠨ ᠠ᠋ᠨᠡ ᠤᠳᠠᠭ᠎ᠠ ᠵᠢᠨ ᠠ᠋ᠸᠦᠢ᠍ᠷᠤᠫᠠ᠎ᠳᠠᠬᠢ ᠠᠢ᠌ᠯᠴᠢᠯᠠᠯᠲᠠ ᠵᠢᠨ ᠲᠠᠯᠪᠢᠬᠰᠠᠨ ᠲᠤᠬᠢᠶ᠎ᠠ᠎ᠨᠢ ᠲᠤᠲᠤᠷᠬᠠᠢ ᠶᠤᠮ᠂ ᠲᠤᠬᠠᠢ᠌ᠯᠠᠪᠠᠯ ᠲᠡᠯᠡᠬᠡᠢ ᠵᠢᠨ ᠪᠠᠢ᠌ᠳᠠᠯ᠎ᠳᠤ ᠶᠠᠮᠠᠷ ᠬᠤᠪᠢᠷᠠᠯᠲᠠ ᠭᠠᠷᠤᠭᠰᠠᠨ ᠴᠤ᠌᠂ ᠳᠤᠮᠳᠠᠳᠦ ᠤᠯᠤᠰ᠎ᠤᠨ᠎ᠬᠢᠨ ᠠ᠋ᠸᠦᠢ᠍ᠷᠤᠫᠠ ᠵᠢᠨ ᠬᠤᠯᠪᠤᠭ᠎ᠠ ᠵᠢ ᠢᠮᠠᠬᠲᠠ ᠪᠠᠢ᠌ᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠴᠢᠬᠤᠯᠠ ᠬᠠᠨᠢᠲᠠᠨ ᠵᠢᠡᠷ ᠦᠵᠡᠵᠦ᠂ ᠳᠤᠮᠳᠠᠳᠦ ᠠ᠋ᠸᠦᠢ᠍ᠷᠤᠫᠠ ᠵᠢᠨ ᠬᠠᠷᠢᠯᠴᠠᠭ᠎ᠠ ᠵᠢ ᠭᠠᠳᠠᠭ᠋ᠠᠳᠦ ᠬᠠᠷᠢᠯᠴᠠᠭ᠋ᠠᠨ᠎ᠤ᠎ᠪᠠᠨ ᠲᠡᠷᠢᠭᠦᠨ ᠴᠢᠬᠤᠯᠠ ᠴᠢᠭᠯᠡᠯ ᠵᠢᠡᠷ ᠦᠵᠡᠳᠡᠭ᠃ 2019 ᠤᠨ᠎ᠤ ᠬᠠᠪᠤᠷ ᠳᠤᠮᠳᠠᠳᠦ ᠠ᠋ᠸᠦᠢ᠍ᠷᠤᠫᠠ ᠵᠢᠨ ᠬᠠᠷᠢᠯᠴᠠᠭ᠋ᠠᠨ᠎ᠤ 《ᠤᠷᠢᠬᠠᠨ ᠬᠠᠪᠤᠷ》 ᠪᠤᠯᠵᠦ᠂ ᠳᠤᠮᠳᠠᠳᠦ ᠠ᠋ᠸᠦᠢ᠍ᠷᠤᠫᠠ ᠵᠢᠨ ᠬᠠᠮᠲᠤᠷᠠᠯᠴᠠᠭ᠎ᠠ ᠲᠡᠯᠡᠬᠡᠢ ᠳ᠋ᠠᠬᠢᠨ᠎ᠳᠤ 《ᠢᠯᠴᠢ ᠢᠪᠡᠭᠡᠬᠦ》 ᠵᠢ ᠪᠢᠳᠡ ᠬᠦᠰᠡᠨ ᠬᠦᠯᠢᠶᠡᠭᠰᠡᠭᠡᠷ ᠭᠡᠵᠦ ᠵᠢᠭ᠋ᠠᠵᠦ ᠭᠠᠷᠭ᠋ᠠᠪᠠ᠃
