ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ᠎ᠬᠢᠨ ᠳᠠᠭ᠋ᠠᠭ᠋ᠠᠴᠢᠯᠠᠭᠰᠠᠨ ᠳᠤᠰᠬᠤᠨ᠎ᠤ ᠬᠦᠴᠢᠷᠲᠡᠯ᠎ᠲᠠᠢ ᠠᠷᠠᠳ ᠵᠢᠴᠢ ᠳᠤᠰᠬᠤᠨ᠎ᠳᠤ ᠰᠠᠭᠤᠭ᠎ᠠ ᠶᠠᠳᠠᠭᠤ ᠵᠢ ᠳᠡᠳᠬᠦᠬᠦ ᠺᠠᠳ᠋ᠷ ᠵᠶ᠋ᠠᠨ ᠲᠣᠬᠣᠨᠢᠭᠤᠯᠵᠠᠢ
ᠨᠡᠶᠢᠲᠡᠯᠡᠭᠰᠡᠨ ᠴᠠᠭ᠄ 2019-02-14

         

     1 ᠳ᠋ᠤᠭᠡᠷ ᠰᠠᠷ᠎ᠠ ᠵᠢᠨ 29᠎ᠤ ᠠ᠋ᠳᠤᠷ᠎ᠤᠨ ᠦᠳᠡ ᠵᠢᠨ ᠠ᠋ᠮᠤᠨ᠎ᠡ᠂ ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠳᠠᠷᠤᠭ᠎ᠠ ᠹᠸᠩ ᠬᠤᠩ ᠴᠢᠩ ᠵᠡᠷᠭᠡ ᠬᠦᠮᠤᠰ ᠳᠠᠭ᠋ᠠᠭ᠋ᠠᠴᠢᠯᠠᠨ ᠬᠠᠮᠢᠶᠠᠷᠴᠤ ᠪᠠᠢ᠌ᠭ᠎ᠠ ᠨᠢ᠌ᠮᠠᠨ ᠬᠤᠰᠢᠭᠤᠨ᠎ᠤ ᠳ᠋ᠦᠩ ᠮᠢᠩ ᠪᠠᠯᠭ᠋ᠠᠰᠤᠨ᠎ᠤ ᠭᠠ ᠱ᠌ᠢ ᠳᠢᠶᠡᠨ ᠽᠢ ᠳᠤᠰᠬᠤᠨ ᠪᠣᠯᠤᠨ ᠶᠡᠬᠡ ᠵᠢᠷᠠᠨ ᠳᠠᠯᠠᠩ ᠳᠤᠰᠬᠤᠨ᠎ᠳᠤ ᠬᠦᠷᠴᠤ ᠲᠣᠬᠣᠨᠢᠭᠤᠯᠤᠨ᠂ ᠶᠠᠳᠠᠭᠤ ᠬᠦᠴᠢᠷᠳᠡᠯ᠎ᠲᠠᠢ ᠠ᠋ᠷᠤᠬᠡ᠎ᠳᠤ ᠳᠤᠲᠤᠷᠭ᠎ᠠ᠂ ᠭᠤᠯᠢᠷ᠂ ᠲᠣᠰᠤ ᠵᠡᠷᠭᠡ ᠠᠮᠢᠳᠤᠷᠠᠯ᠎ᠤᠨ ᠬᠡᠷᠡᠭᠯᠡᠭᠡ᠂ ᠭᠡᠷ᠎ᠲᠤ᠎ᠪᠠᠨ ᠦᠯᠡᠳᠡᠭᠰᠡᠨ ᠬᠡᠣᠬᠡᠳ᠎ᠲᠤ ᠪᠣᠭᠴᠤ᠂ ᠪᠢᠴᠢᠭ᠎ᠤᠨ ᠬᠡᠷᠡᠭᠰᠡᠯ ᠠᠪᠴᠤ ᠬᠦᠷᠭᠡᠵᠠᠢ᠃ ᠹᠸᠩ ᠬᠤᠩ ᠴᠢᠩ ᠳᠠᠷᠤᠭ᠎ᠠ ᠬᠦᠷᠤᠭ᠌ᠰᠡᠨ ᠠ᠋ᠷᠤᠬᠡ ᠪᠣᠯᠭ᠋ᠠᠨ᠎ᠤ ᠦᠨᠳᠤᠰᠤᠨ ᠠᠮᠢᠳᠤᠷᠠᠯ᠎ᠤᠨ ᠪᠠᠢ᠌ᠳᠠᠯ ᠪᠣᠯᠤᠨ ᠣᠷᠣᠯᠭ᠎ᠠ ᠵᠡᠷᠭᠡ ᠵᠢ ᠨᠠᠷᠢᠨ ᠨᠢᠮᠪᠡᠢ ᠠᠰᠠᠭᠤᠵᠤ ᠰᠤᠷᠠᠨ᠂ ᠣᠯᠠᠨ ᠲᠦᠮᠡᠨ᠎ᠤ ᠶᠠᠳᠠᠭᠤ ᠵᠢ ᠳᠡᠳᠬᠦᠬᠦ ᠠᠵᠢᠯ᠎ᠳᠤ᠎ᠬᠢ ᠰᠠᠨᠠᠯ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠰᠣᠨᠤᠰᠤᠨ᠎ᠠ᠃
      ᠲᠡᠷᠡ ᠳᠤᠰᠬᠤᠨ᠎ᠳᠤ ᠰᠠᠭᠤᠭ᠎ᠠ ᠨᠢᠭᠡᠳᠤᠭᠡᠷ ᠱᠦᠵᠢ ᠪᠣᠯᠤᠨ ᠶᠠᠳᠠᠭᠤ ᠵᠢ ᠳᠡᠳᠬᠦᠬᠦ ᠠᠵᠢᠯᠯᠠᠬᠤ ᠠᠩᠭᠢ ᠵᠢᠨ ᠬᠡᠰᠢᠭᠦᠳ ᠵᠶ᠋ᠠᠨ ᠲᠣᠬᠣᠨᠢᠭᠤᠯᠤᠭᠰᠠᠨ ᠪᠦᠭᠡᠳ ᠲᠡᠳᠡᠨ᠎ᠤ ᠶᠠᠳᠠᠭᠤ ᠵᠢ ᠳᠡᠳᠬᠦᠨ ᠪᠣᠭᠣᠮᠲᠠ ᠰᠢᠪᠲᠤᠯᠬᠤ ᠠᠵᠢᠯ᠎ᠳᠤ ᠰᠢᠷᠭ᠋ᠠᠭᠤ ᠬᠠᠲᠠᠭᠤᠵᠢᠯᠲᠠᠢ ᠴᠢᠷᠮᠠᠢ᠌ᠨ ᠣᠷᠣᠯᠴᠠᠭᠰᠠᠨ᠎ᠢ ᠭᠦᠢ᠍ᠴᠡᠳ ᠨᠣᠲᠠᠯᠠᠵᠤ᠂ ᠲᠡᠳᠡᠨ᠎ᠢ ᠣᠯᠤᠭᠰᠠᠨ ᠠᠮᠵᠢᠯᠲᠠ᠎ᠳᠠᠭᠠᠨ ᠰᠡᠳᠬᠢᠯ ᠬᠠᠩᠬᠤ ᠦᠭᠡᠢ᠎ᠪᠠᠷ ᠬᠦᠴᠤᠨ ᠵᠶ᠋ᠠᠨ ᠨᠢᠭᠲᠠᠷᠠᠭᠤᠯᠤᠨ ᠴᠢᠷᠮᠠᠢ᠌ᠨ ᠠᠵᠢᠯᠯᠠᠵᠤ᠂ ᠠᠷᠠᠳ᠎ᠤᠨ ᠠᠮᠢᠳᠤᠷᠠᠯ᠎ᠤᠨ ᠬᠢᠷᠢ ᠳᠦᠪᠰᠢᠨ᠎ᠢ ᠳᠡᠭᠡᠭᠰᠢᠯᠡᠭᠦᠯᠤᠨ ᠠᠵᠠ ᠵᠢᠷᠭ᠋ᠠᠯᠲᠠᠢ ᠠᠮᠢᠳᠤᠷᠠᠬᠤ᠎ᠳᠤ ᠬᠦᠴᠤᠨ ᠴᠢᠳᠠᠯ ᠵᠶ᠋ᠠᠨ ᠠ᠋ᠷᠭᠦᠰᠤᠭᠡᠢ ᠭᠡᠵᠤ ᠵᠣᠷᠢᠭᠵᠢᠭᠤᠯᠤᠭᠰᠠᠨ ᠪᠠᠢ᠌ᠨ᠎ᠠ᠃


