ᠯᠢ ᠺᠸ ᠴᠢᠶᠠᠩ 3 ᠳ᠋ᠤᠭ᠋ᠠᠷ ᠰᠠᠷ᠎ᠠ ᠵᠢᠨ 6᠎ᠤ ᠦᠳᠡ ᠵᠢᠨ ᠠ᠋ᠮᠤᠨ᠎ᠡ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠣᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠤᠳᠠᠭ᠋ᠠᠨ᠎ᠤ ᠬᠤᠷᠠᠯ᠎ᠤᠨ ᠭᠤᠸᠠᠩᠰᠢ ᠵᠢᠨ ᠲᠦᠯᠣᠭᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠣᠷᠣᠯᠴᠠᠭ᠋ᠠᠳ᠄ ᠭᠤᠸᠠᠩᠰᠢ ᠪᠣᠯ ᠪᠠᠷᠠᠭᠤᠨ ᠣᠷᠣᠨ᠎ᠳᠤ ᠪᠠᠢ᠌ᠬᠤ ᠮᠦᠷᠳᠡᠭᠡᠨ ᠳᠠᠯᠠᠢ ᠳᠠᠭ᠋ᠠᠤ ᠣᠷᠣᠨ᠎ᠳᠤ ᠪᠠᠢ᠌ᠨ᠎ᠠ᠂ ᠮᠦᠨᠴᠤ ᠴᠦᠭᠡᠨ ᠲᠣᠭ᠋ᠠᠲᠤ ᠦᠨᠳᠤᠰᠤᠲᠡᠨ᠎ᠤ ᠣᠷᠣᠨ ᠪᠣᠯᠬᠤ ᠮᠦᠷᠲᠡᠭᠡᠨ ᠪᠠᠰᠠ ᠬᠦᠮᠤᠨ ᠠᠮᠨ ᠣᠯᠠᠨ᠎ᠲᠠᠢ ᠭᠠᠵᠠᠷ ᠣᠷᠣᠨ ᠶᠤᠮ᠃ ᠵᠡᠭᠦᠨ ᠣᠷᠣᠨ᠎ᠲᠠᠢ ᠬᠠᠷᠢᠴᠠᠭᠤᠯᠪᠠᠯ᠂ ᠬᠦᠳᠡᠯᠮᠤᠷᠢ ᠵᠢᠨ ᠭᠦᠴᠤᠨᠤ ᠦᠷᠲᠡᠭ ᠶᠡᠬᠡ ᠳᠠᠪᠠᠭᠤᠯᠢᠭ᠂ ᠵᠠᠬ᠎ᠠ ᠲᠡᠯᠭᠡᠭᠦᠷ᠎ᠤᠨ ᠢᠷᠡᠭᠡᠳᠤᠢ ᠰᠠᠷᠠᠭᠤᠯ ᠠᠭᠤᠳᠠᠮ ᠶᠤᠮ᠃ ᠠ᠋ᠢ᠌ᠮᠤᠠᠴᠠ ᠭᠤᠸᠠᠩᠰᠢ ᠵᠠᠪᠠᠯ ᠨᠢᠭᠡᠳᠤᠯᠲᠠᠢ᠎ᠪᠠᠷ ᠲᠦᠯᠣᠪᠯᠡᠨ᠂ ᠡᠯ᠎ᠡ ᠲᠠᠯ᠎ᠠ ᠵᠢᠨ ᠬᠦᠴᠤᠨ᠎ᠢ ᠭᠦᠢ᠍ᠴᠡᠳ ᠳᠠᠢ᠌ᠴᠢᠯᠠᠵᠤ᠂ ᠬᠠᠮᠢᠶ᠎ᠠ ᠪᠦᠬᠦᠢ ᠰᠠᠭᠤᠷᠢ ᠳᠦᠬᠦᠭᠡᠷᠤᠮᠵᠢ ᠵᠢ ᠲᠡᠭᠦᠯᠳᠡᠷᠵᠢᠭᠦᠯᠤᠨ᠂ ᠵᠡᠭᠦᠨ ᠠ᠋ᠮᠤᠨᠡᠲᠤ ᠠᠽᠢᠶ᠎ᠠ᠎ᠲᠠᠢ ᠵᠠᠯᠭ᠋ᠠᠬᠤ ᠮᠦᠷᠳᠡᠭᠡᠨ ᠪᠠᠰᠠ ᠭᠤᠸᠠᠩᠳᠦᠢ᠍ᠩ ᠰᠢᠶᠠᠩᠭ᠋ᠠᠩ ᠣᠣᠮᠸᠨ ᠵᠡᠷᠭᠡ ᠳᠣᠬᠣᠢ ᠣᠷᠣᠨ᠎ᠤ ᠭᠣᠣᠯ ᠬᠦᠢ᠍ᠰᠤᠲᠠᠢ ᠰᠢᠭᠤᠳ ᠨᠡᠪᠲᠡᠷᠡᠯᠴᠡᠵᠤ᠂ ᠣᠷᠣᠨ ᠪᠠᠢ᠌ᠷᠢ᠂ ᠵᠠᠬ᠎ᠠ ᠳᠡᠯᠭᠡᠭᠦᠷ ᠵᠡᠷᠭᠡ ᠣᠨᠴᠠᠭ᠋ᠠᠢ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠭᠤᠸᠠᠩᠰᠢ ᠵᠢᠨ ᠠᠵᠤ ᠠᠬᠤᠢ ᠵᠢᠨ ᠬᠦᠭᠵᠢᠯᠲᠡ ᠵᠢ ᠰᠢᠨ᠎ᠡ ᠨᠢᠭᠡᠨ ᠳᠡᠭᠲᠡᠷ᠎ᠲᠤ ᠭᠠᠷᠭ᠋ᠠᠬᠤ ᠵᠢ ᠲᠦᠯᠬᠢᠨ ᠠᠬᠢᠭᠤᠯᠬᠤ ᠬᠡᠷᠡᠭᠲᠠᠢ ᠭᠡᠪᠡ᠃