      ᠸᠠᠩ ᠢ ᠳᠤᠮᠳᠠᠳᠦ ᠹᠷᠠᠨᠼᠢ᠂ ᠳᠤᠮᠳᠠᠳᠦ ᠢᠲ᠋ᠠᠯᠢ᠂ ᠳᠤᠮᠳᠠᠳᠦ ᠮᠤᠨᠠᠺᠦ ᠵᠢᠨ ᠬᠠᠷᠢᠯᠴᠠᠭ᠎ᠠ ᠲᠠᠯᠠᠬᠡᠢ ᠵᠢᠨ ᠤᠷᠪᠠᠭ᠋ᠠᠨ ᠬᠦᠷᠪᠡᠭᠡᠨ᠎ᠤ ᠰᠢᠯᠭ᠋ᠠᠯᠲᠠ ᠵᠢ ᠦᠩᠭᠡᠷᠡᠭᠡᠭᠡᠳ ᠠᠳᠠᠯᠢ ᠪᠤᠰᠤ ᠪᠠᠢ᠌ᠭᠤᠯᠤᠯᠲᠦ ᠤᠯᠤᠰ ᠨᠦᠬᠦᠷᠰᠡᠭ ᠬᠠᠮᠲᠤᠷᠠᠯᠴᠠᠭ᠋ᠠᠨ᠎ᠤ ᠬᠠᠷᠢᠯᠴᠠᠭ᠎ᠠ ᠵᠢ ᠬᠦᠭᠵᠢᠭᠦᠯᠬᠦ ᠵᠢᠨ ᠦᠯᠢᠭᠡᠷ ᠵᠢᠱ᠌ᠢᠶ᠎ᠡ ᠪᠤᠯᠤᠭ᠋ᠠᠳ ᠪᠠᠢ᠌ᠨ᠎ᠠ᠂ ᠠ᠋ᠨ᠋ᠨ᠎ᠨᠢ ᠪᠠᠢ᠌ᠯᠳᠤᠬᠤ ᠪᠤᠳᠤᠯᠭ᠎ᠠ ᠵᠢᠨ ᠴᠢᠨᠠᠷ᠂ ᠲᠤᠭᠲᠠᠪᠤᠷᠢᠲᠦ ᠴᠢᠨᠠᠷ ᠪᠠ ᠤᠷᠲᠦ ᠬᠤᠭᠤᠴᠠᠭ᠋ᠠᠨ᠎ᠤ ᠴᠢᠨᠠᠷ᠎ᠲᠠᠢ ᠶᠤᠮ᠃ ᠰᠢ ᠲᠡᠷᠢᠭᠦᠯᠡᠭᠴᠢ ᠵᠢᠨ ᠠ᠋ᠨᠡ ᠤᠳᠠᠭ᠎ᠠ ᠵᠢᠨ ᠠᠢ᠌ᠯᠴᠢᠯᠠᠯᠲᠠ᠎ᠨᠢ ᠴᠢᠪ ᠬᠡᠮᠡᠨ ᠳᠤᠮᠳᠠᠳᠦ ᠹᠷᠠᠨᠼᠢ ᠵᠢᠨ ᠬᠠᠷᠢᠯᠴᠠᠭ᠎ᠠ ᠪᠠᠢ᠌ᠭᠤᠯᠤᠭᠰᠠᠨ 55 ᠵᠢᠯ᠎ᠤᠨ ᠤᠢ ᠪᠠ ᠳᠤᠮᠳᠠᠳᠦ ᠤᠯᠤᠰ᠎ᠤᠨ ᠰᠤᠷᠤᠭᠴᠢᠳ ᠹᠷᠠᠨᠼᠢ᠎ᠳᠤ ᠤᠴᠢᠵᠦ ᠠᠵᠢᠯᠴᠢ ᠠᠷᠪᠢᠴᠢ᠎ᠪᠠᠷ ᠰᠤᠷᠤᠯᠴᠠᠬᠤ ᠬᠦᠳᠡᠯᠭᠡᠭᠡᠨ᠎ᠤ 100 ᠵᠢᠯ᠎ᠤᠨ ᠤᠢ᠎ᠲᠠᠢ ᠲᠤᠬᠢᠶᠠᠵᠠᠢ᠂ ᠢᠷᠡᠬᠦ ᠵᠢᠯ ᠳᠤᠮᠳᠠᠳᠦ ᠢᠲ᠋ᠠᠯᠢ ᠵᠢᠨ ᠬᠠᠷᠢᠯᠴᠠᠭ᠎ᠠ ᠪᠠᠢ᠌ᠭᠤᠯᠤᠭᠰᠠᠨ 50 ᠵᠢᠯ᠎ᠤᠨ ᠤᠢ ᠵᠢ ᠤᠭᠲᠤᠬᠤ ᠪᠤᠯᠤᠨ᠎ᠠ᠃ ᠠ᠋ᠨᠡ ᠤᠳᠠᠭ᠎ᠠ ᠵᠢᠨ ᠠᠢ᠌ᠯᠴᠢᠯᠠᠯᠲᠠ᠎ᠨᠢ ᠪᠠᠰᠠ ᠴᠤ᠌ ᠳᠤᠮᠳᠠᠳᠦ ᠤᠯᠤᠰ᠎ᠤᠨ ᠤᠯᠤᠰ᠎ᠤᠨ ᠲᠡᠷᠢᠭᠦᠯᠡᠭᠴᠢ ᠠᠩᠬ᠎ᠠ ᠤᠳᠠᠭ᠎ᠠ ᠮᠤᠨᠠᠺᠦ᠎ᠳᠤ ᠠᠢ᠌ᠯᠴᠢᠯᠠᠬᠤ ᠠᠢ᠌ᠯᠴᠢᠯᠠᠯᠲᠠ ᠪᠤᠯᠤᠨ᠎ᠠ᠂ ᠠ᠋ᠨᠡ᠎ᠨᠢ ᠳᠤᠮᠳᠠᠳᠦ ᠤᠯᠤᠰ᠎ᠤᠨ ᠪᠠᠷᠢᠮᠲᠠᠯᠠᠳᠠᠭ ᠶᠡᠬᠡ ᠪᠠᠭ᠎ᠠ ᠤᠯᠤᠰ ᠪᠦᠷ ᠠ᠋ᠷᠬᠡ ᠲᠡᠭᠰᠢ ᠭᠡᠳᠡᠭ ᠤᠨᠤᠯᠵᠢᠬᠤᠨ᠎ᠢ ᠬᠠᠷᠠᠭᠤᠯᠵᠦ ᠪᠤᠢ᠃ ᠠ᠋ᠨᠡ ᠤᠳᠠᠭ᠎ᠠ ᠵᠢᠨ ᠠᠢ᠌ᠯᠴᠢᠯᠠᠯᠲᠠ᠎ᠨᠢ ᠨᠦᠬᠦᠷᠯᠡᠯ ᠵᠢᠡᠨ ᠪᠠᠲᠤᠳᠬᠠᠬᠤ᠂ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠬᠦ᠂ ᠪᠠᠢ᠌ᠯᠳᠤᠬᠤ ᠪᠤᠳᠤᠯᠭ᠎ᠠ ᠵᠢᠨ ᠲᠠᠯ᠎ᠠ᠎ᠪᠠᠷ ᠤᠢ᠌ᠯᠠᠭ᠋ᠠᠯᠴᠠᠬᠤ ᠠᠢ᠌ᠯᠴᠢᠯᠠᠯᠲᠠ ᠪᠤᠯᠤᠨ᠎ᠠ ᠭᠡᠵᠦ ᠴᠢᠬᠤᠯᠠᠴᠢᠯᠠᠪᠠ᠃
      ᠸᠠᠩ ᠢ ᠰᠢ ᠲᠡᠷᠢᠭᠦᠯᠡᠭᠴᠢ ᠵᠢᠨ ᠠ᠋ᠨᠡ ᠤᠳᠠᠭ᠎ᠠ ᠵᠢᠨ ᠠᠢ᠌ᠯᠴᠢᠯᠠᠯᠲᠠ᠎ᠨᠢ ᠭᠤᠷᠪᠠᠨ ᠤᠯᠤᠰ᠎ᠲᠤ ᠰᠠᠭᠤᠷᠢᠯᠠᠨ᠂ ᠠ᠋ᠸᠦᠢ᠍ᠷᠤᠫᠠ ᠲᠢᠪ᠎ᠲᠤ ᠬᠠᠨᠳᠤᠵᠦ ᠪᠤᠢ᠂ ᠠ᠋ᠩ ᠲᠡᠷᠢᠭᠦᠨ᠎ᠳᠤ ᠳᠤᠮᠳᠠᠳᠦ ᠠ᠋ᠸᠦᠢ᠍ᠷᠤᠫᠠ ᠵᠢᠨ ᠪᠦᠬᠦ ᠲᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠲᠠᠨ᠎ᠤ ᠬᠠᠷᠢᠯᠴᠠᠭ᠎ᠠ᠎ᠳᠤ ᠰᠢᠨ᠎ᠡ ᠬᠦᠳᠡᠯᠭᠡᠬᠦ ᠬᠦᠴᠦᠨ ᠤᠯᠭᠤᠬᠤ ᠪᠤᠯᠤᠨ᠎ᠠ᠃ ᠬᠤᠶᠠᠷ᠎ᠲᠤ ᠤᠳᠤᠬᠢ ᠲᠡᠯᠡᠬᠡᠢ ᠵᠢᠨ ᠪᠠᠢ᠌ᠳᠠᠯ᠎ᠳᠤ ᠲᠤᠭᠲᠠᠪᠤᠷᠢᠲᠦ ᠴᠢᠨᠠᠷ᠎ᠢ ᠨᠡᠮᠡᠷᠢᠯᠡᠵᠦ᠂ ᠤᠯᠠᠨ ᠲᠠᠯᠠᠲᠦ ᠦᠵᠡᠯ᠎ᠢ ᠬᠠᠮᠠᠭ᠋ᠠᠯᠠᠬᠤ᠎ᠳᠤ ᠢᠲᠡᠪᠬᠢ ᠬᠦᠴᠦᠨ᠎ᠢ ᠬᠠᠩᠭ᠋ᠠᠬᠤ ᠪᠤᠯᠤᠨ᠎ᠠ᠃ ᠭᠤᠷᠪᠠ᠎ᠳᠤ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠢ᠌ᠭᠤᠯᠤᠯᠲᠠ ᠵᠢ ᠠ᠋ᠸᠦᠢ᠍ᠷᠤᠫᠠ ᠵᠢᠨ ᠬᠤᠯᠪᠤᠭ᠎ᠠ᠂ ᠠ᠋ᠸᠦᠢ᠍ᠷᠤᠫᠠ ᠠᠽᠢᠶ᠎ᠠ ᠵᠢᠨ ᠬᠤᠯᠪᠤᠯᠴᠠᠭ᠎ᠠ ᠨᠡᠪᠲᠡᠷᠡᠯᠴᠡᠭᠡ ᠵᠢᠨ ᠪᠠᠢ᠌ᠯᠳᠤᠬᠤ ᠪᠤᠳᠤᠯᠭ᠎ᠠ᠎ᠲᠠᠢ ᠵᠤᠯᠭ᠋ᠠᠭᠤᠯᠬᠤ᠎ᠪᠠᠷ ᠲᠠᠮᠵᠢᠨ᠂ ᠠᠽᠢᠶ᠎ᠠ ᠠ᠋ᠸᠦᠢ᠍ᠷᠤᠫᠠ ᠵᠢᠨ ᠠ᠋ᠬᠡ ᠬᠠᠭᠤᠷᠠᠢ ᠵᠢᠨ ᠬᠤᠯᠪᠤᠯᠴᠠᠭ᠎ᠠ ᠨᠡᠪᠲᠡᠷᠡᠯᠴᠡᠭᠡ ᠵᠢ ᠠᠬᠢᠭᠤᠯᠵᠦ᠂ ᠪᠦᠬᠦ ᠪᠦᠮᠪᠦᠷᠴᠡᠭ᠎ᠤᠨ ᠠᠵᠦ ᠠᠬᠤᠢ ᠵᠢᠨ ᠦᠷᠭᠦᠯᠵᠢᠯᠡᠨ ᠬᠦᠭᠵᠢᠬᠦ᠎ᠳᠤ ᠬᠦᠴᠦ ᠨᠡᠮᠡᠷᠢᠯᠡᠨ᠎ᠡ ᠭᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠳᠤᠮᠳᠠᠳᠦ ᠠ᠋ᠸᠦᠢ᠍ᠷᠤᠫᠠ ᠵᠢᠨ᠎ᠬᠢᠨ ᠶᠢᠰᠦᠳᠦᠭᠡᠷ ᠠ᠋ᠭᠡᠯᠵᠢ ᠵᠢᠨ ᠳᠠᠭᠡᠳᠤ ᠲᠡᠰ᠎ᠤᠨ ᠪᠠᠢ᠌ᠯᠳᠤᠬᠤ ᠪᠤᠳᠤᠯᠭ᠎ᠠ ᠵᠢᠨ ᠶᠠᠷᠢᠯᠴᠠᠭ᠎ᠠ ᠬᠢᠪᠡ
ᠳᠤᠮᠳᠠᠳᠦ ᠤᠯᠤᠰ ᠠ᠋ᠸᠦᠢ᠍ᠷᠤᠫᠠ ᠵᠢᠨ ᠬᠤᠯᠪᠤᠭ᠋ᠠᠨ᠎ᠤ ᠪᠦᠷᠢᠯᠳᠦᠬᠦᠨ ᠤᠯᠤᠰ᠎ᠤᠳ᠎ᠲᠠᠢ ᠠᠩᠬ᠎ᠠ ᠤᠳᠠᠭ᠎ᠠ ᠭᠠᠳᠠᠭ᠋ᠠᠳᠦ ᠶᠠᠪᠤᠳᠠᠯ᠎ᠤᠨ ᠶᠠᠮᠤᠨ᠎ᠤ ᠶᠠᠷᠢᠯᠴᠠᠭ᠎ᠠ ᠬᠢᠪᠠ
ᠠ᠋ᠸᠦᠢ᠍ᠷᠤᠫᠠ ᠵᠢᠨ ᠬᠤᠯᠪᠤᠭ᠋ᠠᠨ᠎ᠤ ᠵᠦᠪᠯᠡᠯ᠎ᠤᠨ ᠲᠡᠷᠢᠭᠦᠯᠡᠭᠴᠢ ᠷᠦᠩᠺᠸ ᠸᠠᠩ ᠢ᠎ᠲᠠᠢ ᠠᠭᠤᠯᠵᠠᠪᠠ
ᠬᠠᠨ ᠵᠸᠩ ᠤᠷᠤᠨ ᠰᠠᠭᠤᠴᠠ ᠪᠤᠯᠤᠨ ᠬᠤᠲᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠳᠤ ᠬᠦᠷᠴᠤ ᠪᠠᠢ᠌ᠴᠠᠭ᠋ᠠᠨ ᠰᠤᠳᠤᠯᠤᠯᠲᠠ ᠬᠢᠭᠰᠡᠨ ᠪᠦᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠲᠦᠩᠯᠢᠶᠣᠣ ᠬᠣᠲᠡ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ 2019 ᠣᠨ᠎ᠤ ᠠᠵᠢᠯ᠎ᠤᠨ ᠠ᠋ᠭᠦᠷᠭᠡ᠎ᠪᠠᠨ ᠬᠠᠮᠲᠤᠪᠡᠷ ᠰᠤᠳᠤᠯᠤᠨ ᠰᠦᠪᠡᠭᠴᠢᠯᠡᠵᠤ ᠪᠠᠢ᠌ᠨ᠎ᠠ
 
            