ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠠᠭ᠋ᠠᠨᠴᠠᠪ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠠᠷᠠᠳ᠎ᠤᠨ ᠶᠠᠪᠤᠳᠠᠯ᠎ᠤᠨ ᠰᠢᠰᠲᠸᠮ᠎ᠤᠨ ᠠᠶᠤᠯ ᠦᠭᠡᠢ ᠦᠢ᠍ᠯᠡᠳᠪᠤᠷᠢᠯᠡᠯ᠎ᠤᠨ ᠠᠵᠢᠯ ᠵᠶ᠋ᠠᠨ ᠪᠠᠢ᠌ᠷᠢᠯᠠᠭᠤᠯᠵᠠᠢ
ᠨᠡᠶᠢᠲᠡᠯᠡᠭᠰᠡᠨ ᠴᠠᠭ᠄ 2019-03-08

             
    3 ᠳ᠋ᠤᠭ᠋ᠠᠷ ᠰᠠᠷ᠎ᠠ ᠵᠢᠨ 4᠎ᠤ ᠡᠳᠦᠷ᠂ ᠤᠯᠠᠭ᠋ᠠᠨᠴᠠᠪ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠪᠦᠬᠦ ᠬᠤᠲᠠ ᠵᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ ᠠᠶᠤᠯ ᠦᠭᠡᠢ ᠦᠢ᠍ᠯᠡᠳᠪᠤᠷᠢᠯᠡᠯ᠎ᠤᠨ ᠠᠵᠢᠯ᠎ᠤᠨ ᠬᠤᠷᠠᠯ ᠬᠤᠷᠠᠯᠳᠤᠭᠤᠯᠤᠨ᠂ ᠠᠶᠤᠯ ᠦᠭᠡᠢ ᠦᠢ᠍ᠯᠡᠳᠪᠤᠷᠢᠯᠡᠯ᠎ᠤᠨ ᠳᠠᠯᠲᠠ ᠭᠡᠮ᠎ᠢ   ᠵᠢᠬᠰᠠᠭ᠋ᠠᠨ ᠪᠠᠢ᠌ᠴᠠᠭ᠋ᠠᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ᠎ᠪᠠᠨ ᠪᠠᠢ᠌ᠷᠢᠯᠠᠭᠤᠯᠪᠠ᠃ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠨᠠᠮ᠎ᠤᠨ ᠤᠳᠤᠷᠢᠳᠬᠤ ᠲᠤᠭᠤᠢ᠌ᠯᠠᠩ᠎ᠤᠨ ᠱᠦᠵᠢ᠂ ᠲᠤᠪᠴᠢᠶᠠᠨ᠎ᠤ ᠳᠠᠷᠤᠭ᠎ᠠ ᠴᠸᠩ ᠲᠢᠶᠠᠨ ᠹᠦ᠋ ᠬᠤᠷᠠᠯ᠎ᠢ ᠡᠷᠬᠢᠯᠡᠨ ᠦᠬᠡ ᠬᠡᠯᠡᠵᠦ᠂ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠨᠠᠮ᠎ᠤᠨ ᠤᠳᠤᠷᠢᠳᠬᠤ ᠲᠤᠭᠤᠢ᠌ᠯᠠᠩ᠎ᠤᠨ ᠪᠦᠷᠢᠯᠳᠦᠬᠦᠨ᠂ ᠪᠠᠢ᠌ᠭᠤᠯᠭ᠎ᠠ ᠵᠢᠨ ᠡᠯ᠎ᠡ ᠰᠠᠯᠠᠭ᠎ᠠ   ᠲᠠᠰᠤᠭ᠂ ᠲᠤᠪᠴᠢᠶᠠᠨ᠎ᠤ ᠬᠠᠷᠢᠶ᠎ᠠ ᠡᠯ᠎ᠡ ᠨᠢᠭᠡᠴᠢ ᠵᠢᠨ ᠬᠠᠷᠢᠭᠤᠴᠠᠯᠭ᠋ᠠᠲᠠᠨ ᠪᠤᠯᠤᠨ ᠡᠯ᠎ᠡ ᠬᠤᠰᠢᠭᠤ ᠰᠢᠶᠠᠨ ᠬᠤᠲᠠ ᠵᠢᠨ ᠲᠤᠭᠤᠷᠢᠭ᠎ᠤᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠳᠠᠷᠤᠭ᠎ᠠ᠂ ᠠᠯᠪᠠᠨ ᠭᠡᠷ᠎ᠤᠨ ᠡᠷᠬᠢᠯᠡᠭᠴᠢ ᠬᠤᠷᠠᠯ᠎ᠳᠤ ᠤᠷᠤᠯᠴᠠᠭᠰᠠᠨ ᠪᠠᠢ᠌ᠨ᠎ᠠ᠃
    ᠬᠤᠷᠠᠯ᠎ᠠᠴᠠ᠂ ᠤᠢ᠌ᠷ᠎ᠠ ᠵᠢᠨ ᠵᠢᠯ᠎ᠤᠳ᠎ᠲᠤ᠂ ᠪᠦᠬᠦ ᠬᠤᠲᠠ ᠵᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ ᠠᠶᠤᠯ ᠦᠭᠡᠢ ᠦᠢ᠍ᠯᠡᠳᠪᠤᠷᠢᠯᠡᠯ᠎ᠤᠨ ᠠᠶᠤᠯ ᠲᠦᠭᠰᠢᠭᠦᠷᠢ ᠪᠤᠯᠤᠨ ᠠᠶᠤᠯ ᠦᠭᠡᠢ ᠦᠢ᠍ᠯᠡᠳᠪᠤᠷᠢᠯᠡᠯ᠎ᠤᠨ ᠲᠠᠯᠳᠠ ᠭᠡᠮ ᠠᠷᠠᠳ᠎ᠤᠨ ᠶᠠᠪᠤᠳᠠᠯ᠎ᠤᠨ ᠰᠢᠰᠲᠸᠮ᠎ᠤᠨ ᠡᠯ᠎ᠡ ᠬᠦᠷᠢᠶ᠎ᠡ ᠪᠤᠯᠤᠨ ᠭᠤᠭᠴᠤᠭ᠎ᠠ᠎ᠳᠤ ᠪᠠᠰᠠ ᠠᠳᠠᠯᠢ ᠪᠤᠰᠤ ᠬᠡᠮᠵᠢᠶ᠎ᠡ᠎ᠪᠠᠷ ᠤᠷᠤᠰᠢᠬᠰᠠᠭ᠋ᠠᠷ ᠢᠷᠡᠵᠠᠢ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠤᠯᠤᠰ ᠲᠦᠷᠦ ᠵᠢᠨ ᠵᠤᠭᠰᠤᠴᠠ᠎ᠪᠠᠨ ᠤᠯᠠᠮ ᠲᠡᠭᠡᠭᠰᠢᠯᠡᠭᠦᠯᠵᠦ᠂ ᠠᠷᠠᠳ᠎ᠤᠨ ᠶᠠᠪᠤᠳᠠᠯ᠎ᠤᠨ ᠰᠢᠰᠲᠸᠮ᠎ᠤᠨ   ᠠᠶᠤᠯ ᠦᠭᠡᠢ ᠦᠢ᠍ᠯᠡᠳᠪᠤᠷᠢᠯᠡᠯ᠎ᠤᠨ ᠠᠵᠢᠯ᠎ᠢ ᠰᠠᠢ᠌ᠲᠤᠷ ᠬᠢᠬᠦ ᠵᠢᠨ ᠴᠢᠬᠤᠯᠠ ᠴᠢᠨᠠᠷ ᠪᠤᠯᠤᠨ ᠲᠤᠯᠭ᠋ᠠᠮ᠎ᠠ ᠴᠢᠨᠠᠷ᠎ᠢ ᠭᠦᠢ᠍ᠴᠡᠳ ᠲᠠᠨᠢᠵᠦ᠂ ᠰᠢᠯᠢ   ᠵᠢᠨ ᠭᠤᠤᠯ ᠠᠢ᠌ᠮᠠᠭ᠎ᠤᠨ ᠪᠠᠷᠠᠭᠤᠨ ᠦᠵᠦᠮᠦᠴᠢᠨ ᠬᠤᠰᠢᠭᠤᠨ᠎ᠤ ᠶᠢᠨ ᠮᠠᠨ ᠠᠭᠤᠷᠬᠠᠢ ᠵᠢᠨ ᠬᠦᠨᠳᠦ ᠶᠡᠬᠡ ᠡᠨᠳᠡᠯ᠎ᠠᠴᠠ ᠭᠦᠨᠵᠡᠭᠡᠢ ᠰᠤᠷᠭ᠋ᠠᠮᠵᠢ ᠠᠪᠴᠤ᠂ ᠮᠢᠨᠴᠦᠭᠦᠷᠡᠬᠦ ᠦᠵᠡᠯ ᠰᠠᠨᠠᠭ᠎ᠠ ᠪᠤᠯᠤᠨ   ᠭᠣᠷᠢᠳᠠᠯ᠎ᠤᠨ ᠰᠡᠳᠭᠢᠴᠡ ᠵᠢ ᠡᠷᠡᠰ ᠲᠡᠪᠴᠢᠵᠦ᠂ ᠡᠷᠡᠰ ᠰᠢᠭᠤᠷᠬᠠᠢ ᠤᠪᠤᠷ᠂ ᠬᠦᠴᠦᠲᠠᠢ ᠠᠷᠭ᠎ᠠ ᠭᠡᠮᠵᠢᠶ᠎ᠡ᠎ᠪᠠᠷ ᠠᠷᠠᠳ᠎ᠤᠨ ᠶᠠᠪᠤᠳᠠᠯ᠎ᠤᠨ ᠰᠢᠰᠲᠸᠮ᠎ᠤᠨ ᠠᠶᠤᠯ ᠦᠭᠡᠢ ᠦᠢ᠍ᠯᠡᠳᠪᠤᠷᠢᠯᠡᠯ᠎ᠤᠨ ᠠᠵᠢᠯ᠎ᠢ ᠰᠠᠢ᠌ᠲᠤᠷ ᠠᠳᠬᠤᠵᠦ ᠪᠣᠳᠠᠲᠠᠢ᠌ᠵᠢᠭᠤᠯᠬᠤ   ᠬᠡᠷᠡᠭᠲᠠᠢ ᠭᠡᠵᠦ ᠵᠢᠭ᠋ᠠᠵᠦ ᠭᠠᠷᠭ᠋ᠠᠪᠠ᠃
    ᠬᠤᠷᠠᠯ᠎ᠠᠴᠠ᠂ ᠪᠦᠬᠦ ᠬᠤᠲᠠ ᠵᠢᠨ ᠠᠷᠠᠳ᠎ᠤᠨ ᠶᠠᠪᠤᠳᠠᠯ᠎ᠤᠨ ᠰᠢᠰᠲᠸᠮ ᠠᠶᠤᠯ ᠦᠭᠡᠢ ᠦᠢ᠍ᠯᠡᠳᠪᠤᠷᠢᠯᠡᠯ᠎ᠤᠨ ᠳᠠᠯᠲᠠ ᠭᠡᠮ᠎ᠢ ᠵᠢᠬᠰᠠᠭ᠋ᠠᠨ ᠪᠠᠢ᠌ᠴᠠᠭ᠋ᠠᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠦᠷᠨᠢᠭᠦᠯᠦᠨ᠂ ᠨᠠᠰᠤᠲᠠᠳ᠎ᠢ ᠠᠰᠠᠷᠠᠬᠤ ᠬᠦᠷᠢᠶᠡᠯᠡᠩ᠂   ᠬᠦᠳᠡᠭᠡ ᠲᠤᠰᠬᠤᠨ᠎ᠤ ᠵᠢᠷᠭ᠋ᠠᠯᠠᠩᠲᠤ ᠬᠦᠷᠢᠶᠡᠯᠡᠩ᠂ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ᠂ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠂ ᠤᠶᠤᠨ ᠮᠡᠳᠡᠷᠡᠯ᠎ᠤᠨ ᠡᠪᠡᠳᠴᠢᠲᠡᠨ᠎ᠤ ᠬᠦᠷᠢᠶᠡᠯᠡᠩ᠂ ᠳᠤᠰᠠᠯᠠᠮᠵᠢ ᠵᠢᠨ ᠦᠷᠲᠡᠭᠡ ᠵᠡᠷᠭᠡ ᠬᠦᠮᠦᠨ ᠴᠢᠭᠴᠢᠭᠦᠦ ᠭᠠᠵᠠᠷ ᠵᠢᠡᠷ ᠭᠤᠤᠯᠳᠠᠯᠭ᠎ᠠ ᠪᠤᠯᠭ᠋ᠠᠨ᠂ ᠠᠷᠠᠳ᠎ᠤᠨ ᠶᠠᠪᠤᠳᠠᠯ᠎ᠤᠨ   ᠪᠠᠢ᠌ᠭᠤᠯᠤᠮᠵᠢ  ᠎ᠳᠤ ᠤᠷᠤᠰᠢᠵᠦ ᠪᠠᠢ᠌ᠬᠤ ᠠᠶᠤᠯ ᠦᠭᠡᠢ ᠦᠢ᠍ᠯᠡᠳᠪᠤᠷᠢᠯᠡᠯ᠎ᠤᠨ ᠡᠯ᠎ᠡ ᠵᠦᠢ᠍ᠯ᠎ᠤᠨ ᠳᠠᠯᠲᠠ ᠭᠡᠮ᠎ᠢ ᠪᠦᠬᠦ ᠬᠦᠴᠦ᠎ᠪᠠᠷ ᠵᠢᠡᠨ ᠵᠢᠬᠰᠠᠭ᠋ᠠᠨ ᠪᠠᠢ᠌ᠴᠠᠭ᠋ᠠᠵᠦ᠂ ᠪᠠᠢ᠌ᠴᠠᠭ᠋ᠠᠵᠦ ᠭᠠᠷᠭ᠋ᠠᠭᠰᠠᠨ ᠠᠰᠠᠭᠤᠳᠠᠯ ᠪᠤᠯᠤᠨ ᠲᠠᠯᠳᠠ ᠭᠡᠮ᠎ᠳᠤ ᠬᠠᠤᠯᠢ ᠴᠠᠭ᠋ᠠᠵᠠ ᠵᠢ ᠡᠷᠡᠰ ᠴᠢᠩᠭ᠎ᠠ ᠬᠡᠷᠡᠭᠵᠢᠭᠦᠯᠦᠨ ᠴᠢᠩᠭ᠎ᠠ ᠪᠠᠢ᠌ᠴᠠᠭ᠋ᠠᠨ ᠰᠢᠢ᠍ᠳᠪᠤᠷᠢᠯᠡᠵᠦ᠂   ᠠᠶᠤᠯ ᠦᠭᠡᠢ ᠲᠤᠭᠲᠠᠭᠤᠨ ᠨᠡᠢ᠌ᠭᠡᠮ᠎ᠤᠨ ᠤᠷᠴᠢᠨ ᠠᠬᠤᠢ ᠵᠢ ᠪᠤᠢ ᠪᠤᠯᠭ᠋ᠠᠬᠤ ᠬᠡᠷᠡᠭᠲᠠᠢ ᠭᠡᠵᠦ ᠱᠠᠭ᠋ᠠᠷᠳᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠬᠥᠯᠥᠨ ᠪᠤᠢ᠌ᠷ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠬᠤᠲᠠ ᠵᠢᠨ ᠨᠢᠭᠦᠯᠡᠰᠦᠩᠭᠦᠢ ᠵᠢᠨ ᠶᠡᠷᠦᠩᠬᠡᠢ ᠨᠡᠢ᠌ᠭᠡᠮᠯᠢᠭ᠎ᠠᠴᠠ ᠨᠢᠭᠦᠯᠡᠰᠦᠩᠭᠦᠢ ᠳᠤᠰᠠᠯᠠᠮᠵᠢ ᠵᠢᠨ ᠠᠵᠢᠯᠯᠠᠭ᠎ᠠ ᠦᠷᠨᠢᠭᠦᠯᠪᠠ
ᠤᠯᠠᠭ᠋ᠠᠨᠴᠠᠪ ᠬᠤᠲᠠ ᠨᠠᠰᠤᠲᠠᠳ᠎ᠢ ᠠᠰᠠᠷᠠᠬᠤ ᠦᠢ᠍ᠯᠡᠴᠢᠯᠡᠭᠡ ᠵᠢᠨ ᠴᠢᠨᠠᠷ ᠴᠢᠨᠰᠠᠭ᠎ᠠ ᠵᠢ ᠰᠠᠢ᠌ᠵᠢᠷᠠᠭᠤᠯᠬᠤ ᠶᠠᠪᠤᠳᠠᠯ᠎ᠢ ᠢᠲᠡᠪᠬᠢᠲᠠᠢ ᠠᠬᠢᠭᠤᠯᠪᠠ
ᠪᠤᠭᠤᠲᠦ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠎ᠨᠢ ᠲᠦᠪ᠎ᠤᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠵᠢᠨ ᠠᠵᠢᠯ᠎ᠢ ᠲᠤᠰᠬᠠᠢ ᠲᠤᠭᠤᠷᠢᠨ ᠪᠠᠢ᠌ᠴᠠᠭ᠋ᠠᠬᠤ ᠳᠤᠭᠤᠢ᠌ᠯᠠᠩ᠎ᠤᠨ ᠬᠠᠷᠢᠭᠤ ᠲᠤᠰᠬᠠᠬᠰᠠᠨ ᠰᠠᠨᠠᠯ᠎ᠢ ᠨᠠᠢ᠌ᠳᠠᠪᠤᠷᠢᠵᠢᠭᠤᠯᠬᠤ ᠬᠤᠷᠠᠯ ᠬᠤᠷᠠᠯᠳᠤᠭᠤᠯᠵᠠᠢ
ᠲᠦᠩᠯᠢᠶᠤᠤ ᠬᠤᠲᠠ ᠪᠦᠬᠦ ᠬᠤᠲᠠ ᠵᠢᠨ ᠠᠷᠠᠳ᠎ᠤᠨ ᠶᠠᠪᠤᠳᠠᠯ ᠪᠤᠯᠤᠨ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ 2019 ᠤᠨ᠎ᠤ ᠪᠦᠬᠦ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠠᠵᠢᠯ᠎ᠤᠨ ᠬᠤᠷᠠᠯ ᠬᠢᠵᠠᠢ
 
            