ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠤᠭᠤᠲᠦ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠎ᠨᠢ ᠲᠦᠪ᠎ᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠵᠢᠨ ᠠᠵᠢᠯ᠎ᠢ ᠲᠤᠰᠬᠠᠢ ᠲᠤᠭᠤᠷᠢᠨ ᠪᠠᠢ᠌ᠴᠠᠭ᠋ᠠᠬᠤ ᠳᠤᠭᠤᠢ᠌ᠯᠠᠩ᠎ᠤᠨ ᠬᠠᠷᠢᠭᠤ ᠲᠤᠰᠬᠠᠬᠰᠠᠨ ᠰᠠᠨᠠᠯ᠎ᠢ ᠨᠠᠢ᠌ᠳᠠᠪᠤᠷᠢᠵᠢᠭᠤᠯᠬᠤ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄ 2019-03-14

             
     3 ᠳ᠋ᠤᠭ᠋ᠠᠷ ᠰᠠᠷ᠎ᠠ ᠵᠢᠨ 7᠎ᠤ ᠠ᠋ᠳᠦᠷ ᠪᠤᠭᠤᠲᠦ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠎ᠨᠢ ᠪᠦᠬᠦ ᠬᠤᠲᠠ ᠵᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ᠎ᠬᠢᠨ᠎ᠢ ᠴᠤᠭᠯᠠᠭᠤᠯᠤᠨ ᠲᠦᠪ᠎ᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠠᠵᠢᠯ᠎ᠢ ᠲᠤᠰᠬᠠᠢ ᠲᠤᠭᠤᠷᠢᠨ ᠪᠠᠢ᠌ᠴᠠᠭ᠋ᠠᠬᠤ ᠳᠤᠭᠤᠢ᠌ᠯᠠᠩ᠎ᠤᠨ ᠬᠠᠷᠢᠭᠤ ᠲᠤᠰᠬᠠᠬᠰᠠᠨ ᠰᠠᠨᠠᠯ᠎ᠢ ᠨᠠᠢ᠌ᠲᠠᠪᠤᠷᠢᠵᠢᠭᠤᠯᠬᠤ ᠬᠤᠷᠠᠯ ᠬᠢᠵᠤ᠂ 《ᠪᠤᠭᠤᠲᠦ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠲᠦᠪ᠎ᠤᠨ ᠨᠠᠢ᠍ᠮᠠᠳᠤᠭ᠋ᠠᠷ ᠲᠤᠭᠤᠷᠢᠨ ᠪᠠᠢ᠌ᠴᠠᠭ᠋ᠠᠬᠤ ᠲᠤᠭᠤᠢ᠌ᠯᠠᠩ᠎ᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠵᠢᠨ ᠠᠵᠢᠯ᠎ᠢ ᠲᠤᠰᠬᠠᠢ ᠲᠤᠭᠤᠷᠢᠨ ᠪᠠᠢ᠌ᠴᠠᠭ᠋ᠠᠭ᠋ᠠᠳ ᠬᠠᠷᠢᠭᠤ ᠲᠤᠰᠬᠠᠬᠰᠠᠨ ᠰᠠᠨᠠᠯ᠎ᠢ ᠨᠠᠢ᠌ᠳᠠᠪᠤᠷᠢᠵᠢᠭᠤᠯᠬᠤ ᠲᠦᠰᠦᠪ》᠎ᠢ ᠨᠡᠢ᠌ᠲᠡᠯᠡᠵᠦ᠂ ᠴᠡᠭᠴᠡᠯᠡᠨ ᠵᠠᠰᠠᠬᠤ ᠠᠵᠢᠯ᠎ᠤᠨ ᠠ᠋ᠭᠦᠷᠭᠡ᠎ᠪᠠᠨ ᠪᠠᠢ᠌ᠷᠢᠯᠠᠭᠤᠯᠪᠠ᠃ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠨᠠᠮ᠎ᠤᠨ ᠤᠳᠤᠷᠢᠳᠬᠤ ᠲᠤᠭᠤᠢ᠌ᠯᠠᠩ᠎ᠤᠨ ᠱᠦᠵᠢ᠂ ᠲᠤᠪᠴᠢᠶᠠᠨ ᠲᠠᠷᠤᠭ᠎ᠠ ᠶᠦᠨ ᠭᠠᠩ ᠬᠤᠷᠠᠯ᠎ᠢ ᠠ᠋ᠷᠬᠢᠯᠡᠨ ᠶᠠᠷᠢᠶ᠎ᠠ ᠲᠠᠯᠪᠢᠵᠠᠢ᠃ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ᠂ ᠪᠠᠢ᠌ᠭᠤᠯᠭ᠎ᠠ ᠵᠢᠨ ᠺᠠᠳ᠋ᠷ ᠠᠵᠢᠯᠲᠠᠨ᠂ ᠡᠯ᠎ᠡ ᠬᠤᠰᠢᠭᠤ ᠰᠢᠶᠠᠨ ᠲᠤᠭᠤᠷᠢᠭ᠎ᠤᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠲᠠᠷᠤᠭ᠎ᠠ᠂ ᠳᠤᠰᠠᠯᠠᠮᠵᠢ ᠵᠢᠨ ᠰᠠᠯᠠᠭ᠋ᠠᠨ᠎ᠤ ᠳᠠᠷᠤᠭ᠎ᠠ᠂ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠰᠢᠭᠤᠳ ᠬᠠᠷᠢᠶ᠎ᠠ ᠨᠢᠭᠡᠴᠡ ᠵᠢᠨ ᠬᠠᠷᠢᠭᠤᠴᠠᠯᠭ᠋ᠠᠲᠠᠨ ᠬᠤᠷᠠᠯ᠎ᠳᠤ ᠤᠷᠤᠯᠴᠠᠵᠠᠢ᠃
