ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠳᠤᠮᠳᠠᠳᠦ ᠠ᠋ᠸᠦᠢ᠍ᠷᠤᠫᠠ ᠵᠢᠨ᠎ᠬᠢᠨ ᠶᠢᠰᠦᠳᠦᠭᠡᠷ ᠠ᠋ᠭᠡᠯᠵᠢ ᠵᠢᠨ ᠳᠠᠭᠡᠳᠤ ᠲᠡᠰ᠎ᠤᠨ ᠪᠠᠢ᠌ᠯᠳᠤᠬᠤ ᠪᠤᠳᠤᠯᠭ᠎ᠠ ᠵᠢᠨ ᠶᠠᠷᠢᠯᠴᠠᠭ᠎ᠠ ᠬᠢᠪᠡ
ᠨᠡᠶᠢᠲᠡᠯᠡᠭᠰᠡᠨ ᠴᠠᠭ᠄ 2019-03-21

                 
     3 ᠳ᠋ᠤᠭ᠋ᠠᠷ ᠰᠠᠷ᠎ᠠ ᠵᠢᠨ 18᠎ᠤ ᠠ᠋ᠳᠦᠷ᠂ ᠲᠦᠷᠦ ᠵᠢᠨ ᠶᠠᠪᠤᠳᠠᠯ᠎ᠤᠨ ᠬᠡᠰᠢᠭᠦᠨ ᠪᠦᠭᠡᠳ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ ᠸᠠᠩ ᠢ ᠪᠷᠦᠢ᠍ᠰᠸᠯ᠎ᠳᠤ ᠠ᠋ᠸᠦᠢ᠍ᠷᠤᠫᠠ ᠵᠢᠨ ᠬᠤᠯᠪᠤᠭ᠋ᠠᠨ᠎ᠤ ᠭᠠᠳᠠᠭ᠋ᠠᠳᠦ ᠶᠠᠪᠤᠳᠠᠯ ᠪᠤᠯᠤᠨ ᠠᠮᠤᠷ ᠲᠦᠪᠰᠢᠨ᠎ᠤ ᠲᠦᠷᠦ ᠵᠢᠨ ᠪᠤᠳᠤᠯᠭ᠎ᠠ ᠵᠢᠨ ᠳᠡᠭᠡᠳᠤ ᠲᠡᠰ᠎ᠤᠨ ᠲᠦᠯᠦᠭᠡᠯᠡᠭᠴᠢ ᠮᠦᠭᠸᠢᠢ᠍ᠯᠢᠨᠢ᠎ᠲᠠᠢ ᠶᠢᠰᠦᠳᠦᠭᠡᠷ ᠠ᠋ᠭᠡᠯᠵᠢ ᠵᠢᠨ ᠳᠤᠮᠳᠠᠳᠦ ᠠ᠋ᠸᠦᠢ᠍ᠷᠤᠫᠠ ᠵᠢᠨ ᠳᠡᠭᠡᠳᠤ ᠲᠡᠰ᠎ᠤᠨ ᠪᠠᠢ᠌ᠯᠳᠤᠬᠤ ᠪᠤᠳᠤᠯᠭ᠎ᠠ ᠵᠢᠨ ᠶᠠᠷᠢᠯᠴᠠᠭ᠎ᠠ ᠵᠢ ᠬᠠᠮᠲᠦᠪᠡᠷ ᠠ᠋ᠷᠬᠢᠯᠡᠵᠠᠢ᠃
      ᠸᠠᠩ ᠢ ᠳᠤᠮᠳᠠᠳᠦ ᠠ᠋ᠸᠦᠢ᠍ᠷᠤᠫᠠ ᠪᠤᠯ ᠪᠦᠬᠦ ᠲᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠲᠠᠨ ᠮᠦᠨ᠂ ᠲᠤᠭᠲᠠᠭᠤᠨ ᠪᠤᠰᠤ ᠲᠡᠯᠡᠬᠡᠢ ᠵᠢᠨ ᠪᠠᠢ᠌ᠳᠠᠯ᠎ᠤᠨ ᠠ᠋ᠮᠦᠨ᠎ᠡ᠂ ᠬᠤᠶᠠᠷ ᠠ᠋ᠲᠡᠭᠡᠳ ᠶᠡᠬᠡ ᠦᠷ᠎ᠡ ᠪᠦᠲᠦᠮᠵᠢᠲᠠᠢ ᠤᠢ᠌ᠯᠠᠭ᠋ᠠᠠᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ 《ᠲᠤᠭᠲᠠᠪᠤᠷᠢᠵᠢᠭᠤᠯᠤᠭᠴᠢ》 ᠵᠢᠨ ᠦᠢ᠍ᠯᠡᠳᠦᠯ ᠭᠠᠷᠭ᠋ᠠᠪᠠ᠂ ᠠ᠋ᠨᠡ᠎ᠨᠢ ᠪᠠᠰᠠ ᠴᠤ᠌ ᠲᠡᠯᠡᠬᠡᠢ ᠵᠢᠨ ᠬᠤᠶᠠᠷ ᠶᠡᠬᠡ ᠬᠦᠴᠦᠨ ᠪᠤᠯᠬᠤ ᠳᠤᠮᠳᠠᠳᠦ ᠠ᠋ᠸᠦᠢ᠍ᠷᠤᠫᠠ ᠵᠢᠨ ᠠ᠋ᠭᠦᠷᠭᠡᠯᠡᠪᠡᠰᠦ ᠵᠤᠬᠢᠬᠤ ᠬᠠᠷᠢᠭᠤᠴᠠᠯᠭ᠎ᠠ᠎ᠪᠠᠨ ᠠ᠋ᠭᠦᠷᠭᠡᠯᠡᠭᠰᠡᠨ ᠶᠠᠪᠤᠳᠠᠯ ᠪᠤᠯᠤᠨ᠎ᠠ᠃ ᠬᠤᠶᠠᠷ ᠲᠠᠯ᠎ᠠ ᠵᠢᠨ ᠬᠠᠮᠲᠤᠷᠠᠯᠴᠠᠭ᠎ᠠ ᠵᠢᠨ ᠲᠦᠪᠰᠢᠨ ᠪᠤᠯᠤᠨ ᠬᠡᠪᠴᠢᠶ᠎ᠡ ᠲᠡᠤᠬᠡ ᠵᠢᠨ ᠬᠠᠮᠤᠭ᠎ᠤᠨ ᠦᠨᠳᠦᠷ ᠬᠡᠮᠵᠢᠶᠡᠨ᠎ᠳᠤ ᠬᠦᠷᠦᠭᠡᠳ ᠪᠠᠢ᠌ᠨ᠎ᠠ᠂ ᠭᠡᠪᠡᠴᠤ ᠪᠠᠰᠠ ᠠᠤᠭ᠎ᠠ ᠶᠡᠬᠡ ᠨᠥᠭᠡᠴᠡ ᠬᠦᠴᠦᠨ᠎ᠲᠠᠢ ᠪᠠᠢ᠌ᠭ᠎ᠠ ᠶᠤᠮ᠂ ᠬᠠᠮᠲᠤᠷᠠᠯᠴᠠᠭ᠋ᠠᠨ᠎ᠤ ᠵᠦᠪ ᠵᠠᠮ᠎ᠢ ᠪᠠᠷᠢᠮᠲᠠᠯᠠᠨ᠂ ᠠᠰᠠᠭᠤᠳᠠᠯ ᠵᠢᠡᠷ ᠵᠠᠮᠴᠢ ᠪᠤᠯᠭ᠋ᠠᠬᠤ ᠵᠢ ᠪᠠᠷᠢᠮᠲᠠᠯᠠᠵᠦ᠂ ᠳᠤᠮᠳᠠᠳᠦ ᠠ᠋ᠸᠦᠢ᠍ᠷᠤᠫᠠ ᠵᠢᠨ ᠨᠠᠢ᠌ᠷᠠᠮᠳᠠᠯ᠂ ᠨᠡᠮᠡᠭᠳᠡᠯ᠂ ᠦᠭᠡᠷᠡᠴᠢᠯᠡᠯᠲᠡ᠂ ᠪᠤᠯᠪᠠᠰᠤᠨ ᠬᠡᠬᠦ ᠳᠦᠷᠪᠡᠨ ᠶᠡᠬᠡ ᠬᠠᠨᠢᠲᠠᠨ᠎ᠤ ᠬᠠᠷᠢᠯᠴᠠᠭ᠎ᠠ ᠵᠢᠨ ᠰᠢᠨ᠎ᠡ ᠠᠳᠬᠤᠴᠠ᠂ ᠰᠢᠨ᠎ᠡ ᠬᠦᠷᠢᠶ᠎ᠡ᠂ ᠰᠢᠨ᠎ᠡ ᠬᠦᠳᠡᠯᠭᠡᠭᠦᠷ᠎ᠢ ᠲᠠᠰᠤᠷᠠᠯᠲᠠ ᠦᠭᠡᠢ ᠠᠭᠤᠳᠠᠯᠤᠨ ᠦᠷᠭᠡᠳᠭᠡᠵᠦ᠂ ᠳᠤᠮᠳᠠᠳᠦ ᠠ᠋ᠸᠦᠢ᠍ᠷᠤᠫᠠ ᠵᠢᠨ ᠪᠦᠬᠦ ᠲᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢᠨ ᠲᠠᠰᠤᠷᠠᠯᠲᠠ ᠦᠭᠡᠢ ᠭᠦᠨᠵᠡᠭᠡᠢ᠌ᠷᠡᠬᠦ ᠵᠢ ᠠᠬᠢᠭᠤᠯᠬᠤ ᠬᠡᠷᠡᠭᠲᠠᠢ ᠭᠡᠵᠦ ᠬᠡᠯᠡᠵᠠᠢ᠃
      ᠸᠠᠩ ᠢ ᠭᠤᠷᠪᠠᠨ ᠦᠵᠡᠯᠲᠡ ᠵᠢ ᠴᠢᠬᠤᠯᠠᠴᠢᠯᠠᠵᠠᠢ᠄ ᠨᠢᠭᠡᠳᠦᠭᠡᠷ᠎ᠲᠤ᠂ ᠬᠠᠮᠲᠤᠷᠠᠯᠴᠠᠭ᠋ᠠᠨ᠎ᠤ ᠬᠠᠨᠢᠲᠠᠨ ᠪᠤᠯ ᠳᠤᠮᠳᠠᠳᠦ ᠠ᠋ᠸᠦᠢ᠍ᠷᠤᠫᠠ ᠵᠢᠨ ᠬᠠᠷᠢᠯᠴᠠᠭ᠋ᠠᠨ᠎ᠤ ᠮᠦᠨ ᠴᠢᠨᠠᠷ ᠪᠤᠯᠤᠨ᠎ᠠ᠃ ᠵᠠᠷᠢᠮ ᠠᠰᠠᠭᠤᠳᠠᠯ᠎ᠤᠳ᠎ᠤᠨ ᠲᠤᠬᠠᠢ ᠬᠤᠶᠠᠷ ᠲᠠᠯ᠎ᠠ ᠵᠢᠨ ᠦᠵᠡᠯᠲᠡ ᠵᠦᠷᠢᠶ᠎ᠡ᠎ᠲᠠᠢ ᠪᠠᠢ᠌ᠭ᠎ᠠ ᠪᠤᠯᠪᠠᠴᠤ ᠳᠤᠮᠳᠠᠳᠦ ᠠ᠋ᠸᠦᠢ᠍ᠷᠤᠫᠠ ᠵᠢᠨ ᠬᠠᠷᠢᠯᠴᠠᠭ᠎ᠠ ᠵᠢ ᠴᠢᠬᠤᠯᠠᠴᠢᠯᠠᠨ ᠬᠦᠭᠵᠢᠭᠦᠯᠬᠦ᠎ᠨᠢ ᠬᠤᠶᠠᠷ ᠲᠠᠯ᠎ᠠ ᠵᠢᠨ ᠬᠠᠮᠲᠦ ᠵᠢᠨ ᠵᠤᠷᠢᠯᠲᠠ ᠪᠤᠯᠬᠤ᠎ᠨᠢ ᠭᠠᠷᠴᠠᠭ᠎ᠠ ᠦᠭᠡᠢ᠃ ᠳᠤᠮᠳᠠᠳᠦ ᠠ᠋ᠸᠦᠢ᠍ᠷᠤᠫᠠ ᠵᠢᠨ ᠬᠤᠭᠤᠷᠤᠨᠳᠦ ᠦᠨᠳᠦᠰᠦᠨ ᠠᠰᠢᠭ ᠲᠤᠰᠠ ᠵᠢᠨ ᠮᠥᠷᠭᠦᠯᠳᠦᠭᠡᠨ ᠭᠡᠵᠦ ᠦᠭᠡᠢ ᠶᠤᠮ᠃ ᠠᠳᠠᠯᠢ ᠲᠠᠯ᠎ᠠ᠎ᠪᠠᠨ ᠠ᠋ᠷᠢᠵᠦ ᠵᠦᠷᠢᠶ᠎ᠡ᠎ᠪᠠᠨ ᠦᠯᠡᠳᠡᠭᠡᠬᠦ᠎ᠪᠠᠷ ᠪᠠᠷᠠᠬᠤ ᠦᠭᠡᠢ᠂ ᠪᠠᠰᠠ ᠠᠳᠠᠯᠢ ᠲᠠᠯ᠎ᠠ᠎ᠪᠠᠨ ᠨᠡᠢ᠌ᠯᠡᠭᠦᠯᠵᠦ ᠵᠦᠷᠢᠶ᠎ᠡ᠎ᠪᠠᠨ ᠬᠤᠪᠢᠷᠠᠭᠤᠯᠵᠦ᠂ ᠬᠠᠮᠲᠦ ᠵᠢᠨ ᠠᠰᠢᠭ ᠲᠤᠰᠠ ᠪᠤᠯᠤᠨ ᠬᠠᠮᠲᠦ ᠵᠢᠨ ᠲᠠᠨᠢᠯᠲᠠ᠎ᠪᠠᠨ ᠲᠠᠰᠤᠷᠠᠯᠲᠠ ᠦᠭᠡᠢ ᠦᠷᠭᠡᠳᠭᠡᠪᠡᠯ ᠵᠤᠬᠢᠨ᠎ᠠ᠃ ᠬᠤᠶᠠᠳᠤᠭ᠋ᠠᠷ᠎ᠲᠤ ᠬᠠᠷᠢᠯᠴᠠᠨ ᠠᠰᠢᠬᠲᠠᠢ ᠪᠠᠢ᠌ᠵᠦ ᠬᠠᠮᠲᠦᠪᠡᠷ ᠠᠰᠢᠭ ᠬᠦᠷᠲᠡᠬᠦ ᠪᠤᠯ ᠳᠤᠮᠳᠠᠳᠦ ᠠ᠋ᠸᠦᠢ᠍ᠷᠤᠫᠠ ᠵᠢᠨ ᠬᠠᠮᠲᠤᠷᠠᠯᠴᠠᠭ᠋ᠠᠨ᠎ᠤ ᠬᠠᠷᠠᠯᠲᠠ ᠮᠦᠨ᠂ ᠠ᠋ᠸᠦᠢ᠍ᠷᠤᠫᠠ ᠲᠢᠪ᠎ᠤᠨ᠎ᠬᠢᠨ ᠳᠤᠮᠳᠠᠳᠦ ᠤᠯᠤᠰ᠎ᠤᠨ ᠰᠢᠨ᠎ᠡ ᠨᠢᠭᠡ ᠠ᠋ᠭᠡᠯᠵᠢ ᠵᠢᠨ ᠦᠭᠡᠷᠡᠴᠢᠯᠡᠯᠲᠡ ᠨᠡᠭᠡᠭᠡᠯᠲᠡ ᠵᠢᠨ ᠶᠡᠬᠡ ᠤᠷᠤᠰᠬᠠᠯ᠎ᠤᠨ ᠬᠠᠮᠤᠭ᠎ᠤᠨ ᠲᠦᠷᠦᠭᠦᠨ᠎ᠳᠠᠬᠢ ᠠᠰᠢᠭ ᠬᠦᠷᠲᠡᠭᠴᠢ ᠪᠤᠯᠬᠤ ᠵᠢ ᠪᠢᠳᠡ ᠬᠦᠰᠡᠵᠦ ᠪᠠᠢ᠌ᠨ᠎ᠠ᠂ ᠠ᠋ᠸᠦᠢ᠍ᠷᠤᠫᠠ ᠵᠢᠨ᠎ᠬᠢᠨ 《ᠨᠢᠭᠡ ᠪᠦᠰᠡ ᠨᠢᠭᠡ ᠵᠠᠮ》᠎ᠢ ᠬᠠᠮᠲᠦᠪᠡᠷ ᠪᠠᠢ᠌ᠭᠤᠯᠬᠤ ᠰᠠᠨᠠᠭ᠋ᠠᠴᠢᠯᠠᠭ᠎ᠠ᠎ᠳᠤ ᠤᠷᠤᠯᠴᠠᠨ᠂ 《ᠨᠢᠭᠡ ᠪᠦᠰᠡ ᠨᠢᠭᠡ ᠵᠠᠮ》᠎ᠢ ᠠ᠋ᠸᠦᠢ᠍ᠷᠤᠫᠠ ᠵᠢᠨ ᠬᠤᠯᠪᠤᠭ᠎ᠠ ᠠ᠋ᠸᠦᠢ᠍ᠷᠤᠫᠠ ᠠᠽᠢᠶ᠎ᠠ ᠵᠢᠨ ᠬᠤᠯᠪᠤᠯᠴᠠᠭ᠎ᠠ ᠨᠡᠪᠲᠡᠷᠡᠯᠴᠡᠭᠡ᠎ᠲᠠᠢ ᠵᠤᠯᠭ᠋ᠠᠯᠴᠠᠭᠤᠯᠬᠤ ᠠᠵᠢᠯᠯᠠᠭ᠎ᠠ ᠦᠷᠨᠢᠭᠦᠯᠬᠦ ᠵᠢ ᠪᠢᠲᠡ ᠲᠠᠭ᠋ᠠᠰᠢᠶᠠᠨ᠎ᠠ᠃ ᠭᠤᠷᠪᠠᠳᠤᠭ᠋ᠠᠷ᠎ᠲᠤ᠂ ᠨᠢᠭᠡ ᠨᠢᠭᠡᠨ᠎ᠤ᠎ᠪᠠᠨ ᠭᠤᠤᠯᠯᠠᠭᠴᠢ ᠠᠰᠢᠭ ᠲᠤᠰᠠ ᠵᠢ ᠬᠦᠨᠳᠦᠳᠭᠡᠬᠦ ᠪᠤᠯ ᠳᠤᠮᠳᠠᠳᠦ ᠠ᠋ᠸᠦᠢ᠍ᠷᠤᠫᠠ ᠵᠢᠨ ᠢᠲᠡᠭᠡᠯᠴᠡᠭᠡ ᠵᠢᠨ ᠰᠢᠨᠵᠢ ᠲᠡᠮᠳᠡᠭ ᠮᠦᠨ᠂ ᠠ᠋ᠸᠦᠢ᠍ᠷᠤᠫᠠ ᠵᠢᠨ᠎ᠬᠢᠨ ᠳᠤᠮᠳᠠᠳᠦ ᠤᠯᠤᠰ᠎ᠤᠨ ᠭᠤᠤᠯᠯᠠᠭᠴᠢ ᠠᠰᠢᠭ ᠲᠤᠰᠠ᠎ᠲᠠᠢ ᠬᠤᠯᠪᠤᠭᠳᠠᠭᠰᠠᠨ ᠠᠰᠠᠭᠤᠳᠠᠯ ᠳᠡᠭᠡᠷ᠎ᠡ ᠪᠤᠯᠭᠤᠮᠵᠢᠲᠠᠢ ᠪᠠᠢ᠌ᠬᠤ ᠵᠢ ᠪᠢᠳᠡ ᠬᠦᠰᠡᠵᠦ ᠪᠠᠢ᠌ᠨ᠎ᠠ᠃ ᠳᠤᠮᠳᠠᠳᠦ ᠤᠯᠤᠰ᠎ᠤᠨ᠎ᠬᠢᠨ ᠲᠤᠷᠠᠲᠠᠶ᠎ᠠ ᠠ᠋ᠸᠦᠢ᠍ᠷᠤᠫᠠ ᠵᠢᠨ᠎ᠬᠢᠨ᠎ᠲᠠᠢ ᠬᠠᠮᠲᠦᠪᠡᠷ ᠳᠤᠮᠳᠠᠳᠦ ᠠ᠋ᠸᠦᠢ᠍ᠷᠤᠫᠠ ᠵᠢᠨ ᠬᠠᠷᠢᠯᠴᠠᠭ᠎ᠠ ᠵᠢ ᠰᠠᠢ᠌ᠲᠤᠷ ᠬᠠᠮᠠᠭ᠋ᠠᠯᠠᠨ ᠬᠦᠭᠵᠢᠭᠦᠯᠵᠦ᠂ ᠬᠤᠶᠠᠷ ᠲᠠᠯ᠎ᠠ ᠵᠢᠨ ᠠᠷᠠᠳ ᠲᠦᠮᠡᠨ᠎ᠳᠤ ᠬᠠᠮᠲᠦᠪᠡᠷ ᠪᠤᠶᠠᠨ ᠦᠢ᠍ᠯᠡᠳᠬᠦ ᠪᠦᠭᠡᠳ ᠲᠡᠯᠡᠬᠡᠢ ᠵᠢᠨ ᠠ᠋ᠩᠬᠡ ᠲᠠᠢ᠌ᠪᠤᠩ ᠪᠤᠯᠤᠨ ᠬᠦᠭᠵᠢᠯ ᠪᠠᠳᠠᠷᠠᠯ᠎ᠳᠤ ᠨᠡᠩ ᠶᠡᠬᠡ ᠢᠲᠡᠪᠬᠢᠲᠠᠢ ᠬᠠᠨᠳᠢᠪ ᠨᠡᠮᠡᠷᠢᠯᠡᠨ᠎ᠡ᠃
      ᠮᠦᠭᠸᠢᠢ᠍ᠯᠢᠨᠢ ᠲᠠᠪᠤᠨ ᠵᠢᠯ᠎ᠤᠨ ᠲᠤᠷᠰᠢ᠂ ᠳᠤᠮᠳᠠᠳᠦ ᠠ᠋ᠸᠦᠢ᠍ᠷᠤᠫᠠ ᠵᠢᠨ ᠬᠠᠷᠢᠯᠴᠠᠭ᠎ᠠ ᠤᠷᠢᠲᠦ ᠠ᠋ᠮᠦᠨ᠎ᠡ ᠭᠠᠷᠤᠭ᠎ᠠ ᠦᠭᠡᠢ᠎ᠪᠠᠷ ᠦᠷᠭᠡᠵᠢᠨ ᠭᠦᠨᠵᠡᠭᠡᠢ᠌ᠷᠡᠭᠰᠡᠨ ᠶᠤᠮ᠃ ᠬᠤᠶᠠᠷ ᠲᠠᠯ᠎ᠠ᠎ᠪᠠᠷ ᠵᠶ᠋ᠠᠨ ᠭᠠᠭᠴᠠ ᠲᠠᠯ᠎ᠠ ᠵᠢ ᠪᠠᠷᠢᠮᠲᠠᠯᠠᠬᠤ ᠦᠵᠡᠯ᠂ ᠥᠮᠦᠭᠯᠡᠨ ᠬᠠᠮᠠᠭ᠋ᠠᠯᠠᠬᠤ ᠦᠵᠡᠯ᠎ᠢ ᠠ᠋ᠰᠡᠷᠭᠦᠴᠡᠬᠦ ᠠᠰᠠᠭᠤᠳᠠᠯ ᠲᠠᠭᠡᠷ᠎ᠡ ᠵᠤᠭᠰᠤᠯᠲᠠ ᠬᠠᠷᠠᠯᠲᠠ ᠨᠢᠭᠡᠲᠠᠢ ᠪᠠᠢ᠌ᠵᠦ᠂ ᠪᠦᠷ ᠤᠯᠠᠨ ᠤᠯᠤᠰ᠎ᠤᠨ ᠬᠤᠯᠪᠤᠭ᠋ᠠᠲᠦ ᠪᠠᠢ᠌ᠭᠤᠯᠭ᠎ᠠ᠎ᠪᠠᠷ ᠭᠤᠤᠯᠯᠠᠭᠴᠢ ᠪᠤᠯᠭ᠋ᠠᠭᠰᠠᠨ ᠤᠯᠠᠨ ᠤᠯᠤᠰ᠎ᠤᠨ ᠠ᠋ᠮᠬᠢ ᠵᠢᠷᠤᠮ᠎ᠢ ᠬᠠᠮᠠᠭ᠋ᠠᠯᠠᠬᠤ ᠵᠢ ᠲᠡᠮᠵᠢᠭᠰᠡᠭᠡᠷ ᠢᠷᠡᠪᠡ᠃ ᠠ᠋ᠨᠡ ᠠ᠋ᠳᠦᠷ ᠳᠤᠮᠳᠠᠳᠦ ᠤᠯᠤᠰ᠎ᠤᠨ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ ᠠ᠋ᠸᠦᠢ᠍ᠷᠤᠫᠠ ᠵᠢᠨ ᠬᠤᠯᠪᠤᠭ᠋ᠠᠨ᠎ᠤ 28 ᠪᠦᠷᠢᠯᠳᠦᠭᠦᠨ ᠤᠯᠤᠰ᠎ᠤᠨ ᠭᠠᠳᠠᠭ᠋ᠠᠳᠦ ᠶᠠᠪᠤᠳᠠᠯ᠎ᠤᠨ ᠶᠠᠮᠤᠨ᠎ᠤ ᠰᠠᠢ᠌ᠳ᠎ᠲᠠᠢ ᠠᠩᠬ᠎ᠠ ᠤᠳᠠᠭ᠎ᠠ ᠤᠯᠠᠭᠤᠯᠠ ᠠᠭᠤᠯᠵᠠᠵᠦ᠂ ᠳᠤᠮᠳᠠᠳᠦ ᠠ᠋ᠸᠦᠢ᠍ᠷᠤᠫᠠ ᠵᠢᠨ ᠬᠠᠮᠲᠤᠷᠠᠯᠴᠠᠭ᠎ᠠ ᠵᠢ ᠴᠢᠩᠭ᠋ᠠᠳᠬᠠᠬᠤ ᠲᠤᠬᠠᠢ ᠤᠯᠠᠮ ᠴᠢᠨᠠᠭᠰᠢᠳᠠ ᠶᠠᠷᠢᠯᠴᠠᠬᠤ ᠪᠤᠯᠤᠨ᠎ᠠ᠃ ᠠ᠋ᠸᠦᠢ᠍ᠷᠤᠫᠠ ᠵᠢᠨ᠎ᠬᠢᠨ ᠢᠮᠠᠬᠳᠠ ᠳᠤᠮᠳᠠᠳᠦ ᠤᠯᠤᠰ᠎ᠢ ᠪᠠᠢ᠌ᠯᠳᠤᠬᠤ ᠪᠤᠳᠤᠯᠭ᠎ᠠ ᠵᠢᠨ ᠵᠶ᠋ᠠᠨ ᠴᠢᠬᠤᠯᠠ ᠬᠠᠨᠢᠲᠠᠨ ᠵᠢᠡᠷ ᠦᠵᠡᠵᠦ᠂ ᠳᠤᠮᠳᠠᠳᠦ ᠤᠯᠤᠰ᠎ᠤᠨ ᠠᠵᠦ ᠠᠬᠤᠢ ᠵᠢ ᠴᠢᠬᠤᠯᠠᠴᠢᠯᠠᠨ ᠦᠵᠡᠬᠦ᠎ᠪᠠᠷ ᠪᠠᠷᠠᠬᠤ ᠦᠬᠡᠢ᠂ ᠳᠤᠮᠳᠠᠳᠦ ᠤᠯᠤᠰ᠎ᠤᠨ ᠤᠯᠤᠰ ᠲᠦᠷᠦ ᠵᠢ ᠴᠤ᠌ ᠴᠢᠬᠤᠯᠠᠴᠢᠯᠠᠨ ᠦᠵᠡᠳᠡᠭ᠃ ᠠ᠋ᠸᠦᠢ᠍ᠷᠤᠫᠠ ᠵᠢᠨ ᠬᠤᠯᠪᠤᠭ᠋ᠠᠨ᠎ᠤ ᠳᠤᠮᠳᠠᠳᠤ ᠤᠯᠤᠰ᠎ᠯᠤᠭ᠎ᠠ ᠵᠢᠨ ᠰᠢᠨ᠎ᠡ ᠲᠦᠷᠦ ᠵᠢᠨ ᠪᠤᠳᠤᠯᠭ᠎ᠠ ᠵᠢᠨ ᠪᠢᠴᠢᠭ ᠮᠠᠲᠸᠷᠢᠶᠠᠯ᠎ᠨᠢ ᠠ᠋ᠸᠦᠢ᠍ᠷᠤᠫᠠ ᠵᠢᠨ ᠬᠤᠯᠪᠤᠭ᠋ᠠᠨ᠎ᠤ ᠳᠤᠮᠳᠠᠳᠦ ᠤᠯᠤᠰ᠎ᠯᠤᠭ᠎ᠠ ᠵᠢᠨ ᠬᠠᠮᠲᠤᠷᠠᠯᠴᠠᠭ᠋ᠠᠨᠨ᠎ᠤ ᠪᠠᠢ᠌ᠯᠳᠤᠬᠤ ᠪᠤᠳᠤᠯᠭ᠎ᠠ ᠵᠢ ᠤᠷᠤᠯᠠᠬᠤ ᠦᠭᠡᠢ᠃ ᠠ᠋ᠸᠦᠢ᠍ᠷᠤᠫᠠ ᠵᠢᠨ ᠬᠤᠯᠪᠤᠭ᠎ᠠ ᠳᠤᠮᠳᠠᠳᠦ ᠤᠯᠤᠰ᠎ᠤᠨ ᠬᠦᠭᠵᠢᠯᠲᠡ ᠵᠢ ᠬᠤᠷᠢᠬᠯᠠᠬᠤ ᠰᠠᠨᠠᠭ᠎ᠠ ᠦᠭᠡᠢ᠂ ᠬᠤᠷᠢᠬᠯᠠᠵᠦ ᠴᠤ᠌ ᠴᠢᠳᠠᠬᠤ ᠦᠭᠡᠢ ᠶᠤᠮ᠃ ᠠ᠋ᠸᠦᠢ᠍ᠷᠤᠫᠠ ᠵᠢᠨ ᠬᠤᠯᠪᠤᠭ᠎ᠠ ᠳᠤᠮᠳᠠᠳᠦ ᠤᠯᠤᠰ᠎ᠤᠨ ᠪᠦᠬᠦ ᠪᠦᠮᠪᠦᠷᠴᠡᠭ᠎ᠤᠨ ᠨᠡᠩ ᠠᠷᠪᠢᠨ ᠬᠦᠷᠢᠶᠡᠨ᠎ᠡ ᠬᠦᠲᠦᠯᠦᠨ ᠲᠠᠭ᠋ᠠᠭᠤᠯᠬᠤ ᠦᠢ᠍ᠯᠡᠳᠦᠯ ᠭᠠᠷᠭ᠋ᠠᠬᠤ ᠵᠢ ᠤᠯᠵᠦ ᠦᠵᠡᠬᠦ ᠲᠤᠷᠠᠲᠠᠢ᠃ ᠳᠤᠮᠳᠠᠳᠦ ᠠ᠋ᠸᠦᠢ᠍ᠷᠤᠫᠠ ᠵᠠᠷᠢᠮ ᠠᠰᠠᠭᠤᠳᠠᠯ ᠳᠡᠭᠡᠷ᠎ᠡ ᠵᠦᠷᠢᠯᠳᠦᠭᠡᠨ᠎ᠲᠠᠢ ᠪᠤᠯᠪᠠᠴᠤ ᠠ᠋ᠸᠦᠢ᠍ᠷᠤᠫᠠ ᠵᠢᠨ᠎ᠬᠢᠨ ᠢᠮᠠᠬᠲᠠ ᠬᠠᠮᠲᠦ ᠵᠢᠨ ᠬᠦᠭᠵᠢᠯᠲᠡ ᠴᠡᠴᠡᠭᠯᠡᠯᠲᠡ ᠵᠢᠨ ᠲᠠᠯ᠎ᠠ᠎ᠠᠴᠠ ᠬᠤᠶᠠᠷ ᠲᠠᠯ᠎ᠠ ᠵᠢᠨ ᠪᠠᠢ᠌ᠯᠳᠤᠬᠤ ᠪᠤᠳᠤᠯᠭ᠎ᠠ ᠵᠢᠨ ᠬᠠᠨᠢᠲᠠᠨ᠎ᠤ ᠬᠠᠷᠢᠴᠠᠭ᠎ᠠ ᠵᠢ ᠪᠤᠳᠤᠯᠬᠢᠯᠠᠳᠠᠭ᠃ ᠠ᠋ᠸᠦᠢ᠍ᠷᠤᠫᠠ ᠵᠢᠨ᠎ᠬᠢᠨ ᠨᠢᠭᠡ ᠯᠡ ᠳᠤᠮᠳᠠᠳᠦ ᠤᠯᠤᠰ ᠪᠠᠢ᠌ᠬᠤ ᠲᠦᠷᠦ ᠵᠢᠨ ᠪᠤᠳᠤᠯᠭ᠎ᠠ ᠵᠢ ᠦᠷᠭᠦᠯᠵᠢᠯᠡᠨ ᠬᠡᠷᠡᠭᠵᠢᠭᠦᠯᠤᠨ᠎ᠡ᠂ ᠶᠠᠮᠠᠷ ᠴᠤ᠌ ᠬᠤᠪᠢᠷᠠᠯᠲᠠ ᠭᠠᠷᠤᠭᠰᠠᠨ ᠦᠭᠡᠢ ᠭᠡᠵᠦ ᠢᠯᠡᠷᠬᠡᠢ᠌ᠯᠡᠵᠠᠢ᠃
      ᠮᠦᠭᠸᠢᠢ᠍ᠯᠢᠨᠢ ᠠ᠋ᠸᠦᠢ᠍ᠷᠤᠫᠠ ᠵᠢᠨ᠎ᠬᠢᠨ ᠲᠤᠷᠠᠲᠠᠶ᠎ᠠ ᠳᠤᠮᠳᠠᠳᠦ ᠵᠢᠨ᠎ᠬᠢᠨ᠎ᠲᠠᠢ ᠬᠠᠮᠲᠦᠪᠡᠷ ᠤᠯᠠᠨ ᠤᠯᠤᠰ᠎ᠤᠨ ᠤᠯᠠᠨ ᠲᠠᠯ᠎ᠠ ᠵᠢᠨ ᠵᠦᠪᠯᠡᠯᠴᠡᠭᠡᠷ᠎ᠢ ᠨᠠᠢ᠌ᠳᠠᠪᠤᠷᠢᠵᠢᠭᠤᠯᠬᠤ ᠶᠠᠪᠤᠳᠠᠯ᠎ᠢ ᠠᠬᠢᠭᠤᠯᠵᠦ᠂ 《ᠫᠠᠷᠢᠰ᠎ᠤᠨ ᠵᠦᠪᠯᠡᠯᠴᠡᠭᠡᠷ》᠂ ᠢᠷᠠᠨ᠎ᠤ ᠴᠦᠮ᠎ᠡ ᠵᠢᠨ ᠠᠰᠠᠭᠤᠳᠠᠯ᠎ᠤᠨ ᠲᠤᠬᠠᠢ ᠵᠦᠪᠯᠡᠯᠴᠡᠭᠡᠷ᠂ ᠦᠷᠭᠦᠯᠵᠢᠯᠡᠨ ᠬᠦᠭᠵᠢᠭᠦᠯᠬᠦ ᠬᠠᠷᠠᠯᠲᠠ᠂ ᠠᠹᠷᠢᠺᠠ ᠲᠢᠪ᠎ᠤᠨ ᠬᠦᠭᠵᠢᠯᠲᠡ ᠵᠡᠷᠭᠡ ᠵᠦᠪᠯᠡᠬᠦ ᠵᠦᠢ᠍ᠯ᠎ᠤᠨ ᠲᠠᠯ᠎ᠠ᠎ᠪᠠᠷ ᠨᠢᠬᠲᠠ ᠬᠠᠮᠲᠤᠷᠠᠯᠴᠠᠭ᠎ᠠ ᠬᠢᠨ᠎ᠡ᠃ ᠠ᠋ᠸᠦᠢ᠍ᠷᠤᠫᠠ ᠵᠢᠨ ᠬᠤᠯᠪᠤᠭ᠎ᠠ ᠠ᠋ᠸᠦᠢ᠍ᠷᠤᠫᠠ ᠳᠤᠮᠳᠠᠳᠦ ᠵᠢᠨ ᠬᠤᠯᠪᠤᠯᠴᠠᠭ᠎ᠠ ᠨᠡᠪᠲᠡᠷᠡᠯᠴᠡᠭᠡ ᠵᠢ ᠭᠦᠨᠵᠡᠭᠡᠢ᠌ᠷᠡᠭᠦᠯᠦᠨ᠂ ᠠ᠋ᠸᠦᠢ᠍ᠷᠤᠫᠠ ᠠᠽᠢᠶ᠎ᠠ ᠵᠢᠨ ᠬᠤᠯᠪᠤᠯᠴᠠᠭ᠎ᠠ ᠨᠡᠪᠲᠡᠷᠡᠯᠴᠡᠭᠡ ᠵᠢᠨ ᠪᠠᠢ᠌ᠯᠳᠤᠬᠤ ᠪᠤᠳᠤᠯᠭ᠎ᠠ ᠵᠢ ᠳᠤᠮᠳᠠᠳᠦ ᠤᠯᠤᠰ᠎ᠤᠨ 《ᠨᠢᠭᠡ ᠪᠦᠰᠡ ᠨᠢᠭᠡ ᠵᠠᠮ》᠎ᠢ ᠪᠠᠢ᠌ᠭᠤᠯᠬᠤ ᠰᠠᠨᠠᠭ᠋ᠠᠠᠴᠢᠯᠠᠭ᠎ᠠ᠎ᠲᠠᠢ ᠵᠤᠯᠭ᠋ᠠᠯᠴᠠᠭᠤᠯᠬᠤ ᠶᠠᠪᠤᠳᠠᠯ᠎ᠢ ᠰᠤᠳᠤᠯᠤᠨ ᠶᠠᠷᠢᠯᠴᠠᠵᠦ᠂ ᠭᠤᠷᠪᠠᠳᠠᠬᠢ ᠠ᠋ᠲᠡᠭᠡᠳ᠎ᠤᠨ ᠬᠠᠮᠲᠤᠷᠠᠯᠴᠠᠭ᠎ᠠ ᠵᠢ ᠶᠡᠬᠡᠪᠡᠷ ᠦᠷᠨᠢᠬᠦᠯᠬᠦ ᠵᠢ ᠬᠦᠰᠡᠵᠦ ᠪᠠᠢ᠌ᠨ᠎ᠠ᠃ ᠠ᠋ᠸᠦᠢ᠍ᠷᠤᠫᠠ ᠳᠤᠮᠳᠠᠳᠦ ᠬᠣᠶᠠᠷ ᠲᠠᠯ᠎ᠠ ᠵᠢᠨ᠎ᠬᠢᠨ ᠰᠦᠯᠵᠢᠶᠡᠨ᠎ᠤ ᠠᠮᠤᠷ ᠲᠦᠪᠰᠢᠨ᠎ᠤ ᠬᠠᠮᠲᠤᠷᠠᠯᠴᠠᠭ᠎ᠠ ᠵᠢ ᠥᠷᠨᠢᠭᠦᠯᠦᠨ᠂ ᠰᠦᠯᠵᠢᠶᠡᠨ᠎ᠤ ᠨᠡᠭᠡᠭᠡᠯᠲᠡ᠂ ᠠᠮᠤᠷ ᠲᠦᠪᠰᠢᠨ᠂ ᠲᠤᠭᠲᠠᠭᠤᠨ ᠪᠠᠢ᠌ᠳᠠᠯ᠎ᠢ ᠦᠨᠡᠨᠬᠦ ᠬᠠᠮᠠᠭ᠋ᠠᠯᠠᠵᠦ᠂ ᠳᠦᠷᠢᠮ ᠲᠤᠭᠲᠠᠭ᠋ᠠᠯ᠎ᠳᠤ ᠰᠠᠭᠤᠷᠢᠯᠠᠭᠰᠠᠨ ᠰᠦᠯᠵᠢᠶᠡᠨ᠎ᠤ ᠠ᠋ᠮᠬᠢ ᠵᠢᠷᠤᠮ᠎ᠢ ᠪᠠᠢ᠌ᠭᠤᠯᠵᠦ ᠪᠤᠯᠤᠨ᠎ᠠ ᠭᠡᠪᠡ᠃
      ᠬᠤᠶᠠᠷ ᠠ᠋ᠲᠡᠭᠡᠳ᠎ᠤᠨ᠎ᠬᠢᠨ ᠪᠠᠰᠠ ᠤᠳᠤᠬᠠᠨ᠎ᠤ ᠲᠡᠯᠡᠬᠡᠢ ᠵᠢᠨ ᠪᠠᠢ᠌ᠳᠠᠯ᠂ ᠦᠪᠡᠷ ᠦᠪᠡᠷ᠎ᠤᠨ ᠲᠤᠮᠤ ᠤᠯᠤᠰ᠎ᠯᠤᠭ᠎ᠠ ᠵᠢᠨ ᠬᠠᠷᠢᠯᠴᠠᠭ᠎ᠠ ᠵᠢᠴᠢ ᠲᠡᠯᠡᠬᠡᠢ ᠳ᠋ᠠᠬᠢᠨ᠎ᠤ ᠬᠠᠯᠠᠮᠰᠢᠯ ᠠᠰᠠᠭᠤᠳᠠᠯ ᠵᠡᠷᠭᠡ ᠵᠢᠨ ᠲᠤᠬᠠᠢ ᠦᠵᠡᠯᠲᠡ᠎ᠪᠠᠨ ᠭᠦᠨᠵᠡᠬᠡᠢ ᠰᠤᠯᠢᠯᠴᠠᠭᠰᠠᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠳᠤᠮᠳᠠᠳᠦ ᠤᠯᠤᠰ ᠠ᠋ᠸᠦᠢ᠍ᠷᠤᠫᠠ ᠵᠢᠨ ᠬᠤᠯᠪᠤᠭ᠋ᠠᠨ᠎ᠤ ᠪᠦᠷᠢᠯᠳᠦᠬᠦᠨ ᠤᠯᠤᠰ᠎ᠤᠳ᠎ᠲᠠᠢ ᠠᠩᠬ᠎ᠠ ᠤᠳᠠᠭ᠎ᠠ ᠭᠠᠳᠠᠭ᠋ᠠᠳᠦ ᠶᠠᠪᠤᠳᠠᠯ᠎ᠤᠨ ᠶᠠᠮᠤᠨ᠎ᠤ ᠶᠠᠷᠢᠯᠴᠠᠭ᠎ᠠ ᠬᠢᠪᠠ
ᠠ᠋ᠸᠦᠢ᠍ᠷᠤᠫᠠ ᠵᠢᠨ ᠬᠤᠯᠪᠤᠭ᠋ᠠᠨ᠎ᠤ ᠵᠦᠪᠯᠡᠯ᠎ᠤᠨ ᠲᠡᠷᠢᠭᠦᠯᠡᠭᠴᠢ ᠷᠦᠩᠺᠸ ᠸᠠᠩ ᠢ᠎ᠲᠠᠢ ᠠᠭᠤᠯᠵᠠᠪᠠ
ᠬᠠᠨ ᠵᠸᠩ ᠤᠷᠤᠨ ᠰᠠᠭᠤᠴᠠ ᠪᠤᠯᠤᠨ ᠬᠤᠲᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠳᠤ ᠬᠦᠷᠴᠤ ᠪᠠᠢ᠌ᠴᠠᠭ᠋ᠠᠨ ᠰᠤᠳᠤᠯᠤᠯᠲᠠ ᠬᠢᠭᠰᠡᠨ ᠪᠦᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠲᠦᠩᠯᠢᠶᠣᠣ ᠬᠣᠲᠡ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ 2019 ᠣᠨ᠎ᠤ ᠠᠵᠢᠯ᠎ᠤᠨ ᠠ᠋ᠭᠦᠷᠭᠡ᠎ᠪᠠᠨ ᠬᠠᠮᠲᠤᠪᠡᠷ ᠰᠤᠳᠤᠯᠤᠨ ᠰᠦᠪᠡᠭᠴᠢᠯᠡᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠲᠢᠩᠬᠢᠮ᠎ᠤᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ ᠦᠢ᠍ᠯᠡᠴᠢᠯᠡᠭᠡᠨ᠎ᠤ ᠲᠦᠷᠣᠯ ᠵᠦᠢ᠍ᠯ᠎ᠨᠢ ᠦᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠠᠰᠠᠭ᠎ᠤᠨ ᠤᠷᠳᠤᠨ᠎ᠤ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠦᠷᠣᠯ ᠵᠦᠢ᠍ᠯ ᠪᠣᠯᠪᠠ
 
            