ᠤᠢ᠌ᠷ᠎ᠠ ᠵᠢᠨ ᠵᠢᠯ᠎ᠤᠳ᠎ᠲᠤ ᠤᠯᠠᠭ᠋ᠠᠨᠴᠠᠪ ᠬᠤᠲᠠ ᠨᠠᠰᠤᠨ᠎ᠳᠤ ᠬᠦᠷᠦᠭᠡᠳᠦᠢ ᠬᠦᠮᠦᠰ᠎ᠢ ᠬᠠᠷᠠᠭ᠋ᠠᠯᠵᠠᠨ ᠬᠠᠮᠠᠭ᠋ᠠᠯᠠᠬᠤ ᠠᠵᠢᠯ᠎ᠢ ᠶᠡᠬᠡᠲᠡ ᠴᠢᠬᠤᠯᠠᠴᠢᠯᠠᠨ ᠦᠵᠡᠵᠦ᠂ 《ᠤᠯᠠᠭ᠋ᠠᠨᠴᠠᠪ ᠬᠤᠲᠠ ᠵᠢᠨ ᠬᠦᠴᠢᠷᠳᠡᠯ᠎ᠲᠠᠢ ᠬᠡᠤᠬᠡᠳ᠎ᠢ ᠲᠦᠷᠣᠯ ᠬᠣᠪᠢᠶᠠᠨ᠂ ᠠᠮᠢᠳᠤᠷᠠᠯ᠎ᠢ᠎ᠨᠢ ᠪᠠᠲᠤᠯᠠᠬᠤ ᠲᠦᠷᠢᠮ᠎ᠢ ᠲᠡᠭᠦᠯᠳᠡᠷᠵᠢᠭᠦᠯᠤᠨ ᠬᠡᠷᠡᠭᠵᠢᠭᠦᠯᠬᠦ ᠠᠷᠭ᠎ᠠ》 ᠲᠤᠭᠲᠠᠭ᠋ᠠᠵᠦ᠂ ᠡᠯ᠎ᠡ ᠲᠦᠷᠦᠯ᠎ᠤᠨ ᠬᠦᠴᠢᠷᠳᠡᠯ᠎ᠲᠠᠢ ᠬᠡᠤᠬᠡᠳ᠎ᠤᠨ ᠦᠨᠳᠤᠰᠤᠨ ᠠᠮᠢᠳᠤᠷᠠᠯ᠎ᠢ ᠪᠠᠲᠤᠯᠠᠬᠤ ᠠ᠋ᠷᠴᠢᠮ ᠵᠢᠡᠨ ᠴᠢᠩᠭ᠋ᠠᠷᠠᠭᠤᠯᠵᠦ᠂ ᠵᠤᠬᠢᠬᠤ ᠬᠡᠮᠵᠢᠶᠡᠨ᠎ᠤ ᠨᠡᠢ᠌ᠲᠡᠮ ᠬᠠᠷᠠᠭ᠋ᠠᠯᠵᠠᠯ᠎ᠲᠠᠢ ᠬᠡᠤᠬᠡᠳ᠎ᠤᠨ ᠠᠰᠠᠷᠠᠮᠵᠢ ᠵᠢᠨ ᠲᠦᠷᠢᠮ᠎ᠢ ᠠᠩᠬ᠎ᠠ ᠠᠯᠬᠤᠮ ᠳᠣᠭᠲᠠᠭ᠋ᠠᠭᠰᠠᠨ ᠪᠠᠢ᠌ᠨ᠎ᠠ᠃
ᠨᠢᠭᠡ᠎ᠳᠤ ᠬᠦᠴᠢᠷᠳᠡᠯ᠎ᠲᠠᠢ ᠬᠡᠤᠬᠡᠳ᠎ᠢ ᠲᠦᠷᠣᠯ ᠬᠤᠪᠢᠶᠠᠨ ᠨᠠᠷᠢᠯᠢᠭᠵᠢᠭᠤᠯᠵᠤ᠂ ᠲᠡᠳᠡᠨ᠎ᠢ ᠳᠤᠰᠠᠯᠠᠮᠵᠢ ᠵᠢᠨ ᠬᠡᠪᠴᠢᠶᠡᠨ᠎ᠳᠤ᠎ᠪᠠᠨ ᠣᠷᠤᠭᠤᠯᠤᠨ᠂ ᠦᠨᠳᠤᠰᠤᠨ ᠠᠮᠢᠳᠤᠷᠠᠯ᠎ᠢ᠎ᠨᠢ ᠪᠠᠲᠤᠯᠠᠵᠠᠢ
ᠲᠡᠳᠡ ᠬᠡᠤᠬᠡᠳ᠎ᠤᠨ ᠬᠦᠴᠢᠷᠳᠡᠯ᠎ᠲᠠᠢ ᠪᠤᠯᠤᠭᠰᠠᠨ ᠰᠢᠯᠲᠠᠭ᠋ᠠᠨ᠎ᠢ ᠦᠨᠳᠦᠰᠦᠯᠡᠨ᠂ ᠬᠦᠴᠢᠷᠳᠡᠯ᠎ᠲᠠᠢ ᠬᠡᠤᠬᠡᠳ᠎ᠢ ᠲᠤᠯᠤᠭ᠋ᠠᠨ ᠲᠦᠷᠦᠯ ᠪᠤᠯᠭ᠋ᠠᠨ ᠬᠤᠪᠢᠶᠠᠪᠠ᠃ ᠨᠢᠭᠡ᠂ ᠡᠴᠢᠭᠡ ᠠ᠋ᠬᠡ᠎ᠪᠠᠨ ᠠᠯᠳᠠᠭᠰᠠᠨ ᠪᠤᠶᠤ ᠲᠦᠷᠦᠭᠰᠡᠨ ᠡᠴᠢᠭᠡ ᠠ᠋ᠬᠡ᠎ᠨᠢ ᠤᠯᠳᠠᠬᠤ ᠦᠭᠡᠢ ᠪᠣᠯᠤᠭᠰᠠᠨ ᠪᠦᠬᠦᠯᠢ 18 ᠬᠦᠷᠦᠭᠡᠳᠦᠢ ᠬᠡᠤᠬᠡᠳ᠎ᠢ ᠥᠨᠦᠴᠢᠨ ᠬᠡᠤᠬᠡᠳ ᠵᠢᠡᠷ ᠲᠤᠭᠲᠠᠭ᠋ᠠᠪᠠ; ᠬᠤᠶᠠᠷ᠂ ᠡᠴᠢᠭᠡ ᠠ᠋ᠬᠡ ᠵᠢᠨ ᠨᠢᠭᠡ᠎ᠨᠢ ᠦᠬᠦᠵᠦ᠂ ᠨᠦᠭᠦᠭᠡ᠎ᠨᠢ ᠠᠯᠠᠭ᠎ᠠ ᠪᠤᠯᠤᠭᠰᠠᠨ ᠪᠤᠶᠤ ᠬᠦᠨᠳᠦ ᠵᠡᠮᠳᠡᠭ᠂ ᠤᠨᠴᠠᠭ᠋ᠠᠢ ᠬᠦᠨᠳᠦ ᠡᠪᠡᠳᠴᠢᠨ᠎ᠲᠠᠢ᠂ ᠠ᠋ᠷᠡᠭᠦᠦ ᠭᠦᠢ᠍ᠴᠡᠳᠭᠡᠵᠦ ᠪᠠᠢ᠌ᠬᠤ ᠪᠠ ᠬᠤᠤᠷ ᠲᠠᠲᠠᠬᠤ ᠵᠢ ᠠᠯᠪᠠᠳᠠᠨ ᠴᠡᠭᠡᠷᠯᠡᠭᠦᠯᠵᠦ ᠪᠠᠢ᠌ᠬᠤ᠎ᠠᠴᠠ ᠪᠤᠯᠵᠦ ᠬᠡᠷᠡᠭ ᠳᠡᠭᠡᠷ᠎ᠡ᠎ᠪᠠᠨ ᠬᠠᠷᠠᠭ᠋ᠠᠯᠵᠠᠵᠤ ᠬᠠᠮᠠᠭ᠋ᠠᠯᠠᠬᠤ ᠬᠦᠮᠦᠨ ᠦᠭᠡᠢ ᠬᠡᠤᠬᠡᠳ᠎ᠢ ᠬᠠᠷᠠᠭ᠋ᠠᠯᠵᠠᠵᠤ ᠬᠠᠮᠠᠭ᠋ᠠᠯᠠᠬᠤ ᠬᠦᠮᠦᠨ ᠦᠭᠡᠢ ᠬᠡᠤᠬᠡᠳ᠎ᠪᠠᠷ ᠲᠤᠭᠲᠠᠭ᠋ᠠᠪᠠ; ᠭᠤᠷᠪᠠ᠂ ᠡᠴᠢᠭᠡ ᠠ᠋ᠬᠡ ᠵᠢᠨ ᠨᠢᠭᠡ᠎ᠨᠢ ᠠᠯᠠᠭ᠎ᠠ ᠪᠤᠯᠤᠭ᠋ᠠᠳ ᠬᠤᠶᠠᠷ ᠵᠢᠯ᠎ᠠᠴᠠ ᠲᠡᠭᠡᠭᠰᠢ ᠪᠣᠯᠤᠭᠰᠠᠨ ᠬᠡᠤᠬᠡᠳ᠎ᠢ ᠭᠡᠷ ᠪᠦᠯᠢ᠎ᠨᠢ ᠬᠦᠴᠢᠷᠳᠡᠯ᠎ᠲᠠᠢ ᠬᠡᠤᠬᠡᠳ ᠵᠢᠡᠷ ᠲᠤᠭᠲᠠᠭ᠋ᠠᠪᠠ; ᠲᠦᠷᠪᠡ᠂ ᠬᠡᠤᠬᠡᠳ᠎ᠤᠨ ᠥᠪᠡᠷ᠎ᠤᠨ ᠪᠡᠶ᠎ᠡ᠎ᠨᠢ ᠤᠨᠴᠠᠭ᠋ᠠᠢ ᠬᠦᠨᠳᠦ ᠡᠪᠡᠳᠴᠢᠨ᠂ ᠬᠤᠪᠤᠷ ᠲᠤᠬᠢᠶᠠᠯᠳᠤᠳᠠᠭ ᠡᠪᠡᠳᠴᠢᠨ᠎ᠲᠠᠢ ᠪᠤᠶᠤ ᠬᠦᠨᠳᠦ ᠵᠡᠮᠳᠡᠭ ᠪᠣᠯᠤᠭᠰᠠᠨ ᠵᠡᠷᠭᠡ ᠵᠢᠨ ᠰᠢᠯᠲᠠᠭ᠋ᠠᠨ᠎ᠠᠴᠠ ᠭᠡᠷ ᠪᠦᠯᠢ ᠵᠢᠨ ᠠᠮᠢᠳᠤᠷᠠᠯ᠎ᠨᠢ ᠬᠦᠴᠢᠷᠳᠡᠯ᠎ᠲᠠᠢ ᠪᠤᠯᠤᠭᠰᠠᠨ ᠬᠡᠤᠬᠡᠳ᠎ᠢ ᠡᠪᠡᠳᠴᠢᠨ ᠵᠡᠮᠳᠡᠭ᠎ᠠᠴᠠ ᠬᠦᠴᠢᠷᠳᠡᠯ᠎ᠲᠠᠢ ᠪᠤᠯᠤᠭᠰᠠᠨ ᠬᠡᠤᠬᠡᠳ ᠵᠢᠡᠷ ᠲᠤᠭᠲᠠᠭ᠋ᠠᠪᠠ; ᠲᠠᠪᠤ᠂ ᠡᠴᠢᠭᠡ ᠠ᠋ᠬᠡ᠎ᠨᠢ ᠠᠰᠠᠷᠠᠨ ᠬᠠᠷᠠᠭ᠋ᠠᠯᠵᠠᠬᠤ ᠴᠢᠳᠠᠪᠤᠷᠢ᠎ᠲᠠᠢ ᠪᠤᠯᠪᠠᠴᠤ ᠭᠡᠷ ᠪᠦᠯᠢ ᠵᠢᠨ ᠬᠢᠨᠢ ᠠᠵᠦ ᠠᠬᠤᠢ ᠵᠢᠨ ᠬᠦᠴᠢᠷᠳᠡᠯ᠎ᠠᠴᠠ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠨᠦᠬᠦᠴᠡᠯ᠎ᠳᠤ ᠨᠡᠢ᠌ᠴᠡᠭᠰᠡᠨ ᠬᠡᠤᠬᠡᠳ᠎ᠢ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠋᠎ᠠ᠎ᠲᠦ ᠬᠡᠤᠬᠡᠳ ᠵᠢᠡᠷ ᠲᠤᠭᠲᠠᠭ᠋ᠠᠪᠠ; ᠵᠢᠷᠭᠤᠭ᠎ᠠ᠂ ᠬᠡᠨᠡᠳᠳᠡ ᠵᠢᠨ ᠴᠢᠨᠠᠷᠲᠠᠢ᠂ ᠪᠠᠴᠢᠮ ᠴᠢᠨᠠᠷᠲᠠᠢ᠂ ᠲᠦᠷ ᠴᠠᠭ᠎ᠤᠨ ᠴᠢᠨᠠᠷᠲᠠᠢ ᠦᠨᠳᠦᠰᠦᠨ ᠠᠮᠢᠳᠤᠷᠠᠯ᠎ᠤᠨ ᠬᠦᠴᠢᠷᠳᠡᠯ ᠲᠤᠯᠭ᠋ᠠᠷᠠᠭᠰᠠᠨ ᠭᠡᠷ ᠪᠦᠯᠢ ᠵᠢᠨ ᠬᠡᠤᠬᠡᠳ᠎ᠢ ᠲᠦᠷ ᠴᠠᠭ᠎ᠤᠨ ᠳᠤᠰᠠᠯᠠᠮᠵᠢ ᠵᠢᠨ ᠬᠡᠤᠬᠡᠳ ᠵᠢᠡᠷ ᠲᠤᠭᠲᠠᠭ᠋ᠠᠪᠠ; ᠲᠤᠯᠤᠭ᠎ᠠ᠂ ᠬᠤᠤᠷᠯᠠᠯ ᠠᠮᠰᠠᠭᠰᠠᠨ ᠪᠠ ᠲᠠᠮᠤᠯᠠᠭᠳᠠᠭᠰᠠᠨ ᠬᠡᠤᠬᠡᠳ᠂ ᠬᠦᠯ ᠠᠯᠳᠠᠭᠰᠠᠨ ᠨᠠᠰᠤᠨ᠎ᠳᠤ ᠦᠯᠤ ᠬᠦᠷᠤᠭ᠌ᠰᠡᠳ᠂ ᠭᠡᠷ᠎ᠲᠡᠭᠡᠨ ᠬᠤᠴᠤᠷᠤᠭᠰᠠᠨ ᠶᠠᠪᠤᠭᠤᠯ ᠬᠡᠤᠬᠡᠳ ᠵᠡᠷᠭᠡ ᠬᠡᠤᠬᠡᠳ᠎ᠢ ᠶᠡᠷᠤᠩᠬᠡᠢ᠌ᠯᠡᠨ ᠪᠤᠰᠤᠳ ᠬᠦᠴᠢᠷᠳᠡᠯ᠎ᠲᠠᠢ ᠬᠡᠤᠬᠡᠳ ᠵᠢᠡᠷ ᠳᠣᠭᠲᠠᠭ᠋ᠠᠵᠠᠢ᠃ 2018 ᠤᠨ᠎ᠤ ᠡᠴᠦᠰ ᠪᠤᠯᠲᠠᠯ᠎ᠠ ᠪᠦᠬᠦ ᠬᠤᠲᠠ ᠵᠢᠨ 170 ᠥᠨᠥᠴᠢᠨ ᠬᠡᠤᠬᠡᠳ᠎ᠢ ᠲᠦᠪᠯᠡᠷᠡᠩᠭᠦᠢ ᠠᠰᠠᠷᠠᠨ ᠬᠠᠷᠠᠭ᠋ᠠᠯᠵᠠᠵᠤ᠂ 248 ᠥᠨᠥᠴᠢᠨ ᠬᠡᠤᠬᠡᠳ᠂ 201 ᠬᠠᠷᠠᠭ᠋ᠠᠯᠵᠠᠨ ᠬᠠᠮᠠᠭ᠋ᠠᠯᠠᠬᠤ ᠬᠦᠮᠦᠨ ᠦᠭᠡᠢ ᠬᠡᠤᠬᠡᠳ᠂ 624 ᠭᠡᠷ ᠪᠦᠯᠢ᠎ᠨᠢ ᠬᠦᠴᠢᠷᠳᠡᠯ᠎ᠲᠠᠢ ᠬᠡᠤᠬᠡᠳ᠂ 1311 ᠡᠪᠡᠳᠴᠢᠨ ᠵᠡᠮᠳᠡᠭ᠎ᠠᠴᠠ ᠰᠢᠯᠲᠠᠵᠤ ᠠᠮᠢᠳᠤᠷᠠᠯ᠎ᠨᠢ ᠬᠦᠴᠢᠷᠳᠡᠯ᠎ᠲᠠᠢ ᠪᠤᠯᠤᠭᠰᠠᠨ ᠬᠡᠤᠬᠡᠳ᠎ᠢ ᠰᠠᠯᠤᠩᠬᠢ ᠠᠰᠠᠷᠠᠨ ᠬᠠᠷᠠᠭ᠋ᠠᠯᠵᠠᠨ ᠠᠮᠢᠳᠤᠷᠠᠯ᠎ᠢ᠎ᠨᠢ ᠪᠠᠲᠤᠯᠠᠭ᠎ᠠ᠎ᠲᠠᠢ ᠪᠤᠯᠭ᠋ᠠᠪᠠ; ᠥᠨᠦᠴᠢᠨ ᠬᠡᠤᠬᠡᠳ᠎ᠢ ᠲᠦᠪᠯᠡᠷᠡᠩᠭᠦᠢ᠂ ᠰᠠᠯᠤᠩᠬᠢ ᠠᠰᠠᠷᠠᠨ ᠬᠠᠷᠠᠭ᠋ᠠᠯᠵᠠᠬᠤ ᠵᠠᠷᠤᠳᠠᠯ᠎ᠤᠨ ᠪᠠᠷᠢᠮᠵᠢᠶ᠎ᠠ ᠵᠢ ᠲᠤᠰᠪᠤᠷᠢ ᠬᠦᠮᠦᠨ ᠲᠣᠳᠣᠮ ᠰᠠᠷ᠎ᠠ᠎ᠳᠤ 1500 ᠲᠥᠭᠦᠷᠢᠭ ᠪᠠ 1200 ᠲᠥᠭᠦᠷᠢᠭ ᠵᠶ᠋ᠠᠷ ᠳᠣᠭᠲᠠᠭ᠋ᠠᠪᠠ; ᠬᠠᠷᠠᠭ᠋ᠠᠯᠵᠠᠵᠤ ᠬᠠᠮᠠᠭ᠋ᠠᠯᠠᠬᠤ ᠬᠦᠮᠦᠨ ᠦᠭᠡᠢ ᠬᠡᠤᠬᠡᠳ᠎ᠤᠨ ᠵᠠᠷᠤᠳᠠᠯ᠎ᠤᠨ ᠪᠠᠷᠢᠮᠵᠢᠶ᠎ᠠ ᠵᠢ ᠬᠦᠮᠦᠨ ᠪᠦᠷᠢ ᠰᠠᠷ᠎ᠠ᠎ᠳᠤ 1200 ᠲᠦᠭᠦᠷᠢᠭ᠂ ᠭᠡᠷ ᠪᠦᠯᠢ᠎ᠨᠢ ᠬᠦᠴᠢᠷᠳᠡᠯ᠎ᠲᠠᠢ ᠪᠠ ᠬᠦᠨᠳᠤ ᠡᠪᠡᠳᠴᠢᠯᠡᠭᠰᠡᠨ ᠵᠡᠮᠳᠡᠭ ᠪᠤᠯᠤᠭᠰᠠᠨ ᠬᠡᠤᠬᠡᠳ᠎ᠤᠨ ᠵᠠᠷᠤᠳᠠᠯ᠎ᠤᠨ ᠪᠠᠷᠢᠮᠵᠢᠶ᠎ᠠ ᠵᠢ ᠬᠦᠮᠦᠨ ᠪᠦᠷᠢ ᠰᠠᠷ᠎ᠠ᠎ᠳᠤ 600 ᠲᠦᠭᠦᠷᠢᠭ ᠵᠶ᠋ᠠᠷ ᠳᠣᠭᠲᠠᠭ᠋ᠠᠭ᠋ᠠᠳ᠂ ᠡᠯ᠎ᠡ ᠲᠦᠷᠦᠯ᠎ᠤᠨ ᠬᠦᠴᠢᠷᠳᠡᠯ᠎ᠲᠠᠢ ᠬᠡᠤᠬᠡᠳ᠎ᠤᠨ ᠦᠨᠳᠦᠰᠦᠨ ᠠᠮᠢᠳᠤᠷᠠᠯ᠎ᠤᠨ ᠠᠰᠠᠭᠤᠳᠠᠯ᠎ᠢ ᠪᠦᠲᠦᠮᠵᠢᠲᠠᠢ᠎ᠪᠠᠷ ᠰᠢᠢ᠍ᠳᠪᠤᠷᠢᠯᠡᠭᠰᠡᠨ ᠪᠠᠢ᠌ᠨ᠎ᠠ᠃
ᠬᠤᠶᠠᠷ᠎ᠲᠤ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠦ᠂ ᠬᠦᠴᠢᠷᠳᠡᠯ᠎ᠲᠠᠢ ᠬᠡᠤᠬᠡᠳ᠎ᠤᠨ ᠠᠮᠢᠳᠤᠷᠠᠯ᠎ᠤᠨ ᠪᠠᠢ᠌ᠳᠠᠯ᠎ᠢ ᠪᠦᠬᠦ ᠲᠠᠯ᠎ᠠ᠎ᠪᠠᠷ ᠰᠠᠢ᠌ᠵᠢᠷᠠᠭᠤᠯᠪᠠ
ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠠ᠋ᠷᠴᠢᠮ ᠵᠶ᠋ᠠᠨ ᠴᠢᠩᠭ᠋ᠠᠷᠠᠭᠤᠯᠵᠦ᠂ ᠥᠨᠥᠴᠢᠨ ᠬᠡᠤᠬᠡᠳ᠂ ᠬᠠᠷᠠᠭ᠋ᠠᠯᠵᠠᠨ ᠬᠠᠮᠠᠭ᠋ᠠᠯᠠᠬᠤ ᠬᠦᠮᠦᠨ ᠦᠭᠡᠢ ᠬᠡᠤᠬᠡᠳ᠎ᠤᠨ ᠦᠨᠳᠦᠰᠦᠨ ᠠᠮᠢᠳᠤᠷᠠᠯ᠎ᠤᠨ ᠪᠠᠷᠢᠮᠵᠢᠶ᠎ᠠ ᠵᠢ ᠬᠤᠲᠠ ᠵᠢᠨ ᠵᠠᠰᠠᠭ᠎ᠤᠨ ᠤᠷᠳᠤᠨ᠎ᠤ ᠲᠤᠭᠲᠠᠭ᠋ᠠᠭᠰᠠᠨ ᠪᠠᠲᠤᠯᠠᠭ᠎ᠠ ᠵᠢᠨ ᠪᠠᠷᠢᠮᠵᠢᠶ᠎ᠠ᠎ᠪᠠᠷ ᠬᠡᠷᠡᠭᠵᠢᠭᠦᠯᠵᠦ᠂ ᠭᠡᠷ ᠪᠦᠯᠢ᠎ᠨᠢ ᠬᠦᠴᠢᠷᠳᠡᠯ᠎ᠲᠠᠢ᠂ ᠡᠪᠡᠳᠴᠢᠨ᠎ᠲᠠᠢ᠂ ᠵᠡᠮᠳᠡᠭ ᠬᠡᠤᠬᠡᠳ᠎ᠢ ᠥᠨᠥᠴᠢᠨ ᠬᠡᠤᠬᠡᠳ᠎ᠤᠨ ᠰᠠᠯᠤᠩᠬᠢ ᠠᠰᠠᠷᠠᠨ ᠬᠠᠷᠠᠭ᠋ᠠᠯᠵᠠᠬᠤ ᠪᠠᠷᠢᠮᠵᠢᠶ᠎ᠠ ᠵᠢᠨ 50 % ᠵᠢᠡᠷ ᠬᠡᠷᠡᠭᠵᠢᠭᠦᠯᠳ᠂ ᠵᠢᠯ ᠲᠠᠷᠠᠭ᠋ᠠᠯᠠᠨ ᠲᠡᠭᠡᠭᠰᠢᠯᠡᠭᠦᠯᠵᠦ ᠪᠤᠢ᠃ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠋᠎ᠠ᠎ᠲᠦ ᠬᠡᠤᠬᠡᠳ᠂ ᠲᠦᠷ ᠴᠠᠭ᠎ᠤᠨ ᠳᠤᠰᠠᠯᠠᠮᠵᠢ᠎ᠤᠨ ᠬᠡᠤᠬᠡᠳ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠮᠠᠨ᠎ᠤ ᠬᠤᠲᠠ ᠵᠢᠨ ᠬᠤᠯᠪᠤᠭᠳᠠᠯ ᠪᠦᠬᠦᠢ ᠲᠦᠷᠦ ᠵᠢᠨ ᠪᠤᠳᠤᠯᠭ᠎ᠠ᠎ᠪᠠᠷ ᠬᠡᠷᠡᠭᠵᠢᠭᠦᠯᠵᠦ᠂ ᠲᠤᠰᠠᠯᠠᠬᠤ ᠬᠠᠷᠢᠴᠠᠯ᠎ᠢ᠎ᠨᠢ ᠵᠤᠬᠢᠰᠲᠠᠢ ᠨᠡᠮᠡᠭᠳᠡᠭᠦᠯᠪᠡ᠃
ᠡᠮ ᠠ᠋ᠮᠨᠡᠯᠭᠡ ᠵᠢᠨ ᠲᠤᠰᠠᠯᠠᠬᠤ ᠠ᠋ᠷᠴᠢᠮ ᠵᠢᠡᠨ ᠴᠢᠩᠭ᠋ᠠᠷᠠᠭᠤᠯᠵᠦ᠂ ᠥᠨᠥᠴᠢᠨ ᠬᠡᠤᠬᠡᠳ᠂ ᠬᠠᠷᠠᠭ᠋ᠠᠯᠵᠠᠨ ᠬᠠᠮᠠᠭ᠋ᠠᠯᠠᠬᠤ ᠬᠦᠮᠦᠨ ᠦᠭᠡᠢ ᠬᠡᠤᠬᠡᠳ᠎ᠢ ᠪᠦᠷ ᠪᠡᠯᠡ ᠮᠥᠩᠭᠦ᠎ᠪᠠᠷ ᠲᠤᠰᠠᠯᠠᠵᠦ᠂ ᠦᠨᠳᠦᠰᠦᠨ ᠠ᠋ᠮᠨᠡᠯᠭᠡ ᠵᠢᠨ ᠲᠠᠭ᠋ᠠᠳᠬᠠᠯ᠎ᠳᠤ ᠤᠷᠤᠭᠤᠯᠵᠦ᠂ ᠲᠦᠷᠦ ᠵᠢᠨ ᠪᠤᠳᠤᠯᠭ᠎ᠠ ᠵᠢᠨ᠎ᠳᠤ᠎ᠬᠢ ᠥᠪᠡᠷ ᠵᠢᠡᠨ ᠦᠭᠬᠦ ᠬᠡᠰᠡᠭ᠎ᠢ ᠪᠦᠷ ᠪᠡᠯᠡ ᠮᠦᠩᠭᠦ᠎ᠪᠠᠷ ᠲᠤᠰᠠᠯᠠᠪᠠ; ᠭᠡᠷ ᠪᠦᠯᠢ᠎ᠨᠢ ᠬᠦᠴᠢᠷᠳᠡᠯ᠎ᠲᠠᠢ᠂ ᠡᠪᠡᠳᠴᠢᠨ᠎ᠲᠠᠢ᠂ ᠵᠡᠮᠳᠡᠭ ᠪᠤᠯᠤᠭᠰᠠᠨ ᠬᠡᠤᠬᠡᠳ᠂ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠋᠎ᠠ᠎ᠲᠦ ᠭᠡᠷ ᠪᠦᠯᠢ ᠵᠢᠨ ᠬᠡᠤᠬᠡᠳ᠎ᠢ ᠬᠦᠮᠦᠨ ᠪᠦᠷᠢ 60 ᠲᠦᠭᠦᠷᠢᠭ᠎ᠤᠨ ᠪᠠᠷᠢᠮᠵᠢᠶ᠎ᠠ᠎ᠪᠠᠷ ᠲᠤᠰᠠᠯᠠᠵᠦ᠂ ᠦᠨᠳᠦᠰᠦᠨ ᠠ᠋ᠮᠨᠡᠯᠭᠡ ᠵᠢᠨ ᠲᠠᠭ᠋ᠠᠳᠬᠠᠯ᠎ᠳᠤ ᠤᠷᠤᠭᠤᠯᠵᠦ᠂ ᠲᠦᠷᠦ ᠵᠢᠨ ᠪᠤᠳᠤᠯᠭ᠎ᠠ ᠵᠢᠨ ᠬᠡᠪᠴᠢᠶᠡᠨ᠎ᠳᠤ᠎ᠬᠢ ᠥᠪᠡᠷ ᠵᠢᠡᠨ ᠦᠭᠬᠦ ᠬᠡᠰᠡᠭ᠎ᠢ 70%᠂ ᠶᠡᠬᠡ ᠡᠪᠡᠳᠴᠢᠨ᠎ᠲᠠᠢ ᠵᠢ᠎ᠨᠢ 80%᠎ᠠᠴᠠ ᠳᠣᠣᠷ᠎ᠠ ᠦᠭᠡᠢ ᠬᠠᠷᠢᠴᠠᠯ ᠵᠢᠡᠷ ᠲᠤᠰ ᠲᠤᠰ ᠪᠡᠯᠡ ᠮᠥᠩᠭᠦ᠎ᠪᠠᠷ ᠲᠤᠰᠠᠯᠠᠪᠠ᠃
ᠬᠡᠤᠬᠡᠳ᠎ᠤᠨ ᠠᠰᠠᠷᠠᠮᠵᠢ ᠵᠢᠨ ᠪᠠᠢ᠌ᠭᠤᠯᠤᠯᠲᠠ ᠵᠢᠨ ᠠ᠋ᠷᠴᠢᠮ ᠵᠶ᠋ᠠᠨ ᠴᠢᠩᠭ᠋ᠠᠷᠠᠭᠤᠯᠵᠦ᠂ 2018 ᠤᠨ᠎ᠳᠤ ᠬᠤᠲᠠ ᠵᠢᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ 3554 ᠲᠡᠭᠰᠢ ᠲᠦᠷᠪᠡᠯᠵᠢᠨ ᠮᠸᠲᠷ ᠲᠠᠯᠠᠪᠠᠢ᠎ᠲᠠᠢ᠂ 60 ᠤᠷᠤ᠎ᠲᠠᠢ ᠠ᠋ᠷᠡᠭᠦᠯᠵᠢᠯ᠎ᠤᠨ ᠲᠦᠪ ᠪᠠᠢ᠌ᠭᠤᠯᠵᠦ ᠠ᠋ᠬᠢᠯᠡᠭᠰᠡᠨ ᠪᠦᠭᠡᠳ ᠤᠳᠤ ᠠᠰᠢᠬᠯᠠᠯᠲᠠ᠎ᠳᠤ ᠤᠷᠤᠬᠤ ᠭᠡᠵᠦ ᠪᠤᠢ; ᠠ᠋ᠭᠦᠨ᠎ᠤ ᠬᠠᠮᠲᠦ ᠪᠠᠰᠠ ᠬᠤᠲᠠ ᠵᠢᠨ ᠤᠷᠤᠨ ᠲᠤᠭ᠎ᠠ ᠵᠢᠨ ᠠᠯᠪᠠᠨ ᠭᠡᠷ᠂ ᠬᠤᠲᠠ ᠵᠢᠨ ᠰᠤᠷᠭ᠋ᠠᠨ ᠬᠦᠮᠦᠵᠢᠯ᠎ᠤᠨ ᠲᠤᠪᠴᠢᠶ᠎ᠠ᠎ᠪᠠᠷ ᠵᠦᠪᠰᠢᠶᠡᠷᠡᠭᠦᠯᠥᠭᠡᠳ ᠤᠨᠴᠠᠭ᠋ᠠᠢ ᠬᠡᠤᠬᠡᠳ᠎ᠤᠨ ᠴᠡᠴᠡᠷᠯᠢᠭ ᠪᠠᠢ᠌ᠭᠤᠯᠬᠤ ᠭᠡᠵᠦ ᠪᠤᠢ᠃
ᠭᠤᠷᠪᠠ᠎ᠳᠤ ᠰᠠᠯᠠᠭ᠎ᠠ ᠮᠥᠴᠢᠷ ᠬᠠᠮᠲᠤᠷᠠᠨ᠂ ᠬᠠᠷᠠᠭ᠋ᠠᠯᠵᠠᠨ ᠬᠠᠮᠠᠭ᠋ᠠᠯᠠᠬᠤ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠦ᠂ ᠬᠦᠴᠢᠷᠳᠡᠯ᠎ᠲᠠᠢ ᠬᠡᠤᠬᠡᠳ᠎ᠤᠨ ᠠ᠋ᠷᠡᠭᠦᠯ ᠵᠢᠡᠷ ᠦᠰᠦᠨ ᠪᠤᠢ᠌ᠵᠢᠬᠤ ᠵᠢ ᠠᠬᠢᠭᠤᠯᠪᠠ
ᠲᠤᠲᠤᠭ᠋ᠠᠳᠦ ᠵᠢ ᠬᠠᠮᠠᠭ᠋ᠠᠯᠠᠬᠤ ᠳᠣᠪᠴᠢᠶ᠎ᠠ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠦᠴᠢᠷ᠎ᠲᠠᠢ ᠢᠲᠡᠪᠬᠢᠲᠠᠢ ᠬᠠᠷᠢᠯᠴᠠᠨ ᠵᠤᠬᠢᠴᠠᠭᠤᠯᠵᠦ᠂ ᠡᠴᠢᠭᠡ ᠠ᠋ᠬᠡ᠎ᠨᠢ ᠬᠠᠷᠠᠭ᠋ᠠᠯᠵᠠᠨ ᠬᠠᠮᠠᠭ᠋ᠠᠯᠠᠬᠤ ᠠᠷᠭ᠎ᠠ ᠦᠭᠡᠢ᠂ ᠴᠢᠳᠠᠯ ᠦᠭᠡᠢ ᠪᠤᠶᠤ ᠦᠨᠣᠴᠢᠨ ᠦᠷᠣᠭᠡᠰᠤᠨ ᠭᠡᠭᠡᠵᠤ ᠣᠷᠬᠢᠭᠰᠠᠨ ᠬᠡᠤᠬᠡᠳ᠎ᠢ ᠲᠤᠬᠢᠲᠠᠢ ᠰᠠᠢ᠌ᠨ ᠲᠦᠪᠬᠢᠨᠡᠭᠦᠯᠪᠡ᠃ ᠡᠴᠢᠭᠡ ᠠ᠋ᠬᠡ᠎ᠪᠠᠨ ᠠᠯᠳᠠᠭᠰᠠᠨ ᠪᠤᠶᠤ ᠲᠦᠷᠦᠭᠰᠡᠨ ᠡᠴᠢᠭᠡ ᠠ᠋ᠬᠡ᠎ᠨᠢ ᠤᠯᠳᠠᠬᠤ ᠦᠭᠡᠢ ᠪᠣᠯᠤᠭᠰᠠᠨ ᠬᠡᠤᠬᠡᠳ᠎ᠢ ᠲᠦᠷᠦᠯ ᠰᠠᠳᠤᠨ ᠵᠶ᠋ᠠᠷ᠎ᠨᠢ ᠬᠠᠷᠠᠭ᠋ᠠᠯᠵᠠᠭᠤᠯᠵᠤ᠂ ᠬᠤᠲᠠ ᠵᠢᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ ᠥᠰᠭᠡᠨ ᠬᠦᠮᠦᠵᠢᠬᠦᠯᠬᠦ ᠪᠠ ᠬᠠᠤᠯᠢ ᠶᠤᠰᠣᠭ᠋ᠠᠷ ᠠ᠋ᠷᠭᠦᠨ ᠲᠡᠵᠢᠭᠡᠯᠬᠡᠬᠦ ᠠᠷᠭ᠎ᠠ ᠮᠠᠶᠢᠭ ᠵᠢᠡᠷ ᠲᠤᠬᠢᠲᠠᠢ ᠰᠠᠢ᠌ᠨ ᠲᠦᠪᠬᠢᠨᠡᠭᠦᠯᠪᠡ᠃ ᠡᠴᠢᠭᠡ ᠠ᠋ᠬᠡ᠎ᠨᠢ ᠬᠠᠷᠠᠭ᠋ᠠᠯᠵᠠᠨ ᠬᠠᠮᠠᠭ᠋ᠠᠯᠠᠬᠤ ᠴᠢᠳᠠᠪᠤᠷᠢ ᠦᠭᠡᠢ ᠪᠦᠭᠡᠳ ᠪᠤᠰᠤᠳ ᠬᠠᠷᠠᠭ᠋ᠠᠯᠵᠠᠨ ᠬᠠᠮᠠᠭ᠋ᠠᠯᠠᠬᠤ ᠬᠦᠮᠦᠨ ᠦᠭᠡᠢ ᠬᠡᠤᠬᠡᠳ᠎ᠢ ᠬᠤᠰᠢᠭᠤ ᠰᠢᠶᠠᠨ ᠬᠤᠲᠠ ᠲᠤᠭᠤᠷᠢᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ᠎ᠠᠴᠠ ᠬᠠᠷᠠᠭ᠋ᠠᠯᠵᠠᠨ ᠬᠠᠮᠠᠭ᠋ᠠᠯᠠᠵᠦ᠂ ᠬᠤᠲᠠ ᠵᠢᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ ᠥᠰᠭᠡᠨ ᠬᠦᠮᠦᠵᠢᠬᠦᠯᠵᠦ ᠪᠤᠢ᠃ ᠲᠦᠷ ᠬᠤᠷᠢᠬᠤ᠂ ᠠ᠋ᠷᠡᠭᠦᠦ ᠭᠦᠢ᠍ᠴᠡᠳᠭᠡᠬᠦ᠂ ᠬᠤᠤᠷ ᠲᠠᠲᠠᠬᠤ ᠵᠢ ᠠᠯᠪᠠᠳᠠᠨ ᠴᠡᠭᠡᠷᠯᠡᠭᠦᠯᠬᠦ᠎ᠪᠠᠷ ᠪᠤᠯᠤᠭᠰᠠᠨ ᠬᠦᠮᠦᠰ᠎ᠤᠨ ᠨᠠᠰᠤᠨ᠎ᠳᠤ ᠬᠦᠷᠦᠭᠡᠳᠦᠢ ᠬᠡᠤᠬᠡᠳ᠎ᠢ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠠᠷᠠᠭ᠋ᠠᠯᠵᠠᠨ ᠬᠠᠮᠠᠭ᠋ᠠᠯᠠᠬᠤ ᠴᠢᠬᠤᠯᠠᠲᠠᠢ ᠵᠢ᠎ᠨᠢ ᠬᠤᠰᠢᠭᠤ ᠰᠢᠶᠠᠨ ᠬᠤᠲᠠ ᠲᠤᠭᠤᠷᠢᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ ᠬᠠᠷᠠᠭ᠋ᠠᠯᠵᠠᠨ ᠬᠠᠮᠠᠭ᠋ᠠᠯᠠᠬᠤ ᠬᠠᠷᠢᠭᠤᠴᠠᠯᠭ᠎ᠠ ᠠ᠋ᠭᠦᠷᠭᠡᠯᠡᠵᠦ᠂ ᠬᠤᠲᠠ ᠵᠢᠨ ᠨᠠᠰᠤᠨ᠎ᠳᠤ ᠬᠦᠷᠦᠭᠡᠳᠦᠢ ᠬᠦᠮᠦᠰ᠎ᠢ ᠬᠠᠮᠠᠭ᠋ᠠᠯᠠᠬᠤ ᠲᠦᠪ᠎ᠠᠴᠠ ᠲᠦᠷ ᠴᠠᠭ ᠬᠠᠷᠠᠭ᠋ᠠᠯᠵᠠᠨ ᠬᠠᠮᠠᠭ᠋ᠠᠯᠠᠬᠤ ᠪᠤᠶᠤ ᠬᠤᠲᠠ ᠵᠢᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠎ᠳᠤ ᠲᠠᠮᠵᠢᠭᠤᠯᠤᠨ ᠥᠰᠭᠡᠨ ᠬᠦᠮᠦᠵᠢᠭᠦᠯᠵᠦ ᠪᠤᠢ᠃ ᠡᠴᠢᠭᠡ ᠠ᠋ᠬᠡ ᠵᠢᠨ ᠨᠢᠭᠡ᠎ᠨᠢ ᠦᠭᠦᠭᠰᠡᠨ ᠪᠤᠶᠤ ᠠᠯᠠᠭ᠎ᠠ ᠪᠣᠯᠤᠭ᠋ᠠᠳ᠂ ᠨᠦᠬᠦᠭᠡ ᠨᠢᠭᠡ᠎ᠨᠢ ᠬᠠᠷᠠᠭ᠋ᠠᠯᠵᠠᠨ ᠬᠠᠮᠠᠭ᠋ᠠᠯᠠᠬᠤ ᠴᠢᠳᠠᠯ ᠦᠭᠡᠢ ᠪᠣᠯᠤᠭᠰᠠᠨ ᠬᠡᠤᠬᠡᠳ᠎ᠢ ᠠᠷᠠᠳ᠎ᠤᠨ ᠰᠢᠭᠦᠬᠦ ᠬᠤᠷᠢᠶ᠎ᠠ ᠬᠠᠤᠯᠢ ᠶᠤᠰᠤᠭ᠋ᠠᠷ ᠡᠴᠢᠭᠡ ᠠ᠋ᠬᠡ ᠵᠢᠨ ᠬᠢᠨᠢ ᠬᠠᠷᠠᠭ᠋ᠠᠯᠵᠠᠨ ᠬᠠᠮᠠᠭ᠋ᠠᠯᠠᠬᠤ ᠠ᠋ᠷᠬᠡ ᠵᠢ ᠬᠦᠴᠦᠨ ᠦᠭᠡᠢ ᠪᠤᠯᠭ᠋ᠠᠬᠤ ᠪᠤᠶᠤ ᠠᠯᠠᠭ᠎ᠠ ᠪᠤᠯᠤᠭᠰᠠᠨ ᠵᠢᠡᠷ ᠵᠠᠷᠯᠠᠵᠦ᠂ ᠬᠠᠷᠠᠭ᠋ᠠᠯᠵᠨᠨ ᠬᠠᠮᠠᠭ᠋ᠠᠯᠠᠬᠤ ᠬᠦᠮᠦᠨ ᠦᠭᠡᠢ ᠬᠡᠤᠬᠡᠳ᠎ᠢ ᠪᠠᠲᠤᠯᠠᠬᠤ ᠬᠡᠪᠴᠢᠶᠡᠨ᠎ᠳᠤ ᠤᠷᠤᠭᠤᠯᠪᠠ; ᠬᠠᠷᠠᠭ᠋ᠠᠯᠵᠠᠨ ᠬᠠᠮᠠᠭ᠋ᠠᠯᠠᠬᠤ ᠠ᠋ᠷᠬᠡ ᠵᠢ᠎ᠨᠢ ᠬᠦᠴᠦᠨ ᠦᠭᠡᠢ ᠪᠤᠯᠭ᠋ᠠᠬᠤ ᠪᠠ ᠠᠯᠠᠭ᠎ᠠ ᠪᠤᠯᠤᠭᠰᠠᠨ ᠵᠶ᠋ᠠᠷ ᠵᠠᠷᠯᠠᠬᠤ ᠠᠷᠭ᠎ᠠ ᠦᠭᠡᠢ ᠪᠤᠯ ᠭᠡᠷ ᠪᠦᠯᠢ᠎ᠨᠢ ᠬᠦᠴᠢᠷᠳᠡᠯ᠎ᠲᠠᠢ ᠬᠡᠤᠬᠡᠳ᠎ᠤᠨ ᠪᠠᠲᠤᠯᠠᠬᠤ ᠬᠡᠪᠴᠢᠶᠡᠨ᠎ᠳᠤ ᠤᠷᠤᠭᠤᠯᠵᠦ ᠪᠤᠢ᠃
ᠤᠯᠠᠭ᠋ᠠᠨᠴᠠᠪ ᠬᠤᠲᠠ ᠬᠦᠴᠢᠷᠳᠡᠯ᠎ᠲᠠᠢ ᠬᠡᠤᠬᠡᠳ᠎ᠢ ᠲᠦᠷᠣᠯ ᠬᠤᠪᠢᠶᠠᠨ ᠪᠠᠲᠤᠯᠠᠬᠤ ᠳᠦᠷᠢᠮ᠎ᠢ ᠬᠡᠷᠡᠭᠵᠢᠭᠦᠯᠦᠭᠡᠳ ᠲᠤᠩ ᠰᠠᠢ᠌ᠨ ᠨᠡᠢ᠌ᠭᠡᠮ᠎ᠤᠨ ᠦᠷ᠎ᠡ ᠠᠰᠢᠭ ᠤᠯᠪᠠ᠃ ᠡᠯ᠎ᠡ ᠲᠦᠷᠦᠯ᠎ᠤᠨ ᠬᠦᠴᠢᠷᠳᠡᠯ᠎ᠲᠠᠢ ᠬᠡᠤᠬᠡᠳ᠎ᠢ ᠲᠦᠷᠣᠯ ᠬᠤᠪᠢᠶᠠᠨ ᠨᠠᠷᠢᠯᠢᠬ᠍ᠵᠢᠭᠤᠯᠤᠭ᠋ᠠᠳ᠂ ᠦᠨᠳᠤᠰᠤᠨ ᠠᠮᠢᠳᠤᠷᠠᠯ᠎ᠢ᠎ᠨᠢ ᠪᠠᠲᠤᠯᠠᠬᠤ᠎ᠳᠤ ᠬᠦᠴᠢᠷᠳᠡᠵᠤ ᠪᠠᠢ᠌ᠬᠰᠠᠨ ᠠᠰᠠᠭᠤᠳᠠᠯ᠎ᠢ ᠪᠦᠲᠦᠮᠵᠢ᠎ᠲᠠᠢ ᠰᠢᠢ᠍ᠳᠪᠤᠷᠢᠯᠡᠪᠡ; ᠬᠦᠴᠢᠷᠳᠡᠯ᠎ᠲᠠᠢ ᠬᠡᠤᠬᠡᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠦᠷᠭᠡᠳᠭᠡᠨ᠂ ᠡᠮ ᠠ᠋ᠮᠨᠡᠯᠭᠡ᠎ᠪᠠᠷ ᠲᠤᠰᠠᠯᠠᠬᠤ ᠠ᠋ᠷᠴᠢᠮ ᠵᠶ᠋ᠠᠨ ᠴᠢᠩᠭ᠋ᠠᠷᠠᠭᠤᠯᠤᠭ᠋ᠠᠳ᠂ ᠬᠡᠤᠬᠡᠳ᠎ᠤᠨ ᠠᠮᠢᠳᠤᠷᠠᠯ᠎ᠤᠨ ᠲᠠᠷᠤᠭ᠋ᠠᠰᠦ ᠵᠢ ᠦᠨᠡᠨᠬᠦ ᠬᠦᠩᠭᠡᠷᠡᠭᠦᠯᠣᠭ᠌ᠰᠡᠨ ᠪᠠᠢ᠌ᠨ᠎ᠠ᠃