      ᠬᠤᠷᠠᠯ ᠳᠡᠭᠡᠷ᠎ᠡ 《ᠠ᠋ᠷᠡᠰ ᠰᠢᠭᠤᠷᠬᠠᠢ ᠤᠪᠤᠷ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ᠂ ᠴᠢᠩᠭ᠎ᠠ ᠱᠠᠭ᠋ᠠᠷᠳᠠᠯᠭ᠎ᠠ》᠎ᠪᠠᠷ ᠴᠡᠭᠴᠡᠯᠡᠨ ᠵᠠᠰᠠᠬᠤ ᠠᠵᠢᠯ᠎ᠤᠨ ᠠ᠋ᠭᠦᠷᠭᠡ ᠵᠢ ᠪᠠᠢ᠌ᠷᠢᠯᠠᠭᠤᠯᠵᠤ᠂ ᠦᠢ᠍ᠯᠡ ᠠᠵᠢᠯᠯᠠᠭ᠎ᠠ᠎ᠪᠠᠷ ᠵᠢᠡᠨ 《ᠬᠤᠶᠠᠷ᠎ᠢ ᠬᠠᠮᠠᠭ᠋ᠠᠯᠠᠬᠤ》 ᠵᠢ ᠦᠵᠡᠭᠦᠯᠤᠨ᠂ ᠦᠷ᠎ᠡ ᠳ᠋ᠦᠩ ᠵᠢᠡᠷ ᠵᠢᠡᠨ ᠠ᠋ᠭᠦᠷᠭᠡ ᠠ᠋ᠭᠦᠷᠭᠡᠯᠡᠬᠦ ᠦᠵᠡᠯ ᠤᠬᠠᠮᠰᠠᠷ ᠵᠢᠡᠨ ᠢᠯᠡᠷᠡᠭᠦᠯᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠵᠢᠨ ᠠᠵᠢᠯ᠎ᠢ ᠠ᠋ᠷᠬᠡᠪᠰᠢ ᠴᠢᠬᠤᠯᠠ ᠶᠡᠬᠡ ᠤᠯᠤᠰ ᠲᠦᠷᠦ ᠵᠢᠨ ᠠ᠋ᠭᠦᠷᠭᠡ ᠪᠤᠯᠭ᠋ᠠᠵᠦ᠂ ᠨᠠᠷᠢᠨ ᠪᠤᠳᠠᠲᠠᠢ ᠭᠦᠢ᠍ᠴᠡᠳ ᠠᠳᠬᠤᠬᠤ ᠬᠡᠷᠡᠭᠲᠠᠢ ᠭᠡᠵᠦ ᠴᠢᠬᠤᠯᠠᠴᠢᠯᠠᠵᠠᠵᠢ᠃
      ᠬᠤᠷᠠᠯ᠎ᠠᠴᠠ ᠪᠠᠰᠠ ᠪᠦᠬᠦ ᠬᠤᠲᠠ ᠵᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ᠎ᠬᠢᠨ ᠲᠦᠰᠦᠪ᠎ᠯᠦᠭᠡ ᠪᠦᠬᠦ ᠲᠠᠯ᠎ᠠ᠎ᠪᠠᠷ ᠬᠠᠷᠢᠴᠠᠭᠤᠯᠵᠦ᠂ ᠰᠠᠨᠠᠭ᠋ᠠᠴᠢᠯᠠᠭ᠎ᠠ᠎ᠠᠴᠠ᠎ᠪᠠᠨ ᠲᠠᠭ᠋ᠠᠵᠦ᠂ ᠠᠰᠠᠭᠤᠳᠠᠯ᠎ᠢ ᠰᠢᠢ᠍ᠳᠪᠤᠷᠢᠯᠡᠭᠰᠡᠨ ᠦᠷ᠎ᠡ ᠳ᠋ᠦᠩ ᠵᠢᠡᠷ ᠦᠬᠡ ᠬᠡᠯᠡᠵᠦ᠂ ᠲᠡᠮᠦᠷ ᠮᠡᠲᠦ ᠰᠠᠬᠢᠯᠭ᠎ᠠ ᠪᠠᠲᠦ ᠪᠤᠯᠤᠨ ᠬᠠᠳᠠᠭ᠋ᠠᠰᠤᠨ ᠵᠤᠷᠢᠭ ᠰᠠᠨᠠᠭ᠎ᠠ᠎ᠪᠠᠷ ᠴᠡᠭᠴᠡᠯᠡᠨ ᠵᠠᠰᠠᠬᠤ ᠠᠵᠢᠯ᠎ᠢ ᠠᠳᠬᠤᠬᠤ ᠬᠡᠷᠡᠭᠲᠠᠢ᠃ ᠡᠯ᠎ᠡ ᠭᠠᠵᠠᠷ᠂ ᠡᠯ᠎ᠡ ᠨᠢᠭᠡᠴᠢ᠎ᠨᠢ ᠤᠳᠤᠷᠢᠳᠬᠤ ᠪᠠᠢ᠌ᠭᠤᠯᠤᠮᠵᠢ ᠪᠠᠢ᠌ᠭᠤᠯᠤᠨ ᠲᠡᠭᠦᠯᠳᠡᠷᠵᠢᠭᠦᠯᠵᠦ᠂ ᠭᠤᠤᠯ ᠤᠳᠤᠷᠢᠳᠤᠯᠭ᠎ᠠ᠎ᠨᠢ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠠ᠋ᠭᠦᠷᠭᠡᠯᠡᠵᠦ᠂ ᠠᠵᠢᠯ ᠵᠢᠡᠨ ᠰᠢᠭᠤᠳ᠂ ᠪᠤᠳᠠᠲᠠᠢ᠂ ᠳᠠᠭᠤᠰᠲᠠᠯ᠎ᠠ ᠠᠳᠬᠤᠬᠤ ᠬᠡᠷᠡᠭᠲᠠᠢ᠂ ᠵᠦᠪᠬᠡᠨ ᠤᠪᠤᠷ ᠵᠢᠡᠨ ᠢᠯᠡᠳᠭᠡᠭᠡᠳ ᠵᠢᠱ᠌ᠢᠶ᠎ᠡ ᠦᠵᠡᠭᠦᠯᠬᠦ ᠦᠭᠡᠢ᠂ ᠤᠳᠤᠷᠢᠳᠤᠭ᠋ᠠᠳ ᠠᠵᠢᠯ ᠬᠢᠬᠦ ᠦᠭᠡᠢ ᠪᠠᠢ᠌ᠵᠦ ᠤᠭᠳᠤ ᠪᠤᠯᠬᠤ ᠦᠭᠡᠢ; ᠬᠤᠪᠢᠳᠠᠨ ᠬᠠᠮᠢᠶᠠᠷᠤᠭᠴᠢ ᠤᠳᠤᠷᠢᠳᠤᠯᠭ᠎ᠠ᠎ᠨᠢ ᠭᠤᠭᠴᠤᠭ᠎ᠠ᠂ ᠨᠠᠷᠢᠨ ᠵᠤᠢ᠌ᠯᠡᠰ᠎ᠢ ᠨᠢᠭᠡ ᠨᠢᠭᠡ᠎ᠪᠠᠷ ᠬᠢᠨᠠᠮᠠᠭ᠋ᠠᠢ ᠨᠠᠢ᠌ᠳᠠᠪᠤᠷᠢᠵᠢᠭᠤᠯᠵᠦ᠂ ᠤᠷᠤᠰᠢᠵᠦ ᠪᠦᠬᠦᠢ ᠠᠰᠠᠭᠤᠳᠠᠯ᠎ᠢ ᠲᠠᠬᠢᠨ ᠲᠢᠭᠯᠡᠨ ᠰᠤᠳᠤᠯᠵᠦ᠂ ᠠᠵᠢᠯ᠎ᠤᠨ ᠠ᠋ᠭᠦᠷᠭᠡ᠎ᠪᠠᠨ ᠲᠠᠬᠢᠨ ᠬᠤᠪᠢᠶᠠᠷᠢᠯᠠᠨ ᠨᠠᠷᠢᠯᠢᠬ᠍ᠵᠢᠭᠤᠯᠵᠦ᠂ ᠠᠵᠢᠯ᠎ᠳᠠᠭᠠᠨ ᠠᠮᠵᠢᠯᠲᠠ ᠪᠦᠲᠦᠮᠵᠢ ᠤᠯᠬᠤ ᠵᠢ ᠪᠠᠲᠤᠯᠠᠬᠤ ᠬᠡᠷᠡᠭᠲᠠᠢ᠃ ᠡᠯ᠎ᠡ ᠭᠠᠵᠠᠷ᠎ᠤᠨ᠎ᠬᠢᠨ 《ᠣᠷᠣ ᠦᠭᠡᠢ ᠴᠡᠪᠡᠷᠯᠡᠬᠦ》 ᠠᠵᠢᠯ᠎ᠢ ᠠ᠋ᠷᠡᠰ ᠪᠡᠶᠡᠯᠡᠭᠦᠯᠵᠦ᠂ ᠶᠠᠳᠠᠭᠤ ᠵᠢ ᠲᠡᠳᠭᠦᠨ ᠨᠡᠭᠡᠭᠡᠯᠲᠡ ᠬᠢᠬᠦ ᠲᠦᠷᠦ ᠵᠢᠨ ᠪᠤᠳᠤᠯᠭ᠎ᠠ ᠵᠢ ᠬᠦᠳᠡᠭᠡ ᠲᠤᠰᠬᠤᠨ᠎ᠤ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠳᠦᠷᠢᠮ᠎ᠲᠠᠢ ᠵᠤᠯᠭ᠋ᠠᠭᠤᠯᠵᠦ᠂ ᠰᠠᠯᠠᠭ᠎ᠠ ᠮᠥᠴᠢᠷ᠎ᠤᠨ ᠬᠠᠮᠵᠢᠯᠴᠠᠭ᠎ᠠ᠎ᠪᠠᠨ ᠲᠠᠰᠤᠷᠠᠯᠲᠠ ᠦᠭᠡᠢ ᠠᠬᠢᠭᠤᠯᠤᠨ ᠬᠠᠮᠲᠤ ᠵᠢᠨ ᠬᠦᠴᠦᠨ ᠵᠢᠡᠨ ᠴᠢᠩᠭ᠋ᠠᠷᠠᠭᠤᠯᠵᠦ᠂ ᠲᠠᠩᠰᠠᠯᠠᠵᠦ ᠺᠠᠷᠲᠯᠠᠬᠰᠠᠨ ᠶᠠᠳᠠᠭᠤ ᠬᠦᠴᠢᠷᠳᠡᠯ᠎ᠲᠠᠢ ᠬᠦᠮᠦᠰ᠎ᠢ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠠᠴᠠ 《ᠠᠭ᠋ᠠᠵᠢᠮ ᠵᠢᠡᠷ ᠭᠠᠷᠭ᠋ᠠᠬᠤ》 ᠳᠦᠷᠢᠮ᠎ᠢ ᠨᠠᠢ᠌ᠳᠠᠪᠤᠷᠢᠵᠢᠭᠤᠯᠬᠤ ᠬᠡᠷᠡᠭᠲᠠᠢ᠃ ᠠᠷᠠᠳ᠎ᠤᠨ ᠶᠠᠪᠤᠳᠠᠯ᠎ᠤᠨ ᠰᠢᠰᠲᠸᠮ᠎ᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠵᠢ ᠨᠢᠭᠡᠳᠦᠯᠲᠠᠢ ᠲᠦᠯᠦᠪᠯᠡᠨ ᠠᠬᠢᠭᠤᠯᠬᠤ ᠬᠡᠷᠡᠭᠲᠠᠢ᠃ ᠲᠠᠷᠢᠶᠠᠯᠠᠬᠤ ᠮᠠᠯᠵᠢᠬᠤ ᠤᠷᠤᠨ᠎ᠤ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠶᠠᠳᠠᠭᠤ ᠵᠢ ᠲᠡᠳᠭᠦᠨ ᠨᠡᠭᠡᠭᠡᠯᠲᠡ ᠬᠢᠬᠦ ᠲᠦᠷᠦ ᠵᠢᠨ ᠪᠤᠳᠤᠯᠭ᠎ᠠ᠎ᠲᠠᠢ ᠪᠦᠲᠦᠮᠵᠢᠲᠠᠢ ᠵᠤᠯᠭ᠋ᠠᠭᠤᠯᠬᠤ ᠠᠵᠢᠯ᠎ᠢ ᠰᠠᠢ᠌ᠲᠤᠷ ᠬᠢᠵᠦ᠂ ᠲᠦᠷ ᠴᠠᠭ᠎ᠤᠨ ᠳᠤᠰᠠᠯᠠᠮᠵᠢ ᠵᠢᠨ ᠠᠵᠢᠯ᠎ᠢ ᠴᠢᠩᠭ᠋ᠠᠳᠬᠠᠬᠤ ᠬᠡᠷᠡᠭᠲᠠᠢ᠃ ᠲᠠᠷᠢᠶᠠᠯᠠᠬᠤ ᠮᠠᠯᠵᠢᠬᠤ ᠤᠷᠤᠨ᠎ᠤ ᠭᠡᠷ᠎ᠲᠡᠭᠡᠨ ᠬᠤᠴᠤᠷᠤᠭᠰᠠᠨ ᠨᠠᠰᠤᠲᠠᠳ᠎ᠢ ᠬᠠᠯᠠᠮᠵᠢᠯᠠᠨ ᠬᠠᠢ᠌ᠷᠠᠯᠠᠬᠤ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠲᠠᠷᠢᠶᠠᠯᠠᠬᠤ ᠮᠠᠯᠵᠢᠬᠤ ᠤᠷᠤᠨ᠎ᠤ ᠭᠡᠷ᠎ᠲᠡᠭᠡᠨ ᠬᠤᠴᠤᠷᠤᠭᠰᠠᠨ ᠨᠠᠰᠤᠲᠠᠳ᠎ᠢ ᠠ᠋ᠷᠬᠢᠨ ᠦᠵᠡᠬᠦ ᠳᠦᠷᠢᠮ᠎ᠢ ᠪᠦᠬᠦ ᠲᠠᠯ᠎ᠠ᠎ᠪᠠᠷ ᠲᠤᠭᠲᠠᠭ᠋ᠠᠬᠤ ᠬᠡᠷᠡᠭᠲᠠᠢ᠃ ᠬᠦᠴᠢᠷᠳᠡᠯ᠎ᠲᠠᠢ ᠬᠡᠤᠬᠡᠳ᠂ ᠲᠠᠷᠢᠶᠠᠯᠠᠬᠤ ᠮᠠᠯᠵᠢᠬᠤ ᠤᠷᠤᠨ᠎ᠤ ᠭᠡᠷ᠎ᠲᠡᠭᠡᠨ ᠬᠤᠴᠤᠷᠤᠭᠰᠠᠨ ᠬᠡᠤᠬᠡᠳ᠎ᠢ ᠬᠠᠯᠠᠮᠵᠢᠯᠠᠨ ᠬᠠᠢ᠌ᠷᠠᠯᠠᠵᠦ ᠬᠠᠮᠠᠭ᠋ᠠᠯᠠᠨ ᠵᠤᠬᠢᠴᠠᠭᠤᠯᠬᠤ ᠲᠤᠭᠲᠠᠴᠠ ᠵᠢ ᠲᠡᠭᠦᠯᠳᠡᠷᠵᠢᠭᠦᠯᠵᠦ᠂ ᠬᠠᠷᠠᠭ᠋ᠠᠯᠵᠠᠨ ᠬᠠᠮᠠᠭ᠋ᠠᠯᠠᠬᠤ ᠳᠦᠷᠢᠮ᠎ᠢ ᠨᠠᠢ᠌ᠳᠠᠪᠤᠷᠢᠵᠢᠭᠤᠯᠬᠤ ᠬᠡᠷᠡᠭᠲᠠᠢ᠃ ᠬᠦᠴᠢᠷᠳᠡᠯ᠎ᠲᠠᠢ ᠵᠡᠮᠲᠡᠭᠴᠤᠳ ᠪᠤᠯᠤᠨ ᠬᠦᠨᠳᠦ ᠵᠡᠮᠳᠡᠭᠴᠤᠳ᠎ᠲᠤ ᠨᠦᠬᠦᠪᠤᠷᠢ ᠤᠯᠭᠤᠬᠤ ᠳᠦᠷᠢᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠴᠢᠷᠳᠡᠯ᠎ᠲᠠᠢ ᠵᠡᠮᠳᠡᠭᠴᠤᠳ᠎ᠲᠤ ᠠᠮᠢᠳᠤᠷᠠᠯ᠎ᠤᠨ ᠨᠦᠬᠦᠪᠤᠷᠢ ᠤᠯᠭᠤᠬᠤ ᠪᠠ ᠬᠦᠨᠳᠦ ᠵᠡᠮᠳᠡᠭᠴᠤᠳ᠎ᠲᠤ ᠰᠤᠪᠢᠯᠠᠬᠤ ᠨᠦᠬᠦᠪᠤᠷᠢ ᠤᠯᠭᠤᠬᠤ ᠠᠵᠢᠯ᠎ᠢ ᠰᠠᠢ᠌ᠲᠤᠷ ᠬᠢᠬᠦ ᠬᠡᠷᠡᠭᠲᠠᠢ᠃ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ᠎ᠠᠴᠠ ᠦᠢ᠍ᠯᠡᠴᠢᠯᠡᠭᠡ ᠬᠤᠳᠠᠯᠳᠤᠨ ᠠᠪᠬᠤ ᠠᠵᠢᠯ᠎ᠢ ᠦᠷᠭᠦᠯᠵᠢᠯᠡᠨ ᠥᠷᠨᠢᠬᠦᠯᠵᠦ᠂ ᠦᠢ᠍ᠯᠡᠴᠢᠯᠡᠭᠡᠨ᠎ᠤ ᠳᠦᠰᠤᠯ ᠬᠤᠳᠠᠯᠳᠤᠨ ᠠᠪᠬᠤ ᠬᠦᠴᠢᠷᠳᠡᠯ᠎ᠲᠠᠢ ᠬᠦᠮᠦᠰ᠎ᠲᠤ ᠵᠢᠯᠤᠭᠤᠳᠤᠯᠭ᠎ᠠ ᠬᠢᠬᠦ᠂ ᠵᠦᠷᠢᠴᠡᠯ᠎ᠢ ᠰᠢᠢ᠍ᠳᠪᠤᠷᠢᠯᠡᠬᠦ ᠵᠡᠷᠭᠡ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡ ᠵᠢ ᠦᠷᠭᠡᠳᠭᠡᠬᠦ ᠬᠡᠷᠡᠭᠲᠠᠢ᠃ ᠨᠡᠢ᠌ᠭᠡᠮ᠎ᠤᠨ ᠠᠵᠢᠯ᠎ᠤᠨ ᠪᠠᠢ᠌ᠭᠤᠯᠤᠮᠵᠢ ᠵᠢ ᠬᠦᠲᠦᠯᠦᠨ ᠵᠢᠯᠤᠭᠤᠳᠴᠤ ᠪᠠᠢ᠌ᠭ᠋ᠠᠳ ᠶᠠᠳᠠᠭᠤ ᠬᠦᠴᠢᠷᠳᠡᠯ᠎ᠲᠠᠢ ᠬᠤᠰᠢᠭᠤ ᠰᠢᠶᠠᠨ᠎ᠳᠤ ᠲᠤᠰᠬᠠᠢ᠌ᠵᠢᠬᠰᠠᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡ ᠬᠠᠩᠭ᠋ᠠᠬᠤ ᠬᠡᠷᠡᠭᠲᠠᠢ ᠭᠡᠵᠦ ᠱᠠᠭ᠋ᠠᠷᠳᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠲᠦᠩᠯᠢᠶᠤᠤ ᠬᠤᠲᠠ ᠪᠦᠬᠦ ᠬᠤᠲᠠ ᠵᠢᠨ ᠠᠷᠠᠳ᠎ᠤᠨ ᠶᠠᠪᠤᠳᠠᠯ ᠪᠤᠯᠤᠨ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ 2019 ᠤᠨ᠎ᠤ ᠪᠦᠬᠦ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠠᠵᠢᠯ᠎ᠤᠨ ᠬᠤᠷᠠᠯ ᠬᠢᠵᠠᠢ
ᠪᠠᠶᠠᠨᠨᠠᠭᠤᠷ ᠬᠣᠲᠠ ᠵᠢᠨ᠎ᠬᠢᠨ ᠪᠦᠬᠦ ᠬᠣᠲᠠ ᠵᠢᠨ ᠠᠷᠠᠳ᠎ᠤᠨ ᠶᠠᠪᠤᠳᠠᠯ᠎ᠤᠨ ᠠᠵᠢᠯ ᠵᠢᠴᠢ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠢᠪᠡ
ᠬᠦᠯᠤᠨ ᠪᠣᠢ᠌ᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠪᠦᠬᠦ ᠬᠣᠲᠠ ᠵᠢᠨ 2019 ᠣᠨ᠎ᠤ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠠᠵᠢᠯ᠎ᠤᠨ ᠠᠵᠢᠯ᠎ᠤᠨ ᠪᠠᠢ᠌ᠷᠢ ᠵᠢᠨ ᠬᠤᠷᠠᠯ ᠬᠢᠪᠡ
ᠬᠦᠯᠤᠨ ᠪᠣᠢ᠌ᠷ ᠬᠣᠲᠠ 2019 ᠣᠨ᠎ᠤ ᠪᠦᠬᠦ ᠬᠣᠲᠠ ᠵᠢᠨ ᠠᠷᠠᠳ᠎ᠤᠨ ᠶᠠᠪᠤᠳᠠᠯ᠎ᠤᠨ ᠠᠵᠢᠯ ᠵᠢᠴᠢ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠪᠠ
 
            