ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠦᠬᠡᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠳᠡᠰ ᠬᠤᠪᠢᠶᠠᠨ ᠦᠨᠡᠯᠡᠬᠦ ᠪᠤᠯᠪᠠᠰᠤᠷᠠᠯ᠎ᠤᠨ ᠠᠩᠭᠢ ᠠ᠋ᠷᠬᠢᠯᠡᠪᠡ
ᠨᠡᠶᠢᠲᠡᠯᠡᠭᠰᠡᠨ ᠴᠠᠭ᠄ 2019-03-08

           
     2 ᠳ᠋ᠤᠭ᠋ᠠᠷ ᠰᠠᠷ᠎ᠠ ᠵᠢᠨ 28᠎ᠤ ᠠ᠋ᠳᠦᠷ ᠬᠦᠬᠡᠬᠤᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ᠎ᠨᠢ ᠬᠦᠬᠡᠬᠤᠲᠠ ᠵᠢᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠠᠳᠠᠯ ᠦᠢ᠍ᠯᠡᠰ ᠪᠦᠲᠦᠭᠡᠬᠦ ᠦᠢ᠍ᠯᠡᠴᠢᠯᠡᠭᠡᠨ᠎ᠤ ᠲᠦᠪ᠎ᠲᠤ 2018 ᠤᠨ᠎ᠤ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠳᠡᠰ ᠬᠤᠪᠢᠶᠠᠨ ᠦᠨᠡᠯᠡᠬᠦ ᠪᠤᠯᠪᠠᠰᠤᠷᠠᠯ᠎ᠤᠨ ᠠᠩᠭᠢ ᠠ᠋ᠷᠬᠢᠯᠡᠪᠡ᠃ ᠠ᠋ᠨᠡ ᠤᠳᠠᠭ᠎ᠠ ᠵᠢᠨ ᠪᠤᠯᠪᠠᠰᠤᠷᠠᠯ᠎ᠤᠨ ᠠᠩᠭᠢ ᠵᠢ ᠬᠦᠬᠡᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠭᠤᠤᠯᠯᠠᠨ ᠠ᠋ᠷᠬᠢᠯᠡᠵᠦ᠂ ᠬᠦᠬᠡᠬᠤᠲᠠ ᠵᠢᠨ ᠷᠦᠢ ᠯᠢᠶᠠᠨ ᠺᠠᠢ ᠵᠸᠦ ᠨᠡᠢ᠌ᠭᠡᠮ᠎ᠤᠨ ᠠᠵᠢᠯ᠎ᠤᠨ ᠬᠦᠭᠵᠢᠯᠲᠡ ᠵᠢᠨ ᠲᠦᠪ ᠲᠠᠭ᠋ᠠᠭ᠋ᠠᠴᠢᠯᠠᠨ ᠭᠦᠢ᠍ᠴᠡᠳᠭᠡᠵᠦ᠂ ᠪᠦᠬᠦ ᠬᠤᠲᠠ ᠵᠢᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ 74 ᠬᠠᠷᠢᠭᠤᠴᠠᠯᠭ᠋ᠠᠲᠠᠨ ᠤᠷᠤᠯᠴᠠᠵᠠᠢ᠃
      ᠪᠤᠯᠪᠠᠰᠤᠷᠠᠯ ᠵᠶ᠋ᠠᠷ᠂ ᠬᠦᠬᠡᠬᠤᠲᠠ ᠵᠢᠨ 2015 ᠤᠨ᠎ᠳᠤ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠳᠡᠰ ᠬᠤᠪᠢᠶᠠᠨ ᠦᠨᠡᠯᠡᠬᠦ ᠠᠵᠢᠯ᠎ᠢ ᠬᠢᠵᠦ ᠠ᠋ᠬᠢᠯᠡᠭᠰᠡᠨ᠎ᠠᠴᠠ ᠨᠠᠰᠢᠬᠢ ᠬᠦᠭᠵᠢᠯᠲᠠ ᠵᠢᠨ ᠶᠠᠪᠤᠴᠠ ᠵᠢ ᠳ᠋ᠦᠩᠨᠡᠨ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠳᠡᠰ ᠬᠤᠪᠢᠶᠠᠨ ᠦᠨᠡᠯᠡᠬᠦ ᠠᠵᠢᠯ᠎ᠨᠢ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠴᠤᠭᠴᠠᠯᠠᠯᠲᠠ᠂ ᠳᠦᠷᠢᠮᠵᠢᠭᠦᠯᠤᠯᠲᠡ ᠪᠤᠯᠤᠨ ᠴᠢᠳᠠᠪᠤᠷᠢ ᠵᠢᠨ ᠪᠠᠢ᠌ᠭᠤᠯᠤᠯᠲᠠ ᠵᠢ ᠠᠬᠢᠭᠤᠯᠤᠨ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠡᠢ᠌ᠭᠡᠮ᠎ᠳᠤ ᠦᠢ᠍ᠯᠡᠴᠢᠯᠡᠬᠦ ᠴᠢᠳᠠᠮᠵᠢ ᠵᠢ ᠴᠢᠩᠭ᠋ᠠᠳᠬᠠᠵᠤ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ ᠪᠤᠯᠤᠨ ᠵᠠᠰᠠᠭ᠎ᠤᠨ ᠤᠷᠳᠤᠨ᠎ᠤ ᠰᠢᠯᠵᠢᠬᠦᠯᠦᠭᠰᠡᠨ ᠠ᠋ᠷᠬᠡ ᠲᠤᠰᠢᠶᠠᠯ᠎ᠢ ᠬᠦᠯᠢᠶᠡᠨ ᠠᠪᠬᠤ᠎ᠳᠤ ᠰᠠᠭᠤᠷᠢ ᠲᠠᠯᠪᠢᠨ ᠥᠭᠴᠤ᠂ ᠲᠠᠩᠰᠠᠯᠠᠬᠤ᠂ ᠤᠨ᠎ᠤ ᠪᠠᠢ᠌ᠴᠠᠭ᠋ᠠᠯᠲᠠ ᠬᠢᠬᠦ᠂ ᠳᠡᠰ ᠬᠤᠪᠢᠶᠠᠨ ᠦᠨᠡᠯᠡᠬᠦ᠂ ᠬᠠᠤᠯᠢ ᠬᠡᠷᠡᠭᠵᠢᠭᠦᠯᠬᠦ ᠵᠢ ᠬᠢᠨᠠᠨ ᠪᠠᠢ᠌ᠴᠠᠭ᠋ᠠᠬᠤ᠂ 《ᠬᠤᠶᠠᠷ ᠲᠤᠬᠢᠶᠠᠯ ᠵᠶ᠋ᠠᠷ ᠨᠢᠭᠡ ᠵᠢ ᠢᠯᠡ ᠪᠤᠯᠭ᠋ᠠᠬᠤ》᠂ 〈〈ᠲᠠᠪᠤ ᠵᠢ ᠨᠢᠭᠡ ᠴᠣᠭᠴᠠᠵᠢᠭᠤᠯᠬᠤ〉〉 ᠬᠢᠨᠠᠯᠲᠠ ᠬᠠᠮᠢᠶᠠᠷᠤᠯᠲᠠ ᠵᠢᠨ ᠵᠠᠠᠬ᠍ᠪᠤᠷ᠎ᠢ ᠪᠦᠷᠢᠯᠳᠦᠭᠦᠯᠵᠦ᠂ ᠳᠡᠰ ᠬᠤᠪᠢᠶᠠᠨ ᠦᠨᠡᠯᠡᠬᠦ ᠠᠵᠢᠯ᠎ᠤᠨ ᠳᠦᠷᠢᠮᠵᠢᠯ᠂ ᠰᠢᠨᠵᠢᠯᠡᠬᠦ ᠤᠬᠠᠭ᠋ᠠᠨᠴᠢ ᠴᠢᠨᠠᠷ ᠪᠤᠯᠤᠨ ᠪᠦᠷᠬᠦᠴᠡ ᠵᠢᠨ ᠨᠤᠷᠮ᠎ᠠ ᠵᠢ ᠮᠡᠳᠡᠭᠳᠡᠮ᠎ᠡ ᠳᠡᠭᠡᠰᠢᠯᠡᠭᠦᠯᠤᠭ᠌ᠰᠡᠨ᠎ᠢ ᠮᠡᠳᠡᠭᠦᠯᠪᠡ᠃ ᠤᠳᠤᠬᠠᠨ᠎ᠳᠤ᠂ ᠪᠦᠬᠦ ᠬᠤᠲᠠ ᠵᠢᠨ 151 ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠳᠡᠰ ᠬᠤᠪᠢᠶᠠᠨ ᠦᠨᠡᠯᠡᠭᠡᠳ ᠪᠠᠢ᠌ᠨ᠎ᠠ᠃ ᠠ᠋ᠭᠦᠨ᠎ᠳᠤ 3A ᠲᠡᠰ᠎ᠠᠴᠠ ᠲᠡᠭᠡᠭᠰᠢ ᠦᠨᠡᠯᠡᠭᠳᠡᠭᠰᠡᠨ᠎ᠨᠢ 92 ᠪᠤᠢ᠃
      ᠬᠦᠬᠡᠬᠤᠲᠠ ᠵᠢᠨ ᠷᠦᠢ ᠯᠢᠶᠠᠨ ᠺᠠᠢ ᠵᠸᠦ ᠨᠡᠢ᠌ᠭᠡᠮ᠎ᠤᠨ ᠠᠵᠢᠯ᠎ᠤᠨ ᠬᠦᠭᠵᠢᠯᠲᠡ ᠵᠢᠨ ᠲᠦᠪ᠎ᠤᠨ ᠬᠡᠷᠡᠭ ᠮᠡᠳᠡᠭᠴᠢᠳ᠎ᠤᠨ ᠳᠠᠷᠤᠭ᠎ᠠ ᠪᠤᠯᠤᠨ ᠲᠦᠷᠦᠯ ᠵᠦᠢ᠍ᠯ᠎ᠤᠨ ᠬᠠᠷᠢᠭᠤᠴᠠᠯᠭ᠋ᠠᠲᠠᠨ ᠲᠤᠰᠪᠤᠷᠢ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠳᠡᠰ ᠬᠤᠪᠢᠶᠠᠨ ᠦᠨᠡᠯᠡᠬᠦ ᠠᠵᠢᠯ᠎ᠤᠨ ᠨᠡᠢ᠌ᠲᠡᠯᠢᠭ ᠴᠢᠨᠠᠷ᠂ ᠲᠦᠪᠯᠡᠷᠡᠩᠭᠦᠢ ᠴᠢᠨᠠᠷ᠎ᠤᠨ ᠠᠰᠠᠭᠤᠳᠠᠯ᠎ᠤᠨ ᠲᠤᠬᠠᠢ ᠲᠠᠢ᠌ᠯᠪᠤᠷᠢ ᠬᠢᠭᠰᠡᠨ ᠪᠦᠭᠡᠳ ᠰᠠᠭᠤᠷᠢ ᠨᠥᠬᠦᠴᠡᠯ᠂ ᠲᠤᠲᠤᠭ᠋ᠠᠳᠦ ᠵᠠᠰᠠᠯᠲᠠ᠂ ᠠᠵᠢᠯ᠎ᠤᠨ ᠠᠮᠵᠢᠯᠲᠠ ᠪᠦᠲᠦᠮᠵᠢ᠂ ᠨᠡᠢ᠌ᠭᠡᠮ᠎ᠤᠨ ᠦᠨᠡᠯᠡᠯᠲᠡ ᠵᠡᠷᠭᠡ ᠳᠦᠷᠪᠡᠨ ᠶᠡᠬᠡ ᠲᠦᠷᠦᠯ᠎ᠤᠨ ᠵᠠᠭᠤ ᠭᠠᠷᠤᠢ ᠬᠦᠢ᠍ᠴᠡᠳᠭᠡᠬᠦ ᠲᠤᠭ᠎ᠠ ᠵᠢᠨ ᠲᠤᠭᠲᠠᠯᠴᠠᠭ᠎ᠠ ᠵᠢᠨ ᠲᠤᠭᠤᠷᠢᠨ᠎ᠳᠤ ᠳᠡᠰ ᠬᠤᠪᠢᠶᠠᠨ ᠦᠨᠡᠯᠡᠬᠦ ᠭᠦᠢ᠍ᠴᠡᠳᠭᠡᠬᠦ ᠲᠤᠭ᠎ᠠ ᠵᠢᠨ ᠲᠤᠭᠲᠠᠯᠴᠠᠭ᠎ᠠ ᠪᠤᠯᠤᠨ ᠬᠤᠪᠢ ᠤᠯᠭᠤᠬᠤ ᠨᠠᠷᠢᠨ ᠲᠦᠷᠢᠮ᠎ᠢ ᠭᠤᠤᠯᠳᠠᠯᠭ᠎ᠠ ᠪᠤᠯᠭ᠋ᠠᠨ ᠲᠠᠢ᠌ᠯᠪᠤᠷᠢᠯᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠠᠷᠠᠳ᠎ᠤᠨ ᠶᠠᠪᠤᠳᠠᠯ᠎ᠤᠨ ᠰᠢᠰᠲᠸᠮ᠎ᠤᠨ ᠠᠶᠤᠯ ᠦᠭᠡᠢ ᠦᠢ᠍ᠯᠡᠳᠪᠤᠷᠢᠯᠡᠯ᠎ᠤᠨ ᠠᠵᠢᠯ ᠵᠶ᠋ᠠᠨ ᠪᠠᠢ᠌ᠷᠢᠯᠠᠭᠤᠯᠵᠠᠢ
ᠬᠥᠯᠥᠨ ᠪᠤᠢ᠌ᠷ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠬᠤᠲᠠ ᠵᠢᠨ ᠨᠢᠭᠦᠯᠡᠰᠦᠩᠭᠦᠢ ᠵᠢᠨ ᠶᠡᠷᠦᠩᠬᠡᠢ ᠨᠡᠢ᠌ᠭᠡᠮᠯᠢᠭ᠎ᠠᠴᠠ ᠨᠢᠭᠦᠯᠡᠰᠦᠩᠭᠦᠢ ᠳᠤᠰᠠᠯᠠᠮᠵᠢ ᠵᠢᠨ ᠠᠵᠢᠯᠯᠠᠭ᠎ᠠ ᠦᠷᠨᠢᠭᠦᠯᠪᠠ
ᠤᠯᠠᠭ᠋ᠠᠨᠴᠠᠪ ᠬᠤᠲᠠ ᠨᠠᠰᠤᠲᠠᠳ᠎ᠢ ᠠᠰᠠᠷᠠᠬᠤ ᠦᠢ᠍ᠯᠡᠴᠢᠯᠡᠭᠡ ᠵᠢᠨ ᠴᠢᠨᠠᠷ ᠴᠢᠨᠰᠠᠭ᠎ᠠ ᠵᠢ ᠰᠠᠢ᠌ᠵᠢᠷᠠᠭᠤᠯᠬᠤ ᠶᠠᠪᠤᠳᠠᠯ᠎ᠢ ᠢᠲᠡᠪᠬᠢᠲᠠᠢ ᠠᠬᠢᠭᠤᠯᠪᠠ
ᠪᠤᠭᠤᠲᠦ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠎ᠨᠢ ᠲᠦᠪ᠎ᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠵᠢᠨ ᠠᠵᠢᠯ᠎ᠢ ᠲᠤᠰᠬᠠᠢ ᠲᠤᠭᠤᠷᠢᠨ ᠪᠠᠢ᠌ᠴᠠᠭ᠋ᠠᠬᠤ ᠳᠤᠭᠤᠢ᠌ᠯᠠᠩ᠎ᠤᠨ ᠬᠠᠷᠢᠭᠤ ᠲᠤᠰᠬᠠᠬᠰᠠᠨ ᠰᠠᠨᠠᠯ᠎ᠢ ᠨᠠᠢ᠌ᠳᠠᠪᠤᠷᠢᠵᠢᠭᠤᠯᠬᠤ ᠬᠤᠷᠠᠯ ᠬᠤᠷᠠᠯᠳᠤᠭᠤᠯᠵᠠᠢ
ᠲᠦᠩᠯᠢᠶᠤᠤ ᠬᠤᠲᠠ ᠪᠦᠬᠦ ᠬᠤᠲᠠ ᠵᠢᠨ ᠠᠷᠠᠳ᠎ᠤᠨ ᠶᠠᠪᠤᠳᠠᠯ ᠪᠤᠯᠤᠨ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
 
            