ᠢᠷᠡᠯᠲᠡ᠄
          
ᠬᠠᠮᠢᠶ᠎ᠡ ᠪᠦᠬᠦᠢ ᠰᠣᠨᠢᠨ
ᠬᠦᠬᠡᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠳᠤᠰᠬᠤᠨ᠎ᠤ ᠵᠦᠪᠯᠡᠯ᠎ᠤᠨ ᠠ᠋ᠷᠬᠢᠯᠡᠭᠴᠢ ᠵᠢᠨ ᠪᠣᠯᠪᠠᠰᠤᠷᠠᠯ᠎ᠤᠨ ᠠᠩᠭᠢ ᠠ᠋ᠷᠬᠢᠯᠡᠪᠡ
ᠠᠯᠠᠱ᠌ᠠ ᠠᠢ᠌ᠮᠠᠭ᠎ᠤᠨ᠎ᠬᠢᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠪᠡᠯᠡ ᠮᠦᠩᠭᠦ ᠣᠯᠭᠣᠬᠤ ᠠᠵᠢᠯ᠎ᠢ ᠨᠠᠷᠢᠨ ᠬᠢᠨᠠᠮᠠᠭ᠋ᠠᠢ ᠬᠢᠵᠠᠢ
ᠮᠠᠨᠵᠤᠷ ᠬᠣᠲᠠ ᠵᠢᠨ ᠠᠷᠠᠳ ᠵᠢᠨ ᠶᠠᠪᠤᠳᠠᠯ᠎ᠤᠨ ᠳᠣᠪᠴᠢᠶ᠎ᠠ ᠴᠠᠭ᠋ᠠᠨ ᠰᠠᠷ᠎ᠠ᠎ᠠᠴᠠ ᠠ᠋ᠮᠤᠨ᠎ᠡ ᠠᠮᠤᠷ ᠳᠦᠪᠰᠢᠨ᠎ᠤ ᠪᠠᠢ᠌ᠴᠠᠭ᠋ᠠᠯᠲᠠ ᠬᠢᠵᠠᠢ
ᠠ᠋ᠷᠢᠶᠡᠨ ᠬᠣᠲᠡ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠴᠠᠭ᠋ᠠᠨ ᠰᠠᠷ᠎ᠠ᠎ᠠᠴᠠ ᠠ᠋ᠮᠤᠨ᠎ᠡ ᠬᠦᠴᠢᠷᠳᠡᠯ᠎ᠲᠠᠢ ᠣᠯᠠᠨ ᠳᠦᠮᠡᠨ᠎ᠳᠤ ᠬᠠᠢ᠌ᠷ᠎ᠠ ᠬᠠᠯᠠᠮᠵᠢ ᠬᠦᠷᠭᠡᠨ ᠲᠣᠬᠣᠨᠢᠭᠤᠯᠵᠠᠢ
ᠪᠡᠭᠡᠵᠢᠩ ᠥᠪᠤᠷ ᠮᠤᠩᠭᠤᠯ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 《ᠭᠠᠷ ᠬᠣᠯᠪᠣᠨ ᠠᠵᠢᠯᠯᠠᠬᠤ ᠲᠦᠯᠦᠪᠯᠡᠭᠡ》᠎ᠪᠠᠨ ᠵᠤᠯᠭ᠋ᠠᠭᠤᠯᠬᠤ ᠵᠦᠪᠯᠡᠨ ᠶᠠᠷᠢᠯᠴᠠᠬᠤ ᠬᠤᠷᠠᠯ ᠪᠡᠭᠡᠵᠢᠩ᠎ᠳᠤ ᠬᠤᠷᠠᠯᠳᠤᠪᠠ
 
            