ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠮᠠᠨᠵᠤᠷ ᠬᠣᠲᠠ ᠵᠢᠨ ᠠᠷᠠᠳ ᠵᠢᠨ ᠶᠠᠪᠤᠳᠠᠯ᠎ᠤᠨ ᠳᠣᠪᠴᠢᠶ᠎ᠠ ᠴᠠᠭ᠋ᠠᠨ ᠰᠠᠷ᠎ᠠ᠎ᠠᠴᠠ ᠠ᠋ᠮᠤᠨ᠎ᠡ ᠠᠮᠤᠷ ᠳᠦᠪᠰᠢᠨ᠎ᠤ ᠪᠠᠢ᠌ᠴᠠᠭ᠋ᠠᠯᠲᠠ ᠬᠢᠵᠠᠢ
ᠨᠡᠶᠢᠲᠡᠯᠡᠭᠰᠡᠨ ᠴᠠᠭ᠄ 2019-02-14

       

     1 ᠳ᠋ᠤᠭᠡᠷ 29᠎ᠤ ᠠ᠋ᠳᠤᠷ᠂ ᠮᠠᠨᠵᠤᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠨᠠᠮ᠎ᠤᠨ ᠠ᠋ᠭᠦᠷ᠎ᠤᠨ ᠱᠦᠵᠢ᠂ ᠳᠣᠪᠴᠢᠶᠠᠨ᠎ᠤ ᠳᠠᠷᠤᠭ᠎ᠠ ᠷᠸᠨ ᠵᠢᠶᠸ ᠳᠤᠪᠴᠢᠶᠠᠨ᠎ᠤ ᠬᠠᠮᠢᠶ᠎ᠠ ᠪᠦᠬᠦᠢ ᠠᠵᠢᠯᠲᠠᠨ ᠵᠶ᠋ᠠᠨ ᠳᠠᠭ᠋ᠠᠭᠤᠯᠤᠨ᠂ ᠪᠦᠬᠦ ᠬᠣᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯ ᠦᠭᠡᠢ ᠦᠢ᠍ᠯᠡᠳᠪᠤᠷᠢᠯᠡᠯ᠎ᠤᠨ ᠠᠵᠢᠯ᠎ᠤᠨ ᠪᠠᠢ᠌ᠴᠠᠭ᠋ᠠᠯᠲᠠ ᠬᠢᠵᠠᠢ᠃
      ᠲᠡᠳᠡ ᠣᠴᠢᠭᠰᠠᠨ ᠭᠠᠵᠠᠷ ᠪᠣᠯᠭ᠋ᠠᠨ᠎ᠳᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠭᠠᠯ ᠰᠡᠷᠭᠡᠢ᠌ᠯᠡᠵᠤ ᠭᠠᠯ ᠤᠨᠲᠠᠷᠠᠭ᠋ᠠᠬᠤ ᠲᠣᠨᠣᠭ ᠲᠦᠬᠦᠭᠡᠷᠤᠮᠵᠢ᠂ ᠢᠳᠡᠭᠡᠨ ᠤᠮᠳᠠᠭ᠋ᠠᠨ᠎ᠤ ᠠ᠋ᠷᠡᠭᠦᠯ ᠬᠠᠮᠠᠭ᠋ᠠᠯᠠᠯ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠣᠨᠣᠭ ᠲᠦᠬᠦᠭᠡᠷᠤᠮᠵᠢ᠂ ᠳᠦᠷᠢᠮ ᠳᠣᠭᠲᠠᠭ᠋ᠠᠯ ᠵᠡᠷᠭᠡ ᠲᠠᠯ᠎ᠠ ᠵᠢᠨ ᠠᠵᠢᠯ᠎ᠢ ᠨᠠᠷᠢᠨ ᠬᠢᠨᠠᠮᠠᠭ᠋ᠠᠢ ᠦᠢ᠍ᠯᠠᠭ᠋ᠠᠨ ᠪᠠᠢ᠌ᠴᠠᠭ᠋ᠠᠵᠤ᠂ ᠪᠠᠢ᠌ᠴᠠᠭ᠋ᠠᠵᠤ ᠢᠯᠡᠷᠡᠭᠦᠯᠤᠭ᠌ᠰᠡᠨ ᠠᠰᠠᠭᠤᠳᠠᠯ ᠪᠣᠯᠤᠨ ᠳᠠᠯᠳᠠ ᠭᠡᠮ᠎ᠢ ᠲᠡᠷᠡ ᠳᠠᠷᠤᠢ᠎ᠳᠤᠨᠢ ᠵᠠᠰᠠᠨ ᠴᠡᠭᠴᠡᠯᠡᠬᠦ ᠱᠠᠭ᠋ᠠᠷᠳᠠᠯᠭ᠎ᠠ᠎ᠪᠠᠨ ᠳᠤᠷᠠᠳᠴᠤ᠂ ᠵᠠᠰᠠᠨ ᠴᠡᠭᠴᠡᠯᠡᠬᠦ ᠠᠷᠭ᠎ᠠ ᠬᠡᠮᠵᠢᠶ᠎ᠡ᠂ ᠬᠠᠷᠢᠭᠤᠴᠠᠯᠭ᠎ᠠ᠂ ᠴᠠᠭ ᠬᠤᠭᠤᠴᠠᠭ᠎ᠠ᠂ ᠠᠮᠤᠷ ᠳᠦᠪᠰᠢᠨ᠎ᠢ ᠪᠠᠲᠤᠯᠠᠬᠤ ᠠᠷᠭ᠎ᠠ ᠪᠠᠷᠢᠯ ᠵᠡᠷᠭᠡ ᠵᠢ ᠳᠣᠭᠲᠠᠭ᠋ᠠᠨ ᠨᠠᠢ᠌ᠲᠠᠪᠤᠷᠢᠵᠢᠭᠤᠯᠵᠠᠢ᠃ ᠮᠠᠨᠵᠤᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠵᠢᠯ ᠴᠠᠭ᠋ᠠᠨ ᠰᠠᠷ᠎ᠠ᠎ᠠᠴᠠ ᠤᠷᠢᠳᠠ 〈〈ᠵᠢᠯ ᠴᠠᠭ᠋ᠠᠨ ᠰᠠᠷ᠎ᠠ ᠵᠢᠨ ᠬᠣᠭᠤᠴᠠᠭ᠋ᠠᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯ ᠦᠭᠡᠢ ᠬᠠᠮᠢᠶᠠᠷᠤᠯᠲᠠ ᠵᠢᠨ ᠠᠵᠢᠯ᠎ᠢ ᠦᠨᠡᠨᠬᠦ ᠴᠢᠩᠭ᠋ᠠᠳᠬᠠᠬᠤ ᠳᠤᠬᠠᠢ ᠮᠡᠳᠡᠭᠳᠡᠯ〉〉 ᠵᠶ᠋ᠠᠨ ᠪᠠᠭᠤᠯᠭ᠋ᠠᠨ ᠳᠠᠷᠬᠠᠭ᠋ᠠᠵᠤ᠂ ᠪᠦᠬᠦ ᠬᠣᠲᠠ ᠵᠢᠨ ᠡᠯ᠎ᠡ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠵᠢᠯ ᠴᠠᠭ᠋ᠠᠨ ᠰᠠᠷ᠎ᠠ ᠵᠢᠨ ᠬᠤᠭᠤᠴᠠᠭ᠋ᠠᠨ᠎ᠤ ᠠᠶᠤᠯ ᠦᠭᠡᠢ ᠦᠢ᠍ᠯᠡᠳᠪᠣᠷᠢᠯᠡᠯ᠎ᠤᠨ ᠬᠠᠷᠢᠭᠤᠴᠠᠯᠭ᠎ᠠ ᠵᠢᠨ ᠳᠦᠷᠢᠮ ᠵᠶ᠋ᠠᠨ ᠳᠣᠭᠲᠠᠭ᠋ᠠᠨ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠳᠣᠭᠲᠠᠯᠴᠠᠭ᠎ᠠ᠎ᠪᠠᠨ ᠲᠡᠭᠦᠯᠳᠡᠷᠵᠢᠭᠦᠯᠵᠤ᠂ 24 ᠴᠠᠭ ᠵᠶ᠋ᠠᠷ ᠤᠳᠤᠷᠢᠳᠤᠯᠭ᠎ᠠ ᠲᠦᠷᠣᠭᠦᠯᠡᠨ ᠵᠢᠵᠢᠭᠦᠷᠯᠡᠵᠤ᠂ ᠡᠯ᠎ᠡ ᠵᠣᠢ᠌ᠯ᠎ᠤᠨ ᠠ᠋ᠨᠳᠡᠯ ᠬᠣᠬᠢᠷᠠᠯ ᠭᠠᠷᠬᠤ ᠵᠢ ᠠ᠋ᠷᠡᠰ ᠬᠣᠷᠢᠭᠯᠠᠨ ᠰᠡᠷᠭᠡᠢ᠌ᠯᠡᠬᠦ ᠬᠡᠷᠡᠭᠲᠠᠢ ᠭᠡᠵᠤ ᠱᠠᠭ᠋ᠠᠷᠳᠠᠵᠠᠢ᠃


ᠢᠷᠡᠯᠲᠡ᠄
          
ᠬᠠᠮᠢᠶ᠎ᠡ ᠪᠦᠬᠦᠢ ᠰᠣᠨᠢᠨ
ᠠ᠋ᠷᠢᠶᠡᠨ ᠬᠣᠲᠡ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠴᠠᠭ᠋ᠠᠨ ᠰᠠᠷ᠎ᠠ᠎ᠠᠴᠠ ᠠ᠋ᠮᠤᠨ᠎ᠡ ᠬᠦᠴᠢᠷᠳᠡᠯ᠎ᠲᠠᠢ ᠣᠯᠠᠨ ᠳᠦᠮᠡᠨ᠎ᠳᠤ ᠬᠠᠢ᠌ᠷ᠎ᠠ ᠬᠠᠯᠠᠮᠵᠢ ᠬᠦᠷᠭᠡᠨ ᠲᠣᠬᠣᠨᠢᠭᠤᠯᠵᠠᠢ
ᠪᠡᠭᠡᠵᠢᠩ ᠥᠪᠤᠷ ᠮᠤᠩᠭᠤᠯ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 《ᠭᠠᠷ ᠬᠣᠯᠪᠣᠨ ᠠᠵᠢᠯᠯᠠᠬᠤ ᠲᠦᠯᠦᠪᠯᠡᠭᠡ》᠎ᠪᠠᠨ ᠵᠤᠯᠭ᠋ᠠᠭᠤᠯᠬᠤ ᠵᠦᠪᠯᠡᠨ ᠶᠠᠷᠢᠯᠴᠠᠬᠤ ᠬᠤᠷᠠᠯ ᠪᠡᠭᠡᠵᠢᠩ᠎ᠳᠤ ᠬᠤᠷᠠᠯᠳᠤᠪᠠ
ᠪᠦᠬᠦ ᠤᠷᠤᠨ᠎ᠤ ᠠᠷᠠᠳ᠎ᠤᠨ ᠶᠠᠪᠤᠳᠠᠯ᠎ᠤᠨ ᠰᠢᠰᠲᠸᠮ᠎ᠤᠨ᠎ᠬᠢᠨ ᠲᠦᠪ᠎ᠤᠨ ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠤᠯᠲᠠ ᠬᠢᠬᠦ ᠠᠵᠢᠯ᠎ᠤᠨ ᠳᠤᠬᠠᠢ ᠲᠣᠭᠣᠷᠢᠨ ᠪᠠᠢ᠌ᠴᠠᠭ᠋ᠠᠭ᠋ᠠᠳ ᠭᠡᠳᠡᠷᠭᠦ ᠲᠤᠰᠬᠠᠬᠰᠠᠨ ᠰᠠᠨᠠᠯ᠎ᠢ ᠨᠠᠢ᠌ᠳᠠᠪᠤᠷᠢᠵᠢᠭᠤᠯᠤᠨ ᠴᠡᠭᠴᠡᠯᠡᠵᠦ ᠵᠠᠰᠠᠬᠤ ᠠᠵᠢᠯ᠎ᠤᠨ ᠲᠤᠰᠬᠠᠢ ᠬᠤᠷᠠᠯ ᠬᠢᠵᠠᠢ
ᠬᠦᠯᠦᠨ ᠪᠤᠢ᠌ᠷ ᠬᠤᠲᠠ 2018 ᠤᠨ᠎ᠤ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠳᠡᠰ ᠬᠤᠪᠢᠶᠠᠨ ᠦᠨᠡᠯᠡᠬᠦ ᠲᠤᠰᠬᠠᠢ ᠮᠡᠷᠭᠡᠵᠢᠯᠲᠡᠨ᠎ᠤ ᠬᠢᠨᠠᠨ ᠰᠢᠯᠭ᠋ᠠᠷᠠᠭᠤᠯᠬᠤ ᠬᠤᠷᠠᠯ ᠬᠢᠪᠡ
ᠬᠦᠬᠡᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠪᠦᠬᠦ ᠬᠤᠲᠠ ᠵᠢᠨ ᠨᠠᠰᠤᠲᠠᠳ᠎ᠢ ᠠᠰᠠᠷᠠᠬᠤ ᠬᠦᠷᠢᠶᠡᠯᠡᠩ᠎ᠤᠨ ᠬᠠᠭᠤᠷᠠᠢ ᠵᠤᠷᠯᠤᠩ ᠬᠡᠷᠡᠭᠯᠡᠵᠦ ᠪᠠᠢ᠌ᠬᠤ ᠪᠠᠢ᠌ᠳᠠᠯ᠎ᠳᠤ ᠪᠠᠢ᠌ᠴᠠᠭ᠋ᠠᠨ ᠰᠤᠳᠤᠯᠤᠯᠲᠠ ᠬᠢᠪᠡ
 
            