ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ 2019 ᠣᠨ᠎ᠤ ᠠᠶᠤᠯ ᠦᠭᠡᠢ ᠦᠢ᠍ᠯᠡᠳᠪᠤᠷᠢᠯᠡᠯ᠎ᠤᠨ ᠶᠡᠬᠡ ᠪᠠᠢ᠌ᠴᠠᠭ᠋ᠠᠯᠲᠠ ᠬᠢᠪᠡ
ᠨᠡᠶᠢᠲᠡᠯᠡᠭᠰᠡᠨ ᠴᠠᠭ᠄ 2019-02-15

           

     1 ᠳ᠋ᠤᠭᠡᠷ ᠰᠠᠷ᠎ᠠ ᠵᠢᠨ 12᠎ᠤᠨ ᠠ᠋ᠳᠤᠷ ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠪᠦᠬᠦ ᠬᠣᠲᠠ ᠵᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ ᠠᠶᠤᠯ ᠦᠭᠡᠢ ᠦᠢ᠍ᠯᠡᠳᠪᠤᠷᠢᠯᠡᠯ᠎ᠤᠨ ᠶᠡᠬᠡ ᠪᠠᠢ᠌ᠴᠠᠭ᠋ᠠᠯᠲᠠ ᠬᠢᠵᠠᠢ᠃ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠳᠠᠷᠤᠭ᠎ᠠ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠵᠤ᠂ ᠬᠣᠯᠪᠣᠭᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠲᠠᠨ ᠨᠠᠷ ᠵᠶ᠋ᠠᠷ ᠬᠡᠰᠢᠭᠦᠨ ᠪᠣᠯᠭ᠋ᠠᠭᠰᠠᠨ ᠠᠶᠤᠯ ᠦᠭᠡᠢ ᠦᠢ᠍ᠯᠡᠳᠪᠤᠷᠢᠯᠡᠯ᠎ᠤᠨ ᠪᠠᠢ᠌ᠴᠠᠭ᠋ᠠᠯᠲᠠ ᠵᠢᠨ ᠳᠤᠭᠤᠢ᠌ᠯᠠᠩ᠎ᠨᠢ ᠨᠠᠰᠦᠲᠠᠳ᠎ᠤᠨ ᠬᠦᠷᠢᠶᠡᠯᠡᠩ᠂ ᠢᠷᠠᠭᠤ ᠠᠯᠳᠠᠷᠲᠠᠳ᠎ᠤᠨ ᠬᠦᠷᠢᠶᠡᠯᠡᠩ᠂ ᠨᠡᠢ᠌ᠬᠡᠮ᠎ᠠᠴᠠ ᠠ᠋ᠷᠬᠢᠯᠡᠭᠰᠡᠨ ᠠᠰᠠᠷᠠᠮᠵᠢ ᠵᠢᠨ ᠬᠦᠷᠢᠶᠡᠯᠡᠩ᠂ ᠭᠠᠮᠰᠢᠭ᠎ᠠᠴᠠ ᠠᠪᠤᠷᠠᠬᠤ ᠬᠦᠮᠤᠷᠭᠡ ᠵᠡᠷᠭᠡ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠢ᠌ᠭᠤᠯᠤᠮᠵᠢ ᠵᠢᠴᠢ ᠠᠰᠠᠷᠠᠮᠵᠢ ᠵᠢᠨ ᠯᠣᠲᠲᠸᠷᠢ ᠵᠢᠨ ᠲᠦᠪ᠂ ᠬᠣᠲᠡ ᠵᠢᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ ᠵᠡᠷᠭᠡ ᠨᠢ᠌ᠮᠠᠨ ᠬᠣᠲᠠ ᠵᠢᠨ ᠰᠢᠭᠤᠳ ᠬᠠᠷᠢᠶ᠎ᠠ ᠨᠢᠭᠡᠴᠡ᠎ᠳᠤ ᠬᠦᠷᠴᠤ᠂ ᠪᠦᠬᠦ ᠲᠠᠯ᠎ᠠ᠎ᠪᠠᠷ ᠦᠨᠴᠣᠭ᠌ ᠪᠤᠯᠤᠩ ᠦᠯᠡᠳᠡᠭᠡᠯ ᠦᠭᠡᠢ᠎ᠪᠠᠷ ᠠᠶᠤᠯ ᠦᠭᠡᠢ ᠦᠢ᠍ᠯᠡᠳᠪᠤᠷᠢᠯᠡᠯ᠎ᠤᠨ ᠶᠡᠬᠡ ᠪᠠᠢ᠌ᠴᠠᠭ᠋ᠠᠯᠲᠠ ᠬᠢᠵᠤ᠂ ᠳᠠᠯᠳᠠ ᠭᠡᠮ᠎ᠢ ᠢᠯᠡᠷᠡᠭᠦᠯᠤᠨ ᠵᠠᠰᠠᠨ ᠴᠡᠭᠴᠡᠯᠡᠭᠰᠡᠨ ᠪᠠᠢ᠌ᠨ᠎ᠠ᠃
      ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠬᠠᠷᠢᠭᠤ ᠮᠡᠳᠡᠭᠦᠯᠤᠯᠲᠡ ᠰᠣᠨᠣᠰᠬᠤ᠂ ᠠᠵᠢᠯ᠎ᠤᠨ ᠳᠠᠪᠴᠠᠩ᠎ᠤᠨ ᠳᠠᠩᠰᠠ ᠡᠪᠬᠡᠮᠡᠯ᠎ᠢ ᠦᠵᠡᠬᠦ᠂ ᠳᠤᠬᠠᠢ ᠵᠢᠨ ᠭᠠᠵᠠᠷ᠎ᠲᠤ᠎ᠨᠢ ᠬᠦᠷᠴᠤ ᠪᠠᠢ᠌ᠴᠠᠭ᠋ᠠᠬᠤ ᠵᠡᠷᠭᠡ ᠠᠷᠭ᠎ᠠ ᠪᠠᠷᠢᠯ᠎ᠢ ᠬᠡᠷᠡᠭᠯᠡᠨ᠂ ᠡᠯ᠎ᠡ ᠨᠢᠭᠡᠴᠡ ᠵᠢᠨ ᠭᠠᠯ ᠰᠡᠷᠭᠡᠢ᠌ᠯᠡᠵᠤ ᠭᠠᠯ ᠤᠨᠲᠠᠷᠠᠭ᠋ᠠᠬᠤ᠂ ᠢᠳᠡᠭᠡᠨ ᠤᠮᠳᠠᠭ᠋ᠠᠨ᠎ᠤ ᠠ᠋ᠷᠡᠭᠦᠯ ᠬᠠᠮᠠᠭ᠋ᠠᠯᠠᠯ᠂ ᠴᠠᠬᠢᠯᠭ᠋ᠠᠨ ᠮᠠᠰᠢᠨ᠎ᠢ ᠠᠶᠤᠯ ᠦᠭᠡᠢ ᠬᠡᠷᠡᠭᠯᠡᠬᠦ᠂ ᠪᠠᠴᠢᠮ ᠬᠠᠮᠢᠶᠠᠷᠤᠯᠲᠠ᠂ ᠵᠢᠵᠢᠭᠦᠷ᠎ᠤᠨ ᠳᠦᠷᠢᠮ᠎ᠤᠨ ᠠ᠋ᠭᠦᠷᠭᠡ ᠬᠠᠷᠢᠭᠤᠴᠠᠯᠭ᠎ᠠ᠂ ᠠᠰᠠᠷᠠᠨ ᠰᠤᠪᠢᠯᠠᠯᠲᠠ᠂ ᠪᠠᠢ᠌ᠴᠠᠭ᠋ᠠᠯᠲᠠ ᠬᠢᠵᠤ ᠬᠢᠨᠠᠯᠲᠠ ᠲᠠᠯᠪᠢᠭᠰᠠᠨ ᠵᠠᠷᠭᠡ ᠲᠠᠯ᠎ᠠ᠎ᠪᠠᠷ ᠪᠠᠢ᠌ᠴᠠᠭ᠋ᠠᠭ᠋ᠠᠳ᠂ ᠨᠡᠢ᠌ᠲᠡ 80 ᠭᠠᠷᠤᠢ ᠳᠠᠯᠳᠠ ᠭᠡᠮ᠎ᠢ ᠢᠯᠡᠷᠡᠭᠦᠯᠵᠤ᠂ ᠠ᠋ᠳᠡᠭᠡᠷ ᠢᠯᠡᠷᠡᠭᠦᠯᠣᠭ᠌ᠰᠡᠨ ᠳᠠᠯᠳᠠ ᠭᠡᠮ᠎ᠢ ᠬᠡᠷᠬᠢᠨ ᠵᠠᠰᠠᠨ ᠵᠠᠯᠠᠷᠠᠭᠤᠯᠬᠤ ᠳᠤᠬᠠᠢ ᠰᠠᠨᠠᠯ ᠱᠠᠭ᠋ᠠᠷᠳᠠᠯᠭ᠎ᠠ᠎ᠪᠠᠨ ᠳᠤᠷᠠᠳᠴᠤ᠂ ᠲᠡᠷᠡ ᠳᠣᠣᠷ᠎ᠠ᠎ᠨᠢ ᠰᠢᠢ᠍ᠳᠪᠤᠷᠢᠯᠡᠭᠰᠡᠨ ᠮᠦᠷᠲᠡᠭᠡᠨ ᠡᠯ᠎ᠡ ᠭᠠᠵᠠᠷ᠎ᠤᠨ ᠨᠠᠰᠤᠲᠠᠳ᠎ᠤᠨ ᠬᠦᠷᠢᠶᠡᠯᠡᠩ᠎ᠤᠨ᠎ᠬᠢᠨ᠎ᠢ ᠠᠮᠤᠷ ᠳᠦᠪᠰᠢᠨ᠎ᠤ ᠬᠦᠮᠤᠵᠢᠯ᠎ᠢ ᠢᠳᠡᠪᠬᠢᠲᠠᠢ ᠬᠢᠵᠤ᠂ ᠴᠠᠭ᠋ᠠᠨ ᠰᠠᠷ᠎ᠠ ᠵᠢᠨ ᠬᠣᠭᠤᠴᠠᠭ᠋ᠠᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠠᠶᠤᠯ ᠦᠭᠡᠢ ᠦᠢ᠍ᠯᠡᠳᠪᠤᠷᠢᠯᠡᠯ᠎ᠤᠨ ᠠᠵᠢᠯ᠎ᠢ ᠦᠨᠡᠨᠬᠦ ᠴᠢᠩᠭ᠋ᠠᠳᠬᠠᠨ᠂ ᠠᠶᠤᠯ ᠦᠭᠡᠢ ᠦᠢ᠍ᠯᠡᠳᠪᠤᠷᠢᠯᠡᠯ᠎ᠤᠨ ᠬᠠᠷᠢᠭᠤᠴᠠᠯᠭ᠎ᠠ ᠵᠢ ᠨᠠᠢ᠌ᠲᠠᠪᠤᠷᠢᠵᠢᠭᠤᠯᠵᠤ᠂ ᠠ᠋ᠭᠡᠯᠵᠢᠲᠤ ᠵᠢᠵᠢᠭᠦᠷ᠎ᠤᠨ ᠳᠦᠷᠢᠮ ᠪᠣᠯᠣᠨ ᠦᠢ᠍ᠯᠡᠴᠢᠯᠡᠭᠡᠨ᠎ᠤ ᠲᠣᠨᠣᠭ ᠲᠦᠬᠦᠭᠡᠷᠤᠮᠵᠢ ᠵᠢᠨ ᠠᠶᠤᠯ ᠦᠭᠡᠢ ᠬᠠᠮᠢᠶᠠᠷᠤᠯᠲᠠ᠎ᠪᠠᠨ ᠴᠢᠩᠭ᠋ᠠᠳᠬᠠᠨ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯ ᠦᠭᠡᠢ ᠠᠵᠢᠯᠯᠠᠬᠤ ᠵᠢ ᠪᠠᠲᠤᠯᠠᠵᠤ᠂ ᠦᠢ᠍ᠯᠡᠴᠢᠯᠡᠭᠡᠨ᠎ᠤ ᠠ᠋ᠲᠡᠭᠡᠳ᠎ᠤᠨ ᠵᠶ᠋ᠠᠨ ᠠᠮᠢ ᠨᠠᠰᠤ ᠠ᠋ᠳ᠋ ᠬᠦᠷᠤᠩᠭᠡ ᠵᠢ ᠬᠠᠮᠠᠭ᠋ᠠᠯᠠᠬᠤ ᠬᠡᠷᠡᠭᠲᠠᠢ ᠭᠡᠵᠤ ᠱᠠᠭ᠋ᠠᠷᠳᠠᠭᠰᠠᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠤᠨ᠎ᠬᠢᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠠᠶᠤᠯ ᠦᠭᠡᠢ ᠦᠢ᠍ᠯᠡᠳᠪᠤᠷᠢᠯᠡᠯ᠎ᠤᠨ ᠳᠠᠯᠳᠠ ᠭᠡᠮ᠎ᠢ ᠪᠠᠢ᠌ᠴᠠᠭ᠋ᠠᠨ ᠴᠡᠭᠴᠡᠯᠡᠬᠦ ᠠᠵᠢᠯ ᠦᠷᠨᠢᠭᠦᠯᠵᠠᠢ
ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ᠎ᠬᠢᠨ ᠳᠠᠭ᠋ᠠᠭ᠋ᠠᠴᠢᠯᠠᠭᠰᠠᠨ ᠳᠤᠰᠬᠤᠨ᠎ᠤ ᠬᠦᠴᠢᠷᠲᠡᠯ᠎ᠲᠠᠢ ᠠᠷᠠᠳ ᠵᠢᠴᠢ ᠳᠤᠰᠬᠤᠨ᠎ᠳᠤ ᠰᠠᠭᠤᠭ᠎ᠠ ᠶᠠᠳᠠᠭᠤ ᠵᠢ ᠳᠡᠳᠬᠦᠬᠦ ᠺᠠᠳ᠋ᠷ ᠵᠶ᠋ᠠᠨ ᠲᠣᠬᠣᠨᠢᠭᠤᠯᠵᠠᠢ
ᠬᠦᠬᠡᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠳᠤᠰᠬᠤᠨ᠎ᠤ ᠵᠦᠪᠯᠡᠯ᠎ᠤᠨ ᠠ᠋ᠷᠬᠢᠯᠡᠭᠴᠢ ᠵᠢᠨ ᠪᠣᠯᠪᠠᠰᠤᠷᠠᠯ᠎ᠤᠨ ᠠᠩᠭᠢ ᠠ᠋ᠷᠬᠢᠯᠡᠪᠡ
ᠠᠯᠠᠱ᠌ᠠ ᠠᠢ᠌ᠮᠠᠭ᠎ᠤᠨ᠎ᠬᠢᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠪᠡᠯᠡ ᠮᠦᠩᠭᠦ ᠣᠯᠭᠣᠬᠤ ᠠᠵᠢᠯ᠎ᠢ ᠨᠠᠷᠢᠨ ᠬᠢᠨᠠᠮᠠᠭ᠋ᠠᠢ ᠬᠢᠵᠠᠢ
ᠮᠠᠨᠵᠤᠷ ᠬᠣᠲᠠ ᠵᠢᠨ ᠠᠷᠠᠳ ᠵᠢᠨ ᠶᠠᠪᠤᠳᠠᠯ᠎ᠤᠨ ᠳᠣᠪᠴᠢᠶ᠎ᠠ ᠴᠠᠭ᠋ᠠᠨ ᠰᠠᠷ᠎ᠠ᠎ᠠᠴᠠ ᠠ᠋ᠮᠤᠨ᠎ᠡ ᠠᠮᠤᠷ ᠳᠦᠪᠰᠢᠨ᠎ᠤ ᠪᠠᠢ᠌ᠴᠠᠭ᠋ᠠᠯᠲᠠ ᠬᠢᠵᠠᠢ
 